ᠳᠥᠷᠪᠡᠨ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠭᠠᠵᠤ ᠬᠦᠳᠡᠭᠡ ᠠᠵᠤ ᠠᠬᠤᠢ ᠶᠢᠨ ᠳᠠᠭᠠᠳᠬᠠᠯ ᠤᠨ ᠨᠠᠷᠢᠯᠢᠭ ᠣᠨᠣᠴᠠᠲᠠᠶ ᠪᠠᠷ ᠳᠠᠭᠠᠳᠬᠠᠯ ᠳᠤ ᠣᠷᠣᠵᠤ ᠲᠥᠯᠥᠪᠦᠷᠢ ᠥᠭᠬᠦ ᠶᠢ ᠠᠬᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2024/12/4
     ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 28 ᠤ ᠡᠳᠦᠷ ᠤᠨ ᠮᠡᠳᠡᠭᠡ ︵ᠰᠤᠷᠪᠤᠯᠵᠢᠯᠠᠭᠴᠢ ᠯᠢ ᠶᠠᠨ ᠰᠢᠶᠠ ᠂ ᠵᠠᠩ ᠴᠢᠶᠠᠨ ᠴᠢᠶᠠᠨ︶ ᠰᠤᠷᠪᠤᠯᠵᠢᠯᠠᠭᠴᠢ 28 ᠤ ᠡᠳᠦᠷ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠣᠶᠢᠯᠠᠭᠠᠭᠰᠠᠨ ᠢᠶᠠᠷ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠂ ᠡᠳ᠋ ᠤᠨ ᠵᠠᠰᠠᠭ ᠤᠨ ᠶᠠᠮᠤᠨ ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠨ ᠣᠶᠢᠷ᠎ᠠ ᠳᠤ ︽ ᠬᠦᠳᠡᠭᠡ ᠠᠵᠤ ᠠᠬᠤᠢ ᠶᠢᠨ ᠳᠠᠭᠠᠳᠬᠠᠯ ᠤᠨ ᠨᠠᠷᠢᠯᠢᠭ ᠣᠨᠣᠴᠠᠲᠠᠶ ᠪᠠᠷ ᠳᠠᠭᠠᠳᠬᠠᠯ ᠳᠤ ᠣᠷᠣᠵᠤ ᠲᠥᠯᠥᠪᠦᠷᠢ ᠥᠭᠬᠦ ᠵᠡᠷᠭᠡ ᠬᠤᠯᠪᠣᠭᠳᠠᠯ ᠪᠥᠬᠦᠶ ᠵᠦᠶᠯᠡᠰ ᠢ ᠠᠬᠢᠭᠤᠯᠬᠤ ᠲᠤᠬᠠᠶ ᠮᠡᠳᠡᠭᠳᠡᠯ ︾ ᠨᠡᠶᠢᠲᠡᠯᠡᠵᠦ ᠂ ᠬᠦᠳᠡᠭᠡ ᠠᠵᠤ ᠠᠬᠤᠢ ᠶᠢᠨ ᠳᠠᠭᠠᠳᠬᠠᠯ ᠤᠨ ᠳᠠᠭᠠᠭᠠᠴᠢᠯᠠᠯᠳᠠ ᠂ ᠲᠥᠯᠥᠪᠦᠷᠢ ᠥᠭᠬᠦ ᠂ ᠬᠤᠷᠢᠶᠠᠬᠤ ᠶᠣᠰᠣᠲᠠᠶ ᠳᠠᠭᠠᠳᠬᠠᠯ ᠤᠨ ᠰᠦᠶᠳᠬᠡᠯ ᠤᠨ ᠬᠠᠮᠢᠶᠠᠷᠤᠯᠲᠠ ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ ᠲᠣᠳᠣᠷᠬᠠᠶ ᠠᠵᠢᠯ ᠤᠨ ᠱᠠᠭᠠᠷᠳᠠᠯᠭ᠎ᠠ ᠳᠤᠷᠠᠳᠴᠤ ᠂ ᠲᠠᠷᠢᠶᠠᠴᠢᠨ ᠡᠷᠦᠬᠡ ᠶᠢᠨ ᠡᠷᠬᠡ ᠠᠰᠢᠭ ᠢ ᠨᠠᠩ ᠰᠠᠶᠢᠲᠤᠷ ᠪᠠᠲᠤᠯᠠᠨ᠎ᠠ ᠬᠡᠪᠠ      ᠮᠡᠳᠡᠭᠳᠡᠯ ᠳᠤ ᠂ ᠳᠠᠭᠠᠳᠬᠠᠯ ᠤᠨ ᠺᠣᠮᠫᠠᠨᠢ ᠨᠢ ᠳᠠᠭᠠᠭᠠᠴᠢᠯᠠᠯᠲᠠ ᠶᠢᠨ ᠮᠡᠳᠡᠭᠡ ᠵᠠᠩᠭᠢ ᠶᠢᠨ ᠣᠨᠣᠪᠴᠢᠲᠤ ᠴᠢᠨᠠᠷᠲᠠᠶ ᠬᠠᠮᠢᠶᠠᠷᠤᠯᠲᠠ ᠪᠠᠨ ᠴᠢᠩᠭᠠᠳᠬᠠᠵᠤ ᠂ ᠬᠠᠮᠲᠤ ᠶᠢᠨ ᠲᠥᠷᠥᠯ ᠤᠨ ᠲᠤᠬᠠᠶᠢᠯᠠᠭᠰᠠᠨ ᠠᠵᠢᠯ ᠪᠠ ᠬᠡᠪᠴᠢᠶᠡᠲᠦ ᠡᠵᠡᠩᠨᠡᠯᠲᠡ ᠶᠢᠨ ᠪᠡᠶᠡᠴᠢ ᠴᠣᠭᠴᠠ ᠶᠢᠨ ᠲᠥᠷᠥᠯ ᠤᠨ ᠲᠤᠬᠠᠶᠢᠯᠠᠭᠰᠠᠨ ᠠᠵᠢᠯ ᠤᠨ ᠲᠤᠬᠠᠢ ᠲᠣᠰ ᠲᠣᠰ ᠪᠠᠷᠢᠮᠵᠢᠶ᠎ᠠ ᠶᠢ ᠰᠢᠯᠭᠠᠬᠤ ᠱᠠᠭᠠᠷᠳᠠᠯᠭ᠎ᠠ ᠭᠠᠷᠭᠠᠬᠤ ᠬᠡᠷᠡᠭᠲᠡᠶ ᠭᠡᠵᠦ ᠱᠠᠭᠠᠷᠳᠠᠪᠠ᠃ ᠮᠡᠳᠡᠭᠳᠡᠯ ᠳᠤ ᠪᠠᠰᠠ ᠲᠥᠯᠥᠪᠦᠷᠢ ᠥᠭᠬᠦ ᠲᠣᠭᠲᠠᠴᠠ ᠪᠣᠯᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ ᠂ ᠡᠯ᠎ᠡ ᠭᠠᠵᠠᠷ ᠤᠨ ᠬᠦᠳᠡᠭᠡ ᠠᠵᠤ ᠠᠬᠤᠢ ᠬᠥᠳᠡᠭᠡ ᠲᠣᠰᠬᠤᠨ ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠨᠢ ᠴᠢᠬᠤᠯᠠ ᠳᠠᠭᠠᠳᠬᠠᠯ ᠤᠨ ᠬᠠᠷᠠᠯᠲᠠ ᠶᠢᠨ ᠬᠤᠬᠢᠷᠠᠯ ᠢ ᠬᠢᠨᠠᠨ ᠲᠣᠭᠲᠠᠭᠠᠬᠤ ᠮᠡᠷᠭᠡᠵᠢᠯ ᠤᠨ ᠵᠢᠷᠤᠮᠵᠢᠯ ᠢᠶᠠᠨ ᠴᠠᠭ ᠲᠤᠬᠠᠶ ᠳᠤᠨᠢ ᠰᠢᠨᠡᠳᠬᠡᠵᠦ ᠂ ᠬᠤᠬᠢᠷᠠᠯ ᠢ ᠲᠣᠭᠲᠠᠭᠠᠬᠤ ᠨᠡᠶᠢᠲᠡ ᠶᠢᠨ ᠢᠲᠡᠭᠡᠮᠵᠢ ᠶᠢᠨ ᠬᠦᠴᠦᠨ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠵᠠᠶ᠃     ᠮᠡᠳᠡᠭᠳᠡᠯ ᠳᠤ ᠂ ᠲᠥᠯᠥᠪᠦᠷᠢ ᠥᠭᠬᠦ ᠦ‍‌ᠵᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠡᠯ᠎ᠡ ᠭᠠᠵᠠᠷ ᠤᠨ ᠬᠢᠨ ᠤ ᠬᠦᠳᠡᠭᠡ ᠠᠵᠤ ᠠᠬᠤᠢ ᠶᠢᠨ ᠳᠠᠭᠠᠳᠬᠠᠯ ᠤᠨ ᠤᠷᠢᠳᠴᠢᠯᠠᠨ ᠳᠥᠯᠥᠬᠦ ᠲᠣᠭᠲᠠᠴᠠ ᠪᠠᠶᠢᠭᠤᠯᠬᠤ ᠶᠢ ᠳᠡᠮᠵᠢᠵᠦ ᠂ ᠳᠠᠭᠠᠳᠬᠠᠯ ᠤᠨ ᠺᠣᠮᠫᠠᠨᠢ ᠶᠢᠨ ᠤᠷᠢᠳᠴᠢᠯᠠᠨ ᠳᠥᠯᠥᠬᠦ ᠬᠠᠷᠢᠴᠠᠯ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠬᠤ ᠬᠡᠷᠡᠭᠲᠡᠶ᠃ ᠡᠭᠦᠨ ᠤ ᠬᠠᠮᠲᠤ ᠬᠤᠷᠢᠶᠠᠬᠤ ᠶᠣᠰᠣᠲᠠᠶ ᠳᠠᠭᠠᠳᠬᠠᠯ ᠤᠨ ᠰᠦ‍‌ᠵᠳᠬᠡᠯ ᠤᠨ ᠬᠠᠮᠢᠶᠠᠷᠤᠯᠲᠠ ᠶᠢ ᠴᠢᠩᠳᠠᠯᠠᠵᠤ ᠂ ᠨᠥᠬᠦᠴᠡᠯ ᠲᠠᠢ ᠮᠤᠵᠢ ᠨᠢ ᠡᠯ᠎ᠡ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠳᠠᠭᠠᠳᠬᠠᠯ ᠤᠨ ᠺᠣᠮᠫᠠᠨᠢ ᠶᠢᠨ ᠮᠤᠵᠢ ᠶᠢᠨ ᠱᠠᠲᠤᠨ ᠤ ᠬᠤᠪᠢᠶᠠᠷᠢ ᠺᠣᠮᠫᠠᠨᠢ ᠲᠠᠢ ᠲᠡᠰᠦᠯᠦᠨ ᠪᠤᠳᠤᠬᠤ ᠵᠠᠭᠪᠤᠷ ᠢ ᠠᠬᠢᠭᠤᠯᠬᠤ ᠶᠢ ᠵᠣᠷᠢᠭᠵᠢᠭᠤᠯᠬᠤ ᠬᠡᠷᠡᠭᠲᠡᠶ ᠭᠡᠵᠦ ᠱᠠᠭᠠᠷᠳᠠᠪᠠ᠃     ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠬᠤ ᠲᠠᠯ᠎ᠠ ᠪᠠᠷ ᠂ ᠮᠡᠳᠡᠭᠳᠡᠯ ᠳᠤ ᠂ ᠡᠯ᠎ᠡ ᠭᠠᠵᠠᠷ ᠤᠨ ᠡᠳ᠋ ᠤᠨ ᠵᠠᠰᠠᠭ ᠂ ᠬᠥᠳᠡᠭᠡ ᠠᠵᠤ ᠠᠬᠤᠶ ᠬᠥᠳᠡᠭᠡ ᠲᠣᠰᠬᠤᠨ ᠂ ᠣᠶ ᠰᠢᠭᠤᠶ ᠨᠤᠳᠤᠭ ᠪᠡᠯᠴᠢᠭᠡᠷ ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ ᠂ ᠭᠠᠵᠠᠷ ᠰᠢᠷᠣᠶ ᠶᠢᠨ ᠳᠠᠭᠠᠭᠠᠴᠢᠯᠠᠯᠲᠠ ᠪᠠ ᠡᠷᠭᠢᠯᠲᠡ ᠂ ᠬᠢᠵᠢᠭ ᠢ ᠰᠡᠷᠭᠡᠶᠢᠯᠡᠬᠦ ᠬᠢᠵᠢᠭ ᠪᠠᠶᠢᠴᠠᠭᠠᠬᠤ ᠵᠡᠷᠭᠡ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠲᠠᠯ᠎ᠠ ᠪᠠᠷ ᠂ ᠮᠡᠳᠡᠭᠳᠡᠯ ᠳᠤ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠡᠯ᠎ᠡ ᠱᠠᠲᠤ ᠳᠠᠪᠬᠤᠷᠭ᠎ᠠ ᠶᠢᠨ ᠳᠠᠭᠠᠳᠬᠠᠯ ᠤᠨ ᠺᠣᠮᠫᠠᠨᠢ ᠳᠤ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠬᠢᠵᠦ ᠂ ᠳᠠᠭᠠᠳᠬᠠᠯ ᠤᠨ ᠺᠣᠮᠫᠠᠨᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ ᠮᠡᠳᠡᠭᠳᠡᠯ ᠳᠤ ᠪᠠᠰᠠ ᠡᠯ᠎ᠡ ᠭᠠᠵᠠᠷ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠂ ᠡᠳ᠋ ᠤᠨ ᠵᠠᠰᠠᠭ ᠂ ᠬᠦᠳᠡᠭᠡ ᠠᠵᠤ ᠠᠬᠤᠢ ᠬᠥᠳᠡᠭᠡ ᠲᠣᠰᠬᠤᠨ ᠂ ᠣᠶ ᠰᠢᠭᠤᠶ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠤᠳ ᠨᠢ ᠴᠢᠬᠤᠯᠠ ᠶᠡᠭᠡ ᠠᠰᠠᠭᠤᠳᠠᠯ ᠤᠨ ᠲᠤᠬᠠᠶ ᠵᠥᠪᠳᠡᠯᠴᠡᠬᠦ ᠲᠣᠭᠲᠠᠴᠠ ᠶᠢ ᠪᠠᠶᠢᠭᠤᠯᠵᠤ ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号