ᠨᠢᠭᠡ᠂ ᠠᠵᠢᠯ ᠢᠶᠠᠨ ᠥᠷᠨᠢᠭᠦᠯᠦᠭᠰᠡᠨ ᠪᠠᠶᠢᠳᠠᠯ | ︵ᠨᠢᠭᠡ︶ ᠵᠠᠰᠠᠭ ᠤᠨ ᠣᠷᠳᠣᠨ ᠤ ᠡᠭᠦᠷᠭᠡ ᠲᠣᠰᠢᠶᠠᠯ ᠤᠨ ᠬᠤᠪᠢᠷᠠᠭᠤᠯᠤᠯᠲᠠ ᠶᠢ ᠶᠡᠬᠡᠪᠡᠷ ᠠᠬᠢᠭᠤᠯᠵᠤ᠂ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠠᠰᠤᠷᠠᠯᠲᠠ ᠤᠢᠭᠡᠢ ᠬᠦᠨᠵᠡᠭᠡᠶᠢᠷᠡᠬᠦᠯᠪᠡ᠃ ᠨᠢᠭᠡ ᠳᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠪᠠ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠵᠦ ᠮᠡᠳᠡᠭᠳᠡᠬᠦ ᠠᠮᠠᠯᠠᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠲᠥᠷᠥᠯ ᠤᠨ ᠬᠢᠷᠢ ᠬᠡᠮ ᠤᠨ | ᠵᠥᠪᠰᠢᠶᠡᠷᠡᠯ ᠤᠨ ᠵᠦᠢᠯᠡᠰ ᠢ ᠡᠮᠬᠢᠳᠭᠡᠨ ᠪᠠᠭᠠᠰᠬᠠᠵᠤ᠂ ᠬᠢᠨᠠᠨᠵᠥ᠋ᠪᠰᠢᠶᠡᠷᠡᠵᠦ ᠤᠷᠤᠭᠤᠯᠬᠤ ᠪᠠᠷᠢᠮᠵᠢᠶ᠎ᠠ ᠶᠢ | ᠳᠤᠷᠤᠭᠰᠢᠯᠠᠭᠤᠯᠪᠠ᠃ ᠪᠦᠬᠦ ᠤᠯᠤᠰ ᠤᠨ ᠬᠢᠨᠠᠨ ᠬᠠᠮᠢᠶᠠᠷᠤᠯᠲᠠ ᠶᠢᠨ ᠨᠢᠭᠡᠳᠦᠯᠲᠡᠶ ᠳᠦᠷᠢᠮ ᠲᠣᠭᠲᠠᠭᠠᠯ ᠪᠣᠯᠤᠨ | ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠦᠷᠡᠭᠡᠨ ᠪᠠᠭᠳᠠᠭᠠᠮᠵᠢᠲᠠᠢ ᠬᠢᠨᠠᠨ ᠬᠠᠮᠢᠶᠠᠷᠤᠯᠲᠠ ᠶᠢ ᠬᠡᠷᠡᠭᠵᠢᠬᠦᠯᠪᠡ᠃ | ᠬᠤᠶᠠᠷ ᠲᠤ᠂ ︽ᠪᠥᠬᠦ ᠠᠶᠢᠮᠠᠭ ᠲᠤ ᠨᠡᠶᠢᠳᠡᠮ ᠭᠦᠢᠴᠡᠳᠭᠡᠬᠦ︾᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ | ᠂ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠵᠢᠴᠢ ᠦᠨᠳᠦᠰᠦᠨ ᠱᠠᠲᠤᠨ ᠤ ᠬᠠᠪᠰᠤᠷᠤᠨ ᠭᠦᠢᠴᠡᠳᠭᠡᠬᠦ | ᠣᠷᠣᠯᠠᠨ ᠭᠦᠢᠴᠡᠳᠭᠡᠬᠦ ᠶᠢ ᠬᠡᠷᠡᠭᠵᠢᠭᠦᠯᠵᠦ᠂ ᠭᠤᠷᠪᠠᠨ ᠱᠠᠲᠤᠨ ᠤ ᠬᠠᠪᠰᠤᠷᠤᠨ ᠭᠦᠢᠴᠡᠳᠭᠡᠬᠦ ᠣᠷᠣᠯᠠᠨ | ᠭᠦᠢᠴᠡᠳᠭᠡᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ 25 ᠥᠨᠳᠥᠷ ᠳᠠᠪᠲᠠᠮᠵᠢᠲᠤ ᠵᠦᠢᠯᠡᠰ ᠢ ᠪᠥᠬᠦ | ᠠᠶᠢᠮᠠᠭ ᠲᠤ ᠨᠡᠶᠢᠳᠡᠮ ᠭᠦᠢᠴᠡᠳᠭᠡᠬᠦ ᠶᠢ ᠪᠡᠶᠡᠯᠡᠭᠦᠯᠵᠦ᠂ 117 ᠵᠦᠢᠯᠡᠰ ᠢ ᠪᠥᠬᠦ ᠣᠷᠣᠨ ᠳᠤ ᠨᠡᠶᠢᠳᠡᠮ | ᠭᠦᠢᠴᠡᠳᠭᠡᠵᠦ ᠪᠣᠯᠬᠤ ᠪᠤᠯᠭᠠᠪᠠ᠃ 26 ᠮᠤᠵᠢ ᠣᠷᠣᠨ᠂ 500 ᠭᠠᠷᠤᠶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠠᠯᠠᠭ᠎ᠠ ᠮᠥᠴᠢᠷ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ 146 ᠲᠥᠷᠦᠯ ᠤᠨ ︽ | ᠮᠤᠵᠢ ᠠᠯᠤᠰᠯᠠᠨ ᠨᠡᠶᠢᠳᠡᠮ ᠬᠦᠢᠴᠡᠳᠭᠡᠬᠦ︾ ᠲᠤᠬᠠᠶᠢᠯᠠᠭᠰᠠᠨ ᠠᠵᠢᠯ ᠢ ᠬᠦᠢᠴᠡᠳᠭᠡᠵᠦ ᠲᠡᠶᠢᠯᠬᠦ ᠪᠣᠯᠪᠠ᠃ | ᠭᠤᠷᠪᠠ ᠳᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠪᠡ᠃ | ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠪᠠ᠃ | ︽ᠬᠡᠨ ᠭᠤᠤᠯᠴᠢᠯᠠᠨ ᠬᠠᠮᠢᠶᠠᠷᠪᠠᠯ᠂ ᠲᠡᠷᠡ ᠲᠦᠷᠦᠭᠦᠯᠡᠵᠦ ᠬᠢᠬᠦ︾ ᠪᠠ ︽ᠬᠤᠯᠪᠤᠭᠠᠯᠠᠬᠤ ᠵᠤᠬᠢᠰᠲᠠᠢ ᠨᠢ ᠴᠥᠮ | ᠬᠤᠯᠪᠤᠭᠠᠯᠠᠬᠤ︾ ᠵᠠᠷᠴᠢᠮ ᠶᠣᠰᠣᠭᠠᠷ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠨ | ᠬᠠᠮᠢᠶᠠᠷᠤᠯᠲᠠ ᠶᠢᠨ ᠲᠠᠪᠴᠠᠩ ᠳᠤ ᠲᠦᠰᠢᠭᠯᠡᠨ᠂ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ | ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠤ ᠬᠥᠮᠥᠷᠭᠡ᠂ ᠪᠠᠶᠢᠴᠠᠭᠠᠭᠳᠠᠬᠤ ᠡᠲᠡᠭᠡᠳ ᠤᠨ | ᠨᠡᠷᠡᠰ ᠤᠨ ᠬᠥᠮᠥᠷᠭᠡ ᠶᠢ ᠦᠷᠭᠦᠯᠵᠢᠯᠡᠨ ᠲᠡᠬᠦᠯᠳᠡᠷᠵᠢᠬᠦᠯᠪᠡ᠃ ︽ᠥᠪᠥᠷ ᠮᠣᠩᠭᠤᠯ ᠤᠨ ᠠᠵᠤ ᠠᠬᠤᠶᠢᠯᠠᠯ ᠤᠨ | ᠰᠠᠭᠠᠳ ᠦᠭᠡᠢ ᠨᠡᠪᠲᠡᠷᠡᠬᠦ︾ ᠲᠠᠪᠴᠠᠩ ᠤᠨ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠴᠢᠨᠠᠷ ᠰᠠᠶᠢᠲᠠᠶ | ᠰᠢᠢᠳᠪᠦᠷᠢᠯᠡᠵᠣ᠂ ᠵᠠᠰᠠᠭ ᠪᠠ ᠠᠵᠤ ᠠᠬᠤᠶᠢᠯᠠᠯ ᠤᠨ ᠵᠢᠭᠤᠷᠠᠯᠳᠤᠭᠠᠨ ᠢ ᠦᠨᠡᠨ ᠬᠦ ᠰᠢᠢᠳᠪᠦᠷᠢᠯᠡᠪᠡ᠃ | ︵ᠬᠤᠶᠠᠷ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠬᠢᠨᠠᠨ | ᠬᠠᠮᠢᠶᠠᠷᠤᠯᠲᠠ ᠶᠢ ᠴᠢᠩᠭᠠᠳᠬᠠᠪᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠳᠡᠰ | ᠳᠠᠷᠠᠭᠠᠯᠠᠯ ᠢ ᠴᠢᠩᠭ᠎ᠠ ᠨᠠᠶᠢᠳᠠᠪᠦᠷᠢᠵᠢᠭᠤᠯᠪᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ | ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠲᠤᠭᠲᠠᠴᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠢᠨᠠᠨ ᠬᠠᠷᠭᠤᠭᠤᠯᠬᠤ ᠬᠦᠷᠢᠶ᠎ᠡ ᠬᠡᠪᠴᠢᠶ᠎ᠡ ᠶᠢ ᠲᠤᠳᠤᠷᠬᠠᠶᠢᠯᠠᠨ᠂ ᠬᠢᠨᠠᠨ ᠬᠠᠷᠭᠤᠭᠤᠯᠬᠤ | ᠪᠠᠷᠢᠮᠵᠢᠶ᠎ᠠ ᠶᠢ ᠨᠢᠭᠡᠳᠭᠡᠪᠡ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ | ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠪᠢᠴᠢᠭ ᠮᠠᠲ᠋ᠧᠷᠢᠶᠠᠯ ᠢ | ᠵᠠᠪᠠᠯ ᠳᠠᠩᠰᠠᠯᠠᠬᠤ᠂ ᠳᠠᠩᠰᠠᠯᠠᠪᠠᠯ ᠵᠠᠪᠠᠯ ᠬᠢᠨᠠᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ︾ ᠶᠢ ᠪᠡᠶᠡᠯᠡᠭᠦᠯᠵᠦ᠂ | ᠬᠠᠤᠯᠢ ᠴᠠᠭᠠᠵᠠ ᠶᠢᠨ ᠵᠥᠪᠯᠡᠭᠴᠢ ᠶᠢᠨ ᠬᠠᠮᠵᠢᠯᠴᠠᠨ ᠬᠢᠨᠠᠨ ᠪᠠᠶᠢᠴᠠᠭᠠᠬᠤ ᠲᠣᠭᠲᠠᠴᠠ ᠶᠢ ᠲᠡᠬᠦᠯᠳᠡᠷᠵᠢᠬᠦᠯᠪᠡ᠃ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠣᠨ ᠤ ᠭᠠᠷᠴᠠᠭ ᠢ ᠢᠯᠡ | ᠪᠣᠯᠭᠠᠬᠤ ᠳᠦᠷᠢᠮ ᠢ ᠬᠡᠷᠡᠭᠵᠢᠭᠦᠯᠵᠦ᠂ ᠨᠡᠶᠢᠭᠡᠮ ᠤᠨ ᠬᠢᠨᠠᠯᠲᠠ ᠶᠢ ᠬᠦᠯᠢᠶᠡᠪᠡ᠃ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠨᠢᠭᠡᠳᠦᠯᠲᠡᠶ ᠳᠠᠩᠰᠠᠯᠠᠬᠤ᠂ ᠨᠢᠭᠡᠳᠦᠯᠲᠡᠶ ᠨᠣᠮᠧᠷᠯᠠᠬᠤ᠂ ᠨᠢᠭᠡᠳᠦᠯᠲᠡᠶ ᠨᠡᠶᠢᠲᠡᠯᠡᠬᠦ ᠳᠦᠷᠢᠮ ᠢ ᠪᠦᠬᠦ | ᠲᠠᠯ᠎ᠠ ᠪᠠᠷ ᠨᠠᠶᠢᠳᠠᠪᠦᠷᠢᠵᠢᠭᠤᠯᠪᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ | ᠪᠣᠯᠤᠨ ᠦᠨᠡᠯᠡᠨ ᠵᠢᠱᠢᠬᠦ ᠳᠦᠷᠢᠮ ᠢ ᠴᠢᠩᠭ᠎ᠠ ᠨᠠᠶᠢᠳᠠᠪᠦᠷᠢᠵᠢᠭᠤᠯᠪᠠ᠃ 2023 ᠣᠨ ᠳᠤ᠂ 2021 ᠣᠨ ᠤ 1 | ᠰᠠᠷ᠎ᠠ ᠶᠢᠨ 1 ᠤ ᠡᠳᠦᠷ ᠠᠴᠠ ᠨᠠᠭᠠᠰᠢᠬᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ | ᠴᠡᠪᠡᠷᠯᠡᠨ ᠤᠰᠠᠳᠬᠠᠪᠠ᠃ ᠴᠡᠪᠡᠷᠯᠡᠨ ᠤᠰᠠᠳᠬᠠᠬᠤ ᠪᠠᠷ ᠳᠡᠮᠵᠢᠨ᠂ ᠪᠥᠬᠦ ᠬᠤᠰᠢᠭᠤᠨ ᠤ ᠦᠷᠭᠦᠯᠵᠢᠯᠡᠨ ᠬᠦᠴᠦᠨ | ᠲᠠᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ 4 ᠪᠠᠶᠢᠵᠤ᠂ 4 ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠵᠤ᠂ 1 ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠪᠠᠷ ᠨᠡᠶᠢᠲᠡᠯᠡᠪᠡ᠃ | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠶᠡᠷᠦᠩᠬᠡᠶᠢᠯᠡᠭᠰᠡᠨ ᠲᠤᠬᠠᠶᠢᠯᠠᠭᠰᠠᠨ | ᠠᠵᠢᠯ ᠤᠨ ᠴᠢᠳᠠᠪᠤᠷᠢ ᠪᠠ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠨᠢ ᠳᠡᠭᠡᠭᠰᠢᠯᠡᠬᠦᠯᠪᠡ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ︽ᠭᠤᠷᠪᠠᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠭᠰᠡᠨ ᠬᠡᠷᠡᠭ ᠤᠨ ᠡᠪᠬᠡᠮᠡᠯ᠂ ᠳᠠᠩᠰᠠ ᠬᠠᠷ᠎ᠠ ᠶᠢᠨ ᠬᠡᠪ ᠵᠠᠭᠪᠤᠷ ᠪᠣᠯᠤᠨ ᠦᠨᠳᠦᠰᠦᠨ ᠪᠠᠷᠢᠮᠵᠢᠶ᠎ᠠ ᠶᠢ | ᠨᠢᠭᠡᠳᠦᠯᠲᠡᠶ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠳᠠᠩᠰᠠ ᠡᠪᠬᠡᠮᠡᠯ ᠤᠨ | ᠵᠢᠷᠤᠮᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠬᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢ ᠨᠠᠶᠢᠳᠠᠪᠤᠷᠢᠵᠢᠭᠤᠯᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ | ᠬᠢᠷᠢ ᠭᠡᠮ ᠤᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠬᠦᠯᠪᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠪᠠᠳᠠᠷᠠᠭᠤᠯᠤᠨ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠳ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠬᠠᠷᠢᠭᠤᠴᠠᠯᠭ᠎ᠠ ᠶᠢᠨ ᠦᠵᠡᠯ ᠤᠬᠠᠮᠰᠠᠷ | ᠪᠣᠯᠤᠨ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠨᠢ ᠨᠡᠮᠡᠭᠳᠡᠬᠦᠯᠪᠡ᠃ 2023 ᠣᠨ ᠳᠤ ᠪᠥᠬᠦ ᠬᠤᠰᠢᠭᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠨᠡᠶᠢᠳᠡᠮ ᠬᠡᠷᠡᠭᠯᠡᠬᠦ ᠬᠠᠤᠯᠢ ᠴᠠᠭᠠᠵᠠ ᠶᠢᠨ ᠮᠡᠳᠡᠯᠭᠡ ᠶᠢᠨ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ 3 ᠤᠳᠠᠭ᠎ᠠ ᠡᠷᠭᠢᠯᠡᠪᠡ︔ ᠤᠳᠤᠬᠠᠨ ᠳᠤ᠂ ᠪᠥᠬᠦ ᠬᠤᠰᠢᠭᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ 144᠂ ᠴᠢᠬᠤᠯᠠ ᠶᠡᠭᠡ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠡᠷᠡᠭ 5 ᠪᠣᠶ᠃ | ︵ᠲᠦᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠬᠦᠳᠪᠡ᠃ | ᠢᠳᠬᠠᠨ ᠰᠤᠷᠭᠠᠬᠤ᠂ ᠢᠳᠬᠠᠨ ᠰᠤᠷᠭᠠᠵᠤ ᠵᠢᠱᠢᠶ᠎ᠡ ᠦᠵᠡᠭᠦᠯᠬᠦ᠂ ᠰᠡᠷᠡᠮᠵᠢᠯᠡᠭᠦᠯᠬᠦ᠂ ᠪᠣᠯᠵᠣᠨ ᠶᠠᠷᠢᠯᠴᠠᠬᠤ ᠵᠡᠷᠭᠡ | ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠥᠷᠭᠡᠨ ᠢᠶᠠᠷ ᠬᠡᠷᠡᠭᠯᠡᠵᠦ᠂ ︽ᠲᠣᠷᠭᠠᠬᠤ ᠠᠴᠠ | ᠬᠡᠯᠲᠦᠷᠢᠭᠦᠯᠬᠦ︾ ᠪᠠ ︽ᠬᠦᠩᠭᠡᠨ ᠢᠶᠠᠷ ᠲᠣᠷᠭᠠᠬᠤ︾ ᠨᠠᠷᠢᠨ ᠳᠠᠩᠰᠠ ᠶᠢ ᠪᠦᠬᠦ ᠲᠠᠯ᠎ᠠ ᠪᠠᠷ ᠬᠡᠷᠡᠭᠵᠢᠬᠦᠯᠪᠡ᠃ | ᠰᠠᠯᠠᠭ᠎ᠠ ᠮᠥᠴᠢᠷ ᠪᠣᠯᠤᠨ ᠰᠤᠮᠤ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ | ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠭᠰᠡᠨ ᠳᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠬᠠᠤᠯᠢ ᠬᠡᠷᠡᠭᠵᠢᠭᠦᠯᠦᠭᠰᠡᠨ ᠨᠢ ᠵᠢᠷᠤᠮᠵᠢᠯ ᠦᠭᠡᠢ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠪᠠ᠃ ᠡᠭᠦᠨ ᠤ | ᠬᠠᠮᠲᠤ ᠬᠡᠷᠡᠭ ᠤᠨ ᠳᠠᠩᠰᠠ ᠡᠪᠬᠡᠮᠡᠯ ᠢ ᠦᠨᠡᠯᠡᠨ ᠪᠠᠶᠢᠴᠠᠭᠠᠵᠤ ᠵᠠᠷᠯᠠᠨ ᠮᠡᠳᠡᠭᠳᠡᠵᠦ ᠬᠠᠷᠢᠭᠤ ᠲᠤᠰᠬᠠᠭᠰᠠᠨ | ᠠᠰᠠᠭᠤᠳᠠᠯ ᠢ ᠴᠡᠭ ᠬᠤᠪᠢᠶᠠᠨ ᠰᠢᠢᠳᠪᠦᠷᠢᠯᠡᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠲᠤᠬᠠᠶᠢᠯᠠᠭᠰᠠᠨ ᠠᠵᠢᠯ ᠤᠨ ᠵᠢᠯᠣᠭᠤᠳᠬᠤ ᠡᠷᠴᠢᠮ ᠢ ᠴᠢᠩᠭᠠᠷᠠᠭᠤᠯᠪᠠ᠃ | ︵ᠲᠠᠪᠤ︶ ᠬᠤᠰᠢᠭᠤᠨ ᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢᠶᠠᠷ ᠭᠤᠣᠯ | ᠪᠣᠯᠭᠠᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠵᠠᠬᠢᠳᠠᠯ ᠰᠤᠷᠪᠤᠯᠵᠢᠯᠠᠭ᠎ᠠ ᠶᠢ | ᠬᠦᠯᠢᠶᠡᠨ ᠠᠪᠬᠤ ᠪᠠᠷ ᠬᠠᠪᠰᠤᠷᠤᠮᠵᠢ ᠪᠣᠯᠭᠠᠭᠰᠠᠨ ︽ᠨᠢᠭᠡ ᠥᠷᠳᠡᠭᠡ︾ ᠮᠠᠶ᠋ᠢᠭ ᠤᠨ ᠵᠥᠷᠢᠴᠡᠯ ᠵᠢᠭᠤᠷᠠᠯᠳᠤᠭᠠᠨ ᠢ | ᠭᠥᠯᠢᠶᠡᠨ ᠠᠪᠴᠤ ᠰᠢᠢᠳᠪᠦᠷᠢᠯᠡᠬᠦ ᠲᠠᠪᠴᠠᠩ ᠪᠠᠶᠢᠭᠤᠯᠪᠠ᠃ ︽ᠤᠷᠢᠳᠠᠪᠠᠷ ᠡᠶᠡᠳᠡᠬᠦᠯᠵᠦ᠂ ᠬᠥᠨᠳᠡᠯᠡᠨ ᠠᠴᠠ | ᠲᠠᠰᠤᠯᠬᠤ᠂ ᠳᠠᠬᠢᠨ ᠵᠥᠪᠯᠡᠬᠦ ᠳᠤ ᠣᠷᠣᠯᠴᠠᠬᠤ᠂ ᠵᠠᠷᠭᠤ ᠶᠢ ᠤᠷᠢᠳᠠᠪᠠᠷ ᠰᠢᠢᠳᠪᠦᠷᠢᠯᠡᠬᠦ᠂ ᠵᠠᠬᠢᠳᠠᠯ | ᠰᠤᠷᠪᠤᠯᠵᠢᠯᠠᠭ᠎ᠠ ᠪᠠᠷ ᠦᠨᠳᠦᠰᠦᠨ ᠵᠦᠢᠯ ᠢ ᠪᠠᠲᠤᠯᠠᠬᠤ︾ ᠵᠠᠷᠴᠢᠮ ᠶᠣᠰᠣᠭᠠᠷ ᠠᠵᠢᠯᠯᠠᠭᠠᠨ ᠤ ᠶᠠᠪᠤᠴᠠ ᠳᠤ᠂ | ᠭᠥᠯᠢᠶᠡᠨ ᠠᠪᠴᠤ ᠰᠢᠢᠳᠪᠦᠷᠢᠯᠡᠬᠦ ᠲᠠᠪᠴᠠᠩ ᠳᠠᠷᠦ᠋ᠢᠬᠠᠨ ᠰᠢᠢᠳᠪᠦᠷᠢᠯᠡᠵᠦ ᠳᠡᠶᠢᠯᠬᠦ ᠵᠢᠭᠤᠷᠠᠯᠳᠤᠭᠠᠨ ᠢ ᠲᠤᠬᠠᠶ ᠶᠢᠨ | ᠭᠠᠵᠠᠷ ᠲᠤᠨᠢ ᠰᠢᠢᠳᠪᠦᠷᠢᠯᠡᠵᠦ᠂ ᠰᠢᠢᠳᠪᠦᠷᠢᠯᠡᠬᠦ ᠳᠤ ᠨᠡᠯᠢᠶᠡᠳ ᠬᠦᠴᠢᠷᠲᠡᠶ ᠵᠢᠭᠤᠷᠤᠯᠳᠤᠭᠠᠨ ᠢ ᠬᠤᠰᠢᠭᠤ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠲᠤ ᠠᠴᠠ ᠴᠠᠭ ᠲᠤᠬᠠᠶ ᠳᠤᠨᠢ ᠪᠤᠰᠤᠳ ᠲᠠᠪᠴᠠᠩ ᠳᠤ | ᠰᠢᠯᠵᠢᠭᠦᠯᠦᠨ ᠰᠢᠢᠢᠳᠪᠦᠷᠢᠯᠡᠪᠡ᠃ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠪᠡᠶᠡᠯᠡᠬᠦᠯᠬᠦ ᠶᠢᠨ ᠬᠠᠮᠲᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠤᠯᠢ ᠴᠠᠭᠠᠵᠠ ᠶᠢᠨ | ᠯᠠᠪᠯᠠᠭ᠎ᠠ᠂ ᠬᠠᠤᠯᠢ ᠴᠠᠭᠠᠵᠠ ᠶᠢᠨ ᠦᠢᠯᠡᠴᠢᠯᠡᠭᠡ ᠳᠣᠭᠢᠷᠠᠭᠤᠯᠤᠨ᠂ ᠵᠥᠷᠢᠴᠡᠯ ᠵᠢᠭᠤᠷᠠᠯᠳᠤᠭᠠᠨ ᠢ ︽ᠨᠢᠭᠡ ᠥᠷᠲᠡᠭᠡ | ︾ ᠮᠠᠶ᠋ᠢᠭ ᠢᠶᠠᠷ ᠭᠥᠯᠢᠶᠡᠨ ᠠᠪᠴᠤ ᠰᠢᠢᠳᠪᠦᠷᠢᠯᠡᠬᠦ᠂ ︽ᠨᠢᠭᠡ ᠬᠡᠯᠬᠢᠶ᠎ᠡ︾ ᠪᠠᠷ ᠦᠢᠯᠡᠴᠢᠯᠡᠬᠦ᠂ ︽ᠪᠦᠬᠦᠨ ᠢ | ᠬᠠᠮᠤᠷᠬᠤ︾ ᠦᠢᠯᠡᠴᠢᠯᠡᠭᠡ ᠶᠢ ᠪᠡᠶᠡᠯᠡᠭᠦᠯᠵᠦ᠂ ᠣᠯᠠᠨ ᠲᠥᠪ ᠢ ᠨᠢᠭᠡᠳᠬᠡᠨ᠂ ᠵᠥᠷᠢᠴᠡᠯ ᠵᠢᠭᠤᠷᠠᠯᠳᠤᠭᠠᠨ ᠢ | ᠡᠶᠡᠳᠡᠭᠦᠯᠦᠨ ᠰᠢᠢᠢᠳᠪᠦᠷᠢᠯᠡᠬᠦ ᠲᠥᠪᠯᠡᠷᠡᠯ ᠤᠨ ᠭᠠᠵᠠᠷ ᠢ ᠪᠡᠶᠡᠯᠡᠬᠦᠯᠪᠡ᠃ 2023 ᠣᠨ ᠳᠤ ᠡᠯ᠎ᠡ ᠲᠦᠷᠦᠯ ᠤᠨ | ᠵᠥᠷᠢᠴᠡᠯ ᠵᠢᠭᠤᠷᠠᠯᠳᠤᠭᠠᠨ ᠢ ᠨᠡᠶᠢᠳᠡ 595 ᠤᠳᠠᠭ᠎ᠠ ᠰᠢᠢᠳᠪᠦᠷᠢᠯᠡᠵᠦ᠂ ᠬᠡᠷᠡᠭ ᠲᠤ ᠬᠤᠯᠪᠣᠭᠳᠠᠭᠰᠠᠨ 3000 | ᠭᠠᠷᠤᠢ ᠬᠥᠮᠦᠨ᠂ ᠬᠡᠷᠡᠭ ᠲᠤ ᠬᠤᠯᠪᠣᠭᠳᠠᠭᠰᠠᠨ 990 ᠲᠦᠮᠡ ᠭᠠᠷᠤᠢ ᠲᠥᠭᠦᠷᠢᠭ ᠲᠤ ᠬᠦᠷᠪᠡ᠃ ᠡᠭᠦᠨ ᠳᠤ᠂ | ᠬᠠᠤᠯᠢ ᠴᠠᠭᠠᠵᠠ ᠶᠢᠨ ᠨᠤᠲᠠᠯᠠᠯᠲᠠ 76 ᠤᠳᠠᠭ᠎ᠠ ᠪᠣᠶ᠃ | ︵ᠵᠢᠷᠭᠤᠭ᠎ᠠ︶ ᠵᠠᠰᠠᠭ ᠵᠠᠬᠢᠷᠭᠠᠨ ᠤ ᠳᠡᠭᠢᠨ ᠵᠥᠪᠯᠡᠬᠦ ᠵᠠᠰᠠᠭ ᠵᠠᠬᠢᠷᠭᠠᠨ ᠤ ᠵᠦᠷᠢᠴᠡᠯ ᠮᠦᠷᠬᠦᠯᠳᠦᠭᠡᠨ ᠢ | ᠠᠷᠢᠯᠭᠠᠬᠤ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠪᠠ᠃ ᠦᠨᠳᠦᠰᠦᠨ ᠱᠠᠲᠤᠨ ᠤ ᠵᠠᠰᠠᠭ ᠵᠠᠬᠢᠷᠭᠠᠨ ᠤ | ᠳᠠᠬᠢᠨ ᠵᠥᠪᠯᠡᠬᠦ ᠳᠣᠲᠣᠭᠠᠳᠤ ᠪᠠᠶᠢᠭᠤᠯᠤᠮᠵᠢ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ︽ | ᠳᠥᠷᠪᠡᠨ ᠲᠠᠰᠤᠭ︾ ᠢ ᠰᠠᠯᠭᠠᠬᠤ ᠶᠢ ᠨᠢᠭᠡᠨᠲᠡ ᠪᠡᠶᠡᠯᠡᠭᠦᠯᠪᠡ᠃ ᠳᠥᠷᠪᠡᠨ ᠰᠤᠮᠤ ᠪᠠᠯᠭᠠᠰᠤ ᠪᠦᠬᠦᠨ ᠢᠶᠠᠷ ᠢᠶᠠᠨ | ᠵᠠᠰᠠᠭ ᠵᠠᠬᠢᠷᠭᠠᠨ ᠤ ᠳᠠᠬᠢᠨ ᠵᠥᠪᠯᠡᠬᠦ ᠣᠷᠣᠯᠠᠨ ᠭᠦᠢᠴᠡᠳᠬᠡᠬᠦ ᠴᠡᠭ ᠤᠨ ᠠᠵᠢᠯ ᠢ ᠬᠡᠷᠡᠭᠵᠢᠭᠦᠯᠵᠦ᠂ ᠠᠷᠠᠳ ᠲᠤ | ᠲᠥᠬᠦᠮ ᠦᠵᠡᠭᠦᠯᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ | ᠭᠥᠯᠢᠶᠡᠨ ᠠᠪᠴᠤ ᠰᠢᠢᠳᠪᠦᠷᠢᠯᠡᠬᠦ ᠪᠠᠷᠢᠮᠵᠢᠶ᠎ᠠ ᠶᠢ ᠳᠣᠷᠣᠭᠰᠢ ᠰᠢᠯᠵᠢᠭᠦᠯᠬᠦ ᠶᠢ ᠪᠦᠲᠦᠮᠵᠢᠲᠡᠶ ᠠᠬᠢᠭᠤᠯᠪᠠ᠃ | 2023 ᠣᠨ ᠳᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠨᠡᠶᠢᠲᠡ 8 ᠬᠤᠪᠢ ᠭᠥᠯᠢᠶᠡᠨ | ᠠᠪᠴᠤ᠂ 8 ᠬᠡᠷᠡᠭ ᠢ ᠭᠥᠯᠢᠶᠡᠨ ᠠᠪᠴᠤ᠂ 6 ᠬᠡᠷᠡᠭ ᠢ ᠰᠢᠭᠦᠨ ᠳᠠᠭᠤᠰᠬᠠᠵᠤ᠂ 2 ᠬᠡᠷᠡᠭ ᠢ ᠰᠢᠯᠵᠢᠬᠦᠯᠦᠨ | ᠲᠤᠰᠢᠶᠠᠪᠠ᠃ | ︵ᠳᠤᠯᠤᠭ᠎ᠠ︶ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠪᠠ᠃ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠶᠢ ᠲᠣᠭᠲᠠᠮᠠᠯ | ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠬᠦ ᠲᠦᠷᠢᠮ ᠢ ᠨᠠᠶᠢᠳᠠᠪᠦᠷᠢᠵᠢᠭᠤᠯᠪᠠ᠃ ᠵᠠᠰᠠᠭ ᠵᠠᠬᠢᠷᠭᠠᠨ ᠤ ᠵᠥᠷᠢᠴᠡᠯ | ᠵᠢᠭᠤᠷᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠰᠢᠭᠦᠬᠦ | ᠬᠤᠷᠢᠶ᠎ᠠ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠬᠡᠷᠡᠭ ᠢ | ᠬᠠᠤᠯᠢ ᠶᠣᠰᠣᠭᠠᠷ ᠰᠢᠢᠳᠪᠦᠷᠢᠯᠡᠬᠦ ᠶᠢ ᠳᠡᠮᠵᠢᠵᠦ᠂ ᠬᠦᠴᠦᠨ ᠲᠠᠢ ᠪᠣᠯᠤᠭᠰᠠᠨ ᠰᠢᠭᠦᠨ ᠲᠠᠰᠤᠯᠤᠯᠲᠠ ᠶᠢ ᠦᠨᠡᠨ ᠬᠦ | ᠬᠦᠢᠴᠡᠳᠭᠡᠪᠡ᠃ ᠪᠠᠶᠢᠴᠠᠭᠠᠬᠤ ᠬᠤᠷᠢᠶᠠᠨ ᠤ ᠵᠠᠰᠠᠭ ᠵᠠᠬᠢᠷᠭᠠᠨ ᠤ ᠵᠠᠷᠭᠤ ᠶᠢᠨ ᠬᠢᠨᠠᠯᠲᠠ ᠲᠠᠯᠪᠢᠬᠤ ᠠᠵᠢᠯ ᠪᠠ | ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠥᠷᠨᠢᠭᠦᠯᠬᠦ ᠶᠢ ᠳᠡᠮᠵᠢᠵᠦ᠂ ᠬᠠᠤᠯᠢ ᠴᠠᠭᠠᠵᠠ ᠶᠢᠨ | ᠰᠠᠨᠠᠭᠤᠯᠭ᠎ᠠ᠂ ᠪᠠᠶᠢᠴᠠᠭᠠᠬᠤ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠪᠠ ᠬᠠᠷᠢᠭᠤ ᠲᠤᠰᠬᠠᠬᠤ ᠠᠵᠢᠯ ᠢ ᠬᠢᠨᠠᠮᠠᠭᠠᠢ | ᠰᠠᠶᠢᠲᠤᠷ ᠬᠢᠵᠦ᠂ ᠰᠢᠢᠳᠪᠦᠷᠢᠯᠡᠬᠦ ᠨᠤᠷᠮ᠎ᠠ ᠶᠢ ᠦᠨᠨᠡᠬᠦ ᠳᠡᠭᠡᠭᠰᠢᠯᠡᠬᠦᠯᠪᠡ᠃ 2023 ᠣᠨ ᠳᠤ᠂ ᠪᠥᠬᠦ | ᠬᠤᠰᠢᠭᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ 20 ᠵᠠᠷᠭᠤ ᠶᠢ ᠬᠦᠯᠢᠶᠡᠨ ᠠᠪᠴᠤ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠤᠷᠮ᠎ᠠ 100% ᠳᠤ | ᠬᠦᠷᠪᠡ᠃ | ︵ᠨᠠᠢᠮᠠ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠪᠠ᠃ ᠢᠯᠡ | ᠪᠣᠯᠭᠠᠬᠤ ᠶᠢ ᠬᠡᠪ ᠤᠨ ᠪᠠᠶᠢᠳᠠᠯ ᠢᠶᠠᠷ ᠦᠵᠡᠵᠦ᠂ ᠢᠯᠡ ᠪᠣᠯᠭᠠᠬᠤ ᠦᠭᠡᠢ ᠶᠢ ᠣᠨᠴᠤᠭᠤᠢ ᠪᠠᠶᠢᠳᠠᠯ ᠢᠶᠠᠷ ᠦᠵᠡᠬᠦ ᠶᠢ | ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠪᠦᠬᠦᠨ ᠢ | ᠢᠯᠡ ᠪᠣᠯᠭᠠᠪᠠ᠃ ᠭᠤᠶᠤᠴᠢᠯᠠᠯ ᠶᠣᠰᠣᠭᠠᠷ ᠢᠯᠡ ᠪᠣᠯᠭᠠᠬᠤ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠠᠷᠠᠳ ᠣᠯᠠᠨ ᠤ ᠵᠦᠶ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠪᠠ᠃ ᠥᠨᠦ | ᠵᠢᠯ᠂ ᠬᠤᠰᠢᠭᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠᠷ ᠳᠠᠮᠵᠢᠭᠤᠯᠤᠨ᠂ ᠣᠯᠠᠨ ᠲᠦᠮᠡᠨ ᠤ | ᠦᠯᠡᠳᠡᠭᠡᠭᠰᠡᠨ ᠦᠭᠡ ᠳᠤ ᠪᠦᠲᠦᠮᠵᠢᠲᠡᠶ ᠬᠠᠷᠢᠭᠤᠯᠲᠠ ᠥᠭᠬᠦ ᠶᠢᠨ ᠬᠠᠮᠲᠤ ᠴᠠᠭ ᠲᠤᠬᠠᠶ ᠳᠤᠨᠢ ᠬᠦᠢᠴᠡᠳᠭᠡᠵᠦ᠂ | ᠰᠢᠢᠳᠪᠦᠷᠢᠯᠡᠭᠰᠡᠨ ᠨᠣᠷᠮ᠎ᠠ 100% ᠳᠤ ᠬᠦᠷᠪᠡ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠨᠢᠭᠡᠨᠲᠡ | 800 ᠭᠠᠷᠤᠢ ᠮᠡᠳᠡᠭᠡ ᠵᠠᠩᠭᠢ ᠨᠡᠶᠢᠳᠡᠯᠡᠵᠦ᠂ ᠬᠤᠰᠢᠭᠤ ᠳᠡᠰ ᠤᠨ ᠰᠣᠨᠢᠨ ᠮᠡᠳᠡᠭᠡᠨ ᠤ ᠰᠦᠯᠵᠢᠶ᠎ᠡ 37 ᠵᠤᠷᠪᠤᠰ | ᠰᠣᠨᠢᠨ ᠮᠡᠳᠡᠭᠡ ᠨᠡᠶᠢᠳᠡᠯᠡᠪᠡ᠃ ᠰᠣᠨᠢᠨ ᠮᠡᠳᠡᠭᠡ ᠨᠡᠶᠢᠲᠡᠯᠡᠬᠦ ᠬᠤᠷᠠᠯ ᠢ 3 ᠤᠳᠠᠭ᠎ᠠ ᠬᠤᠷᠠᠯᠳᠤᠭᠤᠯᠵᠤ᠂ ᠡᠯ᠎ᠡ | ᠲᠥᠷᠥᠯ ᠤᠨ ᠮᠡᠳᠡᠭᠡ ᠵᠠᠩᠭᠢ ᠶᠢ 368 ᠨᠡᠶᠢᠳᠡᠯᠡᠪᠡ᠃ | ︵ᠶᠢᠰᠦ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ | ᠃ ᠪᠥᠬᠦ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠬᠤᠰᠢᠭᠤᠨ ᠤ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ | ᠭᠤᠤᠯᠳᠠᠯᠭ᠎ᠠ︾ ᠶᠢ ᠲᠣᠭᠲᠠᠭᠠᠵᠤ᠂ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠢᠯᠡ | ᠨᠡᠶᠢᠲᠡᠯᠡᠬᠦ ᠡᠷᠴᠢᠮ ᠢ ᠴᠢᠩᠭᠠᠷᠠᠭᠤᠯᠵᠤ᠂ ᠥᠨᠦ ᠠᠴᠠ ᠨᠠᠭᠠᠰᠢ᠂ ᠡᠯ᠎ᠡ ᠲᠥᠷᠥᠯ ᠤᠨ ᠦᠨᠡᠨᠴᠢ ᠢᠲᠡᠭᠡᠮᠵᠢ ᠶᠢᠨ | ᠮᠡᠳᠡᠭᠡ ᠵᠠᠩᠭᠢ ᠶᠢ ᠨᠡᠶᠢᠲᠡ 731 ᠵᠤᠷᠪᠤᠰ ᠴᠤᠭᠯᠠᠭᠤᠯᠵᠤ᠂ ᠡᠭᠦᠨ ᠳᠤ ᠵᠠᠰᠠᠭ ᠵᠠᠬᠢᠷᠭᠠᠨ ᠤ ᠵᠥᠪᠰᠢᠶᠡᠷᠡᠯ 374 | ᠵᠤᠷᠪᠤᠰ᠂ ᠵᠠᠰᠠᠭ ᠵᠠᠬᠢᠷᠭᠠᠨ ᠤ ᠰᠢᠢᠳᠭᠡᠯ 129 ᠵᠤᠷᠪᠤᠰ᠂ ᠲᠠᠪᠤᠨ ᠲᠥᠷᠥᠯ ᠤᠨ ᠮᠡᠳᠡᠭᠡ ᠵᠠᠩᠭᠢ 228 ᠵᠤᠷᠪᠤᠰ | ᠪᠠᠶᠢᠵᠤ᠂ 11 ᠨᠢᠭᠡᠴᠡ ᠲᠠᠢ ᠬᠤᠯᠪᠤᠭᠳᠠᠨ᠎ᠠ᠃ | ︵ᠠᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ | ᠴᠢᠩᠭᠠᠳᠬᠠᠪᠠ᠃ ᠨᠢᠭᠡ ᠳᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ | ᠬᠤᠰᠢᠭᠤᠨ ᠤ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠣᠨ ᠤ ᠠᠵᠢᠯ ᠤᠨ ᠲᠥᠯᠥᠪᠯᠡᠭᠡ ᠳᠤ ᠤᠷᠤᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ | ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠠᠬᠢᠭᠤᠯᠵᠤ᠂ ᠵᠡᠷᠭᠡ ᠪᠠᠷ ᠱᠠᠯᠠᠪᠳᠠᠭᠤᠯᠵᠤ᠂ ᠵᠡᠷᠭᠡ ᠪᠠᠷ ᠬᠢᠨᠠᠨ ᠰᠢᠯᠭᠠᠵᠤ᠂ | ᠵᠡᠷᠭᠡ ᠪᠠᠷ ᠱᠠᠩᠨᠠᠵᠤ ᠲᠤᠷᠭᠠᠬᠤ ᠶᠢ ᠪᠡᠶᠡᠯᠡᠬᠦᠯᠪᠡ᠃ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠮᠡᠳᠡᠭᠦᠯᠦᠯᠲᠡ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ | ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠬᠤᠯᠪᠣᠭᠳᠠᠯ ᠪᠥᠬᠦᠶ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠬᠠᠤᠯᠢ ᠪᠠᠷ | ᠵᠠᠰᠠᠬᠤ ᠪᠠᠶᠢᠭᠤᠯᠤᠯᠲᠠ ᠳᠤ ᠪᠠᠲᠤᠯᠠᠭ᠎ᠠ ᠬᠠᠩᠭᠠᠪᠠ᠃ ᠬᠤᠶᠠᠷ ᠲᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠵᠢᠴᠢ ᠤᠳᠤᠷᠢᠳᠬᠤ ᠺᠠᠳ᠋ᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠳᠬᠠᠵᠤ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ | ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠵᠠᠰᠠᠭ ᠤᠨ ᠠᠵᠢᠯ ᠤᠨ ᠪᠦᠲᠦᠮᠵᠢ ᠶᠢ ᠬᠢᠨᠠᠨ ᠰᠢᠯᠭᠠᠬᠤ | ᠭᠦᠢᠴᠡᠳᠬᠡᠯ ᠲᠤᠭ᠎ᠠ ᠶᠢᠨ ᠰᠢᠰᠲ᠋ᠧᠮ ᠳᠤ ᠣᠷᠣᠭᠤᠯᠬᠤ ᠶᠢᠨ ᠬᠠᠮᠲᠤ ᠵᠢᠯ ᠤᠨ ᠡᠴᠦᠰ ᠤᠨ ᠲᠤᠰᠢᠶᠠᠯ ᠤᠨ | ᠮᠡᠳᠡᠭᠦᠯᠦᠯᠲᠡ ᠶᠢᠨ ᠠᠭᠤᠯᠭ᠎ᠠ ᠳᠤ ᠣᠷᠣᠭᠤᠯᠵᠤ᠂ ᠵᠢᠯ ᠤᠨ ᠡᠴᠦᠰ ᠤᠨ ᠲᠤᠰᠢᠶᠠᠯ ᠤᠨ ᠮᠡᠳᠡᠭᠦᠯᠦᠯᠲᠡ ᠶᠢᠨ | ᠴᠢᠬᠤᠯᠠ ᠠᠭᠤᠯᠭ᠎ᠠ ᠪᠣᠯᠭᠠᠵᠤ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠬᠡᠪ | ᠪᠣᠯᠪᠠᠰᠤᠷᠠᠯ ᠪᠠ ᠬᠠᠤᠯᠢ ᠪᠠᠷ ᠵᠠᠰᠠᠬᠤ ᠴᠢᠳᠠᠪᠤᠷᠢ ᠶᠢ ᠳᠡᠭᠡᠭᠰᠢᠯᠡᠬᠦᠯᠪᠡ᠃ ᠪᠥᠬᠦ ᠬᠤᠰᠢᠭᠤᠨ ᠤ ᠬᠠᠤᠯᠢ ᠪᠠᠷ ᠵᠠᠰᠠᠬᠤ | ᠠᠵᠢᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠪᠥᠬᠦ ᠬᠤᠰᠢᠭᠤᠨ ᠤ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠡᠯ᠎ᠡ ᠲᠥᠷᠦᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃ | ︵ᠠᠷᠪᠠᠨ ᠨᠢᠭᠡ︶ ᠣᠨᠣᠯ ᠤᠨ ᠪᠠᠶᠢᠴᠠᠭᠠᠨ ᠰᠤᠳᠤᠯᠤᠯᠲᠠ ᠪᠣᠯᠤᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ | ᠦᠨᠨᠡᠬᠦ ᠴᠢᠩᠭᠠᠳᠬᠠᠪᠠ᠃ ᠨᠢᠭᠡ ᠳᠤ᠂ ︽ᠬᠡᠨ ᠬᠠᠤᠯᠢ ᠬᠡᠷᠡᠭᠵᠢᠭᠦᠯᠪᠡᠯ᠂ ᠲᠡᠷᠡ ᠬᠠᠤᠯᠢ ᠲᠦᠭᠡᠮᠡᠯᠵᠢᠭᠦᠯᠬᠦ︾ | ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠦᠨᠳᠦᠰᠦᠨ ᠱᠠᠲᠤᠨ ᠤ ᠬᠠᠤᠯᠢ ᠲᠦᠭᠡᠮᠡᠯᠵᠢᠭᠦᠯᠬᠦ ᠠᠵᠢᠯ ᠤᠨ | ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠤᠰᠢᠭᠤᠨ ᠤ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ︾ | ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠨᠠᠷᠢᠨ ᠲᠠᠩᠰᠠ︾ ᠶᠢ ᠪᠥᠬᠦ ᠲᠠᠯ᠎ᠠ ᠪᠠᠷ ᠬᠡᠷᠡᠭᠵᠢᠬᠦᠯᠪᠡ | ᠃ ᠡᠯ᠎ᠡ ᠬᠠᠤᠯᠢ ᠬᠡᠷᠡᠭᠵᠢᠭᠦᠯᠬᠦ ᠨᠢᠭᠡᠴᠡ ᠶᠢᠨ ᠭᠤᠤᠯ ᠤᠳᠤᠷᠢᠳᠤᠯᠭ᠎ᠠ ᠶᠢ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠨᠢᠭᠡᠳᠦᠭᠡᠷ ᠬᠠᠷᠢᠭᠤᠴᠠᠯᠭᠠᠲᠠᠨ ᠪᠣᠯᠭᠠᠬᠤ ᠶᠢ ᠲᠣᠳᠣᠷᠬᠠᠶᠢᠯᠠᠵᠤ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠵᠤ᠂ ︽ | ᠬᠠᠤᠯᠢ ᠴᠠᠭᠠᠵᠠ ᠶᠢ ᠵᠢᠷᠭᠤᠭ᠎ᠠ ᠳᠤ ᠣᠷᠣᠭᠤᠯᠬᠤ︾ ᠳᠤ ᠲᠦᠰᠢᠭᠯᠡᠨ ᠬᠠᠤᠯᠢ ᠪᠠᠷ ᠵᠠᠰᠠᠬᠤ ᠤᠬᠠᠭᠤᠯᠭ᠎ᠠ ᠶᠢ | ᠬᠠᠨᠳᠤᠯᠭᠠᠲᠤ ᠴᠢᠨᠠᠷᠲᠠᠶ ᠪᠠᠷ ᠥᠷᠨᠢᠬᠦᠯᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ᠂ | ᠲᠤᠬᠠᠢ ᠶᠢᠨ ᠬᠥᠮᠦᠨ ᠳᠤ ᠬᠠᠤᠯᠢ ᠴᠠᠭᠠᠵᠠ ᠶᠢᠨ ᠤᠬᠠᠭᠤᠯᠭ᠎ᠠ ᠪᠣᠯᠤᠨ ᠰᠤᠷᠭᠠᠨ ᠬᠥᠮᠦᠵᠢᠯ ᠤᠨ ᠠᠵᠢᠯ ᠬᠢᠬᠦ ᠶᠢ | ᠴᠢᠬᠤᠯᠠᠴᠢᠯᠠᠵᠤ᠂ ᠠᠮᠠ ᠪᠠᠷ ᠮᠡᠳᠡᠭᠳᠡᠬᠦ᠂ ᠪᠢᠴᠢᠭ ᠢᠶᠠᠷ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ᠂ ᠲᠤᠬᠠᠢ ᠶᠢᠨ | ᠬᠥᠮᠦᠨ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ | ᠤᠬᠠᠭᠤᠯᠵᠤ᠂ ᠲᠤᠬᠠᠢ ᠶᠢᠨ ᠬᠥᠮᠦᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠣᠯᠤᠨ ᠬᠠᠤᠯᠢ ᠴᠠᠭᠠᠵᠠ ᠶᠢ | ᠵᠢᠷᠤᠮᠯᠠᠬᠤ ᠤᠬᠠᠮᠰᠠᠷᠲᠤ ᠴᠢᠨᠠᠷ ᠢ ᠨᠡᠮᠡᠭᠳᠡᠬᠦᠯᠪᠡ᠃ ᠬᠤᠶᠠᠷ ᠲᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠬᠦᠳᠪᠡ᠃ ︽ᠬᠠᠤᠯᠢ ᠪᠠᠷ ᠵᠠᠰᠠᠬᠤ ᠤᠯᠠᠭᠠᠨᠮᠥ᠋ᠴᠢᠷ︾ | ᠤᠨ ᠬᠠᠤᠯᠢ ᠲᠦᠭᠡᠮᠡᠯᠵᠢᠭᠦᠯᠬᠦ ᠨᠡᠷᠡᠲᠦ ᠲᠡᠮᠳᠡᠭᠲᠦ ᠶᠢ ᠭᠦᠨᠵᠡᠭᠡᠶᠢᠷᠡᠭᠦᠯᠵᠦ᠂ ᠣᠯᠠᠨ ᠡᠰᠢᠵᠢᠭᠰᠡᠨ᠂ ᠣᠯᠠᠨ | ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠤᠬᠠᠭᠤᠯᠭ᠎ᠠ ᠶᠢᠨ ᠪᠠᠶᠢᠷᠢᠰᠢᠯ ᠢ ᠪᠣᠶ ᠪᠤᠯᠭᠠᠪᠠ᠃ ᠬᠤᠰᠢᠭᠤᠨ ᠤ | ᠬᠤᠶᠠᠳᠤᠭᠠᠷ ᠳᠤᠮᠳᠠᠳᠤ ᠰᠤᠷᠭᠠᠭᠤᠯᠢ ᠳᠤ ᠬᠠᠤᠯᠢ ᠪᠠᠷ ᠵᠠᠰᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ | ᠪᠠᠶᠢᠭᠤᠯᠪᠠ︔ ᠪᠤᠯᠠᠭ ᠬᠦᠷᠢᠶᠡᠯᠡᠩ ᠳᠤ ᠬᠠᠤᠯᠢ ᠪᠠᠷ ᠵᠠᠰᠠᠬᠤ ᠰᠣᠶᠣᠯ ᠤᠨ ᠣᠷᠳᠣ ᠭᠤᠳᠤᠮᠵᠢ ᠶᠢ ᠪᠠᠶᠢᠭᠤᠯᠵᠤ᠂ | ᠪᠥᠬᠦ ᠬᠤᠰᠢᠭᠤᠨ ᠤ ᠭᠠᠴᠠᠭ᠎ᠠ ︵ᠨᠡᠶᠢᠭᠡᠮ ᠲᠣᠭᠤᠷᠢᠭ︶ ᠤᠨ ᠬᠠᠤᠯᠢ ᠴᠠᠬᠠᠵᠠ ᠶᠢᠨ ᠳᠤᠰᠬᠠᠢ ᠬᠥᠮᠦᠨ | ᠲᠣᠬᠢᠷᠠᠭᠤᠯᠤᠭᠰᠠᠨ ᠨᠤᠷᠮ᠎ᠠ 100% ᠳᠤ ᠬᠦᠷᠪᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠬᠠᠤᠯᠢ ᠴᠠᠭᠠᠵᠠ ᠶᠢᠨ ᠵᠥᠪᠯᠡᠯᠭᠡ ᠥᠭᠬᠦ | ᠦᠢᠯᠡᠴᠢᠯᠡᠭᠡ ᠶᠢ ᠥᠷᠨᠢᠭᠦᠯᠵᠦ᠂ ᠬᠠᠤᠯᠢ ᠴᠠᠭᠠᠵᠠ ᠶᠢᠨ ᠲᠠᠶᠢᠯᠤᠮᠵᠢ ᠬᠢᠵᠦ᠂ ᠸᠢᠴᠠᠲ᠂ ᠲᠢᠺ ᠲᠤᠺ ᠵᠡᠷᠭᠡ ᠰᠢᠨ᠎ᠡ | ᠵᠠᠭᠤᠴᠢᠯᠠᠭᠤᠷ ᠢᠶᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ | ᠂ ᠨᠠᠩ ᠣᠯᠠᠨ ᠬᠥᠮᠦᠨ ᠤ ᠠᠩᠬᠠᠷᠤᠯ ᠢ ᠲᠠᠳᠠᠪᠠ᠃ 2023 ᠣᠨ ᠳᠤ᠂ ᠸᠢᠴᠠᠲ ᠲᠠᠪᠴᠠᠩ ᠢᠶᠠᠷ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠡᠳᠡᠭᠡ ᠵᠠᠩᠭᠢ 124 ᠬᠤᠭᠤᠴᠠᠭ᠎ᠠ᠂ ᠨᠡᠶᠢᠲᠡ 478 | ᠵᠤᠷᠪᠤᠰ ᠨᠡᠶᠢᠲᠡᠯᠡᠵᠦ᠂ ᠣᠩᠰᠢᠭᠰᠠᠨ ᠬᠦᠮᠦᠨ ᠤ ᠲᠤᠭ᠎ᠠ 5 ᠲᠦᠮᠡᠨ ᠬᠦᠮᠦᠨ ᠤᠳᠠᠭ᠎ᠠ ᠳᠤ ᠬᠦᠷᠴᠦ᠂ ᠬᠠᠤᠯᠢ | ᠴᠠᠭᠠᠵᠠ ᠶᠢᠨ ᠲᠠᠶᠢᠯᠤᠮᠵᠢ 21 ᠤᠳᠠᠭ᠎ᠠ ᠡᠷᠭᠢᠯᠡᠵᠦ᠂ ᠤᠬᠠᠭᠤᠯᠭ᠎ᠠ ᠶᠢᠨ ᠳᠡᠪᠲᠡᠷ 7500 ᠭᠠᠷᠤᠶ ᠳᠡᠪᠲᠡᠷ᠂ | ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ 3000 ᠭᠠᠷᠤᠶ ᠬᠤᠪᠢ ᠲᠠᠷᠬᠠᠭᠠᠪᠠ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ | ︵ᠨᠢᠭᠡ︶ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠪᠠᠳᠤᠳᠬᠠᠬᠤ ᠴᠢᠬᠤᠯᠠᠳᠠᠢ ᠪᠠᠶᠢᠨ᠎ᠠ᠃ | ᠵᠠᠷᠢᠮ ᠰᠠᠯᠠᠭ᠎ᠠ ᠮᠥᠴᠢᠷ ᠬᠠᠤᠯᠢ ᠪᠠᠷ ᠵᠠᠰᠠᠬᠤ ᠪᠠᠶᠢᠭᠤᠯᠤᠯᠲᠠ ᠶᠢ ᠬᠡᠶᠢᠰᠪᠦᠷᠢ ᠡᠭᠦᠷᠭᠡ ᠪᠣᠯᠭᠠᠵᠤ᠂ ᠲᠤᠭᠲᠠᠮᠠᠯ | ᠠᠵᠢᠯᠯᠠᠭ᠎ᠠ ᠶᠢ ᠪᠡᠶᠡᠯᠡᠬᠦᠯᠦᠨ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠬᠤ ᠬᠡᠮᠵᠢᠶ᠎ᠡ | ᠬᠦᠷᠦᠯᠴᠡᠬᠦ ᠦᠭᠡᠢ ᠠᠰᠠᠭᠤᠳᠠᠯ ᠤᠷᠤᠰᠢᠵᠤ ᠪᠠᠶᠢᠨ᠎ᠠ᠃ ᠪᠠᠰᠠ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ | ᠵᠠᠰᠠᠬᠤ ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠲᠦᠯᠬᠢᠨ ᠠᠬᠢᠭᠤᠯᠬᠤ | ᠴᠢᠳᠠᠪᠤᠷᠢ ᠶᠢ ᠦᠷᠬᠦᠯᠵᠢᠯᠡᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ | ᠵᠠᠰᠠᠬᠤ ᠠᠵᠢᠯ ᠤᠨ ᠡᠭᠦᠷᠭᠡ ᠶᠢᠨ ᠴᠢᠳᠠᠪᠤᠷᠢ ᠶᠢᠨ ᠨᠥᠭᠡᠴᠡᠯᠡᠯᠲᠡ ᠬᠦᠷᠦᠯᠴᠡᠬᠦ ᠥᠬᠡᠶ ᠪᠠᠶᠢᠵᠤ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠲᠣᠭᠲᠠᠴᠠ ᠲᠡᠭᠦᠯᠳᠡᠷ ᠪᠤᠰᠤ ᠪᠠᠶᠢᠨ᠎ᠠ᠃ | ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠳᠦᠷᠢᠮ︾ ᠢ ᠴᠢᠩᠭᠠᠳᠭᠠᠬᠤ | ᠴᠢᠬᠤᠯᠠᠲᠠᠢ ᠪᠠᠶᠢᠨ᠎ᠠ᠃ ᠨᠢᠭᠡ ᠳᠤ᠂ ᠬᠡᠰᠡᠭ ᠬᠠᠤᠯᠢ ᠬᠡᠷᠡᠭᠵᠢᠭᠦᠯᠬᠦ ᠨᠢᠭᠡᠴᠡ ᠨᠢ ᠲᠣᠰ ᠨᠢᠭᠡᠴᠡ ᠶᠢᠨ ᠢᠶᠠᠨ | ᠲᠣᠭᠲᠠᠭᠠᠭᠰᠠᠨ ᠬᠡᠷᠡᠭᠵᠢᠭᠦᠯᠬᠦ ᠲᠥᠰᠦᠯ ᠢᠶᠠᠨ ᠵᠢᠷᠤᠮᠯᠠᠨ ᠠᠬᠢᠭᠤᠯᠤᠭᠰᠠᠨ ᠪᠠᠶᠢᠳᠠᠯ ᠠᠨᠠᠢ᠂ ᠬᠠᠤᠯᠢ ᠬᠡᠷᠡᠭᠵᠢᠭᠦᠯᠬᠦ | ᠲᠡᠮᠳᠡᠭᠯᠡᠭᠦᠷ ᠤᠨ ᠲᠣᠬᠢᠷᠠᠭᠤᠯᠤᠭᠰᠠᠨ ᠲᠤᠭ᠎ᠠ ᠬᠡᠮᠵᠢᠶ᠎ᠡ ᠴᠥᠭᠡᠨ᠂ ᠵᠢᠷᠤᠮᠵᠢᠯ ᠥᠬᠡᠶ ᠬᠡᠷᠡᠭᠯᠡᠭᠰᠡᠨ ᠪᠠᠶᠢᠳᠠᠯ ᠨᠡᠶᠢᠳᠡᠮ | ᠣᠷᠣᠰᠢᠵᠤ᠂ ᠲᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠲᠦᠷᠢᠮ ᠲᠡᠭᠦᠯᠳᠡᠷ ᠪᠤᠰᠤ ᠪᠠᠶᠢᠨ᠎ᠠ᠃ | ᠬᠤᠶᠠᠷ ᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠳᠠᠩᠰᠠ ᠡᠪᠬᠡᠮᠡᠯ ᠨᠢ ᠵᠢᠷᠤᠮᠵᠢᠭᠤᠨ ᠪᠤᠰᠣ᠃ ᠬᠡᠰᠡᠭ | ᠵᠠᠰᠠᠭ ᠵᠠᠬᠢᠷᠭᠠᠨ ᠤ ᠰᠢᠢᠳᠭᠡᠯ ᠤᠨ ᠬᠡᠷᠡᠭ ᠤᠨ ᠳᠠᠩᠰᠠ ᠡᠪᠬᠡᠮᠡᠯ ᠳᠤ ᠪᠠᠶᠢᠴᠠᠭᠠᠵᠤ ᠭᠡᠷᠡᠴᠢ ᠠᠪᠤᠭᠰᠠᠨ ᠨᠢ | ᠭᠦᠢᠴᠡᠳ ᠪᠤᠰᠤ᠂ ᠳᠠᠩᠰᠠ ᠬᠠᠷ᠎ᠠ ᠵᠣᠬᠢᠶᠠᠭᠰᠠᠨ ᠨᠢ ᠵᠢᠷᠤᠮᠵᠢᠭᠤᠨ ᠪᠤᠰᠤ᠂ ᠬᠠᠤᠯᠢ ᠬᠡᠷᠡᠭᠯᠡᠭᠰᠡᠨ ᠨᠢ ᠣᠨᠣᠪᠴᠢ | ᠦᠭᠡᠢ᠂ ᠬᠡᠷᠡᠭ ᠤᠨ ᠳᠠᠩᠰᠠ ᠡᠪᠬᠡᠮᠡᠯ ᠢ ᠴᠠᠭ ᠲᠤᠬᠠᠢ ᠳᠤᠨᠢ ᠳᠠᠩᠰᠠᠨ ᠳᠤ ᠤᠷᠤᠭᠤᠯᠤᠭᠰᠠᠨ ᠦᠭᠡᠢ ᠵᠡᠷᠭᠡ | ᠠᠰᠠᠭᠤᠳᠠᠯ ᠣᠷᠣᠰᠢᠵᠤ ᠪᠠᠶᠢᠨ᠎ᠠ᠃ | ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠤᠨ | ᠳᠦᠷᠢᠮ ᠢ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠪᠣᠯᠤᠨ ᠬᠠᠤᠯᠢ | ᠬᠡᠷᠡᠭᠵᠢᠭᠦᠯᠬᠦ ᠠᠵᠢᠯᠲᠠᠨ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ | ᠴᠠᠭ ᠲᠤᠬᠠᠶ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠡᠯ᠎ᠡ | ᠵᠦᠢᠯ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠴᠢᠬᠤᠯᠠᠲᠠᠢ᠃ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠰᠡᠳᠬᠢᠴᠡ ᠪᠠᠨ ᠲᠣᠳᠣᠷᠬᠠᠶᠢᠯᠠᠨ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠠᠵᠢᠯ ᠤᠨ ᠵᠣᠬᠢᠴᠠᠭᠤᠯᠤᠨ ᠲᠣᠬᠢᠷᠠᠭᠤᠯᠬᠤ ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠵᠤ᠂ ᠪᠥᠬᠦ | ᠬᠤᠰᠢᠭᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠦᠴᠦᠨ ᠢ ᠨᠢᠭᠡᠳᠦᠯᠲᠡᠢ ᠲᠥᠯᠥᠪᠯᠡᠨ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ |