ᠠᠵᠤ ᠤᠶᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠮᠡᠳᠡᠭᠡ ᠶᠢ ᠦᠨᠳᠦᠰᠦᠯᠡᠪᠡᠯ ᠂ 12 ᠰᠠᠷ᠎ᠠ ᠶᠢᠨ 1 ᠤ | ᠡᠳᠦᠷ ᠠᠴᠠ ᠡᠬᠢᠯᠡᠨ ᠂ ︽ ᠨᠢᠭᠡ ᠦᠨᠡᠮᠯᠡᠯ ᠢᠶᠠᠷ ᠨᠡᠶᠢᠳᠡᠮ ᠪᠠᠶᠢᠴᠠᠭᠠᠬᠤ ︾ (一证通查︶ ᠪᠠᠷ ᠦᠪᠡᠷ | ᠤᠨ ᠨᠡᠷ᠎ᠡ ᠳᠤᠤᠷᠠᠬᠢ ᠢᠨᠲ᠋ᠧᠷ ᠰᠦᠯᠵᠢᠶᠡᠨ ᠤ ᠲᠠᠩᠰᠠᠨ ᠨᠣᠮᠧᠷ ᠢ ᠪᠠᠶᠢᠴᠠᠭᠠᠨ ᠯᠠᠪᠯᠠᠬᠤ ᠤᠶᠢᠯᠡᠴᠢᠯᠡᠭᠡ ᠶᠢ | ᠥᠨᠥᠳᠦᠷ ᠤᠨ ᠲᠦᠷᠦᠭᠦᠦ ᠵᠤᠷᠪᠤᠰ ᠂ ᠰᠢᠶᠧ ᠴᠸᠡᠭ ᠵᠢᠭᠤᠯᠴᠢᠯᠠᠯ ᠂ ᠫᠢᠨ ᠳ᠋ᠦᠸᠧ ᠳ᠋ᠦᠸᠧ ᠂ ᠥᠯᠥᠰᠴᠤ ᠪᠠᠶᠢᠨ᠎ᠠ | ᠦᠦ ᠂ ᠠᠶ ᠴᠢ ᠤᠷᠠᠯᠢᠭ ᠂ ᠰᠢᠶᠤᠤ ᠬᠤᠩ ᠱᠤ᠋ ᠂ ᠣᠯᠠᠨ ᠲᠦᠮᠡᠨ ᠦᠨᠡᠯᠡᠯᠲᠡ ᠬᠢᠬᠦ ᠂ ᠬᠢᠰᠤᠭ᠎ᠠ ᠭᠡᠷ ᠡᠷᠢᠬᠦ ᠂ | ᠯᠢᠶᠠᠨ ᠵᠢᠶᠠ ᠵᠡᠷᠭᠡ 9 ᠵᠤᠶᠢᠯ ᠤᠨ ᠢᠨᠲ᠋ᠧᠷ ᠰᠦᠯᠵᠢᠶᠡᠨ ᠤ APP ᠳᠤ ᠰᠢᠨ᠎ᠡ ᠪᠠᠷ ᠨᠡᠮᠡᠵᠦ ᠣᠷᠣᠭᠤᠯᠪᠠ ᠂ | ᠬᠡᠷᠡᠭᠯᠡᠭᠴᠢ ᠶᠢᠨ ᠲᠣᠰ ᠬᠥᠮᠦᠨ ᠤ ᠨᠡᠷ᠎ᠡ ᠳᠤᠤᠷᠠᠬᠢ ᠭᠠᠷ ᠤᠲᠠᠰᠤᠨ ᠤ ᠨᠣᠮᠧᠷ ᠲᠤ ᠬᠤᠯᠪᠣᠭᠳᠠᠬᠤ ᠢᠨᠲ᠋ᠧᠷ | ᠰᠦᠯᠵᠢᠶᠡᠨ ᠤ ᠲᠠᠩᠰᠠᠨ ᠨᠣᠮᠧᠷ ᠤᠨ ᠪᠠᠶᠢᠴᠠᠭᠠᠬᠤ ᠬᠡᠪᠴᠢᠶ᠎ᠡ ᠶᠢ 25 ᠪᠣᠯᠭᠠᠨ ᠥᠷᠭᠡᠳᠬᠡᠵᠡᠢ᠃ | ᠦᠪᠡᠷ ᠤᠨ ᠨᠡᠷ᠎ᠡ ᠳᠤᠤᠷᠠᠬᠢ ᠢᠨᠲ᠋ᠧᠷ ᠰᠦᠯᠵᠢᠶᠡᠨ ᠤ ᠲᠠᠩᠰᠠᠨ ᠨᠣᠮᠧᠷ ᠢᠶᠠᠨ ᠪᠠᠶᠢᠴᠠᠭᠠᠨ ᠯᠠᠪᠯᠠᠵᠤ ᠪᠣᠯᠬᠤ ᠠᠴᠠ | ᠭᠠᠳᠠᠨ᠎ᠠ ᠂ ︽ ᠨᠢᠭᠡ ᠦᠨᠡᠮᠯᠡᠯ ᠢᠶᠠᠷ ᠨᠡᠶᠢᠳᠡᠮ ᠪᠠᠶᠢᠴᠠᠭᠠᠬᠤ ︾ ᠤᠶᠢᠯᠡᠴᠢᠯᠡᠭᠡ ᠨᠢ ᠪᠠᠰᠠ ᠬᠡᠷᠡᠭᠯᠡᠭᠴᠢᠳ ᠲᠤ ᠨᠡᠷ᠎ᠡ | ᠳᠤᠤᠷᠠᠬᠢ ᠰᠢᠯᠵᠢᠮᠡᠯ ᠭᠠᠷ ᠤᠳᠠᠰᠤᠨ ᠺᠠᠷᠲ ᠢ ᠪᠠᠶᠢᠴᠠᠭᠠᠨ ᠯᠠᠪᠯᠠᠬᠤ ᠤᠶᠢᠯᠡᠴᠢᠯᠡᠭᠡ ᠬᠠᠩᠭᠠᠬᠤ ᠪᠣᠯᠤᠨ᠎ᠠ᠃ | ᠦᠪᠡᠷ ᠤᠨ ᠨᠡᠷ᠎ᠡ ᠲᠤᠣᠷ᠎ᠠ ᠴᠢᠨᠢ ᠭᠡᠳᠦᠨ ᠤᠲᠠᠰᠤᠨ ᠺᠠᠷᠲ ᠢᠨᠲ᠋ᠧᠷ ᠰᠦᠯᠵᠢᠶ᠎ᠡ ᠤᠨ ᠳᠠᠩᠰᠠ ᠲᠠᠢ ᠬᠤᠯᠪᠣᠭᠳᠠᠵᠦ | ᠪᠠᠶᠢᠬᠤ ᠶᠢ ᠶᠠᠭᠠᠬᠢᠵᠤ ᠪᠠᠶᠢᠴᠠᠭᠠᠵᠤ ᠦᠵᠡᠬᠦ ᠪᠣᠶ︖ | ᠬᠡᠷᠡᠭᠯᠡᠭᠴᠢᠳ ᠨᠢ ︽ ᠠᠵᠤ ᠤᠶᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠸᠢᠴᠠᠲ ᠤᠨ ᠰᠣᠨᠢᠨ ︾ ᠂ ︽ ᠠᠵᠤ | ᠤᠶᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠮᠡᠬᠡᠯᠡᠯ ᠢ ᠡᠰᠡᠷᠭᠦᠴᠡᠬᠦ ᠲᠤᠰᠬᠠᠶ ᠠᠩᠭᠢ ︾ ᠂ ︽ ᠳᠤᠮᠳᠠᠳᠤ | ᠤᠯᠤᠰ ᠤᠨ ᠮᠡᠳᠡᠭᠡ ᠬᠤᠯᠪᠣᠭᠠᠨ ᠤ ᠬᠦᠷᠢᠶᠡᠯᠡᠩ ︾ ᠵᠡᠷᠭᠡ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠢᠴᠢ ︽ | ᠲᠣᠭᠠᠴᠠᠭ᠎ᠠ ᠬᠢᠬᠦ ᠡᠷᠳᠡᠨᠢ ︾ ᠶᠢᠨ ︽ ᠨᠢᠭᠡ ᠦᠨᠡᠮᠯᠡᠯ ᠢᠶᠠᠷ ᠨᠡᠶᠢᠳᠡᠮ ᠪᠠᠶᠢᠴᠠᠭᠠᠬᠤ ︾ ᠵᠢᠵᠢᠭ ᠫᠷᠤᠭ᠍ᠷᠠᠮ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ︽ ᠨᠢᠭᠡ ᠦᠨᠡᠮᠯᠡᠯ ᠢᠶᠠᠷ ᠨᠡᠶᠢᠳᠡᠮ ᠪᠠᠶᠢᠴᠠᠭᠠᠬᠤ ︾ ᠪᠠᠶᠢᠴᠠᠭᠠᠨ ᠯᠠᠪᠯᠠᠬᠤ | ᠡᠭᠦᠳᠡ ᠶᠢ ᠡᠷᠢᠵᠤ ᠤᠯᠤᠭᠠᠳ ᠂ ᠭᠠᠷ ᠤᠲᠠᠰᠤᠨ ᠤ ᠨᠣᠮᠧᠷ ᠂ ᠪᠡᠶ᠎ᠡ ᠶᠢᠨ ᠦᠨᠡᠮᠯᠡᠯ ᠤᠨ ᠨᠣᠮᠧᠷ ᠤᠨ ᠠᠷᠤ ᠶᠢᠨ | ᠵᠢᠷᠭᠤᠭᠠᠨ ᠲᠤᠭ᠎ᠠ ᠪᠠ ᠰᠢᠯᠭᠠᠨ ᠪᠠᠲᠤᠯᠠᠬᠤ ᠨᠣᠮᠧᠷ ᠢ ᠲᠠᠭᠯᠠᠪᠠᠯ ᠳᠠᠷᠤᠶ ᠪᠠᠶᠢᠴᠠᠭᠠᠨ ᠦᠵᠡᠵᠦ ᠲᠡᠶᠢᠯᠦᠨ᠎ᠡ᠃ | ᠪᠠᠶᠢᠴᠠᠭᠠᠬᠰᠠᠨ ᠦᠷ᠎ᠡ ᠳ᠋ᠦᠩ ᠢ 48 ᠴᠠᠭ ᠤᠨ ᠳᠣᠲᠣᠷ᠎ᠠ ᠣᠬᠤᠷ ᠮᠡᠳᠡᠭᠡ ᠪᠠᠷ ᠬᠠᠷᠢᠭᠤ ᠥᠭᠭᠦᠨ᠎ᠡ᠃ | ᠬᠡᠷᠪᠡ ᠬᠤᠪᠢ ᠬᠥᠮᠦᠨ ᠤ ᠭᠠᠷ ᠤᠲᠠᠰᠤᠨ ᠤ ᠨᠣᠮᠧᠷ ᠲᠠᠢ ᠬᠤᠯᠪᠣᠭᠳᠠᠬᠤ ᠢᠨᠲ᠋ᠧᠷ ᠰᠦᠯᠵᠢᠶᠡᠨ ᠤ ᠲᠠᠩᠰᠠᠨ | ᠨᠣᠮᠧᠷ ᠤᠨ ᠲᠤᠭ᠎ᠠ ᠨᠢ ᠬᠤᠪᠢ ᠬᠥᠮᠦᠨ ᠤ ᠬᠡᠷᠡᠭᠯᠡᠵᠦ ᠪᠠᠶᠢᠭ᠎ᠠ ᠪᠠᠶᠢᠳᠠᠯ ᠲᠠᠢ ᠨᠢᠭᠡᠳᠦᠯ ᠥᠬᠡᠶ ᠪᠠᠶᠢᠪᠠᠯ ᠂ ᠠᠰᠠᠭᠤᠨ | ᠯᠠᠪᠯᠠᠬᠤ ᠨᠢᠭᠤᠷ ᠤᠨ ᠲᠤᠣᠷ᠎ᠠ ᠲᠠᠯ᠎ᠠ ᠳᠠᠬᠢ ︽ ᠬᠤᠯᠪᠤᠭᠠᠰᠤ ᠶᠢ ᠲᠠᠶᠢᠯᠬᠤ ᠪᠠ ᠨᠠᠷᠢᠨ ᠠᠰᠠᠭᠤᠨ ᠯᠠᠪᠯᠠᠬᠤ ︾ ᠶᠢ | ᠲᠤᠪᠰᠢᠵᠦ ᠠᠰᠠᠭᠤᠨ ᠯᠠᠪᠯᠠᠵᠤ ᠪᠣᠯᠤᠨ᠎ᠠ᠃ ᠬᠡᠷᠪᠡ ᠠᠰᠠᠭᠤᠨ ᠯᠠᠪᠯᠠᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ | ᠪᠤᠯ ᠠᠵᠤ ᠠᠬᠤᠶᠢᠯᠠᠯ ᠤᠨ ᠬᠡᠷᠡᠭᠯᠡᠭᠴᠢᠳ ᠲᠤ ᠦᠢᠯᠡᠴᠢᠯᠡᠬᠦ ᠤᠲᠠᠰᠤ ᠶᠢ ᠤᠲᠠᠰᠤᠳᠠᠵᠤ ᠠᠰᠠᠭᠤᠨ ᠯᠠᠪᠯᠠᠵᠤ | ᠪᠣᠯᠤᠨ᠎ᠠ᠃ | |