ᠨᠢᠭᠡ᠂ ᠠᠵᠢᠯ ᠢᠶᠠᠨ ᠥᠷᠨᠢᠭᠦᠯᠦᠭᠰᠡᠨ ᠪᠠᠶᠢᠳᠠᠯ | ︵ᠨᠢᠭᠡ︶ ᠰᠢᠰᠲ᠋ᠧᠮ ᠲᠠᠢ ᠰᠤᠷᠤᠯᠴᠠᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠲᠠᠯ᠎ᠠ ᠪᠠᠷ ᠠᠮᠢ | ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠤᠭᠴᠠᠯᠠᠪᠠ | ᠬᠤᠰᠢᠭᠤ ᠵᠠᠰᠠᠭ ᠤᠨ ᠣᠷᠳᠣᠨ ᠨᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ︾ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ︽ᠠᠭᠤᠯᠠ ᠤᠰᠤ ᠣᠢ ᠰᠢᠭᠤᠢ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ | ᠲᠥᠯᠥᠪᠵᠢᠭᠦᠯᠬᠦ︾ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ | ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢᠨ ᠠᠵᠢᠯ ᠢ ᠠᠬᠢᠭᠤᠯᠪᠠ᠃ ᠡᠨᠡ ᠵᠢᠯ ᠠᠴᠠ ᠨᠠᠭᠠᠰᠢ᠂ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ 8 | ᠤᠳᠠᠭ᠎ᠠ ᠰᠤᠷᠤᠯᠴᠠᠵᠤ᠂ ᠦᠵᠡᠯ ᠰᠠᠨᠠᠭᠠᠨ ᠤ ᠲᠠᠯ᠎ᠠ ᠪᠠᠷ ᠠᠮᠢ ᠠᠬᠤᠶ ᠶᠢᠨ ᠠᠮᠤᠷ ᠲᠦᠪᠰᠢᠨ ᠤ ᠬᠤᠷᠢᠭ᠎ᠠ | ᠱᠤᠭᠤᠮ ᠢ ᠪᠠᠲᠤ ᠴᠣᠭᠴᠠᠯᠠᠪᠠ᠃ | ︵ᠬᠤᠶᠠᠷ︶ ᠨᠠᠶᠢᠳᠠᠪᠤᠷᠢᠵᠢᠭᠤᠯᠬᠤ ᠤᠳᠤᠷᠢᠳᠤᠮᠵᠢ ᠶᠢ ᠴᠢᠩᠭᠠᠳᠬᠠᠵᠤ᠂ ᠠᠵᠢᠯᠯᠠᠭᠠᠨ ᠤ ᠲᠠᠯ᠎ᠠ ᠪᠠᠷ ᠠᠮᠢ | ᠠᠬᠤᠢ ᠶᠢᠨ ᠪᠣᠯᠪᠠᠰᠤᠨ ᠤ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠪᠠ | ᠬᠤᠰᠢᠭᠤ ᠵᠠᠰᠠᠭ ᠤᠨ ᠣᠷᠳᠣᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠨᠢᠭᠡᠳᠦᠯᠲᠡᠶ | ᠲᠥᠯᠥᠪᠯᠡᠨ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠡᠮᠬᠢ ᠵᠢᠷᠤᠮ ᠲᠠᠢ ᠪᠠᠷ ᠳᠥᠯᠭᠢᠨ | ᠠᠬᠢᠭᠤᠯᠵᠤ᠂ ︽ᠲᠠᠪᠤᠨ ᠶᠡᠭᠡ ᠡᠭᠦᠷᠭᠡ︾ ᠶᠢᠨ ᠨᠢᠭᠡ ᠪᠣᠯᠬᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠡᠳᠦᠷ ᠲᠤᠲᠤᠮ ᠤᠨ ᠴᠢᠬᠤᠯᠠ | ᠵᠥᠪᠯᠡᠬᠦ ᠵᠦᠢᠯ ᠤᠨ ᠲᠣᠬᠢᠷᠠᠭᠤᠯᠤᠯᠲᠠ ᠳᠤ ᠣᠷᠣᠭᠤᠯᠵᠤ᠂ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠬᠤ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ | ᠴᠣᠭᠴᠠᠵᠢᠭᠰᠠᠨ ᠢᠨᠵᠧᠨᠧᠷᠢᠩ ᠢ ᠭᠤᠤᠯᠳᠠᠯᠭ᠎ᠠ ᠲᠠᠢ ᠠᠵᠢᠯ ᠪᠣᠯᠭᠠᠨ ᠨᠠᠶᠢᠳᠠᠪᠤᠷᠢᠵᠢᠭᠤᠯᠬᠤ ᠶᠢᠨ ᠬᠠᠮᠲᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠤᠨ ᠭᠤᠤᠯᠳᠠᠯᠭ᠎ᠠ ᠲᠠᠢ ᠠᠭᠤᠯᠭ᠎ᠠ ᠳᠤ ᠣᠷᠣᠭᠤᠯᠤᠨ ᠲᠣᠭᠠᠴᠢᠵᠤ᠂ ᠪᠥᠬᠦ | ᠬᠤᠰᠢᠭᠤᠨ ᠤ ᠡᠯ᠎ᠡ ᠱᠠᠳᠤᠨ ᠠᠴᠠ ᠳᠥᠯᠭᠢᠨ ᠠᠬᠢᠭᠤᠯᠪᠠ᠃ ᠠᠵᠢᠯ ᠤᠨ ᠲᠤᠰᠬᠠᠶ ᠠᠩᠭᠢ ᠪᠠᠶᠢᠭᠤᠯᠵᠤ᠂ ᠬᠡᠷᠡᠭ | ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠬᠠᠷᠠᠯᠲᠠ | ᠡᠭᠦᠷᠭᠡ ᠶᠢᠨ ᠨᠠᠷᠢᠨ ᠲᠠᠩᠰᠠᠴᠢᠯᠡᠭᠰᠡᠨ ᠬᠠᠮᠢᠶᠠᠷᠤᠯᠲᠠ ᠶᠢ ᠪᠡᠶᠡᠯᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ | ᠵᠤᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠪᠡ᠃ ᠣᠳᠣᠬᠠᠨ ᠪᠣᠯᠲᠠᠯ᠎ᠠ᠂ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ 3 ᠤᠳᠠᠭ᠎ᠠ᠂ ᠲᠤᠰᠬᠠᠶ ᠰᠡᠳᠦᠪᠲᠦ ᠬᠤᠷᠠᠯ ᠢ 5 ᠤᠳᠠᠭ᠎ᠠ ᠬᠤᠷᠠᠯᠳᠤᠭᠤᠯᠤᠨ | ᠂ ᠲᠤᠰᠬᠠᠶ ᠰᠡᠳᠦᠪᠲᠦ ᠲᠣᠬᠢᠷᠠᠭᠤᠯᠤᠯᠲᠠ ᠬᠢᠵᠦ᠂ ᠡᠯ᠎ᠡ ᠲᠥᠷᠦᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ | ᠪᠡᠶᠡᠯᠡᠭᠦᠯᠵᠦ᠂ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠡᠯᠢᠶᠡᠳ ᠰᠠᠶᠢᠨ ᠦᠷ᠎ᠡ | ᠪᠦᠳᠦᠮᠵᠢ ᠣᠯᠪᠠ᠃ | ᠨᠢᠭᠡ ᠳᠤ᠂ 2024 ᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ | ᠥᠷᠨᠢᠭᠦᠯᠦᠭᠰᠡᠨ ᠪᠠᠶᠢᠳᠠᠯ | ︽ᠬᠥᠪᠡᠭᠡᠲᠦ ᠰᠢᠷ᠎ᠠ ᠬᠤᠰᠢᠭᠤᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠵᠤ ᠬᠡᠷᠡᠭᠵᠢᠭᠦᠯᠦᠨ᠂ ︽ᠬᠥᠪᠡᠭᠡᠲᠦ ᠰᠢᠷ᠎ᠠ ᠬᠤᠰᠢᠭᠤᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ 2024 ᠣᠨ ᠤ ᠭᠤᠤᠯᠳᠠᠯᠭ᠎ᠠ ᠲᠠᠢ | ᠡᠭᠦᠷᠭᠡ ᠶᠢᠨ ᠨᠠᠷᠢᠨ ᠲᠠᠩᠰᠠ᠂ ᠡᠬᠡ ᠲᠠᠩᠰᠠ︾ ᠶᠢ ᠲᠣᠭᠲᠠᠭᠠᠵᠤ᠂ 9 ᠶᠡᠭᠡ ᠲᠥᠷᠥᠯ ᠤᠨ 30 ᠵᠤᠷᠪᠤᠰ ᠡᠭᠦᠷᠭᠡ | ︵ᠲᠤᠭᠲᠠᠭᠰᠠᠨ ᠠᠵᠢᠯᠯᠠᠭ᠎ᠠ ᠶᠢᠨ 27 ᠵᠤᠷᠪᠤᠰ᠂ ᠥᠪᠡᠰᠦᠪᠡᠨ ᠰᠣᠩᠭᠤᠬᠤ ᠠᠵᠢᠯᠯᠠᠭ᠎ᠠ ᠶᠢᠨ 3 ᠵᠤᠷᠪᠤᠰ︶ ᠶᠢ | ᠡᠮᠬᠢᠯᠡᠨ ᠳᠢᠭᠯᠡᠵᠦ᠂ ᠣᠲᠣ ᠪᠣᠯᠲᠠᠯ᠎ᠠ᠂ 5 ᠵᠤᠷᠪᠤᠰ ᠡᠭᠦᠷᠭᠡ ᠶᠢ ᠪᠡᠶᠡᠯᠡᠭᠦᠯᠵᠦ᠂ 25 ᠵᠤᠷᠪᠤᠰ ᠡᠭᠦᠷᠭᠡ ᠶᠢ | ᠦᠷᠭᠦᠯᠵᠢᠯᠡᠨ ᠠᠬᠢᠭᠤᠯᠵᠤ ᠪᠠᠶᠢᠨ᠎ᠠ᠃ | ᠠᠭᠠᠷ ᠮᠠᠨᠳᠠᠯ᠂ ᠤᠰᠤ᠂ ᠬᠥᠷᠥᠰᠥ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠪᠡ᠃ ᠠᠭᠠᠷ | ᠮᠠᠨᠳᠠᠯ ᠤᠨ ᠪᠣᠬᠢᠷᠳᠣᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ︽ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠲᠥᠰᠥᠯ︾ ᠳᠤ ᠵᠠᠰᠠᠪᠤᠷᠢ ᠣᠷᠣᠭᠤᠯᠤᠨ ᠳᠠᠭᠤᠰᠬᠠᠵᠤ᠂ ︽ᠬᠥᠪᠡᠭᠡᠲᠦ ᠰᠢᠷ᠎ᠠ | ᠬᠤᠰᠢᠭᠤᠨ ᠤ ᠬᠦᠨᠳᠦ ᠪᠣᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︵2024 | ᠣᠨ ᠤ ᠬᠡᠪᠯᠡᠯ︶ ᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠳᠠᠩᠰᠠ ᠶᠢ | ᠲᠤᠭᠤᠷᠪᠢᠵᠤ ᠳᠡᠭᠡᠭᠰᠢ ᠮᠡᠳᠡᠬᠦᠯᠪᠡ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠠᠶᠠᠨ ᠠᠭᠤᠷᠬᠠᠶ ᠶᠢᠨ ᠦᠢᠯᠡᠰ ᠤᠨ ᠺᠣᠮᠫᠠᠨᠢ ᠶᠢ ᠬᠡᠢ ᠯᠡᠪᠡᠷᠡᠬᠦ ᠶᠢ | ᠪᠠᠶᠢᠴᠠᠭᠠᠨ ᠬᠡᠮᠵᠢᠬᠦ ᠪᠠ ᠵᠠᠰᠠᠨ ᠰᠡᠷᠭᠦᠭᠡᠬᠦ ︵LDAR︶ ᠤᠨ ᠠᠵᠢᠯ ᠢ ᠵᠢᠷᠤᠮᠵᠢᠭᠤᠯᠤᠨ ᠥᠷᠨᠢᠭᠦᠯᠬᠦ ᠶᠢ | ᠱᠠᠭᠠᠷᠳᠠᠪᠠ᠃ ᠬᠥᠪᠡᠭᠡᠲᠦ ᠰᠢᠷ᠎ᠠ ᠬᠤᠰᠢᠭᠤᠨ ᠤ ᠢᠯᠴᠢ ᠴᠠᠬᠢᠯᠭᠠᠨ ᠤ ᠦᠢᠯᠡᠳᠪᠦᠷᠢ ᠶᠢᠨ ᠬᠡᠲᠦ ᠳᠣᠤᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ︵ᠲᠥᠷᠥᠯ ᠵᠦᠢᠯ ᠤᠨ ᠶᠡᠷᠦᠩᠬᠡᠶ ᠪᠠᠯᠠ | ᠣᠷᠣᠭᠤᠯᠤᠯᠲᠠ ᠨᠢ 1952 ᠲᠦᠮᠡᠨ ᠲᠥᠭᠦᠷᠢᠭ︶ ᠢ ᠬᠡᠷᠡᠭᠵᠢᠭᠦᠯᠬᠦ ᠪᠠᠷ ᠭᠤᠶᠤᠴᠢᠯᠠᠨ ᠮᠡᠳᠡᠭᠦᠯᠵᠦ᠂ ᠲᠥᠷᠥᠯ | ᠵᠦᠢᠯ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠬᠥᠮᠥᠷᠭᠡ ᠳᠤ ᠣᠷᠣᠭᠤᠯᠵᠤ᠂ ᠵᠢᠯ ᠤᠨ | ᠳᠣᠲᠣᠷ᠎ᠠ 80% ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠰᠢᠯᠢ ᠶᠢᠨ ᠭᠤᠤᠯ ᠠᠶᠢᠮᠠᠭ ᠤᠨ ᠬᠥᠪᠡᠭᠡᠲᠦ ᠰᠢᠷ᠎ᠠ | ᠬᠤᠰᠢᠭᠤᠨ ᠤ ᠡᠯᠡᠰᠦᠨ ᠰᠢᠭᠤᠷᠭ᠎ᠠ ᠲᠠᠢ ᠴᠠᠭ ᠠᠭᠤᠷ ᠢ ᠬᠢᠨᠠᠨ ᠬᠡᠮᠵᠢᠬᠦ ᠥᠷᠲᠡᠭᠡ ᠴᠡᠭ ᠢ ᠰᠢᠨ᠎ᠡ ᠪᠠᠷ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠡᠯᠡᠰᠦᠨ ᠰᠢᠭᠤᠷᠭ᠎ᠠ ᠲᠠᠢ ᠴᠠᠭ ᠠᠭᠤᠷ ᠢ ᠦᠪᠡᠷᠳᠡᠭᠡᠨ ᠬᠢᠨᠠᠨ ᠬᠡᠮᠵᠢᠵᠤ ᠲᠡᠶᠢᠯᠬᠦ | ᠪᠣᠯᠪᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ 2023 ᠣᠨ ᠳᠤ ᠰᠢᠨᠡᠪᠤᠯᠠᠭ ᠪᠠᠯᠭᠠᠰᠤᠨ ᠤ | ᠪᠣᠯᠣᠩ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠪᠠᠶᠢᠳᠠᠯ ᠢ ᠦᠨᠡᠯᠡᠨ ᠵᠢᠱᠢᠬᠦ | ᠠᠵᠢᠯ ᠢ ᠪᠡᠶᠡᠯᠡᠭᠦᠯᠪᠡ᠃ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠲᠣᠨᠤᠭ ᠲᠦᠬᠦᠭᠡᠷᠦᠮᠵᠢ ᠵᠢᠴᠢ ᠪᠣᠬᠢᠷᠲᠤᠯ | ᠪᠣᠳᠠᠰ ᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠲᠦᠬᠦᠭᠡᠷᠦᠮᠵᠢ ᠶᠢ ᠲᠣᠭᠲᠠᠭᠤᠨ ᠢᠶᠠᠷ ᠠᠵᠢᠯᠯᠠᠵᠤ᠂ ᠪᠣᠬᠢᠷᠲᠤᠯ | ᠪᠣᠳᠠᠰ ᠤᠨ ᠭᠠᠳᠠᠭᠰᠢᠯᠠᠭᠤᠯᠤᠯᠲᠠ ᠶᠢ ᠪᠠᠷᠢᠮᠵᠢᠶᠠᠨ ᠳᠤ ᠬᠦᠷᠭᠡᠬᠦ ᠶᠢ ᠪᠡᠶᠡᠯᠡᠬᠦᠯᠪᠡ᠃ ᠰᠢᠨᠡᠪᠤᠯᠠᠭ ᠪᠠᠯᠭᠠᠰᠤᠨ ᠤ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠠᠶᠠᠭᠳᠠᠮᠠᠯ ᠤᠰᠤᠨ ᠤ ᠨᠤᠭᠤ ᠭᠠᠵᠠᠷ ᠤᠨ ᠢᠨᠵᠧᠨᠧᠷᠢᠩ ᠢ | ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠶᠡᠷᠦᠩᠬᠡᠶ ᠢᠨᠵᠧᠨᠧᠷᠢᠩ ᠤᠨ 95% ᠶᠢ ᠪᠡᠶᠡᠯᠡᠭᠦᠯᠪᠡ᠃ ᠡᠮ | ᠡᠮᠨᠡᠯᠭᠡ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠪᠡ᠃ ᠵᠠᠰᠠᠭ ᠵᠠᠬᠢᠷᠭᠠᠨ ᠤ ᠭᠠᠴᠠᠭ᠎ᠠ | ᠲᠤᠰᠬᠤᠨ ᠮᠠᠯᠵᠢᠬᠤ ᠲᠠᠷᠢᠶᠠᠯᠠᠬᠤ ᠣᠷᠣᠨ ᠤ ᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠡᠭᠦᠷᠭᠡ ᠶᠢ | ᠪᠡᠶᠡᠯᠡᠭᠦᠯᠵᠦ᠂ 3 ᠭᠠᠴᠠᠭᠠᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠪᠡᠶᠡᠯᠡᠬᠦᠯᠪᠡ᠃ ᠵᠢᠭᠰᠠᠭᠠᠨ | ᠪᠠᠶᠢᠴᠠᠭᠠᠭᠰᠠᠨ ᠢᠶᠠᠷ᠂ ᠮᠠᠨ ᠤ ᠬᠤᠰᠢᠭᠤᠨ ᠳᠤ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤᠨ ᠴᠣᠭᠴᠠ ᠪᠠᠶᠢᠬᠤ | ᠥᠬᠡᠶ᠂ ᠵᠢᠭᠰᠠᠭᠠᠨ ᠪᠠᠶᠢᠴᠠᠭᠠᠭᠰᠠᠨ ᠪᠠᠶᠢᠳᠠᠯ ᠢᠶᠠᠨ ᠨᠢᠭᠡᠨᠲᠡ ᠬᠤᠰᠢᠭᠤᠨ ᠵᠠᠰᠠᠭ ᠤᠨ ᠣᠷᠳᠣᠨ ᠤ ᠰᠦᠯᠵᠢᠶᠡᠨ | ᠳᠡᠭᠡᠷ᠎ᠡ ᠢᠯᠡ ᠨᠡᠶᠢᠲᠡᠯᠡᠪᠡ᠃ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠷᠤᠮᠵᠢᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠪᠡ᠃ ᠬᠠᠶᠠᠭᠳᠠᠮᠠᠯ ᠡᠳ᠋ ᠭᠠᠳᠠᠭᠰᠢᠯᠠᠭᠤᠯᠬᠤ 42 ᠠᠵᠤ | ᠠᠬᠤᠶᠢᠯᠠᠯ ᠢ ᠳᠠᠩᠰᠠᠯᠠᠨ ᠲᠡᠮᠳᠡᠭᠯᠡᠵᠦ᠂ ᠬᠠᠶᠠᠭᠳᠠᠮᠠᠯ ᠡᠳ᠋ ᠭᠠᠳᠠᠭᠰᠢᠯᠠᠭᠤᠯᠬᠤ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ 1 ᠤᠳᠠᠭ᠎ᠠ ᠲᠥᠪᠯᠡᠷᠡᠭᠦᠯᠦᠨ ᠪᠤᠯᠪᠠᠰᠤᠷᠠᠯ ᠬᠦᠷᠳᠡᠭᠡᠪᠡ᠃ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠪᠠᠶᠠᠨ ᠠᠭᠤᠷᠬᠠᠢ ᠶᠢᠨ | ᠦᠢᠯᠡᠰ ᠤᠨ ᠺᠣᠮᠫᠠᠨᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠢᠭᠡᠳᠦᠭᠡᠷ ᠬᠤᠶᠠᠳᠤᠭᠠᠷ ᠤᠯᠠᠷᠢᠯ ᠤᠨ | ᠪᠠᠶᠢᠴᠠᠭᠠᠨ ᠬᠡᠮᠵᠢᠬᠦ ᠠᠵᠢᠯ ᠢ ᠪᠡᠶᠡᠯᠡᠭᠦᠯᠵᠦ᠂ ᠣᠳᠤ ᠶᠠᠭ ᠭᠤᠷᠪᠠᠳᠤᠭᠠᠷ ᠤᠯᠠᠷᠢᠯ ᠤᠨ ᠪᠠᠶᠢᠴᠠᠭᠠᠨ ᠬᠡᠮᠵᠢᠬᠦ | ᠠᠵᠢᠯ ᠢᠶᠠᠨ ᠥᠷᠨᠢᠭᠦᠯᠵᠦ ᠪᠠᠶᠢᠨ᠎ᠠ᠃ ᠲᠠᠷᠢᠶᠠᠨ ᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠴᠡᠪᠡᠷᠯᠡᠬᠦ | ᠠᠵᠢᠯᠯᠠᠭ᠎ᠠ ᠶᠢ ᠥᠷᠨᠢᠭᠦᠯᠵᠦ᠂ 10.9 ᠲᠣᠨ ᠲᠠᠷᠢᠶᠠᠨ ᠤ ᠰᠦᠯᠢᠶᠣᠣ ᠪᠦᠷᠬᠦᠪᠴᠢ ᠶᠢ ᠬᠤᠷᠢᠶᠠᠨ ᠠᠪᠤᠪᠠ᠃ | ᠠᠭᠤᠷᠬᠠᠶ ᠶᠢᠨ ᠣᠷᠤᠨ ᠤ ᠣᠷᠴᠢᠨ ᠲᠣᠭᠤᠷᠢᠨ ᠢ ᠵᠠᠰᠠᠬᠤ ᠠᠵᠢᠯ ᠢ ᠰᠠᠶᠢᠲᠤᠷ ᠬᠢᠪᠡ᠃ ᠪᠣᠷᠵᠢᠨ | ᠴᠢᠯᠠᠭᠤᠯᠢᠭ ᠤᠨ ᠨᠢᠭᠡᠳᠦᠭᠡᠷ ᠨᠢᠭᠡᠳᠬᠡᠬᠦ ᠰᠣᠩᠭᠤᠭᠤᠯᠢ ᠶᠢᠨ ᠲᠣᠭᠤᠷᠢᠭ ᠨᠢ 8 ᠰᠠᠷ᠎ᠠ ᠶᠢᠨ 1 ᠤ ᠡᠳᠦᠷ | ᠰᠢᠯᠵᠢᠬᠦᠯᠬᠦ ᠠᠯᠪᠠᠨ ᠵᠠᠷ ᠨᠡᠢᠲᠡᠯᠡᠪᠡ᠃ 2024 ᠣᠨ ᠳᠤ ᠪᠥᠬᠦ ᠬᠤᠰᠢᠭᠤᠨ ᠤ 18 ᠠᠭᠤᠷᠬᠠᠶ ᠶᠢ ᠬᠤᠭᠤᠴᠠᠭ᠎ᠠ | ᠲᠣᠭᠲᠠᠭᠠᠨ ᠵᠠᠰᠠᠵᠤ᠂ ᠴᠡᠭᠴᠡᠯᠡᠨ ᠵᠠᠰᠠᠬᠤ ᠪᠠᠯᠠ ᠮᠥᠩᠭᠦ 682.91 ᠲᠦᠮᠡᠨ ᠲᠥᠭᠦᠷᠢᠭ ᠪᠠᠶᠢᠵᠤ᠂ 0.48 | ᠲᠡᠭᠰᠢ ᠳᠥᠷᠪᠡᠯᠵᠢᠨ ᠺᠢᠯᠤᠮᠧᠲᠷ ᠴᠡᠭᠴᠡᠯᠡᠨ ᠵᠠᠰᠠᠬᠤ ᠪᠠᠷ ᠲᠥᠯᠥᠪᠯᠡᠵᠦ᠂ ᠣᠲᠣ ᠪᠣᠯᠲᠠᠯ᠎ᠠ᠂ 209.81 ᠲᠦᠮᠡᠨ | ᠲᠥᠭᠦᠷᠢᠭ ᠪᠠᠯᠠ ᠣᠷᠣᠭᠤᠯᠵᠤ᠂ 0.25 ᠲᠡᠭᠰᠢ ᠳᠥᠷᠪᠡᠯᠵᠢᠨ ᠺᠢᠯᠤᠮᠧᠲᠷ ᠵᠠᠰᠠᠪᠠ᠃ | ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠶ ᠪᠠᠷ ᠠᠬᠢᠭᠤᠯᠪᠠ᠃ ᠲᠥᠪ ᠤᠨ ᠭᠤᠷᠪᠠᠳᠤᠭᠠᠷ ᠡᠭᠡᠯᠵᠢ ᠶᠢᠨ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ ᠥᠪᠡᠷᠲᠡᠭᠡᠨ ᠵᠠᠰᠠᠬᠤ | ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠵᠦ᠂ ︽ᠰᠢᠯᠢ ᠶᠢᠨ ᠭᠤᠤᠯ ᠠᠶᠢᠮᠠᠭ ᠤᠨ 2024 | ᠣᠨ ᠤ ᠳᠡᠭᠡᠳᠦ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢᠨ ᠳᠠᠯᠳᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ | ᠲᠥᠰᠦᠯ︾ ᠢ ᠦᠨᠳᠦᠰᠦᠯᠡᠨ᠂ ︽ᠬᠥᠪᠡᠭᠡᠲᠦ ᠰᠢᠷ᠎ᠠ ᠬᠤᠰᠢᠭᠤᠨ ᠤ 2024 ᠣᠨ ᠤ ᠳᠡᠭᠡᠳᠦ ᠱᠠᠲᠤᠨ ᠤ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠳᠠᠯᠳᠠ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠲᠥᠰᠦᠯ︾ ᠢ ᠳᠠᠷᠤᠮᠠᠯᠯᠠᠨ ᠲᠠᠷᠬᠠᠭᠠᠵᠤ᠂ ᠮᠠᠨ ᠤ | ᠬᠤᠰᠢᠭᠤᠨ ᠤ 2024 ᠣᠨ ᠤ ᠳᠡᠭᠡᠳᠦ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠯᠲᠠ ᠶᠢᠨ ᠳᠠᠯᠳᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢ ᠤᠷᠤᠭᠰᠢᠲᠠᠶ ᠪᠡᠶᠡᠯᠡᠭᠦᠯᠵᠦ᠂ ᠤᠳᠤᠬᠠᠨ ᠪᠤᠯᠲᠠᠯ᠎ᠠ ᠣᠷᠴᠢᠨ ᠲᠣᠭᠤᠷᠢᠨ ᠤ ᠲᠣᠪᠤᠶᠢᠮ᠎ᠠ ᠳᠠᠯᠳᠠ ᠬᠡᠮ | ᠰᠣᠭᠤᠭ ᠢ ᠢᠯᠡᠷᠡᠭᠦᠯᠦᠭᠰᠡᠨ ᠥᠬᠡᠶ᠂ ᠪᠥᠬᠦ ᠬᠤᠰᠢᠭᠤᠨ ᠤ ᠳ᠋ᠦᠩᠨᠡᠯᠲᠡ ᠶᠢᠨ ᠮᠡᠳᠡᠭᠦᠯᠦᠯᠲᠡ ᠶᠢ ᠨᠢᠭᠡᠨᠲᠡ | ᠠᠶᠢᠮᠠᠭ ᠤᠨ ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠲᠤ ᠲᠣᠰᠢᠶᠠᠪᠠ᠃ ᠲᠥᠪ ᠤᠨ ᠬᠤᠶᠠᠳᠤᠭᠠᠷ ᠡᠭᠡᠯᠵᠢ ᠶᠢᠨ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠠᠴᠠ ᠮᠠᠨ ᠤ ᠬᠤᠰᠢᠭᠤ ᠨᠢ 1 ᠲᠥᠷᠦᠯ ᠤᠨ ᠴᠡᠭᠴᠡᠯᠡᠨ | ᠰᠠᠶᠢᠵᠢᠷᠠᠭᠤᠯᠬᠤ ᠡᠭᠦᠷᠭᠡ ᠳᠤ ᠬᠤᠯᠪᠣᠭᠳᠠᠵᠤ᠂ ᠰᠡᠷᠭᠦᠭᠡᠨ ᠵᠠᠰᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ | ᠬᠢᠨᠠᠨ ᠰᠢᠯᠭᠠᠬᠤ ᠶᠢ ᠬᠦᠯᠢᠶᠡᠵᠦ ᠪᠠᠶᠢᠨ᠎ᠠ᠃ | ᠣᠷᠴᠢᠨ ᠲᠣᠭᠤᠷᠢᠨ ᠢ ᠵᠠᠰᠠᠬᠤ ᠬᠠᠤᠯᠢ ᠬᠡᠷᠡᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠪᠡ᠃ | ︽ᠭᠤᠷᠪᠠᠨ ᠱᠤᠭᠤᠮ ᠨᠢᠭᠡ ᠨᠠᠷᠢᠨ ᠳᠠᠩᠰᠠ︾ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠡᠯ᠎ᠡ | ᠲᠥᠷᠥᠯ ᠤᠨ ᠪᠥᠲᠥᠭᠡᠨ ᠪᠠᠶᠢᠭᠤᠯᠤᠯᠲᠠ ᠶᠢᠨ 20 ᠲᠥᠷᠥᠯ ᠵᠦᠢᠯ ᠢ ᠬᠠᠤᠯᠢ ᠲᠣᠭᠲᠠᠭᠠᠯ ᠶᠣᠰᠣᠭᠠᠷ ᠬᠢᠨᠠᠨ | ᠵᠥᠪᠰᠢᠶᠡᠷᠡᠵᠦ ᠳᠠᠩᠰᠠᠯᠠᠭᠤᠯᠪᠠ᠃ ᠲᠣᠠᠠᠳᠠᠮᠠᠯ ᠪᠤᠬᠢᠷᠳᠣᠯ ᠤᠨ ᠡᠬᠢ ᠰᠣᠷᠪᠤᠯᠵᠢ ᠶᠢᠨ ᠪᠣᠬᠢᠷᠳᠦᠯ ᠭᠠᠳ᠋ᠬᠠᠰᠢᠯᠠᠭᠤᠯᠬᠤ | ᠵᠦᠪᠰᠢᠶᠡᠷᠡᠯ ᠤᠨ ᠦᠨᠡᠮᠯᠠᠯ ᠤᠨ ᠳᠥᠷᠦᠯ ᠬᠤᠪᠢᠶᠡᠨ ᠬᠠᠮᠢᠶᠡᠷᠬᠤ ᠨᠡᠷᠡᠰ ᠤᠨ ᠵᠢᠠᠠᠰᠠᠭᠠᠯᠳᠡ ᠶᠢᠨ ᠱᠠᠭᠠᠷᠳᠡᠯᠭ᠎ᠠ ᠶᠢ | ᠨᠡᠶᠢᠳᠡᠪᠦᠷᠢᠵᠢᠭᠤᠯᠵᠦ᠂ ᠰᠢᠨ᠎ᠡ ᠪᠠᠷ ᠬᠢᠨᠡᠨ ᠬᠠᠷᠭᠤᠭᠤᠯᠵᠦ ᠦᠨᠡᠮᠯᠡᠯ ᠣᠯᠭᠤᠠᠠᠰᠠᠨ ᠠᠵᠦ ᠠᠬᠤᠶᠢᠯᠠᠯ 2 ᠪᠣᠢ᠃ | ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠭᠰᠡᠨ ᠠᠵᠤ | ᠠᠬᠤᠶᠢᠯᠠᠯ ᠤᠨ 2023 ᠣᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠣᠨ ᠤ ᠬᠡᠷᠡᠭᠵᠢᠭᠦᠯᠬᠦ | ᠮᠡᠳᠡᠭᠦᠯᠦᠯᠲᠡ ᠶᠢᠨ ᠠᠵᠢᠯ ᠤᠨ ᠡᠭᠦᠷᠭᠡ ᠪᠠᠨ ᠪᠡᠶᠡᠯᠡᠭᠦᠯᠪᠡ᠃ ᠠᠮᠢ ᠠᠬᠤᠶ ᠶᠢᠨ ᠣᠷᠴᠢᠨ ᠲᠣᠭᠤᠷᠢᠨ ᠤ | ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠢ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠵᠦ᠂ ᠣᠲᠣ | ᠪᠣᠯᠲᠠᠯ᠎ᠠ᠂ 125 ᠨᠢᠭᠡᠴᠡ ᠶᠢ ᠪᠠᠶᠢᠴᠠᠭᠠᠵᠤ᠂ 1 ᠠᠰᠠᠭᠤᠳᠠᠯ ᠢ ᠢᠯᠡᠷᠡᠬᠦᠯᠵᠦ᠂ ᠨᠢᠭᠡᠨᠲᠡ ᠴᠡᠭᠴᠡᠯᠡᠨ | ᠰᠠᠶᠢᠵᠢᠷᠠᠭᠤᠯᠪᠠ᠃ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠣᠳᠣᠬᠠᠨ | ᠪᠣᠯᠲᠠᠯ᠎ᠠ᠂ ᠡᠯ᠎ᠡ ᠲᠥᠷᠦᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 96 ᠡᠷᠦᠬᠡ ᠤᠳᠠᠭ᠎ᠠ | ᠥᠷᠨᠢᠭᠦᠯᠵᠦ᠂ ᠪᠦᠬᠦᠨ ᠢ ᠪᠠᠶᠢᠴᠠᠭᠠᠵᠤ ᠳᠠᠭᠤᠰᠬᠠᠭᠰᠠᠨ ᠪᠥᠭᠡᠳ ᠢᠯᠡ ᠨᠡᠶᠢᠲᠡᠯᠡᠪᠡ︔ ᠴᠡᠭᠴᠡᠯᠡᠨ | ᠰᠠᠶᠢᠵᠢᠷᠠᠭᠤᠯᠬᠤ ᠮᠡᠳᠡᠭᠳᠡᠯ ᠤᠨ ᠪᠢᠴᠢᠭ 3 ᠬᠤᠪᠢ ᠪᠠᠭᠤᠯᠭᠠᠵᠤ᠂ ᠣᠷᠴᠢᠨ ᠲᠣᠭᠤᠷᠢᠨ ᠤ ᠬᠠᠤᠯᠢ ᠠᠴᠠ | ᠵᠥᠷᠢᠴᠡᠭᠰᠡᠨ 1 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ᠂ ᠴᠥᠮ ᠬᠠᠤᠯᠢ ᠲᠣᠭᠲᠠᠭᠠᠯ | ᠶᠣᠰᠣᠭᠠᠷ ᠪᠣᠳᠠᠲᠠᠶ ᠰᠢᠢᠳᠪᠦᠷᠢᠯᠡᠪᠡ᠃ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ ᠭᠤᠤᠯ ᠰᠡᠳᠦᠪᠲᠦ ᠣᠷᠴᠢᠨ ᠲᠣᠭᠤᠷᠢᠨ ᠤ ᠡᠳᠦᠷ ᠤᠨ ᠰᠢᠷᠢᠰ | ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ ︽ᠠᠮᠢᠳᠤ ᠪᠣᠳᠠᠰ ᠤᠨ ᠣᠯᠠᠨ | ᠶᠠᠩᠵᠤᠲᠤ ᠴᠢᠨᠠᠷ ᠤᠨ ᠡᠳᠦᠷ︾ ︽ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ︾ ︽ᠪᠣᠬᠢᠷᠲᠤᠯ ᠥᠬᠡᠶ ᠬᠡᠷ | ᠣᠷᠣᠨ ᠢ ᠪᠠᠶᠢᠭᠤᠯᠤᠨ᠂ ᠬᠠᠮᠲᠤ ᠪᠠᠷ ᠢᠷᠡᠭᠡᠳᠦᠶ ᠪᠠᠨ ᠴᠣᠭᠴᠠᠯᠠᠬᠤ︾ ᠰᠤᠷᠭᠠᠭᠤᠯᠢ ᠶᠢᠨ ᠬᠦᠷᠢᠶᠡᠨ ᠤ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠰᠡᠳᠦᠪᠲᠦ ᠤᠷᠠᠯᠢᠭ ᠤᠨ ᠪᠦᠲᠦᠭᠡᠯ ᠤᠨ ᠦᠵᠡᠰᠬᠦᠯᠡᠩ ᠵᠡᠷᠭᠡ | ᠠᠵᠢᠯᠯᠠᠭ᠎ᠠ ᠶᠢ ᠥᠷᠨᠢᠭᠦᠯᠪᠡ᠃ ᠤᠳᠤᠬᠠᠨ ᠪᠣᠯᠲᠠᠯ᠎ᠠ᠂ ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠶᠢᠨ | ᠠᠵᠢᠯᠯᠠᠭ᠎ᠠ ᠶᠢ ᠨᠡᠶᠢᠲᠡ 7 ᠤᠳᠠᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ | ᠠᠵᠢᠯᠯᠠᠭ᠎ᠠ ᠶᠢ 8 ᠤᠳᠠᠭ᠎ᠠ ᠵᠣᠬᠢᠶᠠᠨ ᠪᠠᠶᠢᠭᠤᠯᠵᠤ᠂ ᠨᠡᠶᠢᠲᠡ 2700 ᠭᠠᠷᠤᠶ ᠬᠤᠪᠢ ᠤᠬᠠᠭᠤᠯᠭ᠎ᠠ ᠶᠢᠨ | ᠬᠠᠭᠤᠳᠠᠰᠤ᠂ 1100 ᠭᠠᠷᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠭᠤᠲᠠ᠂ 600 ᠰᠢᠬᠠᠮ ᠪᠤᠰᠤᠳ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠪᠣᠯᠪᠠᠰᠤᠷᠠᠭᠤᠯᠤᠯ ᠢ 1 ᠤᠳᠠᠭ᠎ᠠ ᠥᠷᠨᠢᠭᠦᠯᠵᠦ᠂ ᠠᠮᠢ ᠠᠬᠤᠶ ᠣᠷᠴᠢᠨ ᠲᠣᠭᠤᠷᠢᠨ ᠤ | ᠬᠦᠷᠢᠶᠡᠨ ᠳᠠᠬᠢ ᠭᠡᠨᠡᠳᠲᠡ ᠶᠢᠨ ᠠᠮᠤᠷ ᠲᠦᠪᠰᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ 1 | ᠤᠳᠠᠭ᠎ᠠ ᠥᠷᠨᠢᠭᠦᠯᠪᠡ᠃ | ᠬᠤᠶᠠᠷ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯ ᠢ ᠥᠷᠨᠢᠬᠦᠯᠦᠭᠰᠡᠨ ᠪᠠᠶᠢᠳᠠᠯ | ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠲᠠᠶᠢᠯᠠᠯᠳᠤᠭᠠᠨ ᠤ 2024 ᠣᠨ ᠤ ᠡᠭᠦᠷᠭᠡ ᠶᠢᠨ ᠨᠠᠷᠢᠨ | ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠵᠤ᠂ ᠲᠥᠷᠥᠯ ᠵᠦᠢᠯ ᠤᠨ | ᠲᠣᠭᠤᠷᠢᠭ ᠤᠨ ᠬᠢᠨᠠᠨ ᠬᠠᠮᠢᠶᠠᠷᠴᠤ ᠱᠠᠩᠨᠠᠵᠤ ᠲᠣᠷᠭᠠᠬᠤ ᠲᠣᠭᠲᠠᠴᠠ᠂ ᠲᠥᠷᠥᠯ ᠵᠦᠢᠯ ᠤᠨ ᠲᠤᠭᠤᠷᠢᠭ ᠤᠨ | ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠲᠣᠭᠲᠠᠴᠠ ᠶᠢ ᠲᠣᠭᠲᠠᠭᠠᠨ᠂ 8136.7 ᠲᠦᠮᠡᠨ ᠲᠥᠭᠦᠷᠢᠭ ᠪᠡᠯᠡ | ᠣᠷᠣᠭᠤᠯᠵᠤ᠂ 20.4 ᠲᠦᠮᠡᠨ ᠮᠦ ᠵᠠᠰᠠᠬᠤ ᠪᠠᠷ ᠲᠦᠯᠦᠪᠯᠡᠵᠦ ᠪᠠᠶᠢᠨ᠎ᠠ᠃ | 2023 ᠣᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠲᠥᠷᠥᠯ ᠵᠦᠢᠯ᠃ ᠵᠠᠰᠠᠬᠤ ᠲᠠᠯᠠᠪᠠᠢ 1.2 ᠲᠦᠮᠡᠨ ᠮᠦ᠂ ᠶᠡᠷᠦᠩᠬᠡᠢ ᠪᠡᠯᠡ ᠣᠷᠣᠭᠤᠯᠤᠯᠲᠠ | ᠨᠢ 312.5 ᠲᠦᠮᠡᠨ ᠲᠥᠭᠦᠷᠢᠭ ᠪᠣᠯᠤᠨ᠎ᠠ᠃ ᠣᠲᠣ ᠪᠣᠯᠲᠠᠯ᠎ᠠ᠂ 0.05 ᠲᠦᠮᠡᠨ ᠮᠥ ᠲᠠᠴᠢᠷ ᠣᠶ ᠶᠢ ᠰᠡᠷᠭᠦᠭᠡᠨ | ᠵᠠᠰᠠᠵᠤ᠂ 0.5 ᠲᠦᠮᠡᠨ ᠮᠥ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ᠂ 0.6 ᠲᠦᠮᠡᠨ ᠮᠥ ᠬᠥᠮᠦᠨ ᠤ | ᠬᠦᠴᠦ ᠪᠠᠷ ᠡᠪᠡᠰᠦ ᠳᠠᠷᠢᠵᠤ᠂ ᠡᠬᠦᠷᠭᠡ ᠪᠠᠨ ᠪᠡᠶᠡᠯᠡᠭᠦᠯᠦᠭᠰᠡᠨ ᠨᠣᠷᠮ᠎ᠠ 95.83 % ᠳᠤ ᠬᠦᠷᠪᠡ᠃ ᠦᠯᠡᠳᠡᠭᠰᠡᠨ | 0.05 ᠲᠦᠮᠡᠨ ᠮᠦ ᠨᠢ ᠬᠥᠮᠦᠨ ᠤ ᠬᠦᠴᠦ ᠪᠠᠷ ᠣᠶᠢᠵᠢᠭᠤᠯᠬᠤ ᠲᠥᠷᠥᠯ ᠵᠦᠢᠯ ᠪᠠᠶᠢᠵᠤ᠂ 11 ᠰᠠᠷ᠎ᠠ ᠶᠢᠨ | ᠰᠡᠭᠦᠯᠴᠢ ᠠᠴᠠ ᠡᠮᠦᠨ᠎ᠡ ᠲᠠᠭᠤᠰᠬᠠᠬᠤ ᠪᠠᠷ ᠲᠦᠯᠦᠪᠯᠡᠵᠦ ᠪᠠᠶᠢᠨ᠎ᠠ᠃ | 2024 ᠣᠨ ᠤ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ | ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠤᠨ ᠡᠯᠡᠰᠦᠷᠬᠡᠭ ᠭᠠᠵᠠᠷ ᠢ ᠵᠠᠰᠠᠬᠤ ᠲᠦᠷᠦᠯ ᠵᠦᠢᠯ᠃ | ᠵᠠᠰᠠᠬᠤ ᠲᠠᠯᠠᠪᠠᠢ 3.6 ᠲᠦᠮᠡᠨ ᠮᠦ᠂ ᠶᠡᠷᠥᠩᠬᠡᠢ ᠪᠡᠯᠡ ᠣᠷᠤᠭᠤᠯᠤᠯᠲᠠ ᠨᠢ 2250 ᠲᠦᠮᠡᠨ ᠲᠥᠭᠦᠷᠢᠭ᠃ | ᠨᠢᠭᠡᠨᠲᠡ ᠭᠡᠷᠡᠭᠵᠢᠬᠦᠯᠵᠦ ᠲᠠᠭᠤᠰᠬᠠᠪᠠ᠃ | 2024 ᠣᠨ ᠤ ᠪᠠᠷᠠᠭᠤᠨ ᠬᠡᠰᠡᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ | ᠲᠦᠷᠦᠯ ᠵᠦᠢᠯ᠃ ᠶᠡᠷᠦᠩᠬᠡᠢ ᠵᠠᠰᠠᠬᠤ ᠡᠬᠦᠷᠭᠡ ᠨᠢ 2 ᠲᠦᠮᠡᠨ ᠮᠦ ︵ᠬᠦᠮᠦᠨ ᠤ ᠬᠦᠴᠦᠨ ᠢᠶᠠᠷ 1 ᠲᠦᠮᠡᠨ ᠮᠦ | ᠣᠶᠢᠵᠢᠭᠤᠯᠵᠤ᠂ 1 ᠲᠦᠮᠡᠨ ᠮᠦ ᠡᠯᠡᠰᠦ ᠶᠢ ᠪᠢᠲᠡᠭᠦᠮᠵᠢᠯᠡᠨ ᠡᠪᠡᠰᠦ ᠲᠠᠷᠢᠨ᠎ᠠ︶ ᠪᠠᠶᠢᠵᠤ᠂ 713 ᠲᠦᠮᠡᠨ | ᠲᠥᠭᠦᠷᠢᠭ ᠪᠡᠯᠡ ᠣᠷᠣᠭᠤᠯᠪᠠ᠃ ᠣᠳᠣ ᠨᠢᠭᠡᠨᠲᠡ ᠬᠡᠷᠡᠭᠵᠢᠭᠦᠯᠵᠦ ᠲᠠᠭᠤᠰᠬᠠᠪᠠ᠃ | 2024 ᠣᠨ ᠤ ᠭᠤᠷᠪᠠᠨ ᠤᠮᠠᠷᠠᠲᠤ ᠶᠢᠨ ᠢᠨᠵᠧᠨᠧᠷᠢᠩ ᠤᠨ ᠣᠶ ᠰᠢᠭᠤᠶ ᠨᠤᠭᠤ ᠭᠠᠵᠠᠷ ᠢ ᠨᠢᠭᠡ | ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ᠃ ᠵᠠᠰᠠᠬᠤ ᠲᠠᠯᠠᠪᠠᠢ ᠨᠢ 5.7 ᠲᠦᠮᠡᠨ ᠮᠥ᠂ ᠶᠡᠷᠦᠩᠬᠡᠶ | ᠪᠠᠯᠠ ᠣᠷᠣᠭᠤᠯᠤᠯᠲᠠ ᠨᠢ 1988.4 ᠲᠦᠮᠡᠨ ᠲᠥᠭᠦᠷᠢᠭ ᠪᠣᠯᠤᠨ᠎ᠠ᠃ ᠣᠳᠣᠬᠠᠨ ᠪᠣᠯᠲᠠᠯ᠎ᠠ᠂ ᠭᠠᠵᠠᠷ ᠰᠢᠷᠣᠶ ᠶᠢᠨ | ᠨᠠᠶᠢᠳᠠᠪᠤᠷᠢᠵᠢᠭᠤᠯᠬᠤ ᠠᠵᠢᠯ ᠢ ᠨᠢᠭᠡᠨᠲᠡ ᠪᠡᠶᠡᠯᠡᠭᠦᠯᠪᠡ᠃ | 2024 ᠣᠨ ᠤ ᠭᠤᠷᠪᠠᠨ ᠤᠮᠠᠷᠠᠲᠤ ᠶᠢᠨ ᠢᠨᠵᠧᠨᠧᠷᠢᠩ ᠤᠨ ᠣᠢ ᠮᠣᠳᠣ ᠡᠪᠡᠰᠦ ᠪᠡᠯᠴᠢᠭᠡᠷ ᠢ ᠨᠢᠭᠡ | ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠠᠵᠢᠯ ᠢ ᠨᠦᠪᠦᠷᠢᠯᠡᠨ ᠵᠠᠰᠠᠬᠤ ᠡᠬᠦᠷᠭᠡ᠃ ᠵᠠᠰᠠᠬᠤ ᠲᠠᠯᠠᠪᠠᠢ ᠨᠢ 8.4 | ᠲᠦᠮᠡᠨ ᠮᠥ᠂ ᠶᠡᠷᠦᠩᠬᠡᠶ ᠪᠠᠯᠠ ᠣᠷᠣᠭᠤᠯᠤᠯᠲᠠ ᠨᠢ 2872.8 ᠲᠦᠮᠡᠨ ᠲᠥᠭᠦᠷᠢᠭ ᠪᠣᠯᠤᠨ᠎ᠠ᠃ ᠤᠳᠤᠬᠠᠨ ᠳᠤ᠂ | ᠭᠠᠵᠠᠷ ᠰᠢᠷᠣᠢ ᠶᠢᠨ ᠨᠠᠶᠢᠳᠠᠪᠤᠷᠢᠵᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠠᠵᠢᠯ ᠤᠨ ᠵᠢᠷᠤᠭ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠶᠠᠭ ᠥᠷᠨᠢᠭᠦᠯᠵᠦ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | 85% ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶ᠋ᠯᠡᠬᠦᠯᠬᠦ ᠪᠠᠷ ᠲᠦᠯᠦᠪᠯᠡᠵᠦ ᠪᠠᠶᠢᠨ᠎ᠠ᠃ | 2025 ᠣᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠬᠤᠯᠠᠨ ᠰᠢᠷᠭ᠎ᠠ ᠲᠠᠭ᠎ᠠ ᠶᠢᠨ ᠡᠯᠡᠰᠦ ᠶᠢ | ᠶᠡᠷᠦᠩᠬᠡᠶᠢᠯᠡᠨ ᠵᠠᠰᠠᠬᠤ ᠲᠥᠷᠥᠯ ᠵᠦᠢᠯ᠃ ᠵᠠᠰᠠᠬᠤ ᠲᠠᠯᠠᠪᠠᠢ ᠨᠢ 1.5 ᠲᠦᠮᠡᠨ ᠮᠥ ︵ᠬᠥᠮᠦᠨ ᠤ ᠬᠦᠴᠦ ᠪᠠᠷ 0. | 5 ᠲᠦᠮᠡᠨ ᠮᠥ ᠣᠶᠢᠵᠢᠭᠤᠯᠵᠤ᠂ 1 ᠲᠦᠮᠡᠨ ᠮᠥ ᠡᠯᠡᠰᠦ ᠶᠢ ᠪᠢᠲᠡᠭᠦᠮᠵᠢᠯᠡᠨ ᠡᠪᠡᠰᠦ ᠲᠠᠷᠢᠨ᠎ᠠ︶᠃ ᠣᠳᠣᠬᠠᠨ ᠳᠤ | ᠶᠠᠭ ᠰᠠᠶᠢᠬᠠᠨ ᠭᠠᠵᠠᠷ ᠰᠢᠷᠣᠶ ᠶᠢ ᠨᠠᠶᠢᠳᠠᠪᠤᠷᠢᠵᠢᠭᠤᠯᠬᠤ ᠠᠵᠢᠯ ᠢ ᠥᠷᠨᠢᠭᠦᠯᠵᠦ ᠪᠠᠶᠢᠨ᠎ᠠ᠃ ᠤᠳᠤᠬᠠᠨ ᠳᠤ ᠥᠪᠥᠷ | ᠮᠣᠩᠭᠤᠯ ᠤᠨ ᠠᠶ ᠯᠢᠨ ᠬᠢᠵᠠᠭᠠᠷᠲᠤ ᠺᠣᠮᠫᠠᠨᠢ ᠳᠤ ᠨᠠᠶᠢᠳᠠᠵᠤ ᠲᠥᠷᠥᠯ ᠵᠦᠢᠯ ᠤᠨ ᠠᠵᠢᠯ ᠤᠨ ᠵᠢᠷᠤᠭ | ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠵᠢᠱᠢᠯᠲᠡ ᠪᠠᠷ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠠᠵᠢᠯ ᠤᠨ ᠵᠢᠷᠤᠭ ᠲᠥᠯᠥᠪᠯᠡᠭᠡ ᠶᠢ ᠲᠠᠭᠤᠰᠬᠠᠬᠤ ᠪᠠᠷ ᠲᠦᠯᠦᠪᠯᠡᠵᠦ ᠪᠠᠶᠢᠨ᠎ᠠ᠃ | ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠬᠤ ᠶᠢᠨ ᠲᠥᠯᠥᠭᠡ᠂ ᠲᠥᠷᠥᠯ ᠵᠦᠢᠯ ᠪᠠᠷ ᠠᠵᠢᠯ | ᠣᠯᠭᠤᠯᠲᠠ ᠶᠢ ᠲᠡᠳᠬᠦᠬᠦ ᠦᠢᠯᠡᠳᠦᠯ ᠢ ᠪᠠᠳᠠᠷᠠᠭᠤᠯᠵᠤ᠂ 8 ᠡᠷᠦᠬᠡ ᠬᠤᠷᠰᠢᠶᠠᠵᠢᠯ ᠤᠨ 200 ᠭᠠᠷᠤᠢ ᠮᠠᠯᠴᠢᠳ ᠢ | ᠵᠣᠬᠢᠶᠠᠨ ᠪᠠᠶᠢᠭᠤᠯᠵᠤ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠳᠤ ᠣᠷᠣᠯᠴᠠᠭᠤᠯᠵᠤ᠂ | ᠮᠠᠯᠴᠢᠳ ᠡᠳᠦᠷ ᠲᠤ 200-400 ᠲᠥᠭᠦᠷᠢᠭ ᠤᠨ ᠣᠷᠣᠯᠭ᠎ᠠ ᠣᠯᠵᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ | ᠪᠡᠶᠡᠯᠡᠭᠦᠯᠪᠡ᠃ | ᠬᠤᠶᠠᠷ᠂ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠨ᠎ᠠ | ᠮᠠᠨ ᠤ ᠬᠤᠰᠢᠭᠤᠨ ᠤ ᠬᠢᠯᠢ ᠳᠣᠲᠣᠷᠠᠬᠢ ᠬᠤᠯᠠᠨ ᠰᠢᠷᠭ᠎ᠠ ᠳᠠᠭ᠎ᠠ ᠶᠢᠨ ᠡᠯᠡᠰᠦ ᠶᠢᠨ ᠭᠤᠤᠯ ᠨᠢ ᠣᠶᠢᠲᠤ | ᠭᠠᠵᠠᠷ ᠪᠠ ᠭᠠᠵᠠᠷ ᠰᠦᠯᠵᠢᠭᠰᠡᠨ ᠪᠠᠶᠢᠳᠠᠯ ᠲᠠᠢ ᠪᠠᠶᠢᠵᠤ᠂ ᠡᠯᠡᠰᠦ ᠶᠢ ᠵᠠᠰᠠᠬᠤ ᠲᠥᠷᠥᠯ ᠵᠦᠢᠯ ᠢ ᠲᠥᠪᠯᠡᠷᠡᠭᠦᠯᠦᠨ | ᠬᠡᠷᠡᠭᠵᠢᠬᠦᠯᠬᠦ ᠳᠤ ᠬᠦᠴᠢᠷᠲᠡᠶ᠂ ᠲᠡᠷᠡᠴᠢᠯᠡᠨ ᠭᠤᠷᠪᠠᠨ ᠤᠮᠠᠷᠠᠲᠤ ᠶᠢᠨ ᠢᠨᠵᠧᠨᠧᠷᠢᠩ ᠤᠨ ᠣᠶ ᠰᠢᠭᠤᠶ ᠨᠤᠲᠤᠭ | ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ ᠨᠢ ᠭᠤᠤᠯᠳᠠᠭᠤ | ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠪᠠᠷ ᠭᠤᠤᠯ ᠪᠣᠯᠭᠠᠵᠤ᠂ ᠣᠶᠢᠲᠤ ᠭᠠᠵᠠᠷ ᠢ ᠡᠵᠡᠯᠡᠨ ᠬᠡᠷᠡᠭᠯᠡᠵᠦ | ᠪᠣᠯᠬᠤ ᠥᠬᠡᠶ ᠪᠠᠶᠢᠵᠤ᠂ ᠭᠠᠵᠠᠷ ᠢ ᠨᠠᠶᠢᠳᠠᠪᠤᠷᠢᠵᠢᠭᠤᠯᠬᠤ ᠳᠤ ᠬᠦᠴᠢᠷᠳᠡᠯ ᠲᠤᠯᠭᠠᠷᠠᠵᠤ ᠪᠠᠶᠢᠨ᠎ᠠ᠃ ᠬᠤᠰᠢᠭᠤ | ᠵᠠᠰᠠᠭ ᠤᠨ ᠣᠷᠳᠣᠨ ᠠᠴᠠ ᠶᠠᠭ ᠭᠠᠵᠠᠷ ᠰᠢᠷᠣᠶ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠵᠣᠬᠢᠴᠠᠭᠤᠯᠤᠨ ᠬᠢᠨᠠᠨ | ᠪᠠᠶᠢᠴᠠᠭᠠᠵᠤ ᠪᠠᠶᠢᠨ᠎ᠠ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠪᠠᠶᠢᠷᠢᠯᠠᠭᠤᠯᠤᠯᠲᠠ | ᠨᠢᠭᠡ ᠳᠤ᠂ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ | ᠂ ᠠᠷᠪᠢᠲᠠᠢ ᠡᠷᠴᠢᠮᠯᠢᠭ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠪᠦᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ᠂ | ᠬᠠᠮᠵᠢᠯᠴᠠᠨ ᠬᠡᠯᠪᠡᠷᠢ ᠪᠠᠨ ᠬᠤᠪᠢᠷᠠᠭᠤᠯᠬᠤ᠂ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ᠂ ᠠᠮᠤᠷ | ᠲᠦᠪᠰᠢᠨ ᠢᠶᠠᠷ ᠬᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ | ᠪᠣᠬᠢᠷᠲᠤᠯ ᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠢ ᠪᠦᠲᠦᠭᠡᠨ ᠪᠠᠶᠢᠭᠤᠯᠬᠤ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ | ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ | ᠬᠤᠶᠠᠷ ᠲᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠰᠠᠶᠢᠲᠤᠷ | ᠡᠬᠦᠷᠭᠡᠯᠡᠨ᠎ᠡ᠃ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠠᠮᠢ ᠠᠬᠤᠢ ᠶᠢᠨ | ᠬᠠᠮᠠᠭᠠᠯᠠᠯᠲᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠢ ᠶᠢᠨ ᠰᠢᠰᠲ᠋ᠧᠮ ᠤᠨ | ᠰᠡᠷᠭᠦᠭᠡᠯᠲᠡ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠪᠠᠲᠤ ᠰᠠᠬᠢᠵᠤ | ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠭᠤᠷᠪᠠᠨ ᠶᠡᠭᠡ ᠬᠠᠮᠠᠭᠠᠯᠠᠯᠲᠠ ᠶᠢᠨ | ᠳᠠᠶᠢᠯᠠᠯᠳᠤᠭᠠᠨ ᠢ ᠴᠢᠩᠭ᠎ᠠ ᠠᠳᠬᠤᠵᠤ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠠᠨ ᠤ ᠬᠤᠰᠢᠭᠤᠨ ᠤ | ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢᠨ ᠮᠡᠳᠡᠭᠦᠯᠦᠯᠲᠡ ᠶᠢᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠠᠬᠢᠴᠠ ᠶᠢ ᠲᠠᠨᠢᠬᠤ ᠶᠢ | ᠠᠬᠢᠭᠤᠯᠤᠨ᠎ᠠ᠃ ᠲᠥᠪ ᠤᠨ ᠭᠤᠷᠪᠠᠳᠤᠭᠠᠷ ᠡᠭᠡᠯᠵᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠨ᠎ᠠ | ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠭᠤᠷᠪᠠ ᠳᠤ᠂ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠵᠠᠰᠠᠬᠤ ᠢᠨᠵᠧᠨᠧᠷᠢᠩ ᠢ ᠲᠦᠷᠭᠡᠳᠬᠡᠨ᠎ᠡ᠃ 2024 | ᠣᠨ ᠤ ᠭᠤᠷᠪᠠᠨ ᠤᠮᠠᠷᠠᠲᠤ ᠶᠢᠨ ᠢᠨᠵᠧᠨᠧᠷᠢᠩ ᠤᠨ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠢ ᠨᠢᠭᠡ | ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠶᠢ ᠰᠠᠶᠢᠲᠤᠷ ᠬᠢᠵᠦ᠂ 14.1 ᠲᠦᠮᠡᠨ ᠮᠥ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠶᠢᠨ ᠬᠠᠮᠲᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ | ᠥᠷᠨᠢᠭᠦᠯᠦᠨ᠎ᠡ᠃ ︽ᠠᠵᠤ ᠠᠬᠤᠶᠢᠯᠠᠯ + ᠬᠤᠷᠰᠢᠶᠠᠵᠢᠯ︾ ᠶᠢᠨ ᠵᠠᠭᠪᠤᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠵᠢᠯ ᠤᠨ ᠰᠡᠭᠦᠯᠴᠢ ᠠᠴᠠ ᠡᠮᠦᠨ᠎ᠡ 2024 ᠣᠨ ᠤ ᠭᠤᠷᠪᠠᠨ ᠤᠮᠠᠷᠠᠲᠤ ᠶᠢᠨ ᠢᠨᠵᠧᠨᠧᠷᠢᠩ ᠤᠨ | ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ | ᠵᠦᠢᠯ ᠤᠨ 85% ᠠᠴᠠ ᠳᠡᠭᠡᠭᠰᠢᠬᠢ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠢ ᠨᠢᠭᠡ | ᠴᠣᠭᠴᠠᠵᠢᠭᠤᠯᠬᠤ ᠢᠨᠵᠧᠨᠧᠷᠢᠩ ᠤᠨ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠤᠨ ᠬᠤᠶᠠᠳᠤᠭᠠᠷ᠂ | ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠤᠨ ᠵᠠᠷᠤᠳᠠᠯ ᠢ ᠳᠡᠭᠡᠭᠰᠢ ᠮᠡᠳᠡᠬᠦᠯᠦᠨ᠎ᠡ᠃ ᠢᠨᠵᠧᠨᠧᠷᠢᠩ ᠤᠨ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠪᠠᠷᠢᠬᠤ ᠨᠢᠭᠡᠴᠡ ᠶᠢ ᠪᠠᠷᠢᠯᠭ᠎ᠠ ᠶᠢᠨ ᠶᠠᠰᠤ | ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠪᠠᠷᠢᠯᠭ᠎ᠠ ᠪᠠᠷᠢᠬᠤ ᠠᠬᠢᠴᠠ ᠪᠠᠨ ᠲᠦᠷᠭᠡᠳᠬᠡᠬᠦ ᠶᠢ ᠰᠢᠮᠳᠠᠭᠤᠯᠤᠨ | ᠵᠢᠯᠣᠭᠤᠳᠴᠤ᠂ ᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠬᠦᠯᠦᠨ᠎ᠡ︔ ᠲᠥᠷᠥᠯ | ᠵᠦᠢᠯ ᠤᠨ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠤᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠲᠤᠯᠠᠨ᠎ᠠ᠃ |