︽ᠦᠨᠡᠨᠴᠢ ᠬᠠᠶᠢᠷ᠎ᠡ ᠪᠠᠷ ᠨᠠᠰᠣᠳᠠᠶᠢᠴᠣᠳ ᠤᠨ ᠰᠡᠳᠬᠢᠯ ᠢ ᠲᠣᠯᠠᠭᠠᠴᠠᠭᠠᠣᠯᠬᠤ︾ ᠰᠢᠨ᠎ᠠ ᠣᠨ ᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/12/30
    12 ᠰᠠᠷ᠎ᠠ ᠶᠢᠨ 24 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ᠡᠷᠳᠡᠨᠢ ᠨᠡᠶᠢᠬᠡᠮ ᠲᠣᠭᠤᠷᠢᠭ ᠪᠣᠯᠣᠨ ︽ᠣᠷᠠᠨ ᠪᠠᠶᠠᠯᠡᠭᠡ ᠪᠦᠵᠢᠭ ᠤᠨ ᠪᠦᠯᠬᠦᠮ︾  ᠤᠨ ᠬᠢᠨ ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠳᠤ ᠬᠦᠨᠵᠡᠬᠡᠶᠢᠷᠡᠨ᠂ ︽ᠦᠨᠡᠨᠴᠢ ᠬᠠᠶᠢᠷ᠎ᠡ ᠪᠠᠷ ᠨᠠᠰᠣᠳᠠᠶᠢᠴᠣᠳ ᠤᠨ ᠰᠡᠳᠬᠢᠯ ᠢ ᠲᠣᠯᠠᠭᠠᠴᠠᠭᠠᠣᠯᠬᠤ︾ ᠰᠢᠨ᠎ᠠ ᠣᠨ ᠢᠶᠠᠨ ᠣᠬᠳᠣᠨ ᠬᠠᠯᠠᠮᠵᠢ ᠬᠦᠷᠬᠡᠬᠦ ᠲᠣᠬᠤᠨᠢᠭᠤᠯᠭ᠎ᠠ ᠶᠢᠨ ᠠᠵᠢᠯᠯᠠᠭ᠎ᠠ ᠦᠷᠨᠢᠬᠦᠯᠪᠡ᠃ᠠᠵᠢᠯᠯᠠᠭ᠎ᠠ ᠲᠡᠬᠡᠷ᠎ᠡ᠂ ᠣᠷᠠᠨ ᠪᠠᠶᠠᠯᠡᠭᠡ ᠪᠦᠵᠢᠭ ᠤᠨ ᠪᠦᠯᠬᠦᠮ ᠤᠨ ᠲᠣᠭᠯᠠᠭᠴᠢᠳ ᠠᠴᠠ ᠨᠠᠰᠤᠲᠠᠶᠢᠴᠤᠳ ᠲᠤ ᠪᠠᠶᠠᠯᠢᠭ ᠠᠭᠤᠯᠭ᠎ᠠ ᠲᠠᠢ ᠳᠠᠭᠤᠤ ᠪᠦᠵᠢᠭ ᠤᠨ ᠭᠤᠴᠣ ᠰᠠᠶᠢᠬᠠᠨ ᠲᠣᠬᠯᠠᠯᠳᠠ ᠭᠠᠷᠭᠠᠵᠤ᠂ ᠨᠠᠰᠤᠲᠠᠶᠢᠴᠤᠳ ᠢᠶᠠᠨ ᠪᠠᠶᠠᠰᠬᠠᠨ᠂ ᠰᠢᠨ᠎ᠡ ᠤᠨ ᠤ ᠪᠠᠶᠠᠷ ᠤᠨ ᠮᠠᠨᠳᠦ ᠶᠢ ᠤᠷᠢᠳᠴᠢᠯᠠᠨ ᠬᠦᠷᠬᠡᠭᠰᠠᠨ ᠪᠠᠶᠢᠨ᠎ᠠ᠃    ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠪᠥᠵᠢᠭ ᠤᠨ ᠠᠩᠭᠢ ᠶᠢᠨ ᠭᠡᠰᠢᠭᠦᠳ ᠥᠪᠡᠷ ᠢᠶᠠᠨ  ᠮᠦᠩᠬᠦ ᠭᠠᠷᠭᠠᠨ᠂ ᠨᠠᠰᠤᠲᠠᠶᠢᠴᠤᠳ ᠤᠨ ᠢᠳᠡᠬᠦ ᠳᠤᠷᠠᠲᠠᠢ ᠰᠢᠨ᠎ᠡ ᠰᠣᠷᠭᠤᠭ ᠢᠳᠡᠬᠡᠨ ᠤᠮᠳᠠᠭᠠᠨ ᠬᠤᠳᠠᠯᠳᠤᠨ ᠠᠪᠴᠣ᠂ ᠲᠣᠭᠯᠠᠯᠲᠠ ᠶᠢᠨ ᠳᠠᠷᠠᠭ᠎ᠠ ᠬᠠᠮᠲᠤ ᠪᠠᠷ ᠢᠶᠠᠨ ᠬᠤᠭᠤᠯᠠ ᠬᠤᠰᠢ ᠳᠦᠬᠦᠭᠡᠷᠦᠨ᠂ ᠨᠢᠭᠡ ᠭᠡᠷ ᠤᠨ ᠬᠦᠮᠦᠰ ᠰᠢᠭ ᠬᠠᠮᠲᠦ ᠪᠠᠷ ᠬᠤᠭᠤᠯᠠᠯᠵᠤ ᠬᠦᠭᠡᠷᠦᠯᠳᠦᠨ᠂ ᠪᠠᠶᠠᠷ ᠪᠠᠶᠠᠰᠬᠤᠯᠠᠩᠲᠦ ᠨᠢᠭᠡ ᠡᠳᠦᠷ ᠢ ᠦᠩᠭᠡᠷᠡᠭᠡᠭᠰᠡᠨ ᠪᠠᠶᠢᠨ᠎ᠠ᠃ ︽ᠮᠠᠨ ᠤ ᠣᠷᠠᠨ ᠪᠠᠶᠠᠯᠡᠭᠡ ᠪᠦᠵᠢᠭ  ᠤᠨ ᠪᠦᠯᠬᠦᠮ ᠨᠢ 2014 ᠣᠨ ᠳᠤ ᠪᠠᠶᠢᠭᠤᠯᠤᠭᠳᠠᠭᠰᠠᠨ ᠠᠴᠠ ᠨᠠᠭᠠᠰᠢᠬᠢ 10 ᠵᠢᠯ ᠤᠨ ᠬᠤᠭᠤᠴᠠᠭᠠᠨ ᠳᠤ ᠡᠶᠢᠮᠣᠷᠬᠦᠦ ᠬᠠᠶᠢᠷ᠎ᠡ ᠬᠠᠯᠠᠮᠵᠢ ᠬᠦᠷᠭᠡᠬᠦ ᠠᠵᠢᠯᠯᠠᠭ᠎ᠠ ᠶᠢ ᠤᠯᠠᠨ ᠤᠳᠠᠭ᠎ᠠ ᠦᠷᠨᠢᠬᠦᠯᠵᠤ ᠪᠠᠶᠢᠨ᠎ᠠ︔ ᠬᠤᠶᠢᠰᠢᠳᠠ ᠮᠦᠨ ᠴᠤ ᠦᠷᠬᠦᠯᠵᠢᠯᠡᠨ ᠦᠷᠨᠢᠬᠦᠯᠬᠦ ᠪᠤᠯᠤᠨ᠎ᠠ︾ ᠭᠡᠵᠤ ᠬᠦᠪᠡᠬᠡᠳᠣ ᠰᠢᠷ᠎ᠡ ᠬᠤᠰᠢᠭᠤᠨ ᠤ ︽ᠣᠷᠠᠨ ᠪᠠᠶᠠᠯᠡᠭᠡ︾ ᠪᠦᠵᠢᠭ ᠤᠨ ᠪᠦᠯᠬᠦᠮ ᠤᠨ ᠲᠠᠷᠤᠭ᠎ᠠ ᠴᠢᠮᠡᠭ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号