ᠦᠰᠦᠭ ᠪᠢᠴᠢᠭ ᠤᠨ ᠲᠠᠶᠢᠯᠤᠮᠵᠢ᠄ ᠬᠦᠪᠡᠭᠡᠲᠦ ᠰᠢᠷ᠎ᠠ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠲᠥᠷᠦ ᠶᠢᠨ ᠪᠣᠳᠣᠯᠭ᠎ᠠ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2024/12/4
    ᠨᠢᠭᠡ᠂ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ    2025 ᠣᠨ ᠳᠤ ᠮᠠᠨ ᠤ ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠦᠨ ᠪᠦᠷᠢ ᠳᠤ ᠨᠢᠭᠡᠳᠬᠡᠵᠦ᠂ ᠰᠦᠢᠳᠬᠡᠯ ᠲᠤᠰᠢᠶᠠᠬᠤ ᠬᠤᠭᠤᠴᠠᠭ᠎ᠠ ᠶᠢ 2024 ᠣᠨ ᠤ 9 ᠰᠠᠷ᠎ᠠ ᠶᠢᠨ 1 ᠤ ᠡᠳᠦᠷ ᠠᠴᠠ 2025 ᠣᠨ ᠤ 2 ᠰᠠᠷ᠎ᠠ ᠶᠢᠨ 28 ᠤ ᠡᠳᠦᠷ ᠪᠣᠯᠲᠠᠯ᠎ᠠ᠂ ᠬᠠᠷᠠᠭᠠᠯᠵᠠᠯ ᠭᠥᠷᠳᠡᠬᠦ ᠬᠤᠭᠤᠴᠠᠭ᠎ᠠ ᠶᠢ 2025 ᠣᠨ ᠤ 1 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ ᠬᠢᠵᠠᠭᠠᠷᠯᠠᠨ᠎ᠠ᠃     ᠬᠥᠪᠡᠭᠡᠲᠦ ᠰᠢᠷ᠎ᠠ ᠬᠤᠰᠢᠭᠤ ᠨᠢ ᠬᠦᠴᠢᠷᠳᠡᠯᠲᠡᠢ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠭᠠᠯ ᠳᠤ ᠣᠷᠣᠯᠴᠠᠭᠰᠠᠨ ᠬᠤᠪᠢ ᠬᠥᠮᠦᠨ ᠤ ᠰᠦᠢᠳᠭᠡᠯ ᠲᠤᠰᠢᠶᠠᠬᠤ ᠬᠡᠰᠡᠭ ᠢ ᠲᠥᠷᠥᠯ ᠬᠤᠪᠢᠶᠠᠨ ᠳᠠᠭᠠᠳᠭᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠤᠨᠴᠠ ᠬᠦᠴᠢᠷᠳᠡᠯᠳᠡᠢ ᠬᠦᠮᠦᠰ᠂ ᠦᠨᠦᠴᠢᠨ ᠬᠡᠤᠬᠡᠳ ᠪᠠ ᠪᠤᠳᠠᠳᠠᠢ ᠠᠰᠠᠷᠠᠨ ᠳᠡᠵᠢᠭᠡᠬᠦ ᠬᠦᠮᠦᠨ ᠦᠭᠡᠢ ᠬᠡᠦᠬᠡᠳ ᠤᠨ ᠬᠤᠪᠢ ᠬᠦᠮᠦᠨ ᠤ ᠳᠤᠰᠢᠶᠠᠬᠤ ᠰᠦᠢᠳᠭᠡᠯ ᠤᠨ 400 ᠳᠦᠬᠦᠷᠢᠭ ᠢ ᠪᠦᠬᠦᠨ ᠢ ᠲᠤᠰᠢᠶᠠᠵᠤ ᠦᠭᠬᠦᠨ᠎ᠡ᠃    ᠬᠤᠶᠠᠷ᠂ ᠡᠮᠨᠡᠯᠭᠡ ᠳᠤ ᠰᠠᠭᠤᠭᠰᠠᠨ ᠵᠠᠷᠤᠳᠠᠯ ᠢ ᠳᠠᠩᠰᠠᠨ ᠠᠴᠠ ᠴᠠᠶᠢᠷᠠᠭᠤᠯᠬᠤ ᠲᠥᠷᠥ ᠶᠢᠨ ᠪᠣᠳᠣᠯᠭ᠎ᠠ    ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ᠂ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠬᠢ ᠡᠪᠡᠳᠴᠢᠨ ᠡᠮᠭᠡᠭ ᠠᠴᠠ ᠪᠣᠯᠵᠤ ᠡᠮᠨᠡᠨ ᠵᠠᠰᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠣᠰᠣᠭᠠᠷ ᠡᠮᠨᠡᠯᠭᠡ ᠳᠤ ᠰᠠᠭᠤᠭᠰᠠᠨ ᠡᠮ ᠡᠮᠨᠡᠯᠭᠡ ᠶᠢᠨ ᠪᠠᠲᠤᠯᠠᠭ᠎ᠠ ᠶᠢᠨ ᠲᠠᠩᠰᠠ ᠴᠠᠶᠢᠷᠠᠭᠤᠯᠬᠤ ᠣᠯᠭᠤᠮᠵᠢ ᠭᠥᠷᠳᠡᠵᠦ ᠪᠣᠯᠤᠨ᠎ᠠ᠃    1. ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠴᠠᠶᠢᠷᠠᠭᠤᠯᠬᠤ ᠲᠥᠷᠥ ᠶᠢᠨ ᠪᠣᠳᠣᠯᠭ᠎ᠠ     ᠡᠬᠢᠯᠡᠵᠦ ᠲᠤᠰᠢᠶᠠᠬᠤ ᠱᠤᠭᠤᠮ᠃ ᠰᠠᠭᠤᠭᠠᠯᠢ ᠠᠷᠠᠳ ᠤᠨ ᠡᠮᠴᠢᠯᠡᠭᠡ ᠶᠢᠨ ᠪᠠᠳᠤᠯᠠᠭ᠎ᠠ ᠶᠢᠨ ᠣᠷᠣᠨ ᠤ ᠳᠣᠲᠣᠷᠠᠬᠢ ᠭᠤᠷᠪᠠᠳᠤᠭᠠᠷ ᠳᠡᠰ᠂ ᠬᠤᠶᠠᠳᠤᠭᠠᠷ ᠳᠡᠰ᠂ ᠨᠢᠭᠡᠳᠦᠭᠡᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠢᠭᠤᠯᠤᠮᠵᠢ ᠶᠢᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠲᠣᠰ ᠲᠣᠰ 600 ᠲᠥᠭᠦᠷᠢᠭ᠂ 400 ᠲᠥᠭᠦᠷᠢᠭ᠂ 100 ᠲᠥᠭᠦᠷᠢᠭ ᠪᠣᠯᠤᠨ᠎ᠠ᠃ ᠣᠷᠣᠨ ᠤ ᠭᠠᠳᠠᠨᠠᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠬᠢᠯᠡᠵᠦ ᠲᠤᠰᠢᠶᠠᠬᠤ ᠱᠤᠭᠤᠮ ᠤᠨ ᠪᠠᠷᠢᠮᠵᠢᠶ᠎ᠠ ᠨᠢ 1500 ᠲᠥᠭᠦᠷᠢᠭ ᠪᠣᠯᠤᠨ᠎ᠠ᠃  ᠵᠢᠯ ᠳᠤ ᠭᠤᠷᠪᠠ ᠤᠳᠠᠭ᠎ᠠ 3 ᠤᠳᠠᠭ᠎ᠠ ᠡᠮᠨᠡᠬᠦᠯᠦᠭᠰᠡᠨ ᠪᠣᠯ ᠡᠬᠢᠯᠡᠵᠦ ᠥᠭᠬᠦ ᠪᠠᠷᠢᠮᠵᠢᠶ᠎ᠠ ᠶᠢ ᠤᠳᠠᠭ᠎ᠠ ᠪᠦᠷᠢ 10% ᠪᠠᠷ ᠪᠠᠭᠤᠷᠠᠭᠤᠯᠤᠨ᠎ᠠ᠃ ᠣᠨ ᠤ ᠳᠣᠲᠣᠷᠠᠬᠢ 4 ᠤᠳᠠᠭ᠎ᠠ ᠳᠡᠭᠡᠭᠰᠢ ᠡᠮᠨᠡᠬᠦᠯᠦᠭᠰᠡᠨ ᠪᠣᠯ ᠡᠬᠢᠯᠡᠵᠦ ᠥᠭᠬᠦ ᠪᠠᠷᠢᠮᠵᠢᠶ᠎ᠠ ᠲᠣᠭᠲᠠᠭᠠᠬᠤ ᠦᠭᠡᠶ᠃    ᠳᠠᠩᠰᠠ ᠲᠠᠶᠢᠯᠬᠤ ᠬᠠᠷᠢᠴᠠᠯ᠃ ᠡᠬᠢᠯᠡᠵᠦ ᠥᠭᠬᠦ ᠪᠠᠷᠢᠮᠵᠢᠶ᠎ᠠ ᠨᠢ 6 ᠲᠦᠮᠡᠨ ᠲᠥᠭᠦᠷᠢᠭ ︵6 ᠲᠦᠮᠡᠨ ᠲᠥᠭᠦᠷᠢᠭ ᠪᠠᠭᠲᠠᠨ᠎ᠠ︶ ᠤᠨ ᠬᠡᠰᠡᠭ ᠲᠠᠩᠰᠠ ᠲᠠᠶᠢᠯᠬᠤ ᠬᠠᠷᠢᠴᠠᠯ᠄ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ 85%᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ 75%᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ 70%᠃ 6 ᠲᠦᠮᠡᠨ ᠲᠦᠭᠦᠷᠢᠭ ᠠᠴᠠ ᠳᠡᠭᠡᠳᠦ ᠬᠢᠵᠠᠭᠠᠷ ᠱᠤᠭᠤᠮ ᠤᠨ ᠬᠡᠰᠡᠭ ᠲᠠᠩᠰᠠ ᠲᠠᠶᠢᠯᠬᠤ ᠬᠠᠷᠢᠴᠠᠯ᠄ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ 90%᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ 80%᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ 75%᠃ ᠣᠷᠣᠨ ᠤ ᠭᠠᠳᠠᠨ᠎ᠠ ᠡᠪᠡᠳᠴᠢᠨ ᠦᠵᠡᠭᠦᠯᠵᠦ ᠳᠠᠩᠰᠠ ᠲᠠᠶᠢᠯᠬᠤ ᠬᠠᠷᠢᠴᠠᠯ ᠢ 10% ᠪᠠᠷ ᠪᠠᠭᠤᠷᠠᠭᠤᠯᠤᠨ᠎ᠠ᠃     ᠵᠢᠯ ᠤᠨ ᠳᠠᠩᠰᠠ ᠲᠠᠢᠯᠬᠤ ᠬᠢᠵᠠᠭᠠᠷ ᠲᠤᠭ᠎ᠠ᠄ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦᠨ ᠤ ᠵᠢᠯ ᠤᠨ ᠬᠠᠮᠤᠭ ᠥᠨᠳᠥᠷ ᠥᠭᠬᠦ ᠬᠢᠵᠠᠭᠠᠷ ᠲᠤᠭ᠎ᠠ 16 ᠲᠦᠮᠡᠨ ᠲᠥᠭᠦᠷᠢᠭ᠃     2. ᠬᠦᠨᠳᠦ ᠡᠪᠡᠳᠴᠢᠨ ᠤ ᠳᠠᠭᠠᠳᠬᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ    ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠥᠭᠬᠦ ᠪᠠᠷᠢᠮᠵᠢᠶ᠎ᠠ ᠨᠢ 14000 ᠲᠥᠭᠦᠷᠢᠭ ᠪᠣᠯᠤᠨ᠎ᠠ᠃ ᠡᠭᠦᠨ ᠳᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠲᠥᠷᠥ ᠶᠢᠨ ᠪᠣᠳᠣᠯᠭ᠎ᠠ ᠭᠥᠷᠳᠡᠬᠦ︶᠂ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ᠂ ᠳᠠᠬᠢᠨ ᠶᠠᠳᠠᠭᠤᠷᠠᠭᠰᠠᠨ ᠬᠥᠮᠦᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠥᠭᠬᠦ ᠪᠠᠷᠢᠮᠵᠢᠶ᠎ᠠ ᠶᠢ 50% ᠪᠠᠷ ᠪᠠᠭᠤᠷᠠᠭᠤᠯᠵᠤ᠂ 7000 ᠲᠥᠭᠦᠷᠢᠭ ᠪᠣᠯᠭᠠᠨ᠎ᠠ᠃    ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠳᠡᠮᠵᠢᠨ ᠲᠠᠩᠰᠠᠨ ᠠᠴᠠ ᠲᠠᠶᠢᠯᠤᠭᠰᠠᠨ ᠤ ᠳᠠᠷᠠᠭ᠎ᠠ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠬᠤᠪᠢ ᠬᠥᠮᠦᠨ 1.4 ᠲᠦᠮᠡ ᠠᠴᠠ ᠳᠡᠭᠡᠭᠰᠢ 10 ᠲᠦᠮᠡ ᠠᠴᠠ ᠳᠣᠷᠣᠭᠰᠢ ᠬᠡᠰᠡᠭ ᠢ 60% ᠶᠢᠨ ᠬᠠᠷᠢᠴᠠᠯ ᠢᠶᠠᠷ ᠲᠠᠩᠰᠠ ᠳᠡᠶᠢᠯᠵᠦ᠂ 10 ᠲᠦᠮᠡᠨ ᠲᠥᠭᠦᠷᠢᠭ ᠠᠴᠠ ᠳᠡᠭᠡᠭᠰᠢᠬᠢ ᠬᠡᠰᠡᠭ ᠢ 70% ᠶᠢᠨ ᠬᠠᠷᠢᠴᠠᠯ ᠢᠶᠠᠷ ᠲᠠᠩᠰᠠ ᠳᠡᠶᠢᠯᠵᠦ᠂ ᠣᠨ ᠤ ᠬᠠᠮᠤᠭ ᠤᠨ ᠥᠨᠳᠥᠷ ᠬᠢᠵᠠᠭᠠᠷ ᠲᠤᠭ᠎ᠠ ᠨᠢ 10 ᠲᠦᠮᠡᠨ ᠲᠥᠭᠦᠷᠢᠭ ᠪᠣᠯᠤᠨ᠎ᠠ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠲᠥᠷᠥ ᠶᠢᠨ ᠪᠣᠳᠣᠯᠭ᠎ᠠ ᠭᠥᠷᠳᠡᠬᠦ︶᠂ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ᠂ ᠳᠠᠬᠢᠨ ᠶᠠᠳᠠᠭᠤᠷᠠᠭᠰᠠᠨ ᠬᠥᠮᠦᠨ ᠠᠮᠠ ᠳᠤ ᠡᠯ᠎ᠡ ᠬᠡᠰᠡᠭ ᠤᠨ ᠲᠣᠭᠠᠴᠠᠭ᠎ᠠ ᠬᠢᠬᠦ ᠬᠠᠷᠢᠴᠠᠯ ᠢ 5 ᠵᠠᠭᠤᠨ ᠤ ᠨᠢᠭᠡᠴᠢ ᠳᠡᠭᠡᠭᠰᠢᠯᠡᠭᠦᠯᠵᠦ᠂ ᠬᠠᠮᠤᠭ ᠤᠨ ᠥᠨᠳᠥᠷ ᠲᠣᠭᠠᠴᠠᠭ᠎ᠠ ᠬᠢᠬᠦ ᠬᠢᠵᠠᠭᠠᠷ ᠲᠤᠭ᠎ᠠ ᠶᠢ ᠬᠦᠴᠦᠨ ᠥᠬᠡᠶ ᠪᠣᠯᠭᠠᠨ᠎ᠠ᠃     3. ᠡᠮ ᠡᠮᠨᠡᠯᠭᠡ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ    ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ ᠤᠨ ᠡᠮᠨᠡᠯᠭᠡ ᠳᠤ ᠰᠠᠭᠤᠭᠰᠠᠨ ᠡᠮ ᠡᠮᠨᠡᠯᠭᠡ ᠶᠢᠨ ᠵᠠᠷᠤᠳᠠᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠢᠶᠠᠷ ᠳᠠᠮᠵᠢᠭᠤᠯᠤᠨ ᠲᠤᠰᠢᠶᠠᠭᠰᠠᠨ ᠤ ᠳᠠᠷᠠᠭᠠᠬᠢ ᠲᠣᠭᠲᠠᠭᠠᠯ ᠳᠤ ᠨᠡᠶᠢᠴᠡᠬᠦ ᠵᠠᠷᠤᠳᠠᠯ ᠢᠶᠠᠷ ᠪᠦᠬᠦ ᠲᠤᠭ᠎ᠠ ᠪᠠᠷ ᠲᠤᠰᠠᠯᠠᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠶᠠᠳᠠᠭᠤ ᠠᠴᠠ ᠠᠩᠭᠢᠵᠢᠷᠠᠭᠤᠯᠬᠤ ᠳᠤ ᠲᠥᠷᠥ ᠶᠢᠨ ᠪᠣᠳᠣᠯᠭ᠎ᠠ ᠬᠦᠷᠲᠡᠭᠰᠡᠳ ᠤᠨ ᠡᠮᠨᠡᠯᠭᠡ ᠳᠤ ᠰᠠᠭᠤᠭᠰᠠᠨ ᠡᠮ ᠡᠮᠨᠡᠯᠭᠡ ᠶᠢᠨ ᠵᠠᠷᠤᠳᠠᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠢᠶᠠᠷ ᠥᠭᠭᠦᠭᠰᠡᠨ ᠤ ᠳᠠᠷᠠᠭᠠᠬᠢ ᠲᠣᠭᠲᠠᠭᠠᠯ ᠳᠤ ᠨᠡᠶᠢᠴᠡᠬᠦ ᠵᠠᠷᠤᠳᠠᠯ ᠢ ᠨᠢ 70% ᠶᠢᠨ ᠬᠠᠷᠢᠴᠠᠯ ᠢᠶᠠᠷ ᠠᠪᠤᠷᠠᠨ ᠲᠤᠰᠠᠯᠠᠨ᠎ᠠ᠃ ᠬᠢᠨᠠᠨ ᠰᠢᠨᠵᠢᠬᠦ ᠬᠡᠪᠴᠢᠶᠡᠨ ᠳᠤ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠵᠤ ᠶᠠᠳᠠᠭᠤᠷᠠᠭᠰᠠᠨ ᠬᠥᠮᠥᠨ ᠠᠮᠠ ᠶᠢᠨ ᠡᠮᠨᠡᠯᠭᠡ ᠳᠤ ᠰᠠᠭᠤᠭᠰᠠᠨ ᠤ ᠠᠪᠤᠷᠠᠨ ᠲᠤᠰᠠᠯᠠᠬᠤ ᠶᠢᠨ ᠡᠬᠢᠯᠡᠵᠦ ᠥᠭᠬᠦ ᠱᠤᠭᠤᠮ ᠨᠢ 3000 ᠲᠥᠭᠦᠷᠢᠭ ᠪᠠᠶᠢᠵᠤ᠂ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠢᠶᠠᠷ ᠳᠠᠮᠵᠢᠭᠤᠯᠤᠨ ᠵᠠᠷᠤᠴᠠᠭᠤᠯᠤᠭᠰᠠᠨ ᠤ ᠳᠠᠷᠠᠭᠠᠬᠢ ᠲᠣᠭᠲᠠᠭᠠᠯ ᠳᠤ ᠨᠡᠶᠢᠴᠡᠬᠦ ᠵᠠᠷᠤᠳᠠᠯ ᠢ ᠨᠢ 60% ᠶᠢᠨ ᠬᠠᠷᠢᠴᠠᠯ ᠢᠶᠠᠷ ᠠᠪᠤᠷᠠᠨ ᠲᠤᠰᠠᠯᠠᠨ᠎ᠠ᠃     ᠭᠤᠷᠪᠠ᠂ ᠤᠳᠠᠭᠠᠨ ᠴᠢᠨᠠᠷᠲᠠᠶ ᠣᠨᠴᠠᠭᠠᠶ ᠡᠪᠡᠳᠴᠢᠨ ᠤ ᠵᠠᠷᠤᠳᠠᠯ ᠢ ᠲᠠᠩᠰᠠ ᠠᠴᠠ ᠴᠠᠶᠢᠷᠠᠭᠤᠯᠬᠤ ᠲᠥᠷᠥ ᠶᠢᠨ ᠪᠣᠳᠣᠯᠭ᠎ᠠ      ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠳ ᠡᠮ ᠤᠨ ᠵᠣᠷ᠂ ᠡᠮᠴᠢᠯᠡᠭᠡᠨ ᠤ ᠳᠠᠭᠠᠳᠬᠠᠯ ᠤᠨ ᠺᠠᠷᠲ ᠪᠤᠶᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ᠂ ᠪᠡᠶ᠎ᠡ ᠶᠢᠨ ᠦᠨᠡᠮᠯᠡᠯ ᠵᠡᠷᠭᠡ ᠪᠠᠨ ᠠᠪᠴᠤ᠂ ᠨᠢᠭᠡᠳᠦᠭᠡᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠰᠢᠭᠤᠳ ᠳ᠋ᠦᠩᠨᠡᠨ ᠪᠤᠳᠤᠵᠤ ᠪᠣᠯᠤᠨ᠎ᠠ᠂ ᠣᠷᠣᠯᠭ᠎ᠠ ᠪᠠᠭᠠᠲᠠᠶ ᠬᠥᠮᠦᠰ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠭᠤᠳ ᠳ᠋ᠦᠩᠨᠡᠨ ᠪᠤᠳᠤᠬᠤ ᠠᠴᠠ ᠭᠠᠳᠠᠨ᠎ᠠ ᠲᠣᠭᠲᠠᠭᠰᠠᠨ ᠡᠮ ᠤᠨ ᠳᠡᠯᠭᠡᠭᠦᠷ ᠲᠤ ᠡᠮ ᠬᠤᠳᠠᠯᠳᠤᠨ ᠠᠪᠬᠤ ᠦᠶ᠎ᠡ ᠳᠤ ᠰᠢᠭᠤᠳ ᠳ᠋ᠦᠩᠨᠡᠨ ᠪᠤᠳᠤᠵᠤ ᠪᠣᠯᠤᠨ᠎ᠠ᠃ ᠰᠢᠭᠤᠳ ᠳ᠋ᠦᠩᠨᠡᠨ ᠪᠣᠳᠣᠵᠤ ᠳᠡᠶᠢᠯᠬᠦ ᠦᠭᠡᠶ ᠶᠢ ᠨᠢ ᠴᠤᠩᠬᠤᠪᠴᠢ ᠳᠤ ᠬᠦᠷᠴᠦ ᠭᠦᠢᠴᠡᠳᠬᠡᠵᠦ ᠪᠣᠯᠤᠨ᠎ᠠ᠃      ᠤᠨᠴᠠ ᠭᠦᠴᠢᠷᠳᠡᠯᠳᠡᠢ ᠭᠦᠮᠦᠰ᠂ ᠦᠨᠦᠴᠢᠨ ᠬᠡᠤᠬᠡᠳ ᠤᠨ ᠡᠭᠦᠳᠡᠨ ᠡᠮᠨᠡᠯᠬᠡ ᠶᠢᠨ ᠤᠳᠠᠭᠠᠨ ᠴᠢᠨᠠᠷᠲᠠᠢ ᠡᠪᠡᠳᠴᠢᠨ ᠤ ᠵᠠᠷᠤᠳᠠᠯ ᠢ ᠨᠢ ᠦᠨᠳᠦᠰᠦᠨ ᠡᠮ ᠡᠮᠨᠡᠯᠭᠡ ᠶᠢᠨ ᠲᠠᠭᠠᠳᠬᠠᠯ ᠢᠶᠠᠷ ᠲᠠᠮᠵᠢᠵᠦ ᠲᠤᠨᠨᠳᠠᠭᠠᠯ ᠳᠤ ᠨᠡᠶᠢᠴᠡᠬᠦ ᠰᠦᠢᠳᠬᠡᠯ ᠢ ᠨᠢ ᠪᠦᠭᠦ ᠲᠤᠭ᠎ᠠ ᠪᠠᠷ ᠨᠢ ᠲᠤᠰᠢᠶᠠᠵᠤ ᠦᠭᠬᠦᠨ᠎ᠡ᠃ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ᠂ ᠳᠠᠬᠢᠨ ᠶᠠᠳᠠᠭᠤᠷᠠᠬᠤ ᠪᠤᠯᠤᠮᠵᠢ ᠲᠠᠢ ᠬᠥᠮᠦᠨ ᠠᠮᠠ᠂ ᠶᠠᠳᠠᠭᠤ ᠠᠴᠠ ᠠᠩᠭᠢᠵᠢᠷᠠᠬᠤ ᠲᠥᠷᠥ ᠶᠢᠨ ᠪᠣᠳᠣᠯᠭ᠎ᠠ ᠶᠢ ᠬᠦᠷᠲᠡᠭᠰᠡᠳ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠵᠠᠷᠤᠳᠠᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ 70% ᠶᠢᠨ ᠬᠠᠷᠢᠴᠠᠯ ᠢᠶᠠᠷ ᠠᠪᠤᠷᠠᠨ ᠲᠤᠰᠠᠯᠠᠨ᠎ᠠ᠃ ᠬᠢᠨᠠᠨ ᠰᠢᠨᠵᠢᠬᠦ ᠬᠡᠪᠴᠢᠶᠡᠨ ᠳᠤ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠬᠤ ᠬᠥᠮᠦᠨ ᠠᠮᠠ ᠶᠢᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠵᠠᠷᠤᠳᠠᠯ ᠢ ᠠᠪᠤᠷᠠᠨ ᠲᠤᠰᠠᠯᠠᠬᠤ ᠳᠤ ᠡᠬᠢᠯᠡᠵᠦ ᠥᠭᠬᠦ ᠱᠤᠭᠤᠮ ᠨᠢ 1000 ᠲᠥᠭᠦᠷᠢᠭ᠂ ᠤᠳᠠᠭᠠᠨ ᠴᠢᠨᠠᠷᠲᠠᠶ ᠣᠨᠴᠠ ᠡᠪᠡᠳᠴᠢᠨ ᠤ ᠵᠠᠷᠤᠳᠠᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢᠶᠠᠷ ᠥᠭᠭᠦᠭᠰᠡᠨ ᠤ ᠳᠠᠷᠠᠭᠠᠬᠢ ᠲᠣᠭᠲᠠᠭᠠᠯ ᠳᠤ ᠨᠡᠶᠢᠴᠡᠬᠦ ᠵᠠᠷᠤᠳᠠᠯ ᠢ ᠨᠢ 60% ᠶᠢᠨ ᠬᠠᠷᠢᠴᠠᠯ ᠢᠶᠠᠷ ᠠᠪᠤᠷᠠᠨ ᠲᠤᠰᠠᠯᠠᠨ᠎ᠠ᠃ ᠡᠭᠦᠳᠡᠨ ᠡᠮᠨᠡᠯᠭᠡ ᠶᠢᠨ ᠤᠵᠢᠭ ᠡᠪᠡᠳᠴᠢᠨ 27 ᠵᠦᠢᠯ᠂ ᠡᠭᠦᠨ ᠳᠤ ᠳᠠᠬᠢᠨ ᠡᠭᠦᠰᠬᠦ ᠰᠠᠭᠠᠳ ᠤᠨ ᠴᠢᠨᠠᠷᠲᠠᠢ ᠴᠢᠰᠤ ᠲᠤᠳᠠᠬᠤ᠂ ᠤᠳᠠᠭᠠᠨ ᠴᠢᠨᠠᠷᠲᠠᠢ ᠪᠥᠭᠡᠷᠡᠨ ᠠᠵᠢᠯᠯᠠᠭ᠎ᠠ ᠮᠠᠭᠤᠳᠠᠬᠤ᠂ ᠲᠠᠷᠢᠬᠢᠨ ᠤ ᠰᠠ ᠡᠪᠡᠳᠴᠢᠨ᠂ ᠤᠨᠠᠳᠠᠭ ᠡᠪᠡᠳᠴᠢᠨ᠂ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠤ ᠳᠠᠷᠠᠭᠠᠬᠢ ᠡᠪᠡᠳᠴᠢᠨ᠂ ᠰᠠᠯᠪᠤᠷᠢ ᠮᠥᠭᠡᠷᠰᠦᠨ ᠬᠤᠭᠤᠯᠠᠢ ᠶᠢᠨ ᠬᠢᠷᠬᠢᠷ᠎ᠡ᠂ ᠫᠠᠷᠺᠢᠨᠰᠤᠨ ᠶᠡᠷᠦᠩᠬᠡᠢ ᠡᠪᠡᠳᠴᠢᠨ᠂ ᠬᠦᠨᠳᠦ ᠮᠡᠳᠡᠷᠡᠯ ᠤᠨ ᠡᠪᠡᠳᠴᠢᠨ᠂ ᠴᠠᠷᠴᠠᠯᠲᠠ ᠶᠢ ᠳᠡᠪᠲᠦᠭᠡᠵᠦ ᠡᠮᠨᠡᠨ ᠵᠠᠰᠠᠬᠤ ᠵᠡᠷᠭᠡ 9 ᠵᠦᠢᠯ ᠤᠨ ᠤᠵᠢᠭ ᠴᠢᠨᠠᠷᠲᠠᠢ ᠡᠪᠡᠳᠴᠢᠨ ᠪᠠᠶᠢᠵᠤ᠂ ᠳᠠᠩᠰᠠ ᠲᠠᠶᠢᠯᠬᠤ ᠬᠠᠷᠢᠴᠠᠯ ᠨᠢ 70% ᠳᠤ ᠬᠦᠷᠴᠦ᠂ ᠵᠢᠯ ᠤᠨ ᠥᠭᠬᠦ ᠬᠢᠵᠠᠭᠠᠷᠯᠠᠭᠰᠠᠨ ᠲᠤᠭ᠎ᠠ ᠨᠢ 3000 ᠲᠥᠭᠦᠷᠢᠭ ᠬᠦᠷᠦᠭᠰᠡᠨ ᠪᠠᠶᠢᠨ᠎ᠠ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号