ᠣᠩᠭᠤᠨ ᠠᠭᠤᠯᠠ ᠰᠣᠮᠣ ᠣᠯᠠᠨ ᠵᠦᠢᠯ ᠤᠨ ᠠᠷᠭ᠎ᠠ ᠬᠡᠯᠪᠡᠷᠢ ᠶᠢ ᠵᠡᠷᠭᠡ ᠪᠠᠷ ᠬᠡᠷᠡᠭᠯᠡᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠪᠡᠯᠴᠢᠭᠡᠷᠯᠡᠭᠦᠯᠬᠦ ᠶᠢ ᠵᠤᠬᠰᠣᠭᠠᠬᠤ ᠣᠷᠣᠨ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2024/12/5
     ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠣᠩᠭᠤᠨ ᠠᠭᠤᠯᠠ ᠰᠣᠮᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠬᠢᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠭᠬᠠᠵᠣ᠂ ᠤᠯᠠᠨ ᠵᠦᠢᠯ ᠤᠨ ᠠᠷᠭ᠎ᠠ ᠬᠡᠯᠪᠡᠷᠢ ᠶᠢ ᠵᠡᠷᠭᠡᠪᠡᠷ ᠬᠡᠷᠡᠭᠯᠡᠨ ᠪᠡᠯᠴᠢᠭᠡᠷᠯᠡᠭᠦᠯᠬᠦ ᠶᠢ ᠵᠤᠬᠰᠣᠭᠠᠬᠤ ᠠᠵᠢᠯ ᠢ ᠦᠨᠡᠨᠬᠦ ᠴᠢᠩᠭᠠᠳᠬᠠᠪᠠ᠃      ᠨᠢᠭᠡ ᠳᠤ ᠰᠣᠮᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ︽ᠭᠤᠷᠪᠠ ᠶᠢ ᠲᠣᠭᠲᠠᠭᠠᠬᠤ︾ ᠲᠥᠰᠥᠯ ᠢ ᠲᠡᠭᠦᠯᠳᠡᠷᠵᠢᠭᠦᠯᠵᠦ᠂  ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠺᠠᠳ᠋ᠷ ᠠᠵᠢᠯᠲᠠᠨ ᠤ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ 6 ᠨᠡᠷ᠎ᠡ ᠬᠠᠤᠯᠢ ᠬᠡᠷᠡᠭᠵᠢᠭᠦᠯᠬᠦ ᠠᠵᠢᠯᠲᠠᠨ ᠠᠴᠠ ᠪᠡᠯᠴᠢᠭᠡᠷᠯᠡᠭᠦᠯᠬᠦ ᠶᠢ ᠵᠤᠬᠰᠤᠭᠠᠬᠤ ᠳᠤ ᠬᠤᠯᠪᠣᠭᠳᠠᠭᠰᠠᠨ 3 ᠭᠠᠴᠠᠭ᠎ᠠ ᠶᠢ ᠬᠡᠰᠡᠭ ᠬᠤᠪᠢᠶᠠᠨ ᠬᠠᠷᠢᠭᠤᠴᠠᠵᠤ᠂ ᠲᠣᠭᠤᠷᠢᠨ ᠪᠠᠶᠢᠴᠠᠭᠠᠬᠤ ᠠᠵᠢᠯ ᠶᠢ ᠪᠦᠬᠦ ᠲᠠᠯ᠎ᠠ ᠪᠠᠷ ᠦᠷᠨᠢᠭᠦᠯᠪᠡ᠃ ᠬᠤᠶᠠᠷ ᠲᠤ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠭᠬᠠᠵᠣ᠂ ᠡᠷᠦᠬᠡ ᠳᠤ ᠤᠷᠤᠵᠤ ᠲᠥᠷᠥ ᠶᠢᠨ ᠪᠣᠳᠣᠯᠭ᠎ᠠ ᠶᠢ ᠤᠬᠠᠭᠤᠯᠬᠤ᠂ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ᠂ ᠮᠠᠯᠴᠢᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠪᠠ ᠤᠬᠠᠮᠰᠠᠷ ᠠᠴᠠ ᠪᠠᠨ ᠬᠠᠤᠯᠢ ᠶᠢ ᠰᠠᠬᠢᠬᠤ ᠤᠬᠠᠮᠰᠠᠷ ᠢ ᠦᠨᠡᠨᠬᠦ ᠳᠡᠭᠡᠭᠰᠢᠯᠡᠭᠦᠯᠪᠡ᠃ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ᠠᠵᠢᠯᠯᠠᠭ᠎ᠠ ᠳᠤ 1 ᠬᠤᠪᠢ ᠵᠠᠰᠠᠭ ᠵᠠᠬᠢᠷᠭᠠᠨ ᠤ ᠲᠤᠷᠭᠠᠭᠤᠯᠢ ᠶᠢᠨ ᠪᠢᠴᠢᠭ ᠪᠠᠭᠤᠯᠭᠠᠪᠠ᠃ ᠭᠤᠷᠪᠠ ᠳᠤ ᠵᠣᠬᠢᠴᠠᠭᠤᠯᠬᠤ ᠡᠷᠴᠢᠮ ᠢᠶᠠᠨ ᠴᠢᠩᠭᠠᠭᠬᠠᠵᠣ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠳᠤᠪᠴᠢᠶᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤᠷᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠳᠥᠷᠪᠡ ᠳᠤ ᠬᠦᠮᠦᠨ ᠤ ᠬᠦᠴᠦ ᠪᠠᠷ ᠰᠡᠷᠭᠡᠶᠢᠯᠡᠨ ᠡᠵᠡᠮᠳᠡᠬᠦ ᠪᠠ ᠮᠡᠷᠭᠡᠵᠢᠯ ᠢᠶᠠᠷ ᠰᠡᠷᠭᠡᠶᠢᠯᠡᠨ ᠡᠵᠡᠮᠳᠡᠬᠦ ᠶᠢ ᠤᠶᠠᠯᠳᠤᠭᠤᠯᠵᠤ᠂ ᠬᠤᠶᠠᠷ ᠬᠤᠳᠳᠤᠭ᠂ ᠠᠷᠣᠪᠣᠯᠠᠭ᠂ ᠠᠷᠣᠱᠢᠣᠲᠣ ᠭᠠᠴᠠᠭᠠᠨ ᠤ ᠪᠡᠯᠴᠢᠭᠡᠷᠯᠡᠬᠦᠯᠬᠦ ᠶᠢ ᠵᠤᠬᠰᠣᠭᠠᠬᠤ ᠣᠷᠣᠨ ᠳᠤ 6 ᠰᠠᠭᠤᠷᠢ ᠠᠯᠤᠰ ᠠᠴᠠ ᠬᠢᠨᠠᠨ ᠡᠵᠡᠮᠳᠡᠬᠦ ᠰᠡᠭᠦᠳᠡᠷᠯᠡᠬᠦ ᠮᠠᠰᠢᠨ ᠤᠭᠰᠠᠷᠠᠵᠤ᠂ 24 ᠴᠠᠭ ᠢᠶᠠᠷ ᠬᠢᠨᠠᠨ ᠡᠵᠡᠮᠳᠡᠬᠦ ᠶᠢ ᠬᠡᠷᠡᠭᠵᠢᠭᠦᠯᠦᠨ᠂ ᠬᠦᠮᠦᠨ ᠤ ᠬᠦᠴᠦᠨ ᠢ ᠠᠷᠪᠢᠯᠠᠨ ᠬᠢᠨᠠᠨ ᠪᠠᠶᠢᠴᠠᠭᠠᠬᠤ ᠶᠢ ᠭᠦᠢᠴᠡᠳᠬᠡᠵᠦ᠂ ᠠᠵᠢᠯ ᠤᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠶᠢ ᠲᠦᠷᠭᠡᠳᠬᠡᠬᠦ ᠳᠤ ᠬᠦᠴᠦᠲᠡᠢ ᠪᠠᠲᠤᠯᠠᠭ᠎ᠠ ᠬᠠᠩᠭᠠᠵᠠᠢ᠃ 
 
ᠢᠷᠡᠯᠲᠡ᠄ ᠣᠩᠭᠤᠨ ᠠᠭᠤᠯᠠ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号