ᠬᠦᠪᠡᠭᠡᠲᠦ ᠰᠢᠷ᠎ᠠ ᠬᠤᠰᠢᠭᠤᠨ ᠤ ︽ᠠᠭᠤᠯᠠᠩᠳᠣ︾ ᠮᠢᠬᠠᠨ ᠤ ᠦᠬᠡᠷ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠣᠷᠣᠨ ᠤ ᠭᠤᠣᠯᠳᠠᠯᠭ᠎ᠠ ᠲᠠᠢ ᠮᠠᠯ ᠤᠨ ᠡᠭᠦᠯᠳᠡᠷ ᠪᠤᠶᠢᠵᠢᠭᠤᠯᠬᠤ ᠲᠠᠯᠠᠪᠠᠶ ᠪᠠᠷ ᠰᠤᠩᠭᠤᠭᠳᠠᠪᠠ
ᠨᠡᠶᠢᠲᠡᠯᠡᠭᠰᠡᠨ ᠴᠠᠭ᠄
2024/12/30
     ᠡᠨᠡ ᠵᠢᠯ ᠤᠨ 10 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠮᠠᠯ ᠵᠢᠭᠦᠷᠲᠡᠨ ᠤ ᠡᠭᠦᠯᠳᠡᠷ ᠪᠤᠶᠢᠵᠢᠭᠤᠯᠬᠤ ᠲᠠᠯᠠᠪᠠᠶ ᠪᠠ ᠡᠭᠦᠯᠳᠡᠷ ᠬᠠᠮᠠᠭᠠᠯᠠᠬᠤ ᠲᠠᠯᠠᠪᠠᠶ ᠶᠢ ᠰᠣᠩᠭᠤᠵᠦ᠂ ᠪᠦᠭᠦᠨ ᠣᠷᠣᠨ ᠠᠴᠠ 23 ᠠᠵᠦ ᠠᠬᠤᠶᠢᠯᠠᠯ᠂ ᠪᠦᠭᠦ ᠠᠶᠢᠮᠠᠭ ᠲᠤ 7 ᠠᠵᠤ ᠠᠬᠤᠶᠢᠯᠠᠯ ᠰᠣᠩᠭᠤᠬᠳᠠᠵᠦ᠂ ᠡᠭᠦᠨ ᠳᠤ ᠬᠦᠪᠡᠭᠡᠲᠦ ᠰᠢᠷ᠎ᠠ ᠬᠤᠰᠢᠭᠤᠨ ᠤ ᠪᠠᠶᠠᠨᠳᠠᠯ᠎ᠠ ᠪᠠᠯᠭᠠᠰᠣᠨ ᠤ ᠬᠠᠨ᠎ᠠ ᠶᠢᠨ ᠠᠭᠤᠯᠠ ᠭᠠᠴᠠᠭᠠᠨ ᠤ ᠮᠠᠯᠴᠢᠨ ᠰᠠᠶᠢᠨᠬᠤᠪᠢᠳᠣ ᠵᠢᠮᠢᠰ ᠤᠨ ᠡᠵᠡᠩᠨᠡᠵᠦ ᠪᠠᠶᠢᠭ᠎ᠠ ︽ᠠᠭᠤᠯᠠᠩᠳᠣ︾ ᠮᠢᠬᠠᠨ ᠤ ᠦᠬᠡᠷ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠰᠤᠩᠭᠤᠭᠳᠠᠭᠰᠠᠨ ᠪᠠᠶᠢᠨ᠎ᠠ᠃     ︽ᠠᠭᠤᠯᠠᠩᠳᠣ︾ ᠮᠢᠬᠠᠨ ᠤ ᠦᠬᠡᠷ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ 2018 ᠣᠨ ᠤ 7 ᠰᠠᠷ᠎ᠠ ᠳᠤ ᠪᠠᠶᠢᠭᠤᠯᠤᠭᠳᠠᠵᠤ᠂ ᠣᠳᠣ ᠪᠣᠯᠬᠤ ᠳᠤ 200 ᠭᠠᠷᠤᠢ ᠰᠠᠶᠢᠨ ᠡᠭᠦᠯᠳᠡᠷ ᠤᠨ ᠬᠤᠸᠠ ᠰᠢ ᠦᠬᠡᠷ ᠮᠠᠯᠵᠢᠵᠦ᠂ ᠪᠠᠷᠢᠮᠵᠢᠶᠠᠵᠢᠭᠰᠠᠨ‌ᠦᠬᠡᠷ ᠤᠨ ᠬᠠᠰᠢᠶ᠎ᠠ ᠰᠠᠷᠠᠪᠴᠢ᠂ ᠳᠤᠯᠠᠭᠠᠨ ᠫᠸᠡᠭ᠂ ᠡᠪᠡᠰᠦ ᠬᠠᠳᠠᠭᠠᠯᠠᠬᠤ ᠭᠦᠮᠦᠷᠭᠡ ᠂ ᠮᠠᠯ ᠠᠬᠤᠢ ᠶᠢᠨ ᠮᠠᠰᠢᠨᠴᠢᠯᠠᠯᠳᠠ ᠶᠢᠨ ᠪᠠᠭᠠᠵᠢ ᠭᠡᠷᠡᠭᠰᠡᠯ ᠵᠡᠷᠭᠡ ᠣᠳᠣᠬᠢᠴᠢᠯᠠᠭᠰᠠᠨ ᠮᠠᠰᠢᠨ ᠲᠥᠬᠦᠭᠡᠷᠦᠮᠵᠢ ᠪᠦᠷᠢᠨ ᠲᠦᠭᠦᠷ ᠬᠡᠪᠴᠢᠶᠡᠵᠢᠭᠰᠡᠨ ᠠᠷᠠᠴᠢᠯᠠᠨ ᠮᠠᠯᠵᠢᠬᠤ ᠵᠠᠭᠪᠤᠷ  ᠢ ᠪᠦᠷᠢᠳᠦᠭᠦᠯᠵᠡᠢ᠃ ︽ᠡᠨᠡ ᠵᠢᠯ ᠦᠬᠡᠷ ᠤᠨ ᠦᠨ᠎ᠡ ᠬᠠᠩᠰᠢ ᠨᠡᠶᠢᠲᠡᠮ ᠳᠤᠤᠷ᠎ᠠ ᠪᠠᠶᠢᠨ᠎ᠠ︔ ᠡᠨᠡᠬᠦ ᠪᠠᠶᠢᠳᠠᠯ ᠳᠤᠤᠷ᠎ᠠ ᠮᠠᠨ ᠤ ᠡᠷ᠎ᠡ ᠲᠤᠭᠤᠯ ᠪᠤᠯᠤᠨ ᠬᠦᠭᠰᠢᠨ ᠪᠠᠭᠤᠷᠠᠢ ᠦᠨᠢᠶ᠎ᠡ ᠪᠠᠨ ᠪᠦᠷ ᠳᠡᠭᠰᠢᠳᠬᠡᠭᠡᠳ 1 ᠲᠦᠮᠡᠨ ᠲᠦᠬᠦᠷᠢᠭ ᠢᠶᠠᠷ ᠬᠤᠳᠠᠯᠳᠤᠭᠰᠠᠨ︔ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠡᠬᠦᠯᠳᠡᠷ ᠤᠨ ᠦᠬᠡᠷ ᠤᠨ ᠲᠠᠯᠠᠪᠠᠢ ᠮᠠᠨ ᠤ ᠬᠢ ᠠᠴᠠ 14 ᠲᠦᠮᠡᠨ ᠲᠦᠬᠦᠷᠢᠭ  ᠤᠨ ᠦᠨᠳᠦᠷ ᠦᠨ᠎ᠡ ᠢᠶᠠᠷ 4 ᠡᠷ᠎ᠡ ᠲᠤᠭᠤᠯ ᠬᠤᠳᠠᠯᠳᠤᠨ ᠠᠪᠤᠭᠰᠠᠨ︾ ᠭᠡᠵᠤ ᠰᠠᠶᠢᠨᠬᠤᠪᠢᠳᠣ ᠶᠠᠷᠢᠯ᠎ᠠ᠃     ᠰᠠᠶᠢᠨᠬᠤᠪᠢᠳᠣ ᠠᠮᠢ ᠠᠬᠤᠶ ᠶᠢᠨ ᠲᠡᠩᠴᠡᠭᠦᠷᠢ ᠬᠢᠭᠡᠳ ᠣᠷᠴᠢᠨ ᠠᠬᠤᠶ ᠶᠢᠨ ᠬᠠᠮᠠᠭᠠᠯᠠᠯᠲᠠ ᠶᠢ ᠠᠩᠬᠠᠷᠣᠨ᠂ ᠤᠯᠠᠮᠵᠢᠯᠠᠯᠲᠤ ᠮᠠᠯᠵᠢᠯ ᠤᠨ ᠠᠷᠭ᠎ᠠ ᠪᠠᠷᠢᠯ ᠢᠶᠠᠨ ᠬᠤᠪᠢᠷᠠᠭᠤᠯᠵᠤ᠂ ᠮᠠᠯ ᠰᠦᠷᠦᠭ ᠤᠨ ᠪᠦᠳᠦᠴᠡ ᠳᠡᠭᠡᠨ ᠲᠣᠭᠢᠷᠠᠭᠤᠯᠣᠯᠳᠠ ᠭᠢᠵᠦ᠂ ᠰᠢᠯᠢᠳᠡᠭ ᠡᠭᠦᠯᠳᠡᠷ ᠤᠨ ᠮᠢᠬᠠᠨ ᠤ ᠦᠭᠡᠷ ᠢᠶᠠᠨ ᠨᠠᠷᠢᠯᠢᠭ ᠠᠷᠠᠴᠢᠯᠠᠨ ᠮᠠᠯᠵᠢᠵᠦ᠂ ᠣᠭᠢ ᠰᠠᠶᠢᠨ ᠦᠷ᠎ᠡ ᠠᠰᠢᠭ ᠣᠯᠵᠦ᠂ ᠣᠯᠠᠨ ᠲᠦᠮᠡᠨ ᠤ ᠢᠶᠠᠨ ᠬᠠᠯᠠᠭᠤᠨ ᠦᠨᠡᠯᠡᠯᠳᠡ ᠶᠢ ᠣᠯᠵᠦ᠂ ᠬᠤᠰᠢᠭᠤ ᠱᠠᠳᠣᠨ ᠤ ᠠᠷᠠᠳ ᠤᠨ ᠲᠦᠯᠦᠭᠡᠯᠡᠭᠴᠢ᠂ ᠮᠠᠯᠵᠢᠬᠤ ᠣᠷᠣᠨ ᠤ ᠪᠠᠶᠠᠵᠢᠯ ᠤᠨ ᠳᠠᠭᠠᠭᠤᠯᠣᠬᠴᠢ᠂ ᠠᠶᠢᠮᠠᠭ ᠤᠨ ᠱᠠᠲᠤᠨ ᠤ ︽ᠲᠠᠪᠤᠨ ᠰᠠᠶᠢᠨᠲᠠᠶ ᠨᠠᠮ ᠤᠨ ᠭᠡᠰᠢᠭᠦᠨ ᠤ ᠭᠤᠤᠯᠯᠠᠬᠤ ᠡᠷᠦᠬᠡ︾ ᠪᠠᠷ ᠦᠨᠡᠯᠡᠭᠳᠡᠭᠰᠡᠨ ᠢᠶᠠᠷ ᠪᠠᠷᠠᠬᠤ ᠦᠭᠡᠢ ᠮᠠᠯᠵᠢᠯ ᠤᠨ ᠲᠠᠯᠠᠪᠠᠢ ᠨᠢ 2014 ᠣᠨ ᠳᠤ ᠠᠶᠢᠮᠠᠭ ᠤᠨ ᠲᠡᠰ ᠤᠨ ᠰᠢᠮᠧᠨ᠋ᠳᠠᠷ ᠦᠬᠡᠷ ᠤᠨ ᠭᠤᠤᠯᠳᠠᠯᠭᠠᠲᠦ ᠰᠦᠷᠦᠭ ᠂ 2022 ᠣᠨ ᠳᠤ ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠡᠷᠦᠬᠡ᠂ 2023 ᠣᠨ ᠳᠤ ᠠᠶᠢᠮᠠᠭ ᠤᠨ ᠲᠡᠰ ᠤᠨ ᠬᠤᠸᠠ ᠰᠢ ᠦᠬᠡᠷ ᠤᠨ ᠵᠢᠱᠢᠶ᠎ᠡ ᠦᠵᠡᠭᠦᠯᠬᠦ ᠡᠷᠦᠬᠡ ᠪᠠᠷ ᠦᠨᠡᠯᠡᠭᠳᠡᠭᠰᠡᠨ ᠪᠦᠭᠡᠳ 2024 ᠣᠨ ᠳᠤ ᠡᠭᠦᠯᠳᠡᠷ ᠤᠨ ᠮᠠᠯ ᠵᠢᠭᠦᠷᠲᠡᠨ ᠢ ᠪᠣᠶᠢᠵᠢᠭᠤᠯᠬᠤ ᠡᠵᠡᠩᠨᠡᠭᠦ ᠭᠢᠷᠢ ᠭᠡᠮ ᠤᠨ ᠦᠨᠡᠮᠯᠡᠯ ᠢ ᠭᠠᠷᠳᠠᠪᠠ᠃      ᠡᠳᠡᠨᠡᠶᠢᠬᠢᠨ ᠨᠢᠯᠬ᠎ᠠ ᠲᠤᠭᠤᠯ ᠤᠨ ᠪᠣᠶᠢᠵᠢᠯᠳᠠ ᠶᠢᠨ ᠪᠠᠶᠢᠳᠠᠯ ᠪᠣᠯᠤᠨ ᠰᠢᠮ᠎ᠡ ᠲᠡᠵᠢᠭᠡᠯ ᠤᠨ ᠬᠡᠷᠡᠭᠴᠡᠭᠡ ᠶᠢ ᠦᠨᠳᠦᠰᠦᠯᠡᠨ ᠰᠠᠶ᠋ᠢ ᠲᠦᠷᠦᠭᠰᠡᠨ᠂ 2 - 3 ᠰᠠᠷ᠎ᠠ᠂ 6 ᠰᠠᠷ᠎ᠠ᠂ 10 ᠰᠠᠷ᠎ᠠ ᠵᠡᠷᠭᠡ ᠳᠥᠷᠪᠡᠨ ᠱᠠᠲᠤ ᠬᠤᠪᠢᠶᠠᠨ ᠨᠠᠷᠢᠯᠢᠭ ᠠᠷᠠᠴᠢᠯᠠᠨ ᠲᠡᠵᠢᠭᠡᠭᠦ ᠶᠢᠨ ᠬᠠᠮᠳᠣ ᠦᠨᠢᠶᠡᠨ ᠳᠡᠭᠡᠨ ᠭᠠᠷ ᠭᠡᠭᠡᠯᠳᠦᠭᠦᠯᠭᠡ ᠭᠢᠵᠦ᠂ ᠭᠡᠭᠡᠯᠳᠦᠭᠦᠯᠭᠡ ᠶᠢᠨ ᠨᠣᠷᠮ᠎ᠠ ᠨᠢ98 % ᠳᠤ ᠬᠦᠷᠴᠦ᠂ ᠪᠦᠭᠦᠶᠢᠯᠡ ᠦᠬᠡᠷ ᠲᠡᠭᠡᠨ ᠭᠤᠷᠪᠠᠨ ᠦᠶ᠎ᠡ ᠠᠴᠠ ᠳᠡᠭᠡᠭᠰᠢᠬᠢ ᠣᠳᠣᠮᠰᠢᠯ ᠤᠨ ᠳᠠᠩᠰᠠ ᠡᠪᠬᠡᠮᠡᠯ ᠪᠠ ᠬᠢᠵᠢᠭ ᠢ ᠰᠡᠷᠭᠡᠶᠢᠯᠡᠬᠦ ᠳᠠᠩᠰᠠ ᠡᠪᠬᠡᠮᠡᠯ ᠢ ᠨᠠᠷᠢᠨ ᠭᠢᠵᠦ᠂ ᠦᠬᠡᠷ ᠤᠨ ᠰᠢᠮ᠎ᠡ ᠲᠡᠵᠢᠭᠡᠯ ᠤᠨ ᠲᠡᠩᠴᠡᠭᠦᠷᠢ ᠪᠣᠯᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠳᠣᠯᠠᠳᠠᠭ ᠪᠠᠶᠢᠨ᠎ᠠ᠃ ︽ᠡᠭᠦᠯᠳᠡᠷ ᠤᠨ  ᠦᠭᠡᠷ ᠠᠷᠠᠴᠢᠯᠠᠭ᠎ᠠ  ᠮᠠᠯᠯᠠᠭ᠎ᠠ ᠨᠠᠷᠢᠨ᠂ ᠠᠵᠢᠯ ᠠᠷᠪᠢᠨ᠂ ᠮᠠᠨ ᠤ ᠨᠢᠭᠡ ᠵᠢᠯ ᠤᠨ 7 ᠠᠴᠠ 8 ᠰᠠᠷ᠎ᠠ ᠨᠢ ᠬᠠᠰᠢᠶᠠᠯᠠᠨ ᠲᠡᠵᠢᠭᠡᠵᠦ᠂ 4 ᠠᠴᠠ 5 ᠰᠠᠷ᠎ᠠ ᠨᠢ ᠪᠡᠯᠴᠢᠭᠡᠷ ᠲᠤ ᠭᠠᠷᠭᠠᠳᠠᠭ︔ ᠡᠨᠡ ᠨᠢ ᠪᠡᠯᠴᠢᠭᠡᠷ ᠲᠤ ᠭᠠᠮᠳᠠᠢ᠃ ᠮᠠᠨ ᠤ ᠦᠭᠡᠷ ᠪᠦᠷᠢ ᠳᠤ ᠣᠳᠣᠮᠰᠢᠯ ᠤᠨ ᠲᠠᠩᠰᠠ ᠲᠣᠳᠣᠷᠬᠠᠢ ᠪᠠᠶᠢᠳᠠᠭ︔ ᠦᠭᠡᠷ ᠤᠨ ᠭᠡᠮᠵᠢᠯᠳᠡ ᠶᠢ ᠲᠦᠷᠦᠭᠰᠡᠨ ᠦᠶ᠎ᠡ ᠶᠢᠨ ᠪᠡᠶ᠎ᠡ ᠶᠢᠨ ᠭᠦᠨᠳᠦ᠂ 3 ᠰᠠᠷ᠎ᠠ᠂ 6 ᠰᠠᠷ᠎ᠠ᠂ 12 ᠰᠠᠷ᠎ᠠ᠂ 18 ᠰᠠᠷ᠎ᠠ᠂ 24 ᠰᠠᠷ᠎ᠠ᠂ 36 ᠰᠠᠷ᠎ᠠ  ᠶᠢᠨ ᠪᠡᠶ᠎ᠡ ᠶᠢᠨ ᠭᠦᠨᠳᠦ᠂ ᠦᠨᠳᠦᠷ᠂ ᠣᠷᠳᠣ᠂ ᠴᠡᠭᠡᠵᠢᠨ ᠪᠡᠶ᠎ᠡ ᠶᠢᠨ ᠦᠷᠭᠡᠨ ᠵᠡᠷᠭᠡ ᠶᠢ ᠪᠦᠭᠦᠨ ᠢ ᠭᠡᠮᠵᠢᠳᠡᠭ︾ ᠭᠡᠵᠤ ᠰᠠᠶᠢᠨᠬᠤᠪᠢᠳᠣ ᠶᠠᠷᠢᠯ᠎ᠠ᠃ᠰᠠᠶᠢᠨᠬᠤᠪᠢᠳᠣ ᠶᠢᠨ ᠬᠢᠨ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠠᠰᠢᠬᠯᠠᠵᠦ᠂ ᠦᠬᠡᠷ ᠲᠡᠭᠡᠨ ᠡᠯᠧᠺᠲ᠋ᠣᠷᠣᠨ ᠡᠭᠡᠮᠦᠭ ᠵᠡᠭᠦᠯᠭᠡᠵᠦ᠂ ᠬᠤᠶᠠᠷ ᠬᠡᠮᠵᠢᠯᠳᠦ ᠺᠣᠳ᠋ ᠢ ᠰᠢᠷᠪᠢᠵᠦ᠂ ᠦᠭᠡᠷ ᠪᠣᠯᠭᠠᠨ ᠤ ᠪᠣᠶᠢᠵᠢᠯᠳᠠ ᠶᠢᠨ ᠨᠠᠷᠢᠨ ᠪᠠᠶᠢᠳᠠᠯ  ᠢ ᠣᠶᠢᠯᠠᠭᠠᠵᠤ ᠪᠣᠯᠬᠤ ᠪᠦᠭᠡᠳ ᠮᠠᠯᠵᠢᠯ ᠤᠨ ᠲᠠᠯᠠᠪᠠᠢ ᠳᠤ ᠪᠠᠨ 32 ᠣᠶᠤᠨᠴᠢ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ ᠪᠦᠬᠦ ᠲᠠᠯ᠎ᠠ ᠪᠠᠷ ᠬᠢᠨᠠᠨ ᠡᠵᠡᠮᠳᠡᠵᠦ᠂ ᠣᠶᠣᠨᠴᠢᠯᠠᠬᠰᠠᠨ ᠲᠡᠵᠢᠭᠡᠨ ᠦᠷᠡᠵᠢᠭᠦᠯᠬᠦ ᠰᠢᠨ᠎ᠡ ᠵᠠᠭᠪᠤᠷ ᠢᠶᠠᠷ ᠮᠠᠯ ᠠᠵᠦ ᠠᠬᠤᠢ ᠪᠠᠨ ᠡᠷᠭᠢᠯᠡᠵᠦ ᠪᠣᠢ᠃  
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号