ᠳᠤᠮᠳᠠᠳᠤ ᠶᠢᠨ ᠦᠨᠳᠦᠰᠦᠲᠡᠨ ᠤ ᠨᠠᠰᠤᠲᠠᠶᠢᠴᠤᠳ ᠢᠶᠠᠨ ᠬᠦᠨᠳᠦᠳᠬᠡᠬᠦ ᠤᠯᠠᠮᠵᠢᠯᠠᠯᠲᠤ ᠡᠷᠬᠢᠮ ᠰᠤᠷᠲᠠᠯ ᠢ | ᠪᠠᠳᠠᠷᠠᠭᠤᠯᠬᠤ ᠶᠢᠨ ᠲᠣᠰᠠᠳᠠ᠂ 12 ᠰᠠᠷ᠎ᠠ ᠶᠢᠨ 26 ᠤ ᠡᠳᠦᠷ ᠬᠦᠪᠡᠭᠡᠲᠦ ᠰᠢᠷ᠎ᠠ ᠬᠤᠰᠢᠭᠤᠨ ᠤ ᠪᠣᠭᠳᠠ ᠶᠢᠨ | ᠭᠤᠤᠯ ᠰᠤᠮᠤᠨ ᠤ ᠢᠷᠭᠠᠢ ᠭᠠᠴᠠᠭ᠎ᠠ ᠰᠢᠨ᠎ᠡ ᠵᠢᠯ ᠢᠶᠠᠨ ᠣᠭᠲᠤᠬᠤ ᠨᠠᠰᠤᠲᠠᠶᠢᠴᠤᠳ ᠤᠨ ᠠᠵᠢᠯᠯᠠᠭ᠎ᠠ ᠦᠷᠨᠢᠭᠦᠯᠵᠡᠢ | ᠃ | ᠠᠵᠢᠯᠯᠠᠭ᠎ᠠ ᠳᠡᠭᠡᠷ᠎ᠡ᠂ ᠭᠠᠴᠠᠭᠠᠨ ᠤ ᠨᠠᠰᠤᠲᠠᠶᠢᠴᠣᠳ ᠪᠣᠯᠤᠨ ᠨᠠᠮ ᠤᠨ ᠭᠡᠰᠢᠭᠦᠨ ᠺᠠᠳ᠋ᠷᠴᠤᠳ ᠬᠠᠮᠲᠣ ᠪᠠᠷ | ᠴᠠᠢ ᠣᠣᠭᠤᠵᠤ᠂ ᠦᠩᠭᠡᠷᠡᠭᠰᠡᠨ ᠨᠢᠭᠡ ᠵᠢᠯ ᠤᠨ ᠠᠵᠤ ᠠᠮᠢᠳᠤᠷᠠᠯ᠂ ᠠᠵᠢᠯ ᠦᠢᠯᠡᠰ ᠤᠨ ᠢᠶᠠᠨ ᠳᠤᠬᠠᠢ ᠵᠤᠭᠤᠭ | ᠳᠡᠯᠭᠡᠨ᠂ ᠢᠷᠡᠬᠦ ᠰᠢᠨ᠎ᠡ ᠤᠨ ᠤ ᠪᠠᠨ ᠪᠤᠳᠤᠯ ᠳᠦᠰᠦᠪ ᠢᠶᠠᠨ ᠶᠠᠷᠢᠯᠴᠠᠵᠤ᠂ ᠪᠠᠶᠠᠷ ᠬᠦᠷ ᠢᠶᠠᠷ ᠪᠢᠯᠬᠠᠵᠤ ᠪᠠᠶᠢᠯ᠎ᠠ᠃ | ᠭᠠᠴᠠᠭᠠᠨ ᠤ ᠬᠤᠶᠠᠷ ᠵᠦᠪᠯᠡᠯ ᠠᠴᠠ ᠠᠵᠢᠯᠯᠠᠭ᠎ᠠ ᠲᠤ ᠣᠷᠣᠯᠴᠠᠭᠰᠠᠨ ᠨᠠᠰᠤᠲᠠᠨ ᠪᠣᠯᠤᠨ ᠨᠠᠮ ᠤᠨ ᠬᠡᠰᠢᠭᠦᠳ ᠲᠤ | ᠬᠦᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡᠨ ᠢᠶᠠᠨ ᠪᠡᠯᠡᠭ ᠪᠤᠯᠭᠠᠨ ᠬᠦᠷᠭᠡᠵᠤ᠂ ᠰᠠᠶᠢᠨ ᠰᠠᠶᠢᠬᠠᠨ ᠢᠷᠦᠭᠡᠯ | ᠪᠡᠯᠭᠡᠳᠡᠯ ᠢᠶᠠᠨ ᠳᠡᠪᠰᠢᠬᠦᠯᠵᠠᠢ᠃ ᠠᠵᠢᠯᠯᠠᠭ᠎ᠠ ᠨᠢ ᠪᠠᠰᠠ ᠬᠠᠷ᠎ᠠ ᠫᠠᠢ᠂ ᠱᠠᠭ᠎ᠠ᠂ ᠬᠥᠵᠥᠷ᠂ ᠰᠢᠪᠠᠭ᠎ᠠ ᠰᠤᠭᠤᠯᠵᠤ | ᠠᠵᠠ ᠶᠢᠨ ᠣᠳᠣᠨ ᠰᠣᠩᠭᠤᠬᠤ ᠵᠡᠷᠭᠡ ᠤᠯᠠᠨ ᠲᠦᠷᠦᠯ ᠤᠨ ᠳᠤᠭᠯᠠᠭᠠᠮ ᠲᠤᠬᠢᠷᠠᠭᠤᠯᠤᠨ᠂ ᠱᠠᠩᠨᠠᠯ ᠳᠤᠷᠠᠰᠬᠠᠯ | ᠭᠠᠷᠳᠠᠭᠤᠯᠵᠠᠢ᠃ ︽ᠨᠠᠰᠤᠲᠠᠶᠢᠴᠤᠳ ᠢᠶᠠᠨ ᠬᠠᠷᠢᠯᠴᠠᠨ ᠠᠭᠤᠯᠵᠠᠭᠤᠯᠵᠤ᠂ ᠰᠡᠳᠬᠢᠯ ᠤᠨ ᠦᠭᠡ ᠶᠢ ᠨᠢ | ᠶᠠᠷᠢᠯᠴᠠᠭᠤᠯᠵᠤ᠂ ᠦᠲᠡᠯᠥᠭᠡ ᠨᠠᠰᠤ ᠪᠠᠨ ᠪᠠᠶᠠᠷ ᠬᠦᠷ ᠲᠠᠢ ᠦᠩᠭᠡᠷᠡᠭᠦᠯᠬᠦ ᠶᠢ ᠵᠦᠩᠨᠡᠨ ᠪᠡᠯᠭᠡᠳᠡᠵᠥ᠂ ᠮᠠᠨ ᠤ | ᠭᠠᠴᠠᠭᠠᠨ ᠤ ᠨᠠᠮ ᠤᠨ ᠡᠭᠦᠷ ᠭᠠᠴᠠᠭᠠᠨ ᠵᠦᠪᠯᠡᠯ ᠠᠴᠠ ᠲᠣᠰ ᠣᠳᠠᠭᠠᠨ ᠤ ᠬᠦᠳᠡᠯᠭᠡᠭᠡᠨ ᠢ ᠦᠷᠨᠢᠭᠦᠯᠵᠡᠢ︔ | ᠠᠵᠢᠯᠯᠠᠭ᠎ᠠ ᠳᠡᠭᠡᠷ᠎ᠡ᠂ ᠮᠠᠨ ᠤ ᠭᠠᠴᠠᠭᠠᠨ ᠤ ᠨᠠᠰᠤᠲᠠᠨ ᠵᠢᠷᠭᠠᠯ ᠪᠠᠰᠠ ᠦᠪᠡᠷ ᠤᠨ ᠪᠦᠲᠦᠭᠡᠯ ᠪᠣᠯᠬᠤ ᠬᠤᠶᠠᠷ | ᠨᠣᠮ ᠢᠶᠠᠨ ᠨᠠᠮ ᠤᠨ ᠭᠡᠰᠢᠭᠦᠨ ᠵᠢᠴᠢ ᠵᠢᠯ ᠤᠷᠣᠵᠤ ᠪᠠᠶᠢᠭ᠎ᠠ ᠨᠠᠰᠤᠲᠠᠨ᠂ 80 ᠨᠠᠰᠤᠨ ᠠᠴᠠ ᠳᠡᠭᠡᠭᠰᠢᠬᠢ ᠨᠠᠰᠤᠲᠠᠨ | ᠳᠤ ᠬᠦᠷᠭᠡᠵᠡᠶ︾ ᠭᠡᠵᠤ ᠢᠷᠭᠠᠢ ᠭᠠᠴᠠᠭᠠᠨ ᠤ ᠨᠠᠮ ᠤᠨ ᠡᠭᠦᠷ ᠤᠨ ᠱᠦᠵᠢ ᠴᠡᠩᠭᠡᠯᠲᠦ ᠶᠠᠷᠢᠯ᠎ᠠ᠃ |