ᠰᠤᠷᠪᠤᠯᠵᠢᠯᠠᠭᠴᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠶᠢᠯᠠᠭᠠᠭᠰᠠᠨ ᠢᠶᠠᠷ ᠂ ᠡᠨᠡ ᠵᠢᠯ ᠤᠨ 12 | ᠰᠠᠷ᠎ᠠ ᠶᠢᠨ 2 ᠤᠨ ᠡᠳᠦᠷ ᠠᠴᠠ ᠡᠬᠢᠯᠡᠨ ᠮᠠᠰᠢᠨ ᠲᠡᠷᠭᠡᠨ ᠤ ᠠᠶᠠᠯᠠᠯ ᠤᠨ ᠦᠨᠡᠮᠯᠡᠯ ᠢ ᠪᠥᠬᠦ ᠤᠯᠤᠰ ᠲᠤ | ᠡᠯᠧᠺᠲᠷᠤᠨᠴᠢᠯᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ ᠂ ᠪᠥᠬᠦ ᠤᠯᠤᠰ ᠤᠨ ᠪᠣᠶ ᠪᠥᠬᠦᠶ ᠲᠡᠷᠭᠡᠨ ᠤ ᠡᠵᠡᠨ ᠴᠥᠮ | ︽ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123 ︾ APP ᠪᠠᠷ ᠳᠠᠮᠵᠢᠭᠤᠯᠤᠨ ᠡᠯᠧᠺᠲᠷᠣᠨ ᠠᠶᠠᠯᠠᠯ ᠤᠨ | ᠦᠨᠡᠮᠯᠡᠯ ᠭᠤᠶᠤᠴᠢᠯᠠᠨ ᠠᠪᠴᠤ ᠪᠣᠯᠤᠨ᠎ᠠ᠃ | ᠡᠨᠡ ᠵᠢᠯ ᠤᠨ 7 ᠰᠠᠷ᠎ᠠ ᠶᠢᠨ 1 ᠤ ᠡᠳᠦᠷ ᠂ ᠳᠣᠲᠣᠭᠠᠳᠤ ᠶᠢ ᠬᠠᠮᠠᠭᠠᠯᠠᠬᠤ ᠶᠠᠮᠤᠨ ᠠᠷᠠᠳ ᠲᠤ ᠲᠥᠬᠦᠮ | ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠳᠣᠲᠣᠭᠠᠳᠤ ᠶᠢ ᠬᠠᠮᠠᠭᠠᠯᠠᠬᠤ 8 ᠵᠤᠶᠢᠯ ᠤᠨ | ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ ᠂ ᠲᠤᠷᠰᠢᠯᠲᠠ ᠬᠢᠭᠰᠡᠨ ᠰᠠᠭᠤᠷᠢᠨ | ᠳᠡᠭᠡᠷ᠎ᠡ ᠂ ᠪᠥᠬᠦ ᠤᠯᠤᠰ ᠲᠤ ᠮᠠᠰᠢᠨ ᠲᠡᠷᠭᠡᠨ ᠤ ᠠᠶᠠᠯᠠᠯ ᠤᠨ ᠦᠨᠡᠮᠯᠡᠯ ᠢ ᠡᠯᠧᠺᠲᠷᠤᠨᠴᠢᠯᠠᠨ ᠬᠡᠷᠡᠭᠯᠡᠬᠦ ᠶᠢ ᠪᠦᠯᠦᠭ | ᠬᠤᠪᠢᠶᠠᠨ ᠳᠡᠯᠭᠡᠷᠡᠭᠦᠯᠪᠡ᠃ ᠣᠳᠣᠬᠠᠨ ᠪᠣᠯᠲᠠᠯ᠎ᠠ ᠨᠢᠭᠡᠨᠲᠡ 8600 ᠭᠠᠷᠤᠶ ᠲᠦᠮᠡᠨ ᠲᠡᠷᠭᠡᠨ ᠤ ᠡᠵᠡᠨ ᠳᠤ | ᠡᠯᠧᠺᠲᠷᠣᠨ ᠠᠶᠠᠯᠠᠯ ᠤᠨ ᠦᠨᠡᠮᠯᠡᠯ ᠣᠯᠭᠤᠵᠤ ᠂ ᠰᠦᠯᠵᠢᠶᠡᠨ ᠳᠡᠭᠡᠷ᠎ᠡ ︽ ᠦᠨᠡᠮᠯᠡᠯ ᠢᠶᠠᠨ ᠦᠵᠡᠭᠦᠯᠬᠦ ︾ ︽ | ᠺᠣᠳ᠋ ᠢᠶᠠᠨ ᠦᠵᠡᠭᠦᠯᠬᠦ ︾ ᠤᠶᠢᠯᠡᠴᠢᠯᠡᠭᠡ ᠬᠠᠩᠭᠠᠪᠠ᠃ ᠣᠶᠢᠯᠠᠭᠠᠭᠰᠠᠨ ᠢᠶᠠᠷ ᠂ 8 ᠵᠤᠶᠢᠯ ᠤᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠠᠴᠠ ᠨᠠᠰᠢ ᠨᠢᠭᠡᠨᠲᠡ 1 | ᠳ᠋ᠦᠩᠰᠢᠭᠤᠷ ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠵᠦ ᠂ ᠣᠯᠠᠨ ᠲᠦᠮᠡᠨ ᠪᠠ ᠠᠵᠤ ᠠᠬᠤᠶᠢᠯᠠᠯ ᠤᠨ | ᠳᠠᠷᠤᠭᠠᠰᠤ ᠶᠢ 40 ᠳ᠋ᠦᠩᠰᠢᠭᠤᠷ ᠭᠠᠷᠤᠶ ᠲᠥᠭᠦᠷᠢᠭ ᠬᠥᠩᠭᠡᠷᠡᠭᠦᠯᠵᠡᠶ᠃ | |