12 ᠰᠠᠷ᠎ᠠ ᠶᠢᠨ 5 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ︽ᠰᠤᠷᠤᠭᠴᠢᠳ ᠤᠨ ᠳᠡᠷᠭᠡᠳᠡᠬᠢ ᠲᠦᠷᠭᠡᠨ | ᠠᠪᠤᠷᠠᠯᠲᠠ ᠶᠢᠨ ᠬᠠᠶᠢᠷᠴᠠᠭ︾ ᠲᠠᠷᠬᠠᠭᠠᠬᠤ ᠶᠣᠰᠣᠯᠠᠯ ᠶᠠᠪᠣᠬᠳᠠᠭᠤᠯᠵᠣ᠂ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ ᠸᠠᠩ ᠱᠤ᠋ ᠲᠠᠢ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠤᠷᠠᠩᠭᠤᠸ᠎ᠠ ᠶᠣᠰᠣᠯᠠᠯ ᠳᠤ | ᠣᠷᠣᠯᠴᠠᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠳᠤᠮᠳᠠᠳᠤ | ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠪᠠ ᠬᠡᠰᠡᠭ ᠰᠣᠷᠣᠬᠴᠢᠳ ᠶᠣᠰᠣᠯᠠᠯ ᠳᠤ | ᠣᠷᠣᠯᠴᠠᠪᠠ᠃ | ᠶᠣᠰᠣᠯᠠᠯ ᠳᠡᠭᠡᠷ᠎ᠡ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ | ᠬᠠᠶᠢᠷᠴᠠᠭ ᠨᠢᠭᠡᠪᠦᠷᠢ ᠶᠢᠨ ᠥᠷᠲᠡᠭ ᠨᠢ 341 ᠲᠥᠭᠦᠷᠢᠭ᠂ ᠶᠡᠷᠦᠩᠬᠡᠶ ᠥᠷᠲᠡᠭ ᠨᠢ 35464 ᠲᠥᠭᠦᠷᠢᠭ ᠤᠨ ︽ | ᠰᠤᠷᠤᠭᠴᠢᠳ ᠤᠨ ᠳᠡᠷᠭᠡᠳᠡᠬᠢ ᠲᠦᠷᠭᠡᠨ ᠠᠪᠤᠷᠠᠯᠳᠠ ᠶᠢᠨ ᠬᠠᠶᠢᠷᠴᠠᠭ︾ 104 ᠬᠤᠪᠢ ᠳᠠᠷᠬᠠᠭᠠᠵᠠᠢ᠃ ᠲᠦᠷᠭᠡᠨ | ᠠᠪᠤᠷᠠᠯᠲᠠ ᠶᠢᠨ ᠬᠠᠶᠢᠷᠴᠠᠭ ᠨᠢ ᠡᠳᠦᠷ ᠲᠤᠲᠤᠮ ᠤᠨ ᠲᠦᠷᠭᠡᠨ ᠠᠪᠤᠷᠠᠯᠲᠠ ᠶᠢᠨ ᠬᠡᠷᠡᠭᠴᠡᠭᠡ ᠶᠢ ᠬᠠᠩᠭᠠᠵᠤ᠂ | ᠪᠠᠭᠰᠢ ᠰᠤᠷᠤᠭᠴᠢᠳ ᠤᠨ ᠪᠠᠴᠢᠮ ᠪᠠᠶᠢᠳᠠᠯ ᠢ ᠠᠷᠭᠠᠴᠠᠭᠠᠬᠤ ᠳᠤ ᠬᠡᠷᠡᠭᠯᠡᠬᠦ ᠪᠤᠯᠤᠨ᠎ᠠ᠃ | ᠳᠠᠷᠠᠭ᠎ᠠ ᠨᠢ ᠪᠠᠴᠢᠮ ᠪᠠᠶᠢᠳᠠᠯ ᠢ ᠠᠷᠭᠠᠴᠠᠨ ᠠᠪᠤᠷᠠᠬᠤ ᠪᠣᠯᠪᠠᠰᠤᠷᠠᠯ ᠬᠢᠵᠣ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠠᠵᠢᠯᠲᠠᠳ ᠠᠴᠠ ᠰᠤᠷᠤᠭᠴᠢᠳ ᠲᠤ ᠵᠢᠷᠦᠬᠡ ᠠᠭᠤᠰᠬᠢᠨ ᠤ ᠠᠵᠢᠯᠯᠠᠭ᠎ᠠ ᠶᠢ ᠰᠡᠷᠬᠦᠭᠡᠬᠦ ᠣᠨᠣᠯ | ᠦᠢᠯᠡᠳᠦᠯᠭᠡ ᠶᠢᠨ ᠬᠢᠴᠢᠶᠡᠯ ᠤᠷᠤᠵᠤ᠂ ᠵᠢᠷᠦᠬᠡ ᠠᠭᠤᠰᠬᠢᠨ ᠤ ᠠᠵᠢᠯᠯᠠᠭ᠎ᠠ ᠶᠢ ᠰᠡᠷᠬᠦᠭᠡᠬᠦ ᠠᠯᠬᠤᠮ ᠳᠠᠷᠠᠭ᠎ᠠ ᠵᠢᠴᠢ | ᠳᠤᠬᠢᠶᠠᠯᠳᠤᠬᠤ ᠭᠡᠨᠡᠳᠲᠡ ᠶᠢᠨ ᠬᠡᠷᠡᠭ ᠤᠴᠢᠷ ᠢ ᠲᠠᠶᠢᠯᠪᠣᠷᠢᠯᠠᠵᠣ ᠦᠭᠬᠦᠭᠰᠠᠨ ᠪᠠᠶᠢᠨ᠎ᠠ᠃ ︽ᠤᠯᠠᠭᠠᠨ | ᠵᠠᠭᠠᠯᠮᠠᠢᠳᠠᠨ ᠤ ᠨᠡᠶᠢᠭᠡᠮᠯᠢᠭ ᠨᠢ ᠣᠯᠠᠨ ᠤᠯᠤᠰ ᠤᠨ ᠴᠢᠨᠠᠷᠲᠠᠢ ᠬᠥᠮᠦᠡᠯᠢᠭ ᠦᠵᠡᠯ ᠤᠨ ᠵᠣᠬᠢᠶᠠᠨ ᠪᠠᠢᠭᠤᠯᠤᠯᠲᠠ | ᠪᠣᠯᠤᠭᠰᠠᠨ ᠤ ᠬᠤᠪᠢ ᠳᠤ ︿ᠬᠥᠮᠦᠡᠯᠢᠭ ᠦᠵᠡᠯ᠂ ᠲᠦᠭᠡᠮᠡᠯ ᠬᠠᠶᠢᠷ᠎ᠠ᠂ ᠬᠠᠶᠢᠷ᠎ᠠ ᠬᠠᠨᠳᠢᠪ﹀ ᠭᠡᠬᠦ ᠵᠣᠷᠢᠭ | ᠰᠠᠨᠠᠭ᠎ᠠ ᠶᠢ ᠪᠠᠳᠠᠷᠠᠭᠤᠯᠵᠤ᠂ ᠬᠥᠮᠦᠨ ᠤ ᠠᠮᠢ ᠨᠠᠰᠤ ᠪᠠ ᠡᠷᠡᠭᠦᠯ ᠮᠡᠨᠳᠦ ᠶᠢ ᠬᠠᠮᠠᠭᠠᠯᠠᠬᠤ ᠪᠠᠷ ᠵᠤᠷᠢᠯᠲᠠ ᠪᠠᠨ | ᠪᠤᠯᠭᠠᠳᠠᠭ᠃ ︿ᠰᠤᠷᠤᠭᠴᠢᠳ ᠤᠨ ᠳᠡᠷᠭᠡᠳᠡᠬᠢ ᠲᠦᠷᠭᠡᠨ ᠠᠪᠤᠷᠠᠯᠳᠠ ᠶᠢᠨ ᠬᠠᠶᠢᠷᠴᠠᠭ﹀ ᠪᠣᠯ ᠶᠠᠭ ᠡᠨᠡᠬᠦ ᠵᠣᠷᠢᠭ | ᠰᠠᠨᠠᠭᠠᠨ ᠤ ᠠᠮᠢᠳᠤᠯᠢᠭ ᠦᠢᠯᠡᠳᠦᠯᠭᠡ ᠮᠥᠨ᠃ ᠲᠣᠰ ᠲᠥᠷᠥᠯ ᠵᠦᠢᠯ ᠨᠢ ᠰᠤᠷᠤᠭᠴᠢᠳ ᠤᠨ ᠪᠠᠴᠢᠮ ᠪᠠᠶᠢᠳᠠᠯ ᠳᠤ | ᠥᠪᠡᠷ ᠢ ᠪᠠᠨ ᠬᠠᠮᠠᠭᠠᠯᠠᠬᠤ ᠴᠢᠳᠠᠪᠤᠷᠢ ᠪᠠ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠡᠦᠬᠡᠳ ᠤᠨ | ᠠᠮᠤᠷ ᠲᠦᠪᠰᠢᠨ ᠢᠶᠠᠷ ᠦᠰᠦᠨ ᠪᠤᠶᠢᠵᠢᠬᠤ ᠳᠤ ᠪᠠᠲᠤ ᠪᠠᠬᠢ ᠬᠠᠮᠠᠭᠠᠯᠠᠭᠴᠢ ᠦᠢᠯᠡᠳᠣᠯ ᠦᠵᠡᠬᠦᠯᠣᠭ᠍ᠰᠠᠨ ᠪᠠᠶᠢᠨ᠎ᠠ︾ | ᠭᠡᠵᠤ ᠬᠥᠪᠡᠭᠡᠲᠦ ᠰᠢᠷ᠎ᠡ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ | ᠬᠡᠷᠡᠯᠠᠣᠳᠣ ᠶᠠᠷᠢᠯ᠎ᠠ᠃ |