12 ᠰᠠᠷ᠎ᠠ ᠶᠢᠨ 2 ᠤ ᠡᠳᠦᠷ ᠪᠣᠯ ᠠᠷᠪᠠᠨ ᠭᠤᠷᠪᠠᠳᠤᠭᠠᠷ ᠣᠳᠠᠭᠠᠨ ᠤ ︽ᠪᠥᠬᠦ ᠤᠯᠤᠰ ᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠪᠣᠯᠤᠨ᠎ᠠ᠃ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠬᠤᠰᠢᠭᠤᠨ ᠤ ᠨᠢᠭᠡᠳᠦᠭᠡᠷ | ᠪᠠᠭ᠎ᠠ ᠰᠤᠷᠭᠠᠭᠤᠯᠢ ᠳᠤ ᠬᠦᠷᠴᠦ ︽ᠪᠣᠯᠪᠠᠰᠤᠨ ᠵᠠᠮ ᠬᠠᠷᠢᠯᠴᠠᠭ᠎ᠠ ᠶᠢ ᠭᠠᠷ ᠬᠤᠯᠪᠣᠨ ᠬᠠᠮᠲᠤ ᠪᠠᠷ ᠴᠤᠭᠴᠠᠯᠠᠶ᠎ᠠ︾ | ᠭᠤᠤᠯ ᠰᠡᠳᠦᠪᠲᠦ ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ ᠤᠨ ᠤᠬᠠᠭᠤᠯᠭ᠎ᠠ ᠶᠢᠨ | ᠠᠵᠢᠯᠯᠠᠭ᠎ᠠ ᠦᠷᠨᠢᠭᠦᠯᠵᠡᠢ᠃ | ᠠᠵᠢᠯᠯᠠᠭ᠎ᠠ ᠳᠡᠭᠡᠷ᠎ᠡ᠂ ᠵᠠᠮ ᠬᠠᠷᠢᠯᠴᠠᠭᠠᠨ ᠤ ᠴᠠᠭᠳᠠᠭ᠎ᠠ PPT ᠬᠢᠴᠢᠶᠡᠯ ᠢᠶᠠᠷ ᠳᠠᠮᠵᠢᠭᠤᠯᠤᠨ | ᠬᠡᠤᠬᠡᠳ ᠤᠳ ᠲᠤ ᠪᠠᠶᠢᠩᠭᠤ ᠲᠣᠬᠢᠶᠠᠯᠳᠤᠳᠠᠭ ᠵᠠᠮ ᠬᠠᠷᠢᠯᠴᠠᠭᠠᠨ ᠤ ᠲᠡᠮᠳᠡᠭ᠂ ᠬᠡᠷᠬᠢᠨ ᠠᠮᠤᠷ ᠲᠦᠪᠰᠢᠨ ᠢᠶᠠᠷ | ᠵᠥᠪ ᠣᠨᠣᠪᠴᠢᠲᠠᠶ ᠵᠠᠮ ᠳᠤ ᠭᠠᠷᠬᠤ᠂ ᠠᠮᠤᠷ ᠲᠦᠪᠰᠢᠨ ᠢᠶᠠᠷ ᠵᠠᠮ ᠥᠩᠭᠡᠷᠡᠬᠦ ᠵᠡᠷᠭᠡ ᠵᠠᠮ ᠬᠠᠷᠢᠯᠴᠠᠭᠠᠨ ᠤ ᠠᠮᠤᠷ | ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠵᠡᠢ᠃ ᠡᠬᠦᠨ ᠠᠴᠠ ᠭᠠᠳᠠᠨ᠎ᠠ ᠪᠠᠰᠠ ᠱᠠᠩᠨᠠᠯ ᠲᠠᠢ ᠠᠰᠠᠭᠤᠯᠲᠠ ᠬᠠᠷᠢᠭᠤᠯᠲᠠ᠂ ᠲᠣᠭᠯᠠᠭᠠᠮ ᠬᠢᠬᠦ | ᠬᠡᠯᠪᠡᠷᠢ ᠪᠠᠷ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠨᠡᠩ ᠢᠯᠡᠭᠦᠦ | ᠪᠠᠳᠤᠳᠬᠠᠵᠤ᠂ ᠰᠤᠷᠤᠭᠴᠢᠳ ᠢᠶᠠᠷ ᠵᠠᠮ ᠬᠠᠷᠢᠯᠴᠠᠭᠠᠨ ᠤ ᠠᠮᠤᠷ ᠲᠦᠪᠰᠢᠨ ᠤ ᠭᠤᠣᠯ ᠰᠡᠳᠦᠪᠲᠦ ᠬᠠᠨ᠎ᠠ ᠶᠢᠨ | ᠰᠤᠨᠢᠨ ᠵᠢᠷᠤᠭᠤᠯᠵᠤ᠂ ᠰᠢᠯᠢᠳᠡᠭ ᠪᠦᠲᠦᠭᠡᠯ ᠢ ᠬᠥᠬᠢᠭᠦᠯᠦᠨ ᠰᠠᠶᠢᠰᠢᠶᠠᠵᠠᠢ᠃ ︽ᠥᠨᠥᠳᠦᠷ ᠵᠠᠮ ᠬᠠᠷᠢᠯᠴᠠᠭᠠᠨ ᠤ | ᠴᠠᠭᠳᠠᠭ᠎ᠠ ᠠᠪᠠᠭ᠎ᠠ ᠪᠢᠳᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠴᠢᠶᠡᠯ ᠤᠷᠤᠵᠤ᠂ ᠪᠢ ᠣᠯᠠᠨ ᠵᠠᠮ | ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠣᠯᠵᠤ ᠰᠤᠷᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ︾ ᠭᠡᠵᠤ | ᠰᠤᠷᠤᠭᠴᠢ ᠲᠦᠷᠦᠮᠠᠨᠳᠤᠬᠤ ᠶᠠᠷᠢᠯ᠎ᠠ᠃ | ᠵᠠᠮ ᠬᠠᠷᠢᠯᠴᠠᠭᠠᠨ ᠤ ᠠᠮᠤᠷ ᠲᠦᠪᠰᠢᠨ ᠨᠢ ᠭᠡᠷ ᠪᠦᠯᠢ ᠶᠢᠨ ᠵᠣᠯ ᠵᠢᠷᠭᠠᠯ ᠪᠠ ᠨᠡᠶᠢᠭᠡᠮ ᠤᠨ ᠲᠣᠭᠲᠠᠭᠤᠨ ᠲᠠᠢ | ᠬᠤᠯᠪᠣᠭᠳᠠᠵᠤ ᠪᠠᠶᠢᠳᠠᠭ᠃ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠤᠯᠠᠨ ᠬᠡᠯᠪᠡᠷᠢ ᠶᠢᠨ ᠵᠠᠮ ᠬᠠᠷᠢᠯᠴᠠᠭᠠᠨ ᠤ ᠠᠮᠤᠷ | ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠬᠠᠭᠤᠯᠭ᠎ᠠ ᠶᠢᠨ ᠬᠡᠪᠴᠢᠶ᠎ᠡ | ᠪᠣᠯᠤᠨ ᠨᠥᠯᠥᠭᠡᠯᠡᠬᠦ ᠬᠦᠴᠦᠨ ᠢᠶᠠᠨ ᠳᠠᠰᠤᠷᠠᠯᠳᠠ ᠦᠬᠡᠢ ᠥᠷᠭᠡᠳᠬᠡᠵᠦ᠂ ᠨᠡᠩ ᠤᠯᠠᠨ ᠬᠥᠮᠦᠰ ᠲᠤ ᠵᠠᠮ | ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠣᠶᠢᠯᠠᠭᠠᠭᠤᠯᠵᠤ᠂ ᠵᠠᠮ ᠬᠠᠷᠢᠯᠴᠠᠭᠠᠨ ᠤ ᠬᠠᠤᠯᠢ ᠳᠦᠷᠢᠮ ᠢ | ᠵᠢᠷᠤᠮᠯᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠨ᠂ ᠪᠣᠯᠪᠠᠰᠤᠨ ᠵᠠᠮ ᠬᠠᠷᠢᠯᠴᠠᠭᠠᠨ ᠤ ᠰᠠᠶᠢᠨ | ᠰᠠᠶᠢᠬᠠᠨ ᠳᠦᠷᠢ ᠪᠠᠶᠢᠳᠠᠯ ᠢ ᠬᠠᠮᠲᠤᠪᠠᠷ ᠴᠣᠭᠴᠠᠯᠠᠵᠤ ᠪᠠᠶᠢᠨ᠎ᠠ᠃ |