ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠳᠤᠷᠠᠳᠤᠭᠰᠠᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠨᠠᠭᠰᠢᠳᠠ ᠪᠠᠲᠤᠳᠬᠠᠵᠤ᠂ ᠤᠯᠠᠮᠵᠢᠯᠠᠯᠲᠤ ᠪᠡᠶ᠎ᠡ | ᠲᠠᠮᠢᠷ ᠤᠨ ᠬᠥᠳᠡᠯᠭᠡᠭᠡᠨ ᠢ ᠤᠯᠠᠮᠵᠢᠯᠠᠨ ᠬᠥᠭᠵᠢᠭᠦᠯᠵᠦ᠂ ᠥᠷᠭᠡᠨ ᠤᠯᠠᠨ ᠠᠷᠠᠳ ᠲᠦᠮᠡᠨ ᠤ ᠤᠶᠤᠨ ᠰᠨᠠᠭ᠎ᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 6 ᠰᠠᠷ᠎ᠠ ᠶᠢᠨ 28 ᠤ ᠡᠳᠦᠷ᠂ ᠰᠢᠯᠢ ᠶᠢᠨ ᠭᠤᠣᠯ | ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠳᠤᠪᠴᠢᠶ᠎ᠠ ᠠᠴᠠ ᠭᠤᠣᠯᠯᠠᠨ ᠡᠷᠬᠢᠯᠡᠭᠰᠡᠨ᠂ | ᠬᠥᠪᠡᠭᠡᠲᠦ ᠰᠢᠷ᠎ᠠ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠳᠤᠪᠴᠢᠶ᠎ᠠ᠂ ᠰᠢᠯᠢ ᠶᠢᠨ | ᠭᠤᠣᠯ ᠠᠶᠢᠮᠠᠭ ᠤᠨ ᠬᠠᠰᠠᠷ ᠬᠠᠷᠪᠤᠭᠠᠨ ᠤ ᠨᠡᠶᠢᠭᠡᠮᠯᠢᠭ᠂ ᠬᠥᠪᠡᠭᠡᠲᠦ ᠰᠢᠷ᠎ᠠ ᠬᠤᠰᠢᠭᠤᠨ ᠤ ᠬᠠᠷᠪᠤᠭᠠᠨ ᠤ | ᠨᠡᠶᠢᠭᠡᠮᠯᠢᠭ ᠤᠨ ᠬᠠᠮᠲᠤᠪᠠᠷ ᠳᠠᠭᠠᠭᠠᠴᠢᠯᠠᠨ ᠡᠷᠬᠢᠯᠡᠭᠰᠡᠨ ᠰᠢᠯᠢ ᠶᠢᠨ ᠭᠤᠣᠯ ᠠᠶᠢᠮᠠᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠲᠠᠮᠢᠷ ᠤᠨ ᠶᠡᠭᠡ ᠬᠤᠷᠠᠯ — ᠮᠣᠩᠭᠤᠯ ᠦᠨᠳᠦᠰᠦᠲᠡᠨ ᠤ ᠤᠯᠠᠮᠵᠢᠯᠠᠯᠲᠤ ᠬᠠᠷᠪᠤᠭᠠᠨ ᠤ | ᠤᠷᠤᠯᠳᠤᠭᠠᠨ ᠬᠥᠪᠡᠭᠡᠲᠦ ᠰᠢᠷ᠎ᠠ ᠬᠤᠰᠢᠭᠤᠨ ᠳᠤ ᠶᠠᠪᠤᠭᠳᠠᠵᠠᠢ᠃ ᠤᠷᠤᠯᠳᠤᠭᠠᠨ ᠳᠤ ᠪᠦᠬᠦ ᠠᠶᠢᠮᠠᠭ ᠤᠨ ᠡᠯ᠎ᠡ | ᠬᠤᠰᠢᠭᠤ ᠰᠢᠶᠠᠨ ᠠᠴᠠ 200 ᠭᠠᠷᠤᠢ ᠰᠤᠷ ᠬᠠᠷᠪᠤᠯᠲᠠ ᠶᠢᠨ ᠳᠤᠷ᠎ᠠ ᠪᠠᠭ᠋ᠠᠲᠤᠳ ᠬᠦᠷᠦᠯᠴᠡᠨ ᠢᠷᠡᠭᠰᠡᠨ ᠪᠠᠶᠢᠨ᠎ᠠ᠃ | | ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠯᠢ ᠶᠢᠨ ᠭᠤᠣᠯ ᠠᠶᠢᠮᠠᠭ ᠤᠨ ᠬᠠᠰᠠᠷ ᠬᠠᠷᠪᠤᠭᠠᠨ ᠤ ᠨᠡᠶᠢᠭᠡᠮᠯᠢᠭ ᠤᠨ | ᠬᠠᠷᠢᠭᠤᠴᠠᠯᠭᠠᠲᠠᠨ ᠪᠤᠶᠠᠨᠳᠤ ᠪᠠᠶᠠᠷ ᠤᠨ ᠦᠭᠡ ᠬᠡᠯᠡᠵᠥ᠂ ᠤᠷᠤᠯᠳᠤᠭᠠᠨ ᠳᠤ ᠤᠷᠤᠯᠴᠠᠬᠤ ᠲᠠᠮᠢᠷᠴᠢᠨ ᠤ | ᠲᠦᠯᠥᠭᠡᠯᠡᠭᠴᠢ ᠵᠢᠴᠢ ᠬᠢᠨᠠᠭᠴᠢ ᠶᠢᠨ ᠲᠥᠯᠥᠭᠡᠯᠡᠭᠴᠢ ᠲᠠᠶᠢᠰᠠᠨ ᠳᠤ ᠭᠠᠷᠴᠤ ᠲᠠᠩᠭᠠᠷᠢᠭ ᠬᠢᠵᠡᠢ᠃ ᠡᠬᠢᠯᠡᠯᠲᠡ ᠶᠢᠨ | ᠶᠤᠰᠤᠯᠠᠯ ᠳᠡᠭᠡᠷ᠎ᠡ MMA ᠶᠢᠨ JCK ᠲᠡᠮᠡᠴᠡᠭᠡᠨ ᠤ ᠱᠠᠩᠨᠠᠯᠲᠤ ᠦᠷᠢᠰᠦᠯᠳᠦᠭᠡᠨ ᠤ61KG ᠲᠡᠰ ᠲᠤ | ᠠᠯᠲᠠᠨ ᠮᠠᠲ᠋ᠧᠯ ᠬᠦᠷᠲᠡᠭᠰᠡᠨ ᠲᠠᠮᠢᠷᠴᠢᠨ ᠳᠡᠭᠦᠯᠢᠯ ᠪᠤᠯᠤᠨ ᠠᠽᠢᠶ᠎ᠠ ᠶᠢᠨ ᠢᠵᠠᠭᠤᠷ ᠤᠷᠠᠯᠢᠭ ᠤᠨ ᠨᠠᠭᠠᠳᠤᠮ ᠳᠤ | ᠭᠤᠷᠪᠠᠳᠤᠭᠠᠷ ᠪᠠᠶᠢᠷᠢᠨ ᠳᠤ ᠲᠤᠳᠤᠷᠠᠭᠰᠠᠨ ᠳᠠᠶᠢᠴᠢᠨ ᠢ ᠠᠭᠲᠠ ᠬᠦᠯᠦᠭ ᠢᠶᠠᠷ ᠱᠠᠩᠨᠠᠨ ᠬᠦᠬᠢᠭᠦᠯᠵᠠᠢ᠃ | ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠤᠶᠤᠨᠳᠤ ᠰᠢᠯᠢ ᠶᠢᠨ | ᠭᠤᠣᠯ ᠠᠶᠢᠮᠠᠭ ᠤᠨ ᠠᠷᠪᠠᠨ ᠨᠢᠭᠡᠳᠦᠭᠡᠷ ᠬᠤᠭᠤᠴᠠᠭᠠᠨ ᠤ ᠲᠠᠮᠢᠷ ᠤᠨ ᠶᠡᠭᠡ ᠬᠤᠷᠠᠯ — ᠮᠣᠩᠭᠤᠯ | ᠦᠨᠳᠦᠰᠦᠲᠡᠨ ᠤ ᠤᠯᠠᠮᠵᠢᠯᠠᠯᠲᠤ ᠬᠠᠷᠪᠤᠭᠠᠨ ᠤ ᠤᠷᠤᠯᠳᠤᠭᠠᠨ ᠡᠬᠢᠯᠡᠭᠰᠡᠨ ᠢ ᠵᠠᠷᠯᠠᠵᠠᠢ᠃ | ᠤᠷᠤᠯᠳᠤᠭᠠᠨ ᠤ ᠲᠠᠯᠠᠪᠤᠷ ᠲᠤ᠂ ᠡᠷᠡᠬᠡᠢ ᠮᠡᠷᠭᠡᠨ ᠬᠠᠷᠪᠤᠭᠠᠴᠢᠳ ᠦᠪᠡᠷ ᠦᠪᠡᠷ ᠤᠨ ᠤᠷ᠎ᠠ ᠮᠡᠷᠭᠡᠵᠢᠯ ᠢᠶᠠᠨ | ᠭᠠᠶᠢᠬᠠᠭᠤᠯᠤᠨ᠂ ᠦᠵᠡᠭᠴᠢᠳ ᠤᠯᠠᠨ ᠢᠶᠠᠨ ᠪᠠᠶᠠᠰᠬᠠᠯ᠎ᠠ᠃ ᠤᠷᠤᠯᠳᠤᠭᠠᠨ ᠢ ᠡᠷᠡᠭᠲᠠᠢ ᠡᠮᠡᠭᠲᠠᠢ ᠶᠢᠨ ᠬᠠᠮᠲᠤ | ᠨᠢᠭᠡᠴᠡ ᠶᠢᠨ ᠤᠷᠤᠯᠳᠤᠭᠠᠨ᠂ ᠬᠤᠪᠢ ᠬᠦᠮᠦᠨ ᠤ ᠤᠷᠤᠯᠳᠤᠭᠠᠨ ᠭᠡᠬᠦ ᠠᠭᠤᠯᠭ᠎ᠠ ᠪᠠᠷ ᠬᠤᠪᠢᠶᠠᠨ ᠶᠠᠪᠤᠭᠳᠠᠭᠤᠯᠵᠤ᠂ | ᠡᠷᠡᠭᠲᠠᠢ ᠡᠮᠡᠭᠲᠠᠢ ᠶᠢᠨ ᠬᠠᠮᠲᠤ ᠨᠢᠭᠡᠴᠡ ᠶᠢᠨ ᠤᠷᠤᠯᠳᠤᠭᠠᠨ ᠤ ᠳᠡᠭᠡᠳᠦ ᠳᠦᠷᠪᠡᠨ ᠨᠡᠷ᠎ᠡ ᠪᠡ ᠬᠤᠪᠢ ᠬᠦᠮᠦᠨ ᠤ | ᠤᠷᠤᠯᠳᠤᠭᠠᠨ ᠤ ᠳᠡᠭᠡᠳᠦ 32 ᠨᠡᠷ᠎ᠡ ᠶᠢ ᠱᠠᠩᠨᠠᠵᠠᠢ᠃ ︽ᠪᠢ ᠪᠣᠯ ᠰᠢᠯᠤᠭᠤᠨ ᠬᠦᠬᠡ ᠬᠤᠰᠢᠭᠤᠨ ᠠᠴᠠ ᠢᠷᠡᠭᠰᠡᠨ | ᠲᠠᠮᠢᠷᠴᠢᠨ ᠶᠤᠮ︔ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠤᠷ ᠬᠠᠷᠪᠤᠯᠲᠠ ᠶᠢ ᠪᠣᠯᠪᠠᠰᠤᠷᠠᠭᠠᠳ ᠨᠢᠭᠡᠨᠲᠡ | ᠠᠷᠪᠠᠭᠠᠳ ᠵᠢᠯ ᠪᠣᠯᠪᠠ︔ ᠰᠢᠯᠢ ᠶᠢᠨ ᠭᠤᠣᠯ ᠠᠶᠢᠮᠠᠭ ᠤᠨ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠤᠷ | ᠬᠠᠷᠪᠤᠭᠠᠨ ᠪ᠊ ᠤᠷᠤᠯᠳᠤᠭᠠᠨ ᠳᠤ ᠬᠡᠳᠦᠨ ᠵᠢᠯ ᠳᠠᠷᠠᠭᠠᠯᠠᠨ ᠤᠷᠤᠯᠴᠠᠵᠤ ᠪᠠᠶᠢᠨ᠎ᠠ︔ ᠡᠨᠡ ᠡᠳᠦᠷ ᠤᠨ ᠤᠷᠤᠯᠳᠤᠭᠠᠨ | ᠮᠠᠰᠢ ᠰᠠᠶᠢᠬᠠᠨ ᠪᠤᠯᠵᠠᠢ︾ ᠭᠡᠵᠦ ᠰᠢᠯᠤᠭᠤᠨ ᠬᠦᠬᠡ ᠬᠤᠰᠢᠭᠤᠨ ᠤ ᠲᠠᠮᠢᠷᠴᠢᠨ ᠪᠤᠯᠣᠳ ᠶᠠᠷᠢᠯ᠎ᠠ᠃ | ᠲᠣᠰ ᠤᠳᠠᠭᠠᠨ ᠤ ᠤᠷᠤᠯᠳᠤᠭᠠᠨ ᠨᠢ ᠪᠥᠬᠦ ᠠᠶᠢᠮᠠᠭ ᠤᠨ ᠰᠤᠷ ᠬᠠᠷᠪᠤᠭᠠᠨ ᠤ ᠲᠠᠮᠢᠷᠴᠢᠳ ᠤᠨ ᠵᠤᠷᠢᠭ | ᠰᠠᠨᠠᠭ᠎ᠠ ᠶᠢ ᠢᠯᠡᠷᠡᠭᠦᠯᠵᠦ᠂ ᠪᠥᠬᠦ ᠠᠶᠢᠮᠠᠭ ᠤᠨ ᠤᠯᠠᠮᠵᠢᠯᠠᠯᠲᠤ ᠪᠡᠶ᠎ᠡ ᠲᠠᠮᠢᠷ ᠤᠨ ᠬᠥᠳᠡᠯᠭᠡᠭᠡᠨ ᠪᠠ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠠᠢ᠃ | ᠵᠠᠰᠠᠭ ᠤᠨ ᠣᠷᠳᠣᠨ ᠤ ᠠᠯᠪᠠᠨ ᠬᠡᠷ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠳᠤᠪᠴᠢᠶ᠎ᠠ ᠵᠡᠷᠭᠡ | ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠪᠣᠯᠤᠨ ᠰᠢᠯᠢ ᠶᠢᠨ ᠭᠤᠣᠯ ᠠᠶᠢᠮᠠᠭ ᠤᠨ ᠬᠠᠰᠠᠷ ᠬᠠᠷᠪᠤᠭᠠᠨ ᠤ | ᠨᠡᠶᠢᠭᠡᠮᠯᠢᠭ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠤᠷᠤᠯᠴᠠᠵᠠᠢ᠃ |