ᠡᠨᠡ ᠵᠢᠯ ᠤᠨ 10 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠠᠴᠠ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠮᠠᠯ | ᠵᠢᠭᠦᠷᠲᠡᠨ ᠤ ᠡᠭᠦᠯᠳᠡᠷ ᠪᠤᠶᠢᠵᠢᠭᠤᠯᠬᠤ ᠲᠠᠯᠠᠪᠠᠶ ᠪᠠ ᠡᠭᠦᠯᠳᠡᠷ ᠬᠠᠮᠠᠭᠠᠯᠠᠬᠤ ᠲᠠᠯᠠᠪᠠᠶ ᠶᠢ ᠰᠣᠩᠭᠤᠵᠦ᠂ ᠪᠦᠭᠦᠨ ᠣᠷᠣᠨ | ᠠᠴᠠ 23 ᠠᠵᠦ ᠠᠬᠤᠶᠢᠯᠠᠯ᠂ ᠪᠦᠭᠦ ᠠᠶᠢᠮᠠᠭ ᠲᠤ 7 ᠠᠵᠤ ᠠᠬᠤᠶᠢᠯᠠᠯ ᠰᠣᠩᠭᠤᠬᠳᠠᠵᠦ᠂ ᠡᠭᠦᠨ ᠳᠤ ᠬᠦᠪᠡᠭᠡᠲᠦ ᠰᠢᠷ᠎ᠠ | ᠬᠤᠰᠢᠭᠤᠨ ᠤ ᠪᠠᠶᠠᠨᠳᠠᠯ᠎ᠠ ᠪᠠᠯᠭᠠᠰᠣᠨ ᠤ ᠬᠠᠨ᠎ᠠ ᠶᠢᠨ ᠠᠭᠤᠯᠠ ᠭᠠᠴᠠᠭᠠᠨ ᠤ ᠮᠠᠯᠴᠢᠨ ᠰᠠᠶᠢᠨᠬᠤᠪᠢᠳᠣ ᠵᠢᠮᠢᠰ ᠤᠨ | ᠡᠵᠡᠩᠨᠡᠵᠦ ᠪᠠᠶᠢᠭ᠎ᠠ ︽ᠠᠭᠤᠯᠠᠩᠳᠣ︾ ᠮᠢᠬᠠᠨ ᠤ ᠦᠬᠡᠷ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠰᠤᠩᠭᠤᠭᠳᠠᠭᠰᠠᠨ | ᠪᠠᠶᠢᠨ᠎ᠠ᠃ | ︽ᠠᠭᠤᠯᠠᠩᠳᠣ︾ ᠮᠢᠬᠠᠨ ᠤ ᠦᠬᠡᠷ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ 2018 ᠣᠨ ᠤ 7 ᠰᠠᠷ᠎ᠠ ᠳᠤ | ᠪᠠᠶᠢᠭᠤᠯᠤᠭᠳᠠᠵᠤ᠂ ᠣᠳᠣ ᠪᠣᠯᠬᠤ ᠳᠤ 200 ᠭᠠᠷᠤᠢ ᠰᠠᠶᠢᠨ ᠡᠭᠦᠯᠳᠡᠷ ᠤᠨ ᠬᠤᠸᠠ ᠰᠢ ᠦᠬᠡᠷ ᠮᠠᠯᠵᠢᠵᠦ᠂ | ᠪᠠᠷᠢᠮᠵᠢᠶᠠᠵᠢᠭᠰᠠᠨᠦᠬᠡᠷ ᠤᠨ ᠬᠠᠰᠢᠶ᠎ᠠ ᠰᠠᠷᠠᠪᠴᠢ᠂ ᠳᠤᠯᠠᠭᠠᠨ ᠫᠸᠡᠭ᠂ ᠡᠪᠡᠰᠦ ᠬᠠᠳᠠᠭᠠᠯᠠᠬᠤ ᠭᠦᠮᠦᠷᠭᠡ᠂ ᠮᠠᠯ ᠠᠬᠤᠢ | ᠶᠢᠨ ᠮᠠᠰᠢᠨᠴᠢᠯᠠᠯᠳᠠ ᠶᠢᠨ ᠪᠠᠭᠠᠵᠢ ᠭᠡᠷᠡᠭᠰᠡᠯ ᠵᠡᠷᠭᠡ ᠣᠳᠣᠬᠢᠴᠢᠯᠠᠭᠰᠠᠨ ᠮᠠᠰᠢᠨ ᠲᠥᠬᠦᠭᠡᠷᠦᠮᠵᠢ ᠪᠦᠷᠢᠨ ᠲᠦᠭᠦᠷ | ᠬᠡᠪᠴᠢᠶᠡᠵᠢᠭᠰᠡᠨ ᠠᠷᠠᠴᠢᠯᠠᠨ ᠮᠠᠯᠵᠢᠬᠤ ᠵᠠᠭᠪᠤᠷ ᠢ ᠪᠦᠷᠢᠳᠦᠭᠦᠯᠵᠡᠢ᠃ ︽ᠡᠨᠡ ᠵᠢᠯ ᠦᠬᠡᠷ ᠤᠨ ᠦᠨ᠎ᠡ ᠬᠠᠩᠰᠢ ᠨᠡᠶᠢᠲᠡᠮ | ᠳᠤᠤᠷ᠎ᠠ ᠪᠠᠶᠢᠨ᠎ᠠ︔ ᠡᠨᠡᠬᠦ ᠪᠠᠶᠢᠳᠠᠯ ᠳᠤᠤᠷ᠎ᠠ ᠮᠠᠨ ᠤ ᠡᠷ᠎ᠡ ᠲᠤᠭᠤᠯ ᠪᠤᠯᠤᠨ ᠬᠦᠭᠰᠢᠨ ᠪᠠᠭᠤᠷᠠᠢ ᠦᠨᠢᠶ᠎ᠡ ᠪᠠᠨ ᠪᠦᠷ | ᠳᠡᠭᠰᠢᠳᠬᠡᠭᠡᠳ 1 ᠲᠦᠮᠡᠨ ᠲᠦᠬᠦᠷᠢᠭ ᠢᠶᠠᠷ ᠬᠤᠳᠠᠯᠳᠤᠭᠰᠠᠨ︔ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠡᠬᠦᠯᠳᠡᠷ | ᠤᠨ ᠦᠬᠡᠷ ᠤᠨ ᠲᠠᠯᠠᠪᠠᠢ ᠮᠠᠨ ᠤ ᠬᠢ ᠠᠴᠠ 14 ᠲᠦᠮᠡᠨ ᠲᠦᠬᠦᠷᠢᠭ ᠤᠨ ᠦᠨᠳᠦᠷ ᠦᠨ᠎ᠡ ᠢᠶᠠᠷ 4 ᠡᠷ᠎ᠡ ᠲᠤᠭᠤᠯ | ᠬᠤᠳᠠᠯᠳᠤᠨ ᠠᠪᠤᠭᠰᠠᠨ︾ ᠭᠡᠵᠤ ᠰᠠᠶᠢᠨᠬᠤᠪᠢᠳᠣ ᠶᠠᠷᠢᠯ᠎ᠠ᠃ | ᠰᠠᠶᠢᠨᠬᠤᠪᠢᠳᠣ ᠠᠮᠢ ᠠᠬᠤᠶ ᠶᠢᠨ ᠲᠡᠩᠴᠡᠭᠦᠷᠢ ᠬᠢᠭᠡᠳ ᠣᠷᠴᠢᠨ ᠠᠬᠤᠶ ᠶᠢᠨ ᠬᠠᠮᠠᠭᠠᠯᠠᠯᠲᠠ ᠶᠢ ᠠᠩᠬᠠᠷᠣᠨ᠂ | ᠤᠯᠠᠮᠵᠢᠯᠠᠯᠲᠤ ᠮᠠᠯᠵᠢᠯ ᠤᠨ ᠠᠷᠭ᠎ᠠ ᠪᠠᠷᠢᠯ ᠢᠶᠠᠨ ᠬᠤᠪᠢᠷᠠᠭᠤᠯᠵᠤ᠂ ᠮᠠᠯ ᠰᠦᠷᠦᠭ ᠤᠨ ᠪᠦᠳᠦᠴᠡ ᠳᠡᠭᠡᠨ ᠲᠣᠭᠢᠷᠠᠭᠤᠯᠣᠯᠳᠠ | ᠭᠢᠵᠦ᠂ ᠰᠢᠯᠢᠳᠡᠭ ᠡᠭᠦᠯᠳᠡᠷ ᠤᠨ ᠮᠢᠬᠠᠨ ᠤ ᠦᠭᠡᠷ ᠢᠶᠠᠨ ᠨᠠᠷᠢᠯᠢᠭ ᠠᠷᠠᠴᠢᠯᠠᠨ ᠮᠠᠯᠵᠢᠵᠦ᠂ ᠣᠭᠢ ᠰᠠᠶᠢᠨ ᠦᠷ᠎ᠡ ᠠᠰᠢᠭ | ᠣᠯᠵᠦ᠂ ᠣᠯᠠᠨ ᠲᠦᠮᠡᠨ ᠤ ᠢᠶᠠᠨ ᠬᠠᠯᠠᠭᠤᠨ ᠦᠨᠡᠯᠡᠯᠳᠡ ᠶᠢ ᠣᠯᠵᠦ᠂ ᠬᠤᠰᠢᠭᠤ ᠱᠠᠳᠣᠨ ᠤ ᠠᠷᠠᠳ ᠤᠨ ᠲᠦᠯᠦᠭᠡᠯᠡᠭᠴᠢ | ᠂ ᠮᠠᠯᠵᠢᠬᠤ ᠣᠷᠣᠨ ᠤ ᠪᠠᠶᠠᠵᠢᠯ ᠤᠨ ᠳᠠᠭᠠᠭᠤᠯᠣᠬᠴᠢ᠂ ᠠᠶᠢᠮᠠᠭ ᠤᠨ ᠱᠠᠲᠤᠨ ᠤ ︽ᠲᠠᠪᠤᠨ ᠰᠠᠶᠢᠨᠲᠠᠶ ᠨᠠᠮ ᠤᠨ | ᠭᠡᠰᠢᠭᠦᠨ ᠤ ᠭᠤᠤᠯᠯᠠᠬᠤ ᠡᠷᠦᠬᠡ︾ ᠪᠠᠷ ᠦᠨᠡᠯᠡᠭᠳᠡᠭᠰᠡᠨ ᠢᠶᠠᠷ ᠪᠠᠷᠠᠬᠤ ᠦᠭᠡᠢ ᠮᠠᠯᠵᠢᠯ ᠤᠨ ᠲᠠᠯᠠᠪᠠᠢ ᠨᠢ 2014 | ᠣᠨ ᠳᠤ ᠠᠶᠢᠮᠠᠭ ᠤᠨ ᠲᠡᠰ ᠤᠨ ᠰᠢᠮᠧᠨ᠋ᠳᠠᠷ ᠦᠬᠡᠷ ᠤᠨ ᠭᠤᠤᠯᠳᠠᠯᠭᠠᠲᠦ ᠰᠦᠷᠦᠭ ᠂ 2022 ᠣᠨ ᠳᠤ ᠬᠤᠸᠠ ᠰᠢ | ᠦᠬᠡᠷ ᠤᠨ ᠡᠭᠦᠯᠳᠡᠷ ᠪᠤᠶᠢᠵᠢᠭᠤᠯᠬᠤ ᠡᠷᠦᠬᠡ᠂ 2023 ᠣᠨ ᠳᠤ ᠠᠶᠢᠮᠠᠭ ᠤᠨ ᠲᠡᠰ ᠤᠨ ᠬᠤᠸᠠ ᠰᠢ ᠦᠬᠡᠷ ᠤᠨ | ᠵᠢᠱᠢᠶ᠎ᠡ ᠦᠵᠡᠭᠦᠯᠬᠦ ᠡᠷᠦᠬᠡ ᠪᠠᠷ ᠦᠨᠡᠯᠡᠭᠳᠡᠭᠰᠡᠨ ᠪᠦᠭᠡᠳ 2024 ᠣᠨ ᠳᠤ ᠡᠭᠦᠯᠳᠡᠷ ᠤᠨ ᠮᠠᠯ ᠵᠢᠭᠦᠷᠲᠡᠨ ᠢ | ᠪᠣᠶᠢᠵᠢᠭᠤᠯᠬᠤ ᠡᠵᠡᠩᠨᠡᠭᠦ ᠭᠢᠷᠢ ᠭᠡᠮ ᠤᠨ ᠦᠨᠡᠮᠯᠡᠯ ᠢ ᠭᠠᠷᠳᠠᠪᠠ᠃ | ᠡᠳᠡᠨᠡᠶᠢᠬᠢᠨ ᠨᠢᠯᠬ᠎ᠠ ᠲᠤᠭᠤᠯ ᠤᠨ ᠪᠣᠶᠢᠵᠢᠯᠳᠠ ᠶᠢᠨ ᠪᠠᠶᠢᠳᠠᠯ ᠪᠣᠯᠤᠨ ᠰᠢᠮ᠎ᠡ ᠲᠡᠵᠢᠭᠡᠯ ᠤᠨ ᠬᠡᠷᠡᠭᠴᠡᠭᠡ ᠶᠢ | ᠦᠨᠳᠦᠰᠦᠯᠡᠨ ᠰᠠᠶ᠋ᠢ ᠲᠦᠷᠦᠭᠰᠡᠨ᠂ 2 - 3 ᠰᠠᠷ᠎ᠠ᠂ 6 ᠰᠠᠷ᠎ᠠ᠂ 10 ᠰᠠᠷ᠎ᠠ ᠵᠡᠷᠭᠡ ᠳᠥᠷᠪᠡᠨ ᠱᠠᠲᠤ ᠬᠤᠪᠢᠶᠠᠨ | ᠨᠠᠷᠢᠯᠢᠭ ᠠᠷᠠᠴᠢᠯᠠᠨ ᠲᠡᠵᠢᠭᠡᠭᠦ ᠶᠢᠨ ᠬᠠᠮᠳᠣ ᠦᠨᠢᠶᠡᠨ ᠳᠡᠭᠡᠨ ᠭᠠᠷ ᠭᠡᠭᠡᠯᠳᠦᠭᠦᠯᠭᠡ ᠭᠢᠵᠦ᠂ ᠭᠡᠭᠡᠯᠳᠦᠭᠦᠯᠭᠡ ᠶᠢᠨ ᠨᠣᠷᠮ᠎ᠠ | ᠨᠢ98 % ᠳᠤ ᠬᠦᠷᠴᠦ᠂ ᠪᠦᠭᠦᠶᠢᠯᠡ ᠦᠬᠡᠷ ᠲᠡᠭᠡᠨ ᠭᠤᠷᠪᠠᠨ ᠦᠶ᠎ᠡ ᠠᠴᠠ ᠳᠡᠭᠡᠭᠰᠢᠬᠢ ᠣᠳᠣᠮᠰᠢᠯ ᠤᠨ ᠳᠠᠩᠰᠠ ᠡᠪᠬᠡᠮᠡᠯ | ᠪᠠ ᠬᠢᠵᠢᠭ ᠢ ᠰᠡᠷᠭᠡᠶᠢᠯᠡᠬᠦ ᠳᠠᠩᠰᠠ ᠡᠪᠬᠡᠮᠡᠯ ᠢ ᠨᠠᠷᠢᠨ ᠭᠢᠵᠦ᠂ ᠦᠬᠡᠷ ᠤᠨ ᠰᠢᠮ᠎ᠡ ᠲᠡᠵᠢᠭᠡᠯ ᠤᠨ ᠲᠡᠩᠴᠡᠭᠦᠷᠢ ᠪᠣᠯᠤᠨ | ᠡᠷᠡᠭᠦᠯ ᠢᠶᠠᠷ ᠦᠰᠦᠨ ᠪᠤᠶᠢᠵᠢᠬᠤ ᠶᠢ ᠪᠠᠳᠣᠯᠠᠳᠠᠭ ᠪᠠᠶᠢᠨ᠎ᠠ᠃ ︽ᠡᠭᠦᠯᠳᠡᠷ ᠤᠨ ᠦᠭᠡᠷ ᠠᠷᠠᠴᠢᠯᠠᠭ᠎ᠠ ᠮᠠᠯᠯᠠᠭ᠎ᠠ ᠨᠠᠷᠢᠨ᠂ | ᠠᠵᠢᠯ ᠠᠷᠪᠢᠨ᠂ ᠮᠠᠨ ᠤ ᠨᠢᠭᠡ ᠵᠢᠯ ᠤᠨ 7 ᠠᠴᠠ 8 ᠰᠠᠷ᠎ᠠ ᠨᠢ ᠬᠠᠰᠢᠶᠠᠯᠠᠨ ᠲᠡᠵᠢᠭᠡᠵᠦ᠂ 4 ᠠᠴᠠ 5 ᠰᠠᠷ᠎ᠠ ᠨᠢ | ᠪᠡᠯᠴᠢᠭᠡᠷ ᠲᠤ ᠭᠠᠷᠭᠠᠳᠠᠭ︔ ᠡᠨᠡ ᠨᠢ ᠪᠡᠯᠴᠢᠭᠡᠷ ᠲᠤ ᠭᠠᠮᠳᠠᠢ᠃ ᠮᠠᠨ ᠤ ᠦᠭᠡᠷ ᠪᠦᠷᠢ ᠳᠤ ᠣᠳᠣᠮᠰᠢᠯ ᠤᠨ ᠲᠠᠩᠰᠠ | ᠲᠣᠳᠣᠷᠬᠠᠢ ᠪᠠᠶᠢᠳᠠᠭ︔ ᠦᠭᠡᠷ ᠤᠨ ᠭᠡᠮᠵᠢᠯᠳᠡ ᠶᠢ ᠲᠦᠷᠦᠭᠰᠡᠨ ᠦᠶ᠎ᠡ ᠶᠢᠨ ᠪᠡᠶ᠎ᠡ ᠶᠢᠨ ᠭᠦᠨᠳᠦ᠂ 3 ᠰᠠᠷ᠎ᠠ᠂ 6 ᠰᠠᠷ᠎ᠠ᠂ | 12 ᠰᠠᠷ᠎ᠠ᠂ 18 ᠰᠠᠷ᠎ᠠ᠂ 24 ᠰᠠᠷ᠎ᠠ᠂ 36 ᠰᠠᠷ᠎ᠠ ᠶᠢᠨ ᠪᠡᠶ᠎ᠡ ᠶᠢᠨ ᠭᠦᠨᠳᠦ᠂ ᠦᠨᠳᠦᠷ᠂ ᠣᠷᠳᠣ᠂ ᠴᠡᠭᠡᠵᠢᠨ ᠪᠡᠶ᠎ᠡ | ᠶᠢᠨ ᠦᠷᠭᠡᠨ ᠵᠡᠷᠭᠡ ᠶᠢ ᠪᠦᠭᠦᠨ ᠢ ᠭᠡᠮᠵᠢᠳᠡᠭ︾ ᠭᠡᠵᠤ ᠰᠠᠶᠢᠨᠬᠤᠪᠢᠳᠣ ᠶᠠᠷᠢᠯ᠎ᠠ᠃ | ᠰᠠᠶᠢᠨᠬᠤᠪᠢᠳᠣ ᠶᠢᠨ ᠬᠢᠨ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠠᠰᠢᠬᠯᠠᠵᠦ᠂ ᠦᠬᠡᠷ ᠲᠡᠭᠡᠨ ᠡᠯᠧᠺᠲ᠋ᠣᠷᠣᠨ | ᠡᠭᠡᠮᠦᠭ ᠵᠡᠭᠦᠯᠭᠡᠵᠦ᠂ ᠬᠤᠶᠠᠷ ᠬᠡᠮᠵᠢᠯᠳᠦ ᠺᠣᠳ᠋ ᠢ ᠰᠢᠷᠪᠢᠵᠦ᠂ ᠦᠭᠡᠷ ᠪᠣᠯᠭᠠᠨ ᠤ ᠪᠣᠶᠢᠵᠢᠯᠳᠠ ᠶᠢᠨ ᠨᠠᠷᠢᠨ ᠪᠠᠶᠢᠳᠠᠯ ᠢ | ᠣᠶᠢᠯᠠᠭᠠᠵᠤ ᠪᠣᠯᠬᠤ ᠪᠦᠭᠡᠳ ᠮᠠᠯᠵᠢᠯ ᠤᠨ ᠲᠠᠯᠠᠪᠠᠢ ᠳᠤ ᠪᠠᠨ 32 ᠣᠶᠤᠨᠴᠢ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ | ᠪᠦᠬᠦ ᠲᠠᠯ᠎ᠠ ᠪᠠᠷ ᠬᠢᠨᠠᠨ ᠡᠵᠡᠮᠳᠡᠵᠦ᠂ ᠣᠶᠣᠨᠴᠢᠯᠠᠬᠰᠠᠨ ᠲᠡᠵᠢᠭᠡᠨ ᠦᠷᠡᠵᠢᠭᠦᠯᠬᠦ ᠰᠢᠨ᠎ᠡ ᠵᠠᠭᠪᠤᠷ ᠢᠶᠠᠷ ᠮᠠᠯ ᠠᠵᠦ ᠠᠬᠤᠢ | ᠪᠠᠨ ᠡᠷᠭᠢᠯᠡᠵᠦ ᠪᠣᠢ᠃ | |