ᠤᠯᠤᠰ ᠠᠴᠠ ᠬᠡᠰᠡᠭ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ | ᠡᠲᠡᠭᠡᠳ ᠲᠤ ᠣᠯᠭᠤᠬᠤ ᠠᠰᠠᠷᠠᠮᠵᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠬᠦ ᠪᠠᠷ ᠪᠠᠶᠢᠨ᠎ᠠ | ᠰᠤᠷᠪᠤᠯᠵᠢᠯᠠᠭᠴᠢ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠠᠴᠠ | ᠣᠶᠢᠯᠠᠭᠠᠭᠰᠠᠨ ᠢᠶᠠᠷ ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠂ ᠡᠳ᠋ ᠤᠨ | ᠵᠠᠰᠠᠭ ᠤᠨ ᠶᠠᠮᠤᠨ ᠲᠦᠷᠦᠭᠦᠬᠡᠨ ᠮᠡᠳᠡᠭᠳᠡᠯ ᠪᠠᠭᠤᠯᠭᠠᠵᠤ ᠂ 2024 ᠣᠨ ᠤ 8 ᠰᠠᠷ᠎ᠠ ᠶᠢᠨ 1 ᠤ ᠡᠳᠦᠷ ᠠᠴᠠ | ᠡᠬᠢᠯᠡᠨ ᠬᠡᠰᠡᠭ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠵᠡᠷᠭᠡ | ᠬᠥᠮᠦᠰ ᠤᠨ ᠠᠰᠠᠷᠠᠮᠵᠢ ᠪᠠ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠦᠨ᠎ᠡ ᠭᠡᠵᠦ | ᠲᠣᠳᠣᠷᠬᠠᠶ ᠲᠣᠭᠲᠠᠭᠠᠵᠤ ᠂ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠣᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ ᠂ ᠠᠰᠠᠷᠠᠮᠵᠢ ᠶᠢᠨ ᠮᠥᠩᠭᠦ ᠪᠠ ᠠᠮᠢᠳᠤᠷᠠᠯ ᠤᠨ ᠨᠥᠬᠦᠪᠥᠷᠢ | ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠥᠭᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ | ᠃ | ᠣᠶᠢᠯᠠᠭᠠᠭᠰᠠᠨ ᠢᠶᠠᠷ ᠂ ᠲᠣᠰ ᠤᠳᠠᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠤᠯᠤᠰ ᠤᠨ ᠡᠳ᠋ ᠤᠨ ᠬᠦᠴᠦᠨ ᠂ | ᠡᠲᠡᠭᠡᠳ ᠤᠨ ᠬᠤᠪᠢ ᠨᠡᠮᠡᠷᠢ ᠵᠡᠷᠭᠡ ᠬᠦᠴᠦᠨ ᠵᠤᠶᠢᠯ ᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ ᠂ | ᠬᠦᠨᠳᠦᠳᠬᠡᠨ ᠪᠢᠰᠢᠷᠡᠬᠦ ᠪᠠ ᠬᠠᠯᠠᠮᠵᠢᠯᠠᠨ ᠬᠠᠷᠠᠭᠠᠯᠵᠠᠬᠤ ᠶᠢ ᠢᠯᠡᠷᠡᠭᠦᠯᠵᠦ ᠂ ᠤᠯᠤᠰ ᠠᠴᠠ 20 ᠵᠢᠯ ᠳᠠᠷᠠᠭᠠᠯᠠᠨ | ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ | ᠪᠡᠶᠡᠯᠡᠭᠦᠯᠤᠭ᠍ᠰᠡᠨ ᠪᠠᠶᠢᠨ᠎ᠠ᠃ | | | |