| ᠬᠦᠪᠡᠭᠡᠲᠦ ᠰᠢᠷ᠎ᠠ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ | —— 2024 ᠣᠨ ᠤ 1 ᠳ᠋ᠤᠭᠡᠷ ᠰᠠᠷ᠎ᠠ ᠶᠢᠨ 25 ᠤ ᠡᠳᠦᠷ ᠬᠥᠪᠡᠭᠡᠲᠦ ᠰᠢᠷ᠎ᠠ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ | ᠳᠡᠭᠡᠷ᠎ᠡ | ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠯᠢ ᠵᠢᠶᠠᠨ | ᠴᠢᠶᠠᠩ | ᠲᠥᠯᠥᠭᠡᠯᠡᠭᠴᠢᠳ ᠡ᠄ | ᠡᠳᠦᠭᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠃ ᠬᠢᠨᠠᠨ ᠵᠦᠪᠯᠡᠮᠦ︕ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠤᠯᠤᠨ ᠪᠤᠰᠤᠳ | ᠤᠷᠤᠯᠴᠠᠭᠰᠠᠳ ᠤᠨ ᠰᠠᠨᠠᠯ ᠳᠤᠷᠠᠳᠬᠤ ᠶᠢ ᠬᠦᠰᠡᠶ᠎ᠡ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠳᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠴᠢᠩᠭ᠎ᠠ ᠨᠢᠮᠪᠠᠢ ᠤᠳᠤᠷᠢᠳᠤᠯᠭ᠎ᠠ ᠪᠤᠯᠤᠨ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠵᠢᠴᠢ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠪᠠ ᠳᠡᠮᠵᠢᠯᠭᠡ ᠳᠤᠤᠷ᠎ᠠ᠂ ᠪᠢᠳᠡ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠤᠯᠭᠠᠨ᠂ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ | ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠲᠦᠷᠦᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠪᠡ᠃ | ᠨᠢᠭᠡ ᠳᠤ᠂ ᠠᠵᠤ ᠠᠬᠤᠢ ᠶᠢᠨ ᠡᠷᠬᠢᠯᠲᠡ ᠶᠢ ᠵᠤᠬᠢᠰᠲᠠᠢ ᠬᠡᠪᠴᠢᠶᠡᠨ ᠳᠤ ᠪᠠᠶᠢᠯᠭᠠᠬᠤ ᠶᠢ ᠪᠠᠲᠤᠯᠠᠪᠠ᠃ ᠪᠥᠬᠦ | ᠬᠤᠰᠢᠭᠤᠨ ᠤ ᠤᠷᠤᠨ ᠨᠤᠲᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ 28 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ︔ ᠡᠩ ᠤᠨ ᠤᠯᠠᠨ | ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 1.72 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 234.5% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ | ᠵᠦᠢᠯᠡᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠦᠷᠲᠡᠭ 3.34 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ︔ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 49376 ᠲᠥᠭᠦᠷᠢᠭ ᠲᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ︔ ᠮᠠᠯᠵᠢᠬᠤ ᠣᠷᠣᠨ ᠤ ᠬᠥᠮᠦᠨ | ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 22147 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 6.9% ᠪᠠᠷ ᠨᠡᠮᠡᠭᠳᠡᠵᠡᠢ︔ 40 ᠭᠤᠤᠯᠳᠠᠯᠭᠠᠲᠤ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠲᠤᠰ ᠵᠢᠯ ᠳᠡᠭᠡᠨ 23 ᠲᠦᠷᠦᠯ ᠵᠦᠢᠯ ᠢ ᠪᠦᠲᠦᠭᠡᠨ ᠪᠠᠶᠢᠭᠤᠯᠵᠤ | ᠳᠠᠭᠤᠰᠬᠠᠨ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 11.6 ᠳ᠋ᠦᠩᠰᠢᠭᠤᠷ ᠲᠥᠭᠦᠷᠢᠭ ᠲᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 24% ᠪᠠᠷ ᠨᠡᠮᠡᠭᠳᠡᠪᠡ᠃ ᠬᠤᠳᠠᠯᠳᠤᠭᠠᠴᠢᠨ ᠤᠷᠢᠵᠤ ᠪᠡᠯᠡ | ᠤᠷᠤᠭᠤᠯᠤᠭᠰᠠᠨ ᠪᠡᠯᠡ ᠮᠥᠩᠭᠦ 7.9 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠰᠢᠪᠲᠤᠯᠤᠯᠲᠠ ᠶᠢ | ᠪᠡᠶᠡᠯᠡᠭᠦᠯᠪᠡ᠃ ᠡᠳ᠋ ᠤᠨ ᠵᠠᠰᠠᠭ ᠤᠨ ᠬᠦᠴᠦᠨ ᠢ ᠨᠢᠭᠡᠳᠦᠯᠲᠡᠶ ᠵᠤᠬᠢᠴᠠᠭᠤᠯᠤᠨ ᠲᠦᠯᠦᠪᠯᠡᠵᠦ᠂ 3.34 | ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠪᠤᠴᠠᠭᠠᠭᠰᠠᠨ ᠪᠠ ᠠᠵᠤ ᠠᠬᠤᠶᠢᠯᠠᠯ ᠳᠤ ᠦᠷᠢᠲᠦᠵᠦ | ᠪᠠᠶᠢᠭᠰᠠᠨ 1.61 ᠳ᠋ᠦᠩᠰᠢᠭᠤᠷ ᠲᠥᠭᠦᠷᠢᠭ ᠶᠢ ᠳᠥᠯᠥᠵᠦ᠂ ᠨᠢᠭᠡ ᠵᠢᠯ ᠤᠨ ᠦᠷᠢ ᠦᠭᠴᠡᠭᠡ ᠴᠡᠪᠡᠷᠯᠡᠬᠦ ᠡᠭᠦᠷᠭᠡ | ᠪᠠᠨ ᠳᠠᠪᠠᠭᠤᠯᠤᠨ ᠪᠡᠶᠡᠯᠡᠭᠦᠯᠵᠦ᠂ ᠦᠷᠢ ᠦᠭᠴᠡᠭᠡ ᠪᠠᠨ ᠪᠠᠭᠠᠰᠬᠠᠬᠤ ᠬᠠᠷᠠᠯᠲᠠ ᠪᠠᠨ ᠪᠡᠶᠡᠯᠡᠭᠦᠯᠪᠡ᠃ ᠵᠠᠬ᠎ᠠ | ᠳᠡᠯᠭᠡᠭᠦᠷ ᠤᠨ ᠭᠤᠤᠯ ᠴᠤᠭᠴᠠ 570 ᠡᠷᠦᠬᠡ ᠨᠡᠮᠡᠭᠳᠡᠵᠦ᠂ ᠪᠦᠬᠦ ᠨᠡᠶᠢᠲᠡ 4451 ᠡᠷᠦᠬᠡ ᠪᠤᠯᠵᠠᠢ᠃ ᠤᠯᠤᠰ | ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢᠨ ᠭᠤᠷᠪᠠᠨ ᠵᠢᠯ ᠤᠨ ᠲᠤᠰᠬᠠᠢ ᠠᠵᠢᠯᠯᠠᠭ᠎ᠠ ᠶᠢ | ᠪᠡᠶᠡᠯᠡᠭᠦᠯᠵᠦ᠂ 8.56 ᠳ᠋ᠦᠩᠰᠢᠭᠤᠷ ᠲᠥᠭᠦᠷᠢᠭ ᠤᠨ ᠤᠯᠤᠰ ᠤᠨ ᠡᠳ᠋ ᠬᠦᠷᠦᠩᠭᠡ ᠶᠢ ᠨᠢᠭᠡᠳᠬᠡᠨ᠂ 2 | ᠨᠢᠭᠡᠳᠦᠭᠡᠷ ᠳᠡᠰ ᠤᠨ ᠠᠵᠤ ᠠᠬᠤᠶᠢᠯᠠᠯ᠂ 5 ᠬᠤᠶᠠᠳᠤᠭᠠᠷ ᠳᠡᠰ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠪᠠ᠃ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠬᠦ ᠠᠵᠢᠯ ᠢ ᠰᠠᠶᠢᠲᠤᠷ ᠬᠢᠵᠦ᠂ ᠡᠬᠡ ᠬᠦᠦ | ᠮᠥᠩᠭᠦ ᠶᠢ ᠬᠤᠶᠢᠰᠢᠯᠠᠭᠤᠯᠤᠨ ᠪᠤᠴᠠᠭᠠᠯᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠥᠬᠦᠴᠡᠯ ᠳᠤ | ᠨᠡᠶᠢᠴᠡᠬᠦ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠬᠡᠪᠴᠢᠶᠡᠨ ᠤ ᠠᠵᠤ ᠠᠬᠤᠶᠢᠯᠠᠯ ᠳᠤ ᠬᠤᠭᠤᠴᠠᠭ᠎ᠠ | ᠤᠷᠲᠤᠳᠬᠠᠬᠤ ᠪᠤᠶᠤ ᠵᠢᠭᠡᠯᠡᠯᠭᠡ ᠤᠷᠲᠤᠳᠬᠠᠬᠤ ᠪᠠᠷ ᠳᠠᠮᠵᠢᠭᠤᠯᠤᠨ 6195.57 ᠲᠦᠮᠡᠨ ᠲᠥᠭᠦᠷᠢᠭ ᠤᠨ | ᠵᠢᠭᠡᠯᠡᠯᠭᠡ ᠶᠢᠨ ᠡᠬᠡ ᠮᠦᠩᠭᠦᠨ ᠤ ᠪᠤᠴᠠᠭᠠᠬᠤ ᠬᠤᠭᠤᠴᠠᠭ᠎ᠠ ᠶᠢ ᠬᠤᠶᠢᠰᠢᠯᠠᠭᠤᠯᠵᠤ᠂ ᠡᠯ᠎ᠡ ᠲᠥᠷᠥᠯ ᠤᠨ ᠵᠠᠷᠤᠳᠠᠯ | 56.64 ᠲᠦᠮᠡᠨ ᠲᠥᠭᠦᠷᠢᠭ ᠢ ᠬᠡᠯᠲᠦᠷᠢᠭᠦᠯᠪᠡ᠃ ︽ᠲᠠᠪᠤ ᠶᠢ ᠦᠨᠳᠦᠰᠦᠨ ᠠᠴᠠ ᠨᠢ ᠪᠠᠶᠢᠴᠠᠭᠠᠬᠤ︾ ᠠᠵᠢᠯ ᠢ | ᠦᠷᠭᠦᠯᠵᠢᠯᠡᠨ ᠦᠷᠨᠢᠭᠦᠯᠵᠦ᠂ ︽ᠬᠢᠨᠠᠨ ᠵᠦᠪᠰᠢᠶᠡᠷᠡᠭᠰᠡᠨ ᠪᠤᠯᠪᠠᠴᠤ ᠭᠠᠵᠠᠷ ᠰᠢᠷᠤᠢ ᠬᠠᠩᠭᠠᠭᠰᠠᠨ ᠥᠬᠡᠶ︾ | ᠠᠰᠠᠭᠤᠳᠠᠯ ᠢ ᠰᠢᠢᠳᠪᠦᠷᠢᠯᠡᠵᠦ 2.28 ᠾᠧᠺᠲ᠋ᠠᠷ ᠭᠠᠵᠠᠷ ᠰᠢᠷᠣᠶ ᠶᠢ ᠠᠰᠢᠭᠯᠠᠯᠲᠠ ᠳᠤ ᠤᠷᠤᠭᠤᠯᠤᠨ᠂ ᠡᠭᠦᠷᠭᠡ | ᠪᠠᠨ 135% ᠪᠠᠷ ᠪᠡᠶᠡᠯᠡᠭᠦᠯᠦᠭᠰᠡᠨ ᠪᠠᠶᠢᠨ᠎ᠠ᠃ | ᠬᠤᠶᠠᠷ ᠲᠤ᠂ ᠠᠵᠤ ᠦᠢᠯᠡᠰ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠮᠠᠯ ᠠᠵᠤ ᠠᠬᠤᠢ ᠶᠢᠨ | ᠤᠨ ᠤ ᠲᠤᠭᠠᠯᠠᠯᠭ᠎ᠠ ᠶᠢᠨ ᠮᠠᠯ ᠤᠨ ᠲᠤᠭ᠎ᠠ ᠲᠤᠯᠤᠭᠠᠢ 33.4 ᠲᠦᠮᠡ ᠪᠠᠶᠢᠵᠤ᠂ 21 ᠲᠦᠮᠡᠨ ᠲᠤᠯᠤᠭᠠᠢ ᠲᠥᠯ | ᠲᠤᠰᠴᠤ᠂ ᠮᠠᠯ ᠤᠨ ᠭᠠᠷᠭᠠᠯᠲᠠ 19.7 ᠲᠦᠮᠡᠨ ᠲᠤᠯᠤᠭᠠᠢ ᠳᠤ ᠬᠦᠷᠴᠡᠢ᠃ ᠴᠠᠬᠠᠷ ᠬᠤᠨᠢᠨ ᠤ ᠭᠤᠣᠯᠳᠠᠯᠭᠠᠲᠤ | ᠰᠦᠷᠦᠭ ᠪᠤᠶᠢᠵᠢᠭᠤᠯᠤᠭᠰᠠᠨ ᠡᠷᠦᠬᠡ 5 ᠨᠡᠮᠡᠭᠳᠡᠵᠦ᠂ ᠭᠤᠣᠯᠳᠠᠯᠭᠠᠲᠤ ᠰᠦᠷᠦᠭ ᠤᠨ ᠲᠤᠭ᠎ᠠ ᠨᠡᠶᠢᠲᠡ 218 | ᠪᠤᠯᠵᠠᠢ᠃ ᠬᠤᠰᠢᠭᠤ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠨᠢ ᠨᠢᠭᠡᠳᠦᠭᠡᠷ ᠤᠳᠠᠭᠠᠨ ᠤ ᠣᠷᠣᠨ ᠤ | ᠲᠡᠰ ᠤᠨ ᠭᠤᠣᠯᠳᠠᠯᠭᠠᠲᠤ ᠮᠠᠯ ᠵᠢᠭᠦᠷᠲᠡᠨ ᠤ ᠡᠭᠦᠯᠳᠡᠷ ᠪᠣᠶᠢᠵᠢᠭᠤᠯᠬᠤ ᠲᠠᠯᠠᠪᠠᠢ ᠪᠠᠷ ᠰᠤᠩᠭᠤᠭᠳᠠᠵᠤ᠂ | ᠥᠪᠡᠷᠲᠡᠭᠡᠨ ᠵᠠᠰᠠᠬᠤ ᠣᠷᠣᠨ ᠤ ᠮᠢᠬᠠᠨ ᠤ ᠬᠤᠨᠢᠨ ᠤ ᠠᠵᠤ ᠦᠢᠯᠡᠰ ᠤᠨ ᠲᠤᠷᠰᠢᠯᠲᠠ ᠶᠢᠨ ᠴᠡᠭ ᠢᠶᠠᠷ | ᠰᠤᠩᠭᠤᠭᠳᠠᠵᠠᠢ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ 7 ᠶᠢ ᠰᠢᠨ᠎ᠡ ᠪᠠᠷ ᠪᠠᠶᠢᠭᠤᠯᠵᠤ᠂ | ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠶ 2.06 ᠲᠦᠮᠡ ︵ᠡᠭᠦᠨ ᠳᠤ ᠾᠧᠰᠲ᠋ᠠᠨ ᠰᠠᠭᠠᠯᠢ ᠶᠢᠨ ᠦᠨᠢᠶ᠎ᠡ 0. | 46 ᠲᠦᠮᠡᠨ ᠲᠤᠯᠤᠭᠠᠢ︶ ᠳᠤ ᠬᠦᠷᠴᠦ᠂ ᠵᠢᠯ ᠤᠨ ᠰᠦ ᠶᠢᠨ ᠭᠠᠷᠤᠯᠲᠠ 5.3 ᠲᠦᠮᠡᠨ ᠲᠣᠨ ᠳᠤ ᠬᠦᠷᠪᠡ᠃ | ᠬᠤᠸᠠ ᠰᠢ ᠦᠬᠡᠷ ᠤᠨ ᠡᠭᠦᠯᠳᠡᠷ ᠤᠨ ᠰᠦᠷᠦᠭ 6 ᠶᠢ ᠨᠡᠮᠡᠭᠳᠡᠭᠦᠯᠵᠦ᠂ 2 ᠡᠷᠦᠬᠡ ᠨᠢ ᠠᠶᠢᠮᠠᠭ ᠤᠨ ᠲᠡᠰ ᠤᠨ | ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠵᠢᠱᠢᠶ᠎ᠡ ᠦᠵᠡᠭᠦᠯᠬᠦ ᠡᠷᠦᠬᠡ ᠪᠠᠷ ᠦᠨᠡᠯᠡᠭᠳᠡᠵᠡᠢ᠃ ᠣᠷᠣᠨ | ᠨᠤᠲᠤᠭ ᠤᠨ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠪᠠᠷᠢᠮᠵᠢᠶᠠᠵᠢᠭᠰᠠᠨ ᠲᠤᠷᠰᠢᠯᠲᠠ ᠶᠢᠨ ᠴᠡᠭ ᠤᠨ | ᠲᠥᠷᠥᠯ ᠵᠦᠢᠯ ᠢ 7 ᠡᠷᠦᠬᠡ ᠳᠤ ᠤᠯᠭᠤᠨ ᠦᠭᠭᠦᠭᠰᠡᠨ ᠪᠦᠭᠡᠳ ᠪᠦᠲᠦᠭᠡᠨ ᠪᠠᠶᠢᠭᠤᠯᠵᠤ ᠳᠠᠭᠤᠰᠬᠠᠪᠠ᠃ ︽ | ᠬᠥᠪᠡᠭᠡᠲᠦ ᠰᠢᠷ᠎ᠠ ᠬᠤᠰᠢᠭᠤᠨ ᠤ ᠰᠢᠷ᠎ᠠ ᠲᠣᠰᠣ︾ ᠨᠢ 2023 ᠣᠨ ᠤ ᠬᠤᠶᠠᠳᠤᠭᠠᠷ ᠪᠦᠯᠦᠭ ᠤᠨ ᠪᠥᠬᠦ ᠤᠯᠤᠰ | ᠤᠨ ᠨᠡᠷ᠎ᠡ ᠴᠤᠤᠲᠤ ᠣᠨᠴᠠ ᠰᠢᠯᠢᠳᠡᠭ ᠰᠢᠨ᠎ᠡ ᠮᠠᠯ ᠲᠠᠷᠢᠶᠠᠯᠠᠩ ᠤᠨ ᠪᠦᠲᠦᠭᠡᠭᠳᠡᠬᠦᠨ ᠢᠶᠠᠷ ᠰᠤᠩᠭᠤᠭᠳᠠᠪᠠ᠃ 23 | ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠬᠢᠨᠠᠨ ᠲᠣᠭᠲᠠᠭᠠᠵᠤ᠂ ᠣᠷᠣᠨ ᠤ ᠲᠡᠰ ᠤᠨ ᠵᠢᠱᠢᠶ᠎ᠡ | ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠷ 1 ᠡᠷᠦᠬᠡ ᠶᠢ ᠦᠨᠡᠯᠡᠨ ᠲᠤᠭᠲᠠᠭᠠᠵᠠᠢ᠃ ᠠᠮᠤ ᠪᠤᠳᠠᠭᠠᠨ | ᠤ ᠨᠡᠮᠡᠭᠳᠡᠯ ᠤᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠴᠢᠨᠠᠷᠯᠢᠭ ᠪᠦᠲᠦᠮᠵᠢᠲᠡᠶ ᠬᠡᠷᠡᠭᠵᠢᠭᠦᠯᠪᠡ᠃ ᠨᠢᠦᠪᠢ ᠲᠠᠨᠲ᠋ᠠᠯ | ᠯᠢᠲ᠋ᠢ ᠶᠢᠨ ᠠᠭᠤᠷᠬᠠᠶ ᠶᠢ ᠨᠡᠭᠡᠭᠡᠨ ᠠᠰᠢᠭᠯᠠᠬᠤ ᠠᠴᠠ ᠡᠬᠢᠯᠡᠨ᠂ ᠠᠷᠭ᠎ᠠ ᠲᠤᠶᠢᠯ ᠤᠨ ᠲᠦᠭᠦᠬᠡᠶ ᠮᠠᠲ᠋ᠧᠷᠢᠶᠠᠯ ᠪᠤᠯᠬᠤ | ᠨᠡᠭᠦᠷᠡᠰᠦᠬᠦᠴᠢᠯ ᠤᠨ ᠯᠢᠲ᠋ᠢ ᠪᠣᠯᠤᠨ ᠠᠷᠭ᠎ᠠ ᠲᠤᠶᠢᠯ ᠤᠨ ᠮᠠᠲ᠋ᠧᠷᠢᠶᠠᠯ ᠪᠤᠯᠬᠤ ᠹᠣᠰᠹᠣᠷ ᠬᠦᠴᠢᠯ ᠤᠨ ᠲᠡᠮᠦᠷ ᠯᠢᠲ᠋ᠢ | ᠶᠢ ᠪᠤᠯᠪᠠᠰᠤᠷᠠᠭᠤᠯᠬᠤ ᠠᠴᠠ ᠳᠠᠷᠠᠭᠠᠯᠠᠵᠤ᠂ ᠬᠠᠮᠤᠭ ᠰᠡᠭᠦᠯᠴᠢ ᠶᠢᠨ ᠠᠯᠬᠤᠮ ᠤᠨ ᠳ᠋ᠢᠶᠠᠨ ᡂᠢ ᠶᠢᠨ ᠭᠤᠤᠯ᠂ | ᠯᠢᠲ᠋ᠢ ᠳ᠋ᠢᠶᠠᠨ ᡂᠢ ᠶᠢᠨ ᠬᠡᠪ ᠵᠢᠴᠢ PACK ᠪᠦᠲᠦᠴᠡ᠂ ᠳ᠋ᠢᠶᠠᠨ ᡂᠢ ᠶᠢᠨ ᠰᠢᠰᠲ᠋ᠧᠮ ᠤᠨ EMS᠂ ᠯᠢᠲ᠋ᠢ | ᠳ᠋ᠢᠶᠠᠨ ᡂᠢ ᠶᠢᠨ ᠬᠡᠯᠬᠢᠶ᠎ᠡ ᠵᠡᠷᠭᠡ ᠶᠢ ᠨᠢᠭᠡ ᠴᠣᠭᠴᠠᠵᠢᠭᠤᠯᠤᠭᠰᠠᠨ ᠯᠢᠲ᠋ᠢ ᠶᠢᠨ ᠡᠬᠢ ᠪᠠᠶᠠᠯᠢᠭ ᠢ ᠪᠦᠷᠢᠨ | ᠠᠰᠢᠭᠯᠠᠵᠤ ᠴᠢᠳᠠᠬᠤᠶᠢᠴᠠ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠲᠦᠯᠦᠪᠰᠢᠭᠦᠯᠵᠡᠢ᠃ | ᠪᠤᠬᠢᠷᠳᠤᠯ ᠦᠭᠡᠢ ᠡᠨᠧᠷᠭᠢ ᠶᠢᠨ ᠴᠠᠬᠢᠯᠭᠠᠨ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ 27.19 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 26.04% ᠪᠠᠷ ᠨᠡᠮᠡᠭᠳᠡᠭᠰᠡᠨ | ᠪᠠᠶᠢᠨ᠎ᠠ᠃ 65.26 ᠲᠦᠮᠡᠨ ᠲᠣᠨ ᠤᠳᠤᠭ᠎ᠠ ᠦᠭᠡᠢ ᠨᠡᠭᠦᠷᠡᠰᠦ᠂ 83.19 ᠲᠦᠮᠡᠨ ᠲᠡᠭᠰᠢ ᠳᠥᠷᠪᠡᠯᠵᠢᠨ | ᠮᠧᠲᠷ ᠪᠤᠷᠵᠢᠨ ᠴᠢᠯᠠᠭᠤᠯᠢᠭ ᠬᠠᠪᠲᠠᠰᠤᠨ ᠮᠠᠲ᠋ᠧᠷᠢᠶᠠᠯ ᠢ ᠪᠣᠯᠪᠠᠰᠤᠷᠠᠭᠤᠯᠪᠠ᠃ ᠪᠤᠯᠠᠭᠠᠨ ᠲᠣᠬᠤᠢ ᠴᠢᠯᠠᠭᠤᠨ | ᠲᠣᠰᠣᠨ ᠤ ᠠᠭᠤᠷᠬᠠᠢ ᠶᠢᠨ ᠭᠤᠷᠪᠠᠨ ᠬᠡᠮᠵᠢᠶᠡᠰᠦᠲᠦ ᠭᠠᠵᠠᠷ ᠤᠨ ᠳᠤᠷᠭᠢᠯᠲᠠ ᠪᠠᠷ ᠬᠠᠶᠢᠨ ᠰᠢᠨᠵᠢᠯᠡᠬᠦ ᠲᠥᠷᠥᠯ | ᠵᠦᠢᠯ ᠢ ᠬᠡᠷᠡᠭᠵᠢᠭᠦᠯᠵᠦ᠂ 27 ᠴᠢᠯᠠᠭᠤᠨ ᠲᠤᠰᠤᠨ ᠤ ᠠᠵᠤ ᠠᠬᠤᠶᠢᠯᠠᠯ ᠢ ᠨᠢᠭᠡᠳᠬᠡᠨ᠂ 3.23 ᠲᠦᠮᠡᠨ ᠲᠣᠨ | ᠲᠦᠭᠦᠬᠡᠢ ᠲᠣᠰᠣ ᠪᠤᠷᠤᠯᠠᠭᠤᠯᠵᠠᠢ᠃ ᠬᠥᠪᠡᠭᠡᠲᠦ ᠰᠢᠷ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠨᠠᠭᠠᠳᠤᠮ ᠤᠨ ᠶᠡᠭᠡ ᠬᠤᠷᠠᠯ᠂ ᠮᠤᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠵᠡᠷᠭᠡ ᠰᠣᠶᠣᠯ ᠵᠢᠭᠤᠯᠴᠢᠯᠠᠯ ᠤᠨ | ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠤᠯᠠᠨ ᠲᠤᠭᠠᠨ ᠤ ᠭᠠᠳᠠᠷ ᠮᠣᠵᠢ ᠣᠷᠣᠨ ᠤ ᠵᠤᠭᠠᠴᠠᠭᠰᠠᠳ ᠢ | ᠬᠦᠯᠢᠶᠡᠨ ᠠᠪᠴᠠᠢ᠃ ᠭᠤᠷᠪᠠᠳᠤᠭᠠᠷ ᠠᠵᠤ ᠦᠶᠯᠡᠰ ᠡᠷᠬᠢᠯᠡᠵᠦ ᠪᠠᠶᠢᠭ᠎ᠠ ᠨᠢᠭᠡ ᠠᠵᠤ ᠠᠬᠤᠶᠢᠯᠠᠯ ᠢ ᠪᠠᠷᠢᠮᠵᠢᠶᠠᠨ | ᠳᠤ ᠬᠦᠷᠭᠡᠨ ᠪᠦᠷᠢᠳᠬᠡᠯ ᠳᠤ ᠤᠷᠤᠭᠤᠯᠵᠤ᠂ ᠬᠤᠭᠤᠯᠠᠨ ᠭᠡᠷ᠂ ᠬᠤᠨᠤᠭ ᠪᠠᠭᠤᠳᠠᠯ᠂ ᠠᠷᠠᠯᠵᠢᠶ᠎ᠠ ᠬᠤᠳᠠᠯᠳᠤᠭ᠎ᠠ᠂ | ᠬᠡᠲᠦ ᠳᠡᠯᠭᠡᠭᠦᠷ ᠵᠡᠷᠭᠡ ᠤᠯᠠᠮᠵᠢᠯᠠᠯᠲᠤ ᠦᠶᠯᠡᠴᠢᠯᠡᠭᠡᠨ ᠤ ᠦᠶᠯᠡᠰ ᠡᠮᠬᠢ ᠴᠡᠭᠴᠡᠲᠡᠢ ᠬᠦᠭᠵᠢᠵᠦ ᠪᠤᠢ᠃ | ᠭᠤᠷᠪᠠ ᠳᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠤᠯᠤᠰ | ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ | ᠲᠦᠯᠬᠢᠨ ᠠᠬᠢᠭᠤᠯᠵᠠᠢ᠃ ᠭᠤᠤᠯᠳᠠᠯᠭᠠᠲᠤ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠶᠢ ᠪᠦᠬᠦ ᠲᠠᠯ᠎ᠠ | ᠪᠠᠷ ᠬᠢᠨᠠᠨ ᠬᠠᠮᠢᠶᠠᠷᠴᠤ᠂ ᠬᠤᠰᠢᠭᠤᠨ ᠲᠦᠪ ᠲᠠᠬᠢ ︽ᠲᠠᠷᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ | ᠲᠠᠢ︾ ᠵᠦᠢᠯᠡᠰ ᠪᠠ ᠨᠡᠭᠦᠷᠡᠰᠦ ᠰᠢᠲᠠᠭᠠᠬᠤ ᠵᠢᠵᠢᠭ ᠵᠤᠤᠬ᠎ᠠ ᠶᠢ ᠴᠡᠭᠴᠡᠯᠡᠨ ᠴᠡᠪᠡᠷᠯᠡᠪᠡ᠃ ᠠᠭᠠᠷ ᠤᠨ ᠴᠡᠪᠡᠷᠴᠡ | ᠪᠦᠬᠦ ᠤᠷᠤᠨ ᠳᠤ 21 ᠳ᠋ᠦ᠋ᠭᠡᠷ ᠪᠠᠶᠢᠷᠢᠨ ᠳᠤ ᠵᠢᠭᠰᠠᠭᠠᠭᠳᠠᠪᠠ᠃ ᠮᠠᠯ ᠵᠢᠭᠦᠷᠲᠡᠨ ᠤ ᠢᠯᠭᠠᠳᠠᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠪᠦᠬᠦ ᠬᠤᠰᠢᠭᠤᠨ ᠳᠤ ᠲᠦᠯᠬᠢᠨ ᠠᠬᠢᠭᠤᠯᠬᠤ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠳᠠᠭᠤᠰᠬᠠᠨ ᠠᠰᠢᠭᠯᠠᠯᠲᠠ ᠳᠤ ᠤᠷᠤᠭᠤᠯᠵᠤ᠂ ᠭᠤᠷᠪᠠᠳᠤᠭᠠᠷ ᠤᠰᠤᠨ ᠰᠤᠷᠪᠤᠯᠵᠢ ᠶᠢᠨ ᠣᠷᠣᠨ | ᠤ ᠪᠠᠷᠢᠮᠵᠢᠶ᠎ᠠ ᠳᠤ ᠬᠦᠷᠭᠡᠬᠦ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠨ᠂ ᠪᠢᠴᠢᠯ | ᠬᠦᠳᠡᠯᠭᠡᠭᠦᠷᠲᠦ ᠪᠤᠬᠢᠷ ᠤᠰᠤ ᠶᠢ ᠴᠡᠪᠡᠷᠰᠢᠭᠦᠯᠬᠦ ᠲᠦᠬᠦᠭᠡᠷᠦᠮᠵᠢ ᠶᠢᠨ ᠭᠤᠤᠯ ᠮᠠᠰᠢᠨ ᠢ ᠤᠭᠰᠠᠷᠠᠪᠠ᠃ ᠮᠠᠯᠵᠢᠬᠤ | ᠤᠷᠤᠨ ᠤ ︽ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ ᠦᠭᠡᠷᠡᠴᠢᠯᠡᠯᠲᠡ︾ ᠶᠢᠨ ᠲᠥᠷᠥᠯ ᠵᠦᠢᠯ ᠤᠨ ᠲᠤᠰ ᠵᠢᠯ | ᠤᠨ ᠡᠭᠦᠷᠭᠡ ᠶᠢ ᠪᠡᠶᠡᠯᠡᠭᠦᠯᠪᠡ᠃ ᠪᠣᠬᠢᠷ ᠤᠰᠤ ᠶᠢ ᠴᠡᠪᠡᠷᠰᠢᠭᠦᠯᠬᠦ ᠦᠷᠲᠡᠭᠡᠨ ᠤ ᠦᠯᠡᠳᠡᠭᠳᠡᠯ ᠤᠰᠤ ᠶᠢ | ᠠᠰᠢᠭᠯᠠᠬᠤ ᠵᠣᠬᠢᠶᠠᠮᠠᠯ ᠨᠠᠭᠤᠷ ᠤᠨ ᠪᠦᠲᠦᠭᠡᠨ ᠪᠠᠶᠢᠭᠤᠯᠤᠯᠲᠠ ᠶᠢᠨ 83% ᠠᠴᠠ ᠳᠡᠭᠡᠭᠰᠢᠬᠢ ᠠᠵᠢᠯ ᠢ ᠨᠢᠭᠡᠨᠲᠡ | ᠳᠠᠭᠤᠰᠬᠠᠪᠠ᠃ 134.36 ᠲᠦᠮᠡᠨ ᠪᠣᠰᠤᠭ᠎ᠠ ᠳᠥᠷᠪᠡᠯᠵᠢᠨ ᠮᠧᠲᠷ ᠪᠣᠬᠢᠷ ᠤᠰᠤ ᠶᠢ ᠴᠡᠪᠡᠷᠰᠢᠭᠦᠯᠦᠨ᠂ ᠪᠣᠬᠢᠷ | ᠤᠰᠤ ᠶᠢ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠤᠭᠰᠠᠨ ᠨᠣᠷᠮ᠎ᠠ 100% ᠳᠤ ᠬᠦᠷᠴᠦ᠂ ᠬᠤᠲᠠ ᠪᠠᠯᠭᠠᠰᠤᠨ | ᠤ ᠠᠮᠢᠳᠤᠷᠠᠯ ᠤᠨ ᠪᠣᠬᠢᠷ ᠤᠰᠤ ᠶᠢ ᠴᠡᠪᠡᠷᠰᠢᠭᠦᠯᠦᠭᠰᠡᠨ ᠨᠣᠷᠮ᠎ᠠ 94.3% ᠳᠤ ᠬᠦᠷᠴᠦ᠂ 106.2 ᠲᠦᠮᠡᠨ | ᠲᠤᠨ ᠴᠡᠪᠡᠷᠰᠢᠭᠦᠯᠦᠭᠰᠡᠨ ᠤᠰᠤ ᠶᠢ ᠲᠠᠬᠢᠨᠲᠠ ᠠᠰᠢᠭᠯᠠᠵᠤ᠂ ᠠᠰᠢᠭᠯᠠᠯᠲᠠ ᠶᠢᠨ ᠨᠤᠷᠮ᠎ᠠ 86% ᠳᠤ ᠬᠦᠷᠴᠡᠢ᠃ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠵᠠᠭᠠᠭ ᠢ ᠰᠢᠨᠵᠢᠯᠡᠵᠦ ᠪᠠᠷᠢᠮᠵᠢᠶ᠎ᠠ ᠲᠣᠭᠲᠠᠭᠠᠬᠤ ᠪᠠ | ᠲᠤᠬᠠᠢ ᠶᠢᠨ ᠤᠷᠤᠨ ᠳᠤ ᠪᠠᠶᠢᠭ᠎ᠠ ᠰᠠᠭᠤᠭᠠᠯᠢ ᠠᠷᠠᠳ᠂ ᠠᠭᠤᠷᠬᠠᠢ ᠠᠵᠤ ᠦᠢᠯᠡᠳᠪᠦᠷᠢ᠂ ᠮᠠᠯ ᠲᠠᠷᠢᠶᠠᠯᠠᠩ ᠵᠡᠷᠭᠡ | ᠳᠤ ᠪᠠᠶᠢᠴᠠᠭᠠᠯᠲᠠ ᠬᠢᠬᠦ ᠠᠵᠢᠯ ᠢ ᠤᠷᠤᠭᠰᠢᠲᠠᠢ ᠶᠠᠪᠤᠭᠳᠠᠭᠤᠯᠪᠠ᠃ ᠴᠠᠭᠠᠨᠨᠠᠭᠤᠷ ᠤᠨ ᠤᠷᠤᠰᠬᠠᠯ ᠤᠨ ᠤᠷᠤᠨ ᠤ | ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ 10 ᠲᠦᠮᠡᠨ ᠮᠤ᠋ ᠨᠤᠲᠤᠭ ᠪᠡᠯᠴᠢᠭᠡᠷ | ᠢ ᠪᠢᠲᠡᠭᠦᠮᠵᠢᠯᠡᠨ᠂ 500 ᠮᠤ᠋ ᠲᠠᠷᠢᠮᠠᠯ ᠲᠠᠷᠢᠵᠤ᠂ 12 ᠲᠡᠭᠰᠢ ᠳᠥᠷᠪᠡᠯᠵᠢᠨ ᠺᠢᠯᠤᠮᠧᠲᠷ ᠲᠠᠯᠠᠪᠠᠢ ᠪᠦᠬᠦᠢ | ᠤᠷᠤᠰᠬᠠᠯ ᠭᠠᠵᠠᠷ ᠢ ᠶᠡᠷᠦᠩᠬᠡᠶᠢᠯᠡᠨ ᠵᠠᠰᠠᠵᠤ᠂ 1 ᠲᠦᠮᠡᠨ ᠮᠤ᠋ ᠨᠤᠲᠤᠭ ᠪᠡᠯᠴᠢᠭᠡᠷ ᠢ ᠬᠡᠪᠴᠢᠶᠡᠵᠢᠭᠦᠯᠦᠨ | ᠪᠣᠷᠳᠣᠭᠤᠷ ᠤᠷᠤᠭᠤᠯᠬᠤ ᠬᠡᠯᠪᠡᠷᠢ ᠪᠠᠷ ᠰᠠᠶᠢᠵᠢᠷᠠᠭᠤᠯᠪᠠ᠃ 3.56 ᠲᠦᠮᠡᠨ ᠮᠤ᠋ ᠣᠢ ᠰᠢᠭᠤᠢ ᠨᠤᠲᠤᠭ ᠪᠡᠯᠴᠢᠭᠡᠷ | ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠦᠨᠳᠦᠰᠦᠨ ᠨᠤᠲᠤᠭ ᠪᠡᠯᠴᠢᠭᠡᠷ ᠢ ᠬᠢᠨᠠᠨ | ᠲᠤᠭᠲᠠᠭᠠᠭᠰᠠᠨ ᠨᠤᠷᠮ᠎ᠠ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ ᠶᠢᠨ 87.05% ᠳᠤ | ᠬᠦᠷᠴᠡᠢ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠰᠡᠯᠭᠦᠨ | ᠮᠠᠯᠵᠢᠬᠤ ᠨᠦᠬᠦᠪᠦᠷᠢ ᠨᠡᠶᠢᠲᠡ 3678 ᠲᠦᠮᠡᠨ ᠲᠦᠭᠦᠷᠢᠭ ᠲᠠᠷᠬᠠᠭᠠᠵᠤ᠂ ᠨᠤᠲᠤᠭ ᠪᠡᠯᠴᠢᠭᠡᠷ ᠤᠨ ᠰᠡᠷᠭᠦᠭᠡᠯᠲᠡ | ᠶᠢ ᠪᠡᠶᠡᠯᠡᠭᠦᠯᠪᠡ᠃ ᠪᠣᠷᠵᠢᠨ ᠴᠢᠯᠠᠭᠤᠨ ᠤ ᠠᠭᠤᠷᠬᠠᠢ ᠶᠢ ᠨᠡᠶᠢᠯᠡᠭᠦᠯᠦᠨ ᠨᠢᠭᠡᠳᠬᠡᠬᠦ ᠠᠵᠢᠯ ᠢ ᠢᠳᠡᠪᠬᠢᠲᠡᠢ | ᠲᠦᠯᠬᠢᠨ ᠠᠬᠢᠭᠤᠯᠪᠠ᠃ ᠪᠣᠬᠢᠷᠲᠤᠯ ᠦᠭᠡᠢ ᠠᠭᠤᠷᠬᠠᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ | ᠢ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠵᠡᠢ᠃ 8236.8 ᠲᠦᠮᠡᠨ ᠲᠥᠭᠦᠷᠢᠭ ᠤᠨ | ᠪᠡᠯᠡ ᠤᠷᠤᠭᠤᠯᠵᠤ᠂ ᠠᠰᠢᠭᠯᠠᠯᠲᠠ ᠶᠢᠨ ᠬᠤᠭᠤᠴᠠᠭᠠᠨ ᠳᠠᠬᠢ ᠠᠭᠤᠯᠠ ᠠᠭᠤᠷᠬᠠᠢ ᠳᠤ 2.57 ᠲᠡᠭᠰᠢ | ᠳᠥᠷᠪᠡᠯᠵᠢᠨ ᠺᠢᠯᠤᠮᠧᠲᠷ ᠲᠠᠯᠠᠪᠠᠢ ᠪᠦᠬᠦᠢ 118 ᠲᠦᠷᠦᠯ ᠤᠨ ᠵᠠᠰᠠᠨ ᠴᠡᠭᠴᠡᠯᠡᠯᠲᠡ ᠶᠢᠨ ᠡᠭᠦᠷᠭᠡ ᠶᠢ | ᠪᠡᠶᠡᠯᠡᠭᠦᠯᠪᠡ᠃ ᠨᠤᠲᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ 110 ᠠᠵᠢᠯᠯᠠᠭ᠎ᠠ ᠶᠢ | ᠲᠤᠰᠬᠠᠶ ᠴᠡᠭᠴᠡᠯᠡᠨ ᠰᠢᠢᠳᠪᠦᠷᠢᠯᠡᠵᠦ᠂ 2023 ᠣᠨ ᠤ ᠣᠶ ᠰᠢᠭᠤᠶ ᠨᠤᠲᠤᠭ ᠪᠡᠯᠴᠢᠭᠡᠷ ᠤᠨ 714 ᠵᠢᠷᠤᠭ ᠢ | ᠬᠢᠨᠠᠨ ᠬᠠᠷᠭᠤᠭᠤᠯᠵᠠᠢ᠃ 2022᠂ 2023 ᠣᠨ ᠳᠤ ᠬᠡᠷᠡᠭᠵᠢᠭᠦᠯᠦᠭᠰᠡᠨ ᠦᠯᠡᠳᠡᠭᠳᠡᠯ ᠠᠭᠤᠷᠬᠠᠢ ᠶᠢᠨ ᠨᠦᠬᠡ | ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠲᠥᠷᠥᠯ ᠵᠦᠶᠯ ᠨᠢ ᠴᠥᠮ ᠬᠠᠮᠤᠭ ᠡᠴᠦᠰ | ᠤᠨ ᠬᠢᠨᠠᠨ ᠰᠢᠯᠭᠠᠯᠲᠠ ᠳᠤ ᠬᠢᠷᠢ ᠲᠡᠩᠴᠡᠪᠡ᠃ | ᠳᠥᠷᠪᠡ ᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ | ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠲᠦᠰᠦᠯ | ᠢ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠬᠦᠪᠡᠭᠡᠲᠦ ᠰᠢᠷ᠎ᠠ ᠶᠢᠨ ᠰᠠᠶᠢᠨ | ᠦᠢᠯᠡᠴᠢᠯᠡᠭᠡ︾ ᠰᠢᠨ᠎ᠡ ᠲᠡᠮᠳᠡᠭ ᠢ ᠡᠭᠦᠳᠴᠡᠢ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠩᠬᠢᠮ ᠳᠤ 40 | ᠰᠠᠯᠠᠭ᠎ᠠ ᠮᠥᠴᠢᠷ ᠤᠨ 1591 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠦᠪᠯᠡᠷᠡᠭᠦᠯᠦᠨ | ᠬᠠᠩᠭᠠᠵᠤ ᠳᠡᠶᠢᠯᠬᠦ ᠪᠦᠭᠡᠳ ︽1 + 4︾ ᠦᠶᠯᠡᠴᠢᠯᠡᠭᠡᠨ ᠤ ᠵᠠᠭᠪᠤᠷ ᠢ ᠪᠤᠢ ᠪᠤᠯᠭᠠᠨ᠂ 142 ᠬᠥᠮᠦᠨ ᠤ ︽ | ᠬᠠᠪᠰᠤᠷᠤᠨ ᠭᠦᠢᠴᠡᠳᠬᠡᠬᠦ᠂ ᠣᠷᠣᠯᠠᠨ ᠭᠦᠶᠴᠡᠳᠬᠡᠬᠦ︾ ᠡᠩᠨᠡᠭᠡ ᠶᠢ ᠵᠣᠬᠢᠶᠠᠨ ᠪᠠᠶᠢᠭᠤᠯᠵᠤ᠂ ︽ᠨᠢᠭᠡ ᠤᠴᠢᠷ ᠢ | ᠨᠢᠭᠡᠯᠡ ᠤᠳᠠᠭ᠎ᠠ ᠳᠤ ᠭᠦᠶᠴᠡᠳᠬᠡᠬᠦ︾ ᠶᠢ ᠭᠦᠨᠵᠡᠭᠡᠢ ᠶᠠᠪᠤᠭᠳᠠᠭᠤᠯᠵᠤ᠂ ᠵᠠᠰᠠᠭ ᠤᠨ ᠶᠠᠪᠤᠳᠠᠯ ᠤᠨ ᠠᠮᠠᠷᠠᠯᠲᠠ | ᠥᠬᠡᠶ ᠦᠶᠯᠡᠴᠢᠯᠡᠭᠡ ᠶᠢ ᠬᠡᠷᠡᠭᠵᠢᠭᠦᠯᠪᠡ᠃ 25 ᠵᠦᠶᠯ ᠤᠨ ︽ᠪᠥᠬᠦ ᠠᠶᠢᠮᠠᠭ ᠲᠤ ᠨᠡᠶᠢᠳᠡᠮ ᠭᠦᠶᠴᠡᠳᠬᠡᠬᠦ︾ | ᠦᠢᠯᠡᠴᠢᠯᠡᠭᠡ᠂ 160 ᠵᠦᠶᠯ ᠤᠨ ︽ᠪᠥᠬᠦ ᠣᠷᠣᠨ ᠳᠤ ᠨᠡᠶᠢᠳᠡᠮ ᠭᠦᠶᠴᠡᠳᠬᠡᠬᠦ︾ ᠦᠢᠯᠡᠴᠢᠯᠡᠭᠡ ᠪᠠ 146 | ᠵᠦᠶᠯ ᠤᠨ ︽ᠮᠤᠵᠢ ᠠᠯᠤᠰᠯᠠᠨ ᠭᠦᠶᠴᠡᠳᠬᠡᠬᠦ︾ ᠦᠢᠯᠡᠴᠢᠯᠡᠭᠡ ᠶᠢ ᠪᠤᠳᠠᠲᠠᠶᠢᠵᠢᠭᠤᠯᠪᠠ᠃ ︽ᠮᠥᠩᠬᠡ ᠰᠤᠪᠠᠭ︾ | APP ᠤᠨ ᠠᠷᠠᠳ ᠲᠤ ᠳᠥᠭᠦᠮ ᠦᠵᠡᠭᠦᠯᠬᠦ 9 ᠲᠦᠷᠦᠯ ᠤᠨ ᠬᠡᠷᠡᠭᠯᠡᠭᠡᠨ ᠢ ᠵᠠᠯᠭᠠᠨ ᠠᠰᠢᠭᠯᠠᠵᠤ᠂ ᠰᠦᠯᠵᠢᠶ᠎ᠡ | ᠪᠠᠷ ᠭᠦᠢᠴᠡᠳᠬᠡᠭᠰᠡᠨ ᠨᠣᠷᠮ᠎ᠠ 97.36% ᠳᠤ ᠬᠦᠷᠴᠡᠢ᠃ ︽ᠬᠤᠶᠠᠷ ᠢ ᠰᠢᠯᠢᠳᠡᠭᠵᠢᠭᠦᠯᠬᠦ︾ ᠲᠤᠰᠬᠠᠶ | ᠠᠵᠢᠯᠯᠠᠭ᠎ᠠ ᠶᠢ ᠥᠷᠨᠢᠭᠦᠯᠵᠦ᠂ 1665 ᠵᠦᠶᠯ ᠤᠨ ᠭᠠᠳᠠᠭᠰᠢ ᠬᠠᠨᠳᠤᠭᠤᠯᠤᠭᠰᠠᠨ ᠵᠠᠰᠠᠭ ᠤᠨ ᠦᠢᠯᠡᠴᠢᠯᠡᠭᠡ ᠶᠢ | ᠨᠡᠶᠢᠲᠡᠯᠡᠨ᠂ ᠰᠢᠯᠢᠳᠡᠭᠵᠢᠭᠦᠯᠦᠭᠰᠡᠨ ᠨᠣᠷᠮ᠎ᠠ 92.73% ᠳᠤ ᠬᠦᠷᠴᠦ᠂ 93 ᠵᠦᠶᠯ ᠤᠨ ᠳᠣᠲᠣᠭᠠᠳᠤ ᠶᠢᠨ | ᠦᠢᠯᠡᠴᠢᠯᠡᠭᠡ ᠶᠢ ᠨᠡᠶᠢᠲᠡᠯᠡᠨ᠂ ᠰᠢᠯᠢᠳᠡᠭᠵᠢᠭᠦᠯᠦᠭᠰᠡᠨ ᠨᠣᠷᠮ᠎ᠠ 84.95% ᠳᠤ ᠬᠥᠷᠪᠡ᠃ ᠰᠢᠨᠵᠢᠯᠡᠬᠦ ᠤᠬᠠᠭᠠᠨ | ᠮᠡᠷᠭᠡᠵᠢᠯ ᠤᠨ ︽ᠭᠤᠷᠪᠠᠨ ᠦᠶᠯᠡᠴᠢᠯᠡᠭᠡ︾ ᠶᠢᠨ ᠠᠵᠢᠯᠯᠠᠭ᠎ᠠ ᠥᠷᠨᠢᠭᠦᠯᠵᠦ᠂ 2 ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ ᠠᠶᠢᠮᠠᠭ᠂ ᠣᠷᠣᠨ ᠬᠤᠶᠠᠷ ᠱᠠᠲᠤᠨ ᠤ | ᠬᠢᠨᠠᠨ ᠰᠢᠯᠭᠠᠯᠲᠠ ᠳᠤ ᠬᠢᠷᠢ ᠲᠡᠩᠴᠡᠵᠡᠢ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠶᠠᠪᠤᠴᠠ | ᠶᠢ ᠰᠢᠯᠢᠳᠡᠭᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠵᠠᠰᠠᠭ ᠤᠨ ᠣᠷᠳᠣᠨ ᠤ ᠬᠤᠳᠠᠯᠳᠤᠨ | ᠠᠪᠬᠤ ᠲᠥᠷᠥᠯ ᠵᠦᠶᠯ ᠳᠤ ︽ᠭᠠᠵᠠᠷ ᠠᠯᠤᠰᠯᠠᠵᠤ︾᠂ ︽ᠨᠢᠭᠤᠷᠳᠠᠨ ᠠᠭᠤᠯᠵᠠᠬᠤ ᠥᠬᠡᠶ︾ ᠪᠠᠷ | ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠲᠤᠭᠲᠠᠭᠠᠬᠤ ᠶᠢ ᠪᠦᠬᠦᠨ ᠢ ᠪᠡᠶᠡᠯᠡᠭᠦᠯᠦᠭᠰᠡᠨ ᠪᠠᠶᠢᠨ᠎ᠠ᠃ ᠵᠠᠰᠠᠭ | ᠤᠨ ᠤᠷᠳᠤᠨ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ 2 ᠤᠳᠠᠭ᠎ᠠ ᠵᠤᠬᠢᠶᠠᠨ ᠪᠠᠶᠢᠭᠤᠯᠤᠨ | ᠬᠤᠷᠠᠯᠳᠤᠭᠤᠯᠵᠤ᠂ ᠨᠥᠬᠦᠴᠡᠯ ᠳᠤ ᠨᠡᠶᠢᠴᠡᠬᠦ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠨᠢᠭᠡᠴᠡ ᠳᠤ ᠬᠠᠷᠠᠭᠠᠯᠵᠠᠯᠲᠤ | ᠵᠢᠭᠡᠯᠡᠯᠭᠡ ᠣᠯᠭᠤᠬᠤ ᠠᠵᠢᠯ ᠢ ᠵᠤᠬᠢᠴᠠᠭᠤᠯᠵᠠᠢ᠃ | ᠲᠠᠪᠤ ᠳᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ 3700 ᠭᠠᠷᠤᠢ | ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠪᠡᠯᠡ ᠮᠥᠩᠭᠦ ᠵᠠᠷᠤᠴᠠᠭᠤᠯᠵᠤ᠂ ᠰᠢᠨᠡᠪᠤᠯᠠᠭ ᠪᠠᠯᠭᠠᠰᠤᠨ ᠤ ᠬᠤᠶᠢᠲᠤ | ᠲᠣᠭᠤᠷᠢᠯ ᠵᠠᠮ ᠵᠢᠴᠢ ᠳᠠᠮᠵᠢᠭᠤᠯᠤᠭᠴᠢ ᠬᠤᠭᠤᠯᠠᠢ ᠵᠡᠷᠭᠡ ᠳᠠᠭᠠᠯᠲᠠ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ᠂ ᠪᠤᠬᠢᠷ ᠤᠰᠤᠨ ᠤ ᠬᠤᠭᠤᠯᠠᠢ ᠶᠢ ᠰᠢᠨᠡᠳᠬᠡᠨ ᠪᠠᠶᠢᠭᠤᠯᠬᠤ ᠢᠨᠵᠧᠨᠧᠷᠢᠩ᠂ | ᠲᠦᠭᠡᠭᠡᠯ ᠤᠰᠤᠨ ᠤ ᠤᠶᠤᠨᠲᠤ ᠬᠡᠮᠵᠢᠭᠦᠷ ᠢ ᠰᠤᠯᠢᠨ ᠤᠭᠰᠠᠷᠠᠬᠤ ᠢᠨᠵᠧᠨᠧᠷᠢᠩ ᠵᠡᠷᠭᠡ 7 ᠲᠦᠷᠦᠯ ᠤᠨ ᠬᠤᠳᠠ | ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ | ᠬᠤᠲᠠ ᠪᠠᠯᠭᠠᠰᠤᠨ ᠤ ᠭᠡᠷ ᠪᠠᠶᠢᠰᠢᠩ ᠢ ᠨᠤᠷᠠᠭᠠᠨ ᠲᠦᠪᠬᠢᠨᠡᠭᠦᠯᠬᠦ ᠲᠦᠷᠦᠯ ᠵᠦᠢᠯ ᠢ ᠴᠢᠨᠠᠷᠯᠢᠭ ᠪᠦᠲᠦᠮᠵᠢᠲᠡᠢ | ᠲᠦᠯᠬᠢᠨ ᠠᠬᠢᠭᠤᠯᠵᠤ᠂ 10 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠭᠠᠵᠠᠷ ᠢ ᠲᠠᠲᠠᠪᠤᠷᠢᠯᠠᠨ | ᠠᠪᠴᠤ ᠨᠤᠷᠠᠭᠠᠨ ᠴᠡᠪᠡᠷᠯᠡᠵᠡᠢ᠃ ᠭᠡᠷ ᠪᠠᠶᠢᠰᠢᠩ ᠲᠠᠲᠠᠪᠤᠷᠢᠯᠠᠭᠤᠯᠤᠭᠰᠠᠨ 98 ᠡᠷᠦᠬᠡ ᠶᠢᠨ ᠤᠷᠤᠨ ᠰᠠᠭᠤᠴᠠ ᠶᠢᠨ | ᠤᠯᠭᠤᠯᠲᠠ ᠶᠢ ᠪᠡᠶᠡᠯᠡᠭᠦᠯᠵᠦ᠂ 503 ᠢᠵᠢ ᠨᠡᠶᠢᠲᠡ ᠶᠢᠨ ᠳᠦᠷᠢᠶᠡᠰᠦᠨ ᠭᠡᠷ ᠢ ᠭᠠᠳᠠᠭᠰᠢ ᠳᠦᠷᠢᠶᠡᠰᠦᠯᠡᠭᠦᠯᠪᠡ᠃ | ᠢᠯᠴᠢ ᠬᠠᠩᠭᠠᠬᠤ ᠬᠤᠭᠤᠯᠠᠢ ᠶᠢ ᠰᠢᠨᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠨᠢᠭᠡᠳᠦᠭᠡᠷ ᠲᠡᠰ ᠤᠨ | ᠢᠯᠴᠢ ᠬᠠᠩᠭᠠᠬᠤ ᠬᠤᠭᠤᠯᠠᠢ 6.4 ᠺᠢᠯᠤᠮᠧᠲᠷ ᠪᠠ ᠬᠤᠶᠠᠳᠤᠭᠠᠷ ᠲᠡᠰ ᠤᠨ ᠢᠯᠴᠢ ᠬᠠᠩᠭᠠᠬᠤ ᠬᠤᠭᠤᠯᠠᠢ 5 | ᠺᠢᠯᠤᠮᠧᠲᠷ ᠢ ᠰᠢᠨᠡᠳᠬᠡᠨ ᠪᠠᠶᠢᠭᠤᠯᠵᠤ᠂ ᠢᠯᠴᠢ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ 5313 ᠲᠦᠮᠡᠨ | ᠲᠥᠭᠦᠷᠢᠭ ᠢ ᠵᠠᠷᠤᠴᠠᠭᠤᠯᠵᠤ᠂ ᠠᠵᠤ ᠦᠶᠯᠡᠰ ᠤᠨ ᠴᠢᠨᠠᠷᠲᠠᠢ᠂ ᠰᠠᠭᠤᠷᠢ ᠲᠥᠬᠦᠭᠡᠷᠦᠮᠵᠢ ᠶᠢᠨ ᠴᠢᠨᠠᠷᠲᠠᠢ 34 | ᠲᠥᠷᠥᠯ ᠵᠦᠶᠯ ᠢ ᠬᠡᠷᠡᠭᠵᠢᠭᠦᠯᠪᠡ᠃ 2 ᠠᠶᠢᠮᠠᠭ ᠤᠨ ᠲᠠᠰ ᠤᠨ ᠵᠢᠱᠢᠶᠡᠴᠢ ᠭᠠᠴᠠᠭ᠎ᠠ ᠨᠢ ᠬᠢᠨᠠᠨ ᠰᠢᠯᠭᠠᠯᠲᠠ ᠳᠤ | ᠬᠢᠷᠢ ᠲᠡᠩᠴᠡᠵᠡᠢ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ | ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ 9% ᠳᠤ ᠬᠥᠷᠪᠡ᠃ 11 ᠲᠦᠭᠡᠭᠡᠯ | ᠤᠰᠤᠨ ᠤ ᠢᠨᠵᠧᠨᠧᠷᠢᠩ ᠪᠠ 36 ᠰᠠᠤᠷᠢ ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠤ᠂ 65 | ᠬᠤᠳᠳᠤᠭ ᠢ ᠰᠢᠨ᠎ᠡ ᠪᠠᠷ ᠮᠠᠯᠲᠠᠨ᠂ ᠮᠢᠩᠭ᠎ᠠ ᠰᠢᠬᠠᠮ ᠬᠥᠮᠦᠨ ᠤ ᠤᠤᠭᠤᠬᠤ ᠤᠰᠤᠨ ᠤ ᠠᠮᠤᠷ ᠲᠦᠪᠰᠢᠨ ᠤ | ᠠᠰᠠᠭᠤᠳᠠᠯ ᠢ ᠰᠢᠢᠳᠪᠦᠷᠢᠯᠡᠵᠡᠢ᠃ 2023 ᠣᠨ ᠤ ᠬᠥᠳᠡᠭᠡ ᠲᠣᠰᠬᠤᠨ ᠤ ᠴᠠᠬᠢᠯᠭᠠᠨ ᠬᠦᠴᠦᠨ ᠢ ᠪᠠᠬᠢᠵᠢᠭᠦᠯᠦᠨ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 10 ᠺᠢᠯᠤᠸᠤᠯᠲ ᠤᠨ ᠴᠠᠬᠢᠯᠭᠠᠨ ᠤᠲᠠᠰᠤ ᠶᠢ 73.4 | ᠺᠢᠯᠤᠮᠧᠲᠷ᠂ 0.4 ᠺᠢᠯᠤᠸᠤᠯᠲ ᠤᠨ ᠴᠠᠬᠢᠯᠭᠠᠨ ᠤᠲᠠᠰᠤ ᠶᠢ 60 ᠺᠢᠯᠤᠮᠧᠲᠷ ᠲᠠᠲᠠᠵᠤ᠂ 160 ᠢᠵᠢ ᠪᠠᠭᠠᠨ᠎ᠠ | ᠳᠡᠭᠡᠷᠡᠬᠢ ᠬᠦᠴᠦᠳᠡᠯ ᠬᠤᠪᠢᠰᠬᠠᠭᠴᠢ ᠶᠢ ᠤᠭᠰᠠᠷᠠᠨ᠂ 2000 ᠰᠢᠬᠠᠭᠤ ᠮᠠᠯᠴᠢᠨ ᠡᠷᠦᠭᠡ ᠳᠤ ᠭᠤᠷᠪᠠᠨ ᠹᠠᠰ ᠤᠨ | ᠴᠠᠬᠢᠯᠭᠠᠨ ᠨᠡᠪᠲᠡᠷᠡᠭᠦᠯᠵᠦ ᠦᠭᠪᠡ᠃ 46 ᠺᠢᠯᠤᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ | ᠪᠠᠷ ᠪᠠᠶᠢᠭᠤᠯᠤᠭᠰᠠᠨ ᠪᠤᠶᠤ ᠵᠠᠰᠠᠨ ᠦᠭᠡᠷᠡᠴᠢᠯᠡᠵᠦ᠂ 70.77 ᠺᠢᠯᠤᠮᠧᠲᠷ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠢ ᠠᠷᠠᠴᠢᠯᠠᠨ ᠵᠠᠰᠠᠵᠤ᠂ S313 ᠵᠠᠮ ᠤᠨ ᠰᠢᠨᠡᠪᠤᠯᠠᠭ ᠪᠠᠯᠭᠠᠰᠤᠨ ᠠᠴᠠ ᠪᠣᠭᠳᠠ ᠶᠢᠨ ᠭᠤᠣᠯ | ᠰᠤᠮᠤᠨ ᠲᠦᠪ ᠬᠦᠷᠬᠦ ᠬᠡᠰᠡᠭ ᠤᠨ 19.12 ᠺᠢᠯᠤᠮᠧᠲᠷ ᠢ ᠰᠢᠨᠡᠳᠬᠡᠨ ᠵᠠᠰᠠᠭᠰᠠᠨ ᠪᠠᠶᠢᠨ᠎ᠠ᠃ 5G ᠰᠦᠯᠵᠢᠶᠡᠨ | ᠤ ᠰᠠᠭᠤᠷᠢ ᠥᠷᠲᠡᠭᠡ 32 ᠢ ᠪᠠᠶᠢᠭᠤᠯᠵᠤ᠂ 4G ᠰᠦᠯᠵᠢᠶᠡᠨ ᠤ ᠰᠠᠭᠤᠷᠢ ᠥᠷᠲᠡᠭᠡ 14 ᠶᠢ ᠪᠠᠶᠢᠭᠤᠯᠤᠨ᠂ | ᠴᠢᠮᠡᠭᠡ ᠬᠤᠯᠪᠣᠭᠠᠨ ᠤ ᠪᠠᠲᠤᠯᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠪᠠ᠃ ᠠᠷᠠᠳ ᠤᠨ ᠠᠮᠢᠳᠤᠷᠠᠯ ᠳᠤ | 10.03 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠤᠨ ᠵᠠᠷᠤᠯᠭ᠎ᠠ ᠶᠢᠨ 70% ᠠᠴᠠ ᠳᠡᠭᠡᠭᠰᠢᠬᠢ ᠶᠢ ᠡᠵᠡᠯᠡᠵᠡᠢ᠃ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠠᠴᠠ ᠪᠢᠯᠧᠲ ᠥᠭᠴᠦ ᠰᠢᠶᠳᠪᠦᠷᠢ ᠭᠠᠷᠭᠠᠬᠤ | ᠲᠦᠷᠢᠮ ᠢᠶᠠᠷ ᠰᠤᠩᠭᠤᠨ ᠲᠣᠭᠲᠠᠭᠠᠭᠰᠠᠨ 3 ᠠᠷᠠᠳ ᠤᠨ ᠠᠮᠢᠳᠤᠷᠠᠯ ᠤᠨ ᠪᠤᠳᠠᠲᠤ ᠶᠠᠪᠤᠳᠠᠯ ᠤᠨ ᠲᠥᠷᠥᠯ ᠵᠦᠶᠯ | ᠢ ᠴᠥᠮ ᠲᠣᠰ ᠵᠢᠯ ᠳᠡᠭᠡᠨ ᠡᠬᠢᠯᠡᠭᠦᠯᠵᠦ᠂ ᠲᠣᠰ ᠵᠢᠯ ᠳᠡᠭᠡᠨ ᠪᠠᠶᠢᠭᠤᠯᠵᠤ ᠳᠠᠭᠤᠰᠬᠠᠨ᠂ ᠲᠣᠰ ᠵᠢᠯ ᠳᠡᠭᠡᠨ ᠦᠷ᠎ᠡ | ᠪᠦᠲᠦᠮᠵᠢ ᠭᠠᠷᠭᠠᠭᠰᠠᠨ ᠪᠠᠶᠢᠨ᠎ᠠ᠃ 135 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ᠂ 67 ᠬᠤᠪᠢ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠤᠨ | ᠰᠠᠨᠠᠯ ᠳᠤᠷᠠᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠵᠦ ᠳᠠᠭᠤᠰᠬᠠᠭᠠᠳ ᠬᠠᠷᠢᠭᠤᠯᠲᠠ | ᠥᠭᠭᠦᠭᠰᠡᠨ ᠨᠤᠷᠮ᠎ᠠ 100% ᠳᠤ ᠬᠦᠷᠴᠦ᠂ ᠠᠷᠠᠳ ᠤᠨ ᠠᠮᠢᠳᠤᠷᠠᠯ ᠤᠨ ᠲᠤᠬᠠᠢ ᠠᠩᠬᠠᠷᠤᠯ ᠲᠦᠪᠯᠡᠷᠡᠵᠦ | ᠪᠠᠶᠢᠭᠰᠠᠨ ᠬᠡᠰᠡᠭ ᠠᠰᠠᠭᠤᠳᠠᠯ ᠳᠤ ᠬᠠᠷᠢᠭᠤᠯᠲᠠ ᠥᠭᠴᠦ ᠰᠢᠢᠳᠪᠦᠷᠢᠯᠡᠪᠡ᠃ ᠬᠦᠪᠡᠭᠡᠲᠦ ᠰᠢᠷ᠎ᠠ ᠬᠤᠰᠢᠭᠤᠨ ᠤ | ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠬᠦᠮᠦᠵᠢᠯ ᠤᠨ ᠦᠵᠡᠭᠦᠯᠦᠯᠭᠡ ᠶᠢᠨ ᠲᠠᠩᠬᠢᠮ ᠢ ᠪᠦᠲᠦᠭᠡᠨ | ᠪᠠᠶᠢᠭᠤᠯᠵᠤ ᠳᠠᠭᠤᠰᠬᠠᠨ᠂ 3 ᠭᠠᠴᠠᠭ᠎ᠠ ᠨᠢ ᠦᠪᠡᠷᠲᠡᠭᠡᠨ ᠵᠠᠰᠠᠬᠤ ᠤᠷᠤᠨ ᠤ ᠠᠷᠠᠳᠴᠢᠯᠠᠯ ᠬᠠᠤᠯᠢ ᠪᠠᠷ ᠵᠠᠰᠠᠭᠰᠠᠨ | ᠵᠢᠱᠢᠶᠡᠴᠢ ᠭᠠᠴᠠᠭ᠎ᠠ ᠪᠠᠷ ᠰᠤᠩᠭᠤᠭᠳᠠᠨ᠂ ᠭᠦᠨ ᠵᠤᠵᠠᠭᠠᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ | ᠨᠡᠶᠢᠭᠡᠮ ᠤᠨ ᠤᠷᠴᠢᠨ ᠠᠬᠤᠢ ᠶᠢ ᠪᠦᠲᠦᠭᠡᠨ ᠪᠠᠶᠢᠭᠤᠯᠪᠠ᠃ ᠬᠤᠲᠠ ᠪᠠᠯᠭᠠᠰᠤᠨ ᠤ 469 ᠬᠥᠮᠦᠨ ᠳᠤ ᠰᠢᠨ᠎ᠡ | ᠪᠠᠷ ᠠᠵᠢᠯ ᠤᠯᠭᠤᠨ᠂ 385 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ 222 ᠶᠠᠳᠠᠭᠤ ᠠᠴᠠ | ᠠᠩᠭᠢᠵᠢᠷᠠᠭᠰᠠᠨ ᠬᠥᠳᠡᠯᠮᠦᠷᠢ ᠬᠦᠴᠦᠨ ᠳᠤ ᠠᠵᠢᠯ ᠤᠯᠭᠤᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠬᠦᠯᠦᠰᠦᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠦᠭᠰᠡᠨ ᠪᠠᠶᠢᠨ᠎ᠠ᠃ | ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ ᠳᠠᠬᠢᠨ ᠬᠢᠨᠠᠯᠲᠠ ᠳᠤ ᠬᠢᠷᠢ | ᠲᠡᠩᠴᠡᠵᠡᠢ᠃ ᠨᠢᠭᠲᠠ ᠬᠠᠮᠵᠢᠯᠴᠠᠭᠠᠨ ᠤ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ | ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠥᠪᠡᠭᠡᠲᠦ ᠰᠢᠷ᠎ᠠ ᠬᠤᠰᠢᠭᠤᠨ ᠤ ᠶᠡᠷᠦᠩᠬᠡᠶ ᠡᠮᠨᠡᠯᠭᠡ ᠶᠢᠨ ᠬᠤᠷᠢᠶ᠎ᠠ ᠶᠢ | ᠠᠯᠪᠠᠨ ᠤ ᠲᠠᠯ᠎ᠠ ᠠᠴᠠ ᠪᠠᠶᠢᠭᠤᠯᠪᠠ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠵᠡᠷᠭᠡ | ᠶᠢᠨ ᠬᠥᠬᠡᠭᠴᠢᠨ ᠲᠡᠰ ᠤᠨ ᠡᠮᠨᠡᠯᠭᠡ ᠶᠢᠨ ᠬᠤᠷᠢᠶᠠᠨ ᠤ ᠬᠢᠨᠠᠨ ᠲᠣᠭᠲᠠᠭᠠᠯᠲᠠ ᠳᠤ ᠬᠢᠷᠢ ᠲᠡᠩᠴᠡᠨ᠂ ᠬᠤᠰᠢᠭᠤ | ᠮᠣᠩᠭᠤᠯ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠵᠡᠷᠭᠡ ᠶᠢᠨ ᠬᠥᠬᠡ ᠲᠡᠰ ᠤᠨ ᠦᠨᠳᠦᠰᠦᠲᠡᠨ ᠤ ᠡᠮᠨᠡᠯᠭᠡ ᠶᠢᠨ | ᠬᠤᠷᠢᠶᠠᠨ ᠤ ᠬᠢᠨᠠᠨ ᠲᠣᠭᠲᠠᠭᠠᠯᠲᠠ ᠳᠤ ᠬᠢᠷᠢ ᠲᠡᠩᠴᠡᠪᠡ᠃ ᠰᠢᠨ᠎ᠡ ᠪᠠᠷ ᠪᠠᠶᠢᠭᠤᠯᠤᠭᠰᠠᠨ ᠬᠤᠰᠢᠭᠤ ᠮᠣᠩᠭᠤᠯ | ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠠᠰᠠᠷ ᠪᠠ ᠬᠤᠰᠢᠭᠤ ᠠᠷᠠᠳ ᠤᠨ ᠡᠮᠨᠡᠯᠭᠡ ᠶᠢᠨ | ᠬᠤᠷᠢᠶᠠᠨ ᠤ ᠴᠢᠰᠤ ᠨᠡᠪᠴᠢᠭᠦᠯᠦᠨ ᠢᠯᠭᠠᠷᠠᠭᠤᠯᠬᠤ ᠲᠠᠰᠤᠭ ᠢ ᠠᠰᠢᠭᠯᠠᠯᠲᠠ ᠳᠤ ᠣᠷᠣᠭᠤᠯᠵᠤ᠂ ᠦᠨᠳᠦᠰᠦᠨ | ᠱᠠᠲᠤᠨ ᠤ 4 ᠡᠮᠴᠢᠯᠡᠭᠡᠨ ᠤ ᠪᠠᠶᠢᠭᠤᠯᠤᠮᠵᠢ ᠳᠤ ᠴᠥᠮ ᠮᠣᠩᠭᠤᠯ ᠡᠮᠨᠡᠯᠭᠡ ᠶᠢᠨ ᠰᠠᠯᠠᠭ᠎ᠠ ᠭᠠᠷᠭᠠᠭᠰᠠᠨ ᠪᠠ 42 | ᠭᠠᠴᠠᠭᠠᠨ ᠤ ᠡᠷᠡᠭᠦᠯ ᠬᠠᠮᠠᠭᠠᠯᠠᠯ ᠤᠨ ᠭᠡᠷ ᠲᠤ ᠮᠣᠩᠭᠤᠯ ᠡᠮᠨᠡᠯᠭᠡ ᠶᠢᠨ ᠦᠢᠯᠡᠴᠢᠯᠡᠭᠡ ᠬᠠᠩᠭᠠᠵᠤ ᠳᠡᠶᠢᠯᠬᠦ ᠪᠤᠯᠵᠤ᠂ | 5 ᠭᠠᠴᠠᠭᠠᠨ ᠤ ᠡᠷᠡᠭᠦᠯ ᠬᠠᠮᠠᠭᠠᠯᠠᠯ ᠤᠨ ᠭᠡᠷ ᠲᠤ ᠮᠣᠩᠭᠤᠯ ᠡᠮᠨᠡᠯᠭᠡ ᠶᠢᠨ ᠲᠠᠰᠤᠭ ᠪᠠᠶᠢᠭᠤᠯᠵᠠᠢ᠃ ᠪᠦᠬᠦ | ᠬᠤᠰᠢᠭᠤᠨ ᠤ 4 ᠰᠤᠮᠤ ᠪᠠᠯᠭᠠᠰᠤ᠂ 6 ᠨᠡᠶᠢᠭᠡᠮ ᠲᠤᠭᠤᠷᠢᠭ᠂ 60 ᠭᠠᠴᠠᠭᠠᠨ ᠳᠤ ᠦᠨᠳᠦᠰᠦᠨ ᠱᠠᠲᠤᠨ ᠤ | ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠴᠡᠭ ︵ᠦᠷᠲᠡᠭᠡ︶ ᠢ ᠪᠠᠶᠢᠭᠤᠯᠤᠨ᠂ ᠬᠠᠷᠠᠭᠠᠯᠵᠠᠭᠰᠠᠨ ᠡᠭᠦᠷᠭᠡ | ᠪᠠᠨ ᠳᠠᠪᠠᠭᠤᠯᠤᠨ ᠪᠡᠶᠡᠯᠡᠭᠦᠯᠵᠦ᠂ ᠦᠨᠳᠦᠰᠦᠨ ᠱᠠᠲᠤᠨ ᠤ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠬᠢᠷᠢ | ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠪᠡ᠃ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠨᠠᠰᠤᠵᠢᠯ ᠤᠨ | ᠳᠠᠭᠠᠳᠬᠠᠯ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠬᠤᠳᠠ ᠪᠠᠯᠭᠠᠰᠤᠨ ᠤ | ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠵᠡᠷᠭᠡ ᠳᠠᠭᠠᠳᠬᠠᠯ ᠳᠤ ᠤᠷᠤᠯᠴᠠᠭᠰᠠᠨ ᠨᠤᠷᠮ᠎ᠠ ᠤᠯᠠᠮ ᠨᠢᠭᠡ ᠠᠯᠬᠤᠮ ᠳᠡᠭᠡᠭᠰᠢᠯᠡᠪᠡ᠃ | ᠶᠠᠳᠠᠭᠤ ᠬᠦᠴᠢᠷᠳᠡᠯᠲᠡᠶ ᠤᠯᠠᠨ ᠲᠦᠮᠡᠨ ᠤ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠠᠵᠢᠯ ᠢ ᠰᠠᠶᠢᠳᠤᠷ | ᠬᠢᠵᠦ᠂ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠦᠩᠭᠦᠨ ᠤ ᠪᠠᠷᠢᠮᠵᠢᠶ᠎ᠠ ᠶᠢ | ᠰᠠᠷ᠎ᠠ ᠪᠦᠷᠢ 830 ᠲᠥᠭᠦᠷᠢᠭ ᠪᠣᠯᠭᠠᠨ ᠳᠡᠭᠡᠭᠰᠢᠯᠡᠭᠦᠯᠦᠨ᠂ ᠨᠡᠮᠡᠭᠳᠡᠯ ᠤᠨ ᠬᠡᠮᠵᠢᠶ᠎ᠡ ᠨᠢ 3.75% ᠳᠤ ᠬᠦᠷᠴᠦ᠂ | ᠥᠨᠥᠴᠢᠨ ᠬᠡᠦᠬᠡᠳ ᠤᠨ ᠪᠠᠲᠤᠯᠠᠭ᠎ᠠ ᠶᠢᠨ ᠮᠦᠩᠭᠦᠨ ᠤ ᠪᠠᠷᠢᠮᠵᠢᠶ᠎ᠠ ᠶᠢ ᠰᠠᠷ᠎ᠠ ᠪᠦᠷᠢ 2293 ᠲᠦᠭᠦᠷᠢᠭ ᠪᠣᠯᠭᠠᠨ | ᠳᠡᠭᠡᠭᠰᠢᠯᠡᠭᠦᠯᠦᠨ᠂ ᠨᠡᠮᠡᠭᠳᠡᠯ ᠤᠨ ᠬᠡᠮᠵᠢᠶ᠎ᠡ ᠨᠢ 9.2% ᠲᠤ ᠬᠦᠷᠴᠦ᠂ 1291.2 ᠲᠦᠮᠡᠨ ᠲᠥᠭᠦᠷᠢᠭ ᠤᠨ | ᠡᠯ᠎ᠡ ᠲᠥᠷᠥᠯ ᠤᠨ ᠨᠡᠶᠢᠭᠡᠮ ᠤᠨ ᠲᠡᠳᠬᠦᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠤᠰᠤᠭᠠᠷ | ᠬᠤᠪᠢᠶᠠᠷᠢᠯᠠᠨ ᠤᠯᠭᠤᠭᠰᠠᠨ ᠪᠠᠶᠢᠨ᠎ᠠ᠃ ᠪᠠᠯᠭᠠᠰᠤᠨ ᠤ ᠲᠡᠰ ᠤᠨ ᠨᠠᠰᠤᠲᠠᠳ ᠢ ᠠᠰᠠᠷᠠᠬᠤ ᠦᠢᠯᠡᠴᠢᠯᠡᠭᠡᠨ ᠤ ᠲᠥᠪ | ᠨᠢᠭᠡ ᠶᠢ ᠪᠠᠶᠢᠭᠤᠯᠵᠤ᠂ ᠭᠠᠴᠠᠭᠠᠨ ᠤ ᠲᠡᠰ ᠤᠨ ᠨᠠᠰᠤᠲᠠᠳ ᠢ ᠠᠰᠠᠷᠠᠬᠤ ᠦᠢᠯᠡᠴᠢᠯᠡᠭᠡᠨ ᠤ ᠥᠷᠲᠡᠭᠡ ᠳᠦᠷᠪᠡ ᠶᠢ | ᠪᠠᠶᠢᠭᠤᠯᠵᠤ ᠳᠠᠭᠤᠰᠬᠠᠭᠰᠠᠨ ᠪᠦᠭᠡᠳ᠂ ᠮᠦᠷᠭᠦᠴᠢ ᠭᠠᠴᠠᠭᠠᠨ ᠤ ︿ᠵᠣᠯ ᠵᠢᠷᠭᠠᠯᠲᠤ ᠬᠦᠷᠢᠶᠡᠯᠡᠩ﹀ ᠢ ᠵᠠᠰᠠᠨ | ᠦᠭᠡᠷᠡᠴᠢᠯᠡᠵᠡᠢ᠃ 24 ᠣᠨᠴᠠ ᠬᠦᠴᠢᠷᠳᠡᠯᠲᠡᠶ ᠨᠠᠰᠤᠲᠠᠶᠢᠴᠤᠳ ᠤᠨ ᠭᠡᠷ ᠪᠦᠯᠢ ᠳᠤ ᠨᠠᠰᠤᠲᠠᠶᠢᠴᠤᠳ ᠲᠤ | ᠲᠤᠬᠢᠷᠠᠮᠵᠢᠲᠠᠢ ᠪᠦᠲᠦᠭᠡᠨ ᠪᠠᠶᠢᠭᠤᠯᠤᠯᠲᠠ ᠬᠢᠵᠦ ᠦᠭᠪᠡ᠃ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠳᠤ | ᠹᠢᠽᠢᠺ ᠬᠢᠮᠢ ᠠᠮᠢᠳᠤ ᠪᠣᠳᠠᠰ ᠤᠨ ᠤᠬᠠᠭᠠᠨ ᠤ ᠤᠶᠤᠨᠲᠤ ᠲᠤᠷᠰᠢᠯᠲᠠ ᠶᠢᠨ ᠲᠠᠰᠤᠭ ᠪᠠᠶᠢᠭᠤᠯᠵᠤ᠂ ᠬᠤᠰᠢᠭᠤ | ᠨᠢᠭᠡᠳᠦᠭᠡᠷ ᠳᠤᠮᠳᠠᠳᠤ ᠰᠤᠷᠭᠠᠭᠤᠯᠢ ᠳᠤ ᠨᠡᠶᠢᠳᠡᠮ ᠬᠡᠷᠡᠭᠯᠡᠭᠳᠡᠬᠦ ᠮᠡᠷᠭᠡᠵᠢᠯ ᠤᠨ ᠲᠤᠷᠰᠢᠯᠲᠠ ᠶᠢᠨ ᠲᠠᠰᠤᠭ | ᠪᠠᠶᠢᠭᠤᠯᠤᠨ᠂ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠬᠤᠶᠠᠳᠤᠭᠠᠷ | ᠳᠤᠮᠳᠠᠳᠤ ᠰᠤᠷᠭᠠᠭᠤᠯᠢ᠂ ᠬᠤᠶᠠᠳᠤᠭᠠᠷ ᠬᠡᠦᠬᠡᠳ ᠤᠨ ᠴᠡᠴᠡᠷᠯᠢᠭ ᠤᠨ ᠲᠠᠮᠢᠷ ᠤᠨ ᠲᠠᠯᠠᠪᠤᠷ ᠢ ᠰᠡᠯᠪᠢᠨ ᠵᠠᠰᠠᠬᠤ | ᠢᠨᠵᠧᠨᠧᠷᠢᠩ ᠢ ᠬᠡᠷᠡᠭᠵᠢᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠭᠰᠠᠨ | ᠪᠠᠶᠢᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠳᠠᠳᠤᠯᠭ᠎ᠠ ᠶᠢᠨ ᠴᠢᠨᠠᠷᠲᠠᠢ ᠵᠢᠭᠠᠨ | ᠰᠤᠷᠭᠠᠯᠲᠠ ᠶᠢ ᠢᠳᠡᠪᠬᠢᠲᠡᠢ ᠠᠬᠢᠭᠤᠯᠵᠤ᠂ ᠰᠤᠷᠤᠭᠴᠢᠳ᠂ ᠭᠡᠷ ᠤᠨ ᠠᠬᠠᠮᠠᠳ ᠪᠤᠯᠤᠨ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠵᠦᠪᠰᠢᠶᠡᠷᠡᠯ ᠳᠡᠮᠵᠢᠭᠡ ᠶᠢ ᠬᠦᠷᠲᠡᠵᠡᠢ᠃ ᠬᠤᠰᠢᠭᠤ ᠲᠠᠰ ᠤᠨ ᠨᠡᠷᠡᠲᠦ ᠪᠠᠭᠰᠢ ᠶᠢᠨ | ᠠᠵᠢᠯᠯᠠᠬᠤ ᠲᠠᠰᠤᠭ ︵ᠬᠡᠷ︶ 8 ᠶᠢ ᠪᠠᠶᠢᠭᠤᠯᠵᠤ᠂ 9 ᠨᠡᠷ᠎ᠡ ᠠᠵᠢᠯ ᠤᠨ ᠴᠢᠯᠦᠭᠡᠨ ᠤ ᠵᠢᠭᠠᠬᠤ ᠶᠢ ᠰᠤᠳᠤᠯᠤᠭᠴᠢ | ᠶᠢ ᠤᠷᠢᠨ ᠬᠡᠷᠡᠭᠯᠡᠭᠰᠡᠨ ᠪᠠ ᠳᠤᠮᠳᠠᠳᠤ ᠪᠠᠭ᠎ᠠ ᠰᠤᠷᠭᠠᠭᠤᠯᠢ ᠪᠤᠯᠤᠨ ᠬᠡᠦᠬᠡᠳ ᠤᠨ ᠴᠡᠴᠡᠷᠯᠢᠭ ᠤᠨ ᠵᠠᠬᠢᠷᠤᠯ ︵ | ᠴᠡᠴᠡᠷᠯᠢᠭ ᠤᠨ ᠳᠠᠷᠤᠭ᠎ᠠ︶ ᠤᠨ ᠠᠵᠢᠯ ᠤᠨ ᠪᠦᠲᠦᠮᠵᠢ ᠶᠢ ᠰᠢᠯᠭᠠᠨ ᠬᠢᠨᠠᠵᠤ ᠱᠠᠩᠨᠠᠨ ᠬᠦᠬᠢᠭᠦᠯᠬᠦ ᠪᠠᠶᠢᠭᠤᠯᠤᠮᠵᠢ | ᠶᠢ ᠪᠠᠶᠢᠭᠤᠯᠪᠠ᠃ ᠠᠵᠤ ᠠᠬᠤᠶ ᠶᠢᠨ ᠬᠦᠴᠢᠷᠳᠡᠯ ᠲᠠᠢ ᠭᠡᠷ ᠪᠦᠯᠢ ᠶᠢᠨ 293 ᠤᠶᠤᠲᠠᠳ ᠲᠤ ᠨᠤᠲᠤᠭ ᠤᠷᠤᠨ | ᠤ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠤᠯᠭᠤᠨ ᠦᠭᠴᠦ᠂ ᠠᠵᠤ ᠠᠬᠤᠢ ᠶᠢᠨ ᠬᠦᠴᠢᠷᠳᠡᠯ | ᠲᠠᠢ ᠭᠡᠷ ᠪᠦᠯᠢ ᠶᠢᠨ ᠰᠤᠷᠤᠭᠴᠢᠳ ᠤᠨ ᠡᠯ᠎ᠡ ᠲᠦᠷᠦᠯ ᠤᠨ ᠨᠦᠬᠦᠪᠦᠷᠢ ᠮᠦᠩᠭᠦ ᠶᠢ ᠲᠤᠭ᠎ᠠ ᠶᠤᠰᠤᠭᠠᠷ ᠤᠯᠭᠤᠨ | ᠦᠭᠪᠡ᠃ 3244 ᠲᠣᠨ ︽ᠬᠠᠯᠠᠮᠵᠢ ᠶᠢᠨ ᠨᠡᠭᠦᠷᠡᠰᠦ︾ ᠶᠢ ᠬᠠᠩᠭᠠᠵᠤ᠂ ᠮᠠᠯᠵᠢᠬᠤ ᠣᠷᠣᠨ ᠤ ᠣᠯᠠᠨ ᠲᠦᠮᠡᠨ | ᠤ ᠳᠤᠯᠠᠭᠠᠨ ᠡᠪᠦᠯᠵᠢᠬᠦ ᠶᠢ ᠪᠠᠲᠤᠯᠠᠵᠠᠢ᠃ ᠣᠷᠣᠰᠢᠭᠤᠯᠭ᠎ᠠ ᠶᠢᠨ ᠶᠤᠰᠤᠯᠠᠯ ᠤᠨ ᠭᠠᠵᠠᠷ ᠪᠠ ᠨᠡᠶᠢᠲᠡ ᠶᠢᠨ ᠤᠩᠭᠤᠨ | ᠤ ᠭᠠᠵᠠᠷ ᠢ ᠠᠰᠢᠭᠯᠠᠯᠲᠠ ᠳᠤ ᠣᠷᠣᠭᠤᠯᠪᠠ᠃ | ᠲᠤᠯᠤᠭ᠎ᠠ ᠳᠤ᠂ ᠨᠡᠶᠢᠭᠡᠮ ᠤᠨ ᠦᠢᠯᠡᠰ ᠴᠡᠴᠡᠭᠯᠡᠨ ᠬᠥᠭᠵᠢᠪᠡ᠃ ︽ᠪᠢᠳᠡ ᠪᠦᠬᠦᠨ ᠤ ᠳᠤᠮᠳᠠᠳᠤ ᠶᠢᠨ ᠬᠦᠰᠡᠯᠡᠩ | — ᠰᠣᠶᠣᠯ ᠢ ᠲᠦᠮᠡᠨ ᠡᠷᠦᠬᠡ ᠳᠤ ᠲᠦᠭᠡᠮᠡᠯᠵᠢᠭᠦᠯᠬᠦ︾᠂ ︽ᠮᠢᠩᠭᠠᠨ ᠲᠠᠯᠠᠪᠠᠢ ᠲᠣᠭᠯᠠᠯᠲᠠ ᠶᠢ ᠦᠨᠳᠦᠰᠦᠨ | ᠱᠠᠲᠤᠨ ᠳᠤ ᠬᠦᠷᠭᠡᠬᠦ︾ ᠲᠣᠭᠯᠠᠯᠲᠠ ᠶᠢᠨ ᠠᠵᠢᠯᠯᠠᠭ᠎ᠠ᠂ ︽ᠤᠯᠠᠭᠠᠨᠮᠥ᠋ᠴᠢᠷ +︾᠂ ︽ᠪᠣᠯᠪᠠᠰᠤᠨ ᠰᠤᠷᠲᠠᠯ ᠪᠠ | ᠪᠠᠶᠠᠷ ᠪᠠᠭ᠋ᠠᠲᠤᠯ ᠲᠦᠭᠡᠭᠡᠬᠦ︾ ᠦᠨᠳᠦᠰᠦᠨ ᠱᠠᠲᠤᠨ ᠤ ᠦᠶᠯᠡᠴᠢᠯᠡᠭᠡᠨ ᠤ ᠠᠵᠢᠯᠯᠠᠭ᠎ᠠ ᠵᠡᠷᠭᠡ ᠶᠢ ᠥᠷᠨᠢᠭᠦᠯᠵᠦ᠂ | ᠰᠣᠶᠣᠯ ᠤᠨ ᠠᠵᠢᠯᠯᠠᠭ᠎ᠠ ᠪᠠᠷ ᠳᠠᠮᠵᠢᠭᠤᠯᠤᠨ ᠠᠷᠠᠳ ᠲᠦᠮᠡᠨ ᠳᠤ ᠠᠰᠢᠭ ᠬᠦᠷᠲᠡᠭᠡᠵᠡᠢ᠃ ᠬᠥᠪᠡᠭᠡᠲᠦ ᠰᠢᠷ᠎ᠠ | ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠦᠵᠡᠭᠦᠯᠦᠯᠭᠡ ᠶᠢᠨ ᠲᠠᠩᠬᠢᠮ | ᠪᠠᠶᠢᠭᠤᠯᠵᠤ᠂ 3 ᠭᠠᠴᠠᠭ᠎ᠠ ᠨᠢ ᠤᠷᠤᠨ ᠤ ᠲᠡᠰ ᠤᠨ ᠠᠷᠠᠳᠴᠢᠯᠠᠯ ᠬᠠᠤᠯᠢ ᠪᠠᠷ ᠵᠠᠰᠠᠭᠰᠠᠨ ᠵᠢᠱᠢᠶᠡᠴᠢ ᠭᠠᠴᠠᠭ᠎ᠠ | ᠲᠣᠰᠬᠤᠨ ᠢᠶᠠᠷ ᠦᠨᠡᠯᠡᠭᠳᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠲᠠᠢ ᠨᠡᠶᠢᠭᠡᠮ ᠤᠨ ᠭᠦᠨ ᠵᠤᠵᠠᠭᠠᠨ | ᠠᠭᠤᠷ ᠠᠮᠢᠰᠬᠤᠯ ᠢ ᠪᠤᠢ ᠪᠣᠯᠭᠠᠪᠠ᠃ ᠬᠥᠪᠡᠭᠡᠲᠦ ᠰᠢᠷ᠎ᠠ ᠬᠤᠰᠢᠭᠤᠨ ᠤ ᠨᠣᠮ ᠤᠨ ᠰᠠᠩ ᠨᠢ ᠥᠪᠥᠷ ᠮᠣᠩᠭᠤᠯ | ᠤᠨ ᠨᠣᠮ ᠤᠨ ᠰᠠᠩ ᠤᠨ ᠪᠦᠬᠦ ᠤᠷᠤᠨ ᠤ ᠠᠩᠬᠠᠳᠠᠭᠴᠢ ᠬᠤᠪᠢᠶᠠᠷᠢ ᠰᠠᠩ ᠪᠤᠯᠪᠠ᠃ ᠪᠣᠳᠠᠰ ᠤᠨ ᠪᠤᠰᠤ ᠰᠣᠶᠣᠯ | ᠤᠨ ᠥᠪ ᠢ ᠤᠯᠠᠮᠵᠢᠯᠠᠨ ᠬᠥᠭᠵᠢᠭᠦᠯᠬᠦ ᠠᠵᠢᠯ ᠢ ᠢᠳᠡᠪᠬᠢᠲᠡᠢ ᠦᠷᠨᠢᠭᠦᠯᠪᠡ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠣᠷᠣᠨ ᠤ ᠲᠡᠰ ᠤᠨ ᠤᠷᠤᠯᠳᠤᠭᠠᠨ ᠳᠤ ᠲᠠᠮᠢᠷᠴᠢᠳ ᠢᠶᠠᠨ | ᠵᠣᠬᠢᠶᠠᠨ ᠪᠠᠶᠢᠭᠤᠯᠤᠨ ᠤᠷᠤᠯᠴᠠᠭᠤᠯᠵᠤ᠂ 12 ᠲᠦᠷᠦᠯ ᠤᠨ ᠱᠠᠩᠨᠠᠯ ᠬᠦᠬᠢᠭᠦᠯᠦᠯ ᠬᠦᠷᠲᠡᠭᠰᠡᠨ ᠪᠠᠶᠢᠨ᠎ᠠ᠃ ︽ | ᠴᠠᠬᠠᠷ ᠠᠷᠠᠳ ᠤᠨ ᠠᠮᠠᠨ ᠵᠣᠬᠢᠶᠠᠯ ᠤᠨ ᠰᠣᠩᠭᠤᠮᠠᠯ︾ ᠨᠢ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠵᠤᠬᠢᠶᠠᠯ ᠪᠦᠲᠦᠭᠡᠯ ᠤᠨ ︽ᠰᠠᠷᠠᠨ᠎ᠠ︾ | ᠱᠠᠩᠨᠠᠯ ᠢ ᠭᠥᠷᠳᠡᠪᠡ᠃ ︽ᠲᠡᠮᠦᠷ ᠬᠡᠦᠬᠡᠨᠴᠤᠳ︾ ᠤᠨ ᠡᠩᠨᠡᠭᠡ ᠪᠠᠶᠢᠭᠤᠯᠤᠭᠳᠠᠭᠰᠠᠨ 50 ᠵᠢᠯ ᠤᠨ ᠤᠢ ᠶᠢ | ᠳᠤᠷᠠᠰᠬᠠᠬᠤ ᠠᠵᠢᠯᠯᠠᠭ᠎ᠠ ᠥᠷᠨᠢᠭᠦᠯᠪᠡ᠃ ᠪᠥᠬᠦ ᠬᠤᠰᠢᠭᠤᠨ ᠤ 4 ᠰᠤᠮᠤ ᠪᠠᠯᠭᠠᠰᠤᠨ ᠳᠤ ︽ᠨᠠᠰᠤᠨ ᠳᠤ ᠥᠯᠥ | ᠭᠦᠷᠦᠭᠰᠡᠳ ᠢ ᠬᠠᠮᠠᠭᠠᠯᠠᠬᠤ ᠠᠵᠢᠯ ᠤᠨ ᠦᠷᠲᠡᠭᠡ︾ ᠶᠢ ᠪᠠᠶᠢᠭᠤᠯᠪᠠ᠃ | ᠨᠠᠢᠮᠠ ᠳᠤ᠂ ᠨᠡᠶᠢᠭᠡᠮ ᠤᠨ ᠡᠶ᠎ᠡ ᠵᠣᠬᠢᠴᠠᠯ ᠪᠠ ᠠᠮᠤᠷ ᠲᠤᠭᠲᠠᠭᠤᠨ ᠢ ᠪᠠᠲᠤᠯᠠᠪᠠ᠃ ᠠᠶᠤᠯᠭᠦᠢ ᠦᠢᠯᠡᠳᠪᠦᠷᠢᠯᠡᠯ | ᠤᠨ ᠪᠠᠶᠢᠴᠠᠭᠠᠨ ᠴᠡᠭᠴᠡᠯᠡᠯᠲᠡ ᠶᠢᠨ ᠲᠤᠰᠬᠠᠶ ᠠᠵᠢᠯᠯᠠᠭ᠎ᠠ ᠥᠷᠨᠢᠭᠦᠯᠦᠨ᠂ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠡ ᠶᠢ 1171 ᠡᠷᠦᠬᠡ ᠤᠳᠠᠭ᠎ᠠ ᠪᠠᠶᠢᠴᠠᠭᠠᠵᠤ᠂ 1553 ᠡᠩ ᠤᠨ ᠠᠮᠤᠷ ᠲᠦᠪᠰᠢᠨ ᠤ ᠭᠡᠮ ᠰᠤᠭᠤᠭ ᠪᠠ | 4 ᠬᠦᠨᠳᠦ ᠶᠡᠭᠡ ᠠᠮᠤᠷ ᠲᠦᠪᠰᠢᠨ ᠤ ᠭᠡᠮ ᠰᠤᠭᠤᠭ ᠢ ᠪᠠᠶᠢᠴᠠᠭᠠᠨ ᠴᠡᠭᠴᠡᠯᠡᠵᠡᠢ᠃ ᠬᠤᠰᠢᠭᠤ᠂ ᠰᠤᠮᠤ ᠪᠠᠯᠭᠠᠰᠤ᠂ | ᠭᠠᠴᠠᠭ᠎ᠠ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ | ᠭᠦᠢᠴᠡᠳᠬᠡᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ 217 ᠨᠡᠷ᠎ᠡ ᠣᠷᠣᠯᠠᠨ ᠭᠦᠶᠴᠡᠳᠬᠡᠭᠴᠢ ᠶᠢ ᠰᠣᠩᠭᠤᠨ | ᠲᠤᠬᠢᠷᠠᠭᠤᠯᠤᠭᠠᠳ᠂ 80 ᠬᠤᠪᠢ ᠵᠠᠬᠢᠳᠠᠯ ᠰᠤᠷᠪᠤᠯᠵᠢᠯᠠᠭ᠎ᠠ ᠶᠢ ᠤᠷᠤᠯᠠᠨ ᠭᠦᠢᠴᠡᠳᠬᠡᠵᠦ ᠰᠢᠶᠳᠪᠦᠷᠢᠯᠡᠵᠦ | ᠳᠠᠭᠤᠰᠬᠠᠪᠠ᠃ ᠤᠷᠤᠨ᠂ ᠠᠶᠢᠮᠠᠭ ᠤᠨ ︽ᠲᠠᠪᠲᠠᠯᠲᠠ ᠶᠢ ᠴᠡᠭᠴᠡᠯᠡᠵᠦ᠂ ᠳᠠᠷᠤᠭᠳᠠᠭᠰᠠᠨ ᠬᠡᠷᠡᠭ ᠢ ᠰᠢᠢᠳᠪᠦᠷᠢᠯᠡᠬᠦ | ︾ ᠲᠤᠰᠬᠠᠢ ᠬᠦᠳᠡᠯᠭᠡᠭᠡᠨ ᠪᠠ ︽ᠲᠠᠪᠲᠠᠯᠲᠠ ᠶᠢᠨ ᠴᠢᠨᠠᠷᠲᠠᠢ ᠵᠠᠬᠢᠲᠠᠯ ᠰᠤᠷᠪᠤᠯᠵᠢᠯᠠᠭ᠎ᠠ ᠶᠢ ᠲᠥᠪᠯᠡᠷᠡᠭᠦᠯᠦᠨ | ᠴᠡᠭᠴᠡᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ︾ ᠲᠤᠰᠬᠠᠢ ᠬᠦᠳᠡᠯᠭᠡᠭᠡᠨ ᠳᠤ | ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠬᠦᠨ ᠢ ᠰᠢᠢᠳᠪᠦᠷᠢᠯᠡᠵᠦ ᠳᠠᠭᠤᠰᠬᠠᠵᠠᠢ᠃ ︽ᠰᠢᠷ᠎ᠠ | ᠶᠢ ᠱᠦᠭᠦᠷᠳᠡᠨ ᠠᠷᠢᠯᠭᠠᠵᠤ᠂ ᠬᠠᠤᠯᠢ ᠪᠤᠰᠤ ᠬᠡᠪᠯᠡᠯ ᠤᠨ ᠪᠦᠲᠦᠭᠡᠯ ᠳᠤ ᠴᠤᠬᠢᠯᠲᠠ ᠦᠭᠬᠦ︾ ᠪᠠ ︽ᠰᠢᠨ᠎ᠡ | ᠰᠤᠷᠲᠠᠯ︾ ᠤᠨ ᠨᠢᠭᠡᠲᠦᠯᠲᠡᠢ ᠠᠵᠢᠯᠯᠠᠭ᠎ᠠ ᠶᠢ ᠤᠷᠤᠭᠰᠢᠲᠠᠢ ᠶᠠᠪᠤᠭᠳᠠᠭᠤᠯᠵᠤ᠂ ︽ᠠᠷᠠᠳ ᠤᠨ ᠴᠠᠭᠳᠠᠭ᠎ᠠ ᠶᠢ | ᠠᠶᠢᠯ ᠪᠤᠯᠭᠠᠨ ᠤ ᠬᠠᠲᠠᠪᠴᠢ ᠪᠠᠷ ᠠᠯᠬᠤᠭᠤᠯᠬᠤ︾ ᠬᠦᠳᠡᠯᠭᠡᠭᠡᠨ ᠢ ᠥᠷᠨᠢᠭᠦᠯᠵᠦ᠂ ᠡᠯ᠎ᠡ ᠲᠥᠷᠥᠯ ᠤᠨ | ᠵᠢᠭᠤᠷᠠᠭᠠᠨ ᠤ 42 ᠬᠡᠷᠡᠭ ᠢ ᠪᠠᠶᠢᠴᠠᠭᠠᠵᠤ ᠰᠢᠢᠳᠪᠦᠷᠢᠯᠡᠨ᠂ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ 5 ᠵᠢᠯ ᠳᠠᠷᠠᠭᠠᠯᠠᠨ ︽ᠠᠮᠢᠨ ᠬᠡᠷᠡᠭ ᠭᠠᠷᠬᠤ ᠥᠬᠡᠶ︾ ᠶᠢ ᠪᠡᠶᠡᠯᠡᠭᠦᠯᠪᠡ᠃ | ᠬᠤᠭᠤᠯᠠ ᠤᠮᠳᠠ ᠶᠢᠨ ᠦᠢᠯᠡᠴᠢᠯᠡᠭᠡᠨ ᠤ ᠨᠢᠭᠡᠴᠡ ᠳᠤ ᠬᠠᠨᠳᠤᠭᠤᠯᠤᠨ ᠢᠳᠡᠭᠡᠨ ᠤᠮᠳᠠᠭᠠᠨ ᠢ ᠪᠦᠷᠢᠯᠭᠡᠨ | ᠰᠦᠢᠳᠬᠡᠬᠦ ᠶᠢ ᠬᠤᠷᠢᠭᠯᠠᠬᠤ ᠠᠵᠢᠯᠯᠠᠭ᠎ᠠ ᠥᠷᠨᠢᠭᠦᠯᠵᠦ᠂ ᠬᠤᠭᠤᠯᠠ ᠤᠮᠳᠠᠭᠠᠨ ᠤ ᠡᠵᠡᠩᠨᠡᠯᠲᠡ ᠶᠢᠨ ᠵᠢᠱᠢᠶᠡᠴᠢ | ᠨᠢᠭᠡᠴᠡ 30 ᠶᠢ ᠰᠤᠩᠭᠤᠨ᠂ ᠢᠳᠡᠭᠡᠨ ᠤᠮᠳᠠᠭᠠᠨ ᠤ ᠦᠢᠯᠡᠳᠪᠦᠷᠢᠯᠡᠯ ᠤᠨ ᠵᠢᠱᠢᠶᠡᠴᠢ ᠨᠢᠭᠡᠴᠡ 14 ᠶᠢ | ᠰᠤᠩᠭᠤᠨ ᠭᠠᠷᠭᠠᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃ | ᠶᠢᠰᠦ ᠳᠤ᠂ ᠠᠷᠠᠳ ᠤᠨ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠪᠠ᠃ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠠᠵᠢᠯ ᠤᠨ ᠭᠤᠤᠯ ᠵᠠᠷᠴᠢᠮ ᠢ ᠪᠣᠶ ᠪᠤᠯᠭᠠᠨ᠂ ᠪᠣᠳᠠᠲᠠᠶ ᠶᠢ ᠡᠷᠬᠢᠮᠯᠡᠨ ᠰᠢᠷᠭᠠᠭᠤ ᠠᠵᠢᠯᠯᠠᠬᠤ ᠶᠢ ᠠᠵᠢᠯ | ᠤᠨ ᠭᠤᠤᠯᠳᠠᠯᠭ᠎ᠠ ᠪᠤᠯᠭᠠᠪᠠ᠃ ︽ᠠᠮᠤᠭᠤᠯᠠᠩ ᠬᠥᠪᠡᠭᠡᠲᠦ ᠰᠢᠷ᠎ᠠ ᠬᠤᠰᠢᠭᠤ︾ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠴᠢᠩᠭᠠᠳᠬᠠᠨ᠂ ︽ᠨᠠᠶᠮᠠᠳᠤᠭᠠᠷ ᠲᠠᠪᠤᠨ ᠵᠢᠯ︾ ᠤᠨ ᠬᠠᠤᠯᠢ ᠶᠢᠨ ᠲᠦᠭᠡᠮᠡᠯᠵᠢᠭᠦᠯᠦᠯᠲᠡ ᠶᠢᠨ ᠬᠤᠭᠤᠴᠠᠭᠠᠨ | ᠳᠤᠮᠳᠠᠬᠢ ᠦᠨᠡᠯᠡᠯᠲᠡ ᠶᠢᠨ ᠠᠵᠢᠯ ᠢ ᠪᠡᠶᠡᠯᠡᠭᠦᠯᠵᠦ᠂ 2022 ᠣᠨ ᠤ ᠬᠠᠤᠯᠢ ᠪᠠᠷ ᠠᠶᠢᠮᠠᠭ ᠢᠶᠠᠨ ᠵᠠᠰᠠᠬᠤ ᠠᠵᠢᠯ | ᠤᠨ ᠵᠢᠯ ᠤᠨ ᠡᠴᠦᠰ ᠤᠨ ᠬᠢᠨᠠᠨ ᠰᠢᠯᠭᠠᠯᠲᠠ ᠪᠠᠷ ᠪᠦᠬᠦ ᠠᠶᠢᠮᠠᠭ ᠲᠤ ᠬᠤᠶᠠᠳᠤᠭᠠᠷ ᠨᠡᠷ᠎ᠡ ᠳᠤ ᠵᠢᠭᠰᠠᠭᠠᠭᠳᠠᠪᠠ᠃ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠴᠢᠩᠭ᠎ᠠ | ᠬᠡᠷᠡᠭᠵᠢᠭᠦᠯᠵᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ | ᠬᠦᠯᠢᠶᠡᠭᠰᠡᠨ ᠨᠤᠷᠮ᠎ᠠ 100% ᠳᠤ ᠬᠦᠷᠪᠡ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠦᠯᠲᠡ ᠶᠢᠨ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠴᠢᠬᠡᠴᠢ ᠠᠷᠢᠭᠤᠨ ᠪᠠᠶᠢᠬᠤ ᠶᠢᠨ ᠦᠨᠳᠦᠰᠦᠨ ᠵᠠᠷᠴᠢᠮ ᠪᠠ ᠢᠯᠵᠠᠷᠠᠮᠠᠯ ᠤᠨ ᠤᠯᠠᠭᠠᠨ ᠱᠤᠭᠤᠮ ᠢ ᠪᠠᠲᠤ | ᠰᠠᠬᠢᠭᠰᠠᠭᠠᠷ ᠢᠷᠡᠪᠡ᠃ ᠬᠢᠨᠠᠨ ᠪᠤᠳᠤᠯᠲᠠ ᠳᠤ ᠬᠢᠨᠠᠯᠲᠠ ᠲᠠᠯᠪᠢᠵᠤ᠂ ᠺᠠᠳ᠋ᠷ ᠨᠠᠷ ᠤᠨ ᠲᠤᠰᠢᠶᠠᠯ ᠠᠴᠠ ᠪᠠᠨ ᠰᠠᠯᠬᠤ | ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠠᠭᠤᠭᠠᠯᠢ ᠠᠷᠠᠳ ᠤᠨ ᠵᠦᠪᠯᠡᠯ ᠤᠨ | ᠵᠠᠷᠤᠳᠠᠯ ᠵᠡᠷᠭᠡ ᠠᠵᠢᠯ ᠤᠨ ᠲᠤᠭᠤᠷᠢᠨ ᠳᠤ 11 ᠬᠢᠨᠠᠨ ᠪᠤᠳᠤᠬᠤ ᠲᠥᠷᠥᠯ ᠵᠦᠶᠯ ᠢ ᠬᠡᠷᠡᠭᠵᠢᠭᠦᠯᠦᠭᠰᠡᠨ ᠪᠥᠭᠡᠳ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠨᠢᠭᠦᠯᠵᠡᠢ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ | ᠦᠢᠯᠡᠳᠦᠯᠭᠡᠵᠢᠭᠦᠯᠵᠦ᠂ ᠡᠩ ᠤᠨ ᠵᠠᠷᠤᠯᠭ᠎ᠠ ᠶᠢ ᠡᠷᠡᠰ ᠪᠠᠭᠠᠰᠬᠠᠵᠤ᠂ ᠠᠵᠤ ᠠᠬᠤᠢ ᠨᠡᠶᠢᠭᠡᠮ ᠤᠨ ᠦᠢᠯᠡᠰ ᠤᠨ | ᠬᠥᠭᠵᠢᠯᠲᠡ ᠶᠢᠨ ᠪᠡᠯᠡ ᠮᠥᠩᠭᠦᠨ ᠤ ᠬᠡᠷᠡᠭᠴᠡᠭᠡ ᠶᠢ ᠪᠠᠲᠤᠯᠠᠪᠠ᠃ ᠠᠷᠪᠢᠴᠢ ᠭᠠᠮᠲᠠᠢ ᠨᠠᠮ ᠵᠠᠰᠠᠭ ᠤᠨ ᠪᠠᠶᠢᠭᠤᠯᠭ᠎ᠠ | 36 ᠶᠢ ᠦᠨᠡᠯᠡᠨ ᠲᠤᠭᠲᠠᠭᠠᠵᠤ᠂ ᠪᠦᠬᠦ ᠬᠤᠰᠢᠭᠤᠨ ᠤ ᠠᠷᠪᠢᠴᠢ ᠭᠠᠮᠲᠠᠢ ᠪᠠᠶᠢᠭᠤᠯᠭ᠎ᠠ ᠶᠢᠨ ᠨᠣᠷᠮ᠎ᠠ 70.6% | ᠳᠤ ᠬᠦᠷᠴᠡᠢ᠃ ᠡᠯ᠎ᠡ ᠪᠠᠶᠢᠭᠤᠯᠤᠯᠭ᠎ᠠ ᠨᠢᠭᠡᠴᠡ ᠶᠢᠨ ᠠᠯᠪᠠᠨ ᠤ ᠲᠡᠷᠭᠡ ᠶᠢᠨ ᠦᠢᠯᠡᠴᠢᠯᠡᠭᠡᠨ ᠤ ᠲᠠᠪᠴᠠᠩ ᠤᠨ | ᠬᠠᠮᠢᠶᠠᠷᠤᠯᠲᠠ ᠶᠢᠨ ᠠᠵᠢᠯ ᠢ ᠳᠦᠷᠢᠮᠵᠢᠭᠦᠯᠪᠡ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠤᠨ ᠲᠤᠷᠰᠢ᠂ ᠪᠢᠳᠡ ᠬᠢᠵᠢᠭ ᠤᠨ ᠳᠠᠷᠠᠭᠠᠬᠢ ᠠᠵᠤ ᠠᠬᠤᠶ | ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠡᠷᠭᠦᠭᠡᠬᠦ ᠳᠤ ᠬᠦᠴᠦ ᠪᠠᠨ ᠰᠢᠪᠬᠠᠨ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠴᠢᠷᠮᠠᠶᠢᠨ ᠵᠢᠳᠬᠦᠵᠦ᠂ ᠡᠯ᠎ᠡ ᠲᠦᠷᠦᠯ ᠤᠨ ᠠᠵᠢᠯ ᠦᠢᠯᠡᠰ ᠤᠨ | ᠬᠥᠭᠵᠢᠯᠲᠡ ᠶᠢ ᠲᠦᠯᠬᠢᠨ ᠠᠬᠢᠭᠤᠯᠵᠤ᠂ ᠰᠢᠨ᠎ᠡ ᠠᠮᠵᠢᠯᠲᠠ ᠶᠢ ᠤᠯᠪᠠ᠃ ᠡᠳᠡᠭᠡᠷ ᠠᠮᠵᠢᠯᠲᠠ ᠨᠢ ᠠᠶᠢᠮᠠᠭ ᠤᠨ | ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠬᠢᠨᠠᠮᠠᠭᠠᠢ ᠤᠳᠤᠷᠢᠳᠤᠯᠭ᠎ᠠ ᠶᠢᠨ | ᠦᠷ᠎ᠡ ᠳ᠋ᠦᠩ᠂ ᠮᠦᠨᠴᠦ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠤᠯᠤᠰ ᠲᠥᠷᠦ ᠶᠢᠨ | ᠵᠥᠪᠯᠡᠯᠭᠡᠨ ᠤ ᠴᠢᠩᠭ᠎ᠠ ᠨᠢᠮᠪᠠᠢ ᠬᠢᠨᠠᠯᠲᠠ ᠶᠢᠨ ᠦᠷ᠎ᠡ ᠳ᠋ᠦᠩ᠂ ᠨᠠᠩ ᠴᠤ ᠪᠦᠬᠦ ᠬᠤᠰᠢᠭᠤᠨ ᠤ ᠡᠯ᠎ᠡ | ᠦᠨᠳᠦᠰᠦᠲᠡᠨ ᠤ ᠺᠠᠳ᠋ᠷ ᠣᠯᠠᠨ ᠲᠦᠮᠡᠨ ᠤ ᠰᠢᠷᠭᠠᠭᠤ ᠲᠡᠮᠡᠴᠡᠵᠦ᠂ ᠬᠠᠮᠲᠤᠪᠠᠷ ᠴᠢᠷᠮᠠᠶᠢᠭᠰᠠᠨ ᠤ ᠦᠷ᠎ᠡ ᠳ᠋ᠦᠩ | ᠪᠤᠯᠬᠤ ᠶᠤᠮ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠣᠯᠠᠨ ᠳᠤ ᠴᠢᠩ | ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠲᠠ ᠪᠦᠲᠦᠮᠵᠢ ᠪᠠᠨ ᠳ᠋ᠦᠩᠨᠡᠬᠦ ᠶᠢᠨ ᠲᠠᠰᠢᠷᠠᠮ ᠳᠤ᠂ ᠪᠢᠳᠡ ᠮᠦᠨᠴᠦ ᠮᠠᠰᠢ ᠤᠯᠠᠨ ᠠᠰᠠᠭᠤᠳᠠᠯ ᠪᠠ | ᠲᠤᠲᠠᠭᠳᠠᠯ ᠤᠷᠤᠰᠢᠵᠤ ᠪᠠᠶᠢᠭ᠎ᠠ ᠪᠦᠭᠡᠳ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠠᠬᠠᠨ ᠬᠦᠷᠴᠦ | ᠳᠡᠶᠢᠯᠦᠭᠡᠳᠦᠢ ᠪᠠᠶᠢᠭ᠎ᠠ ᠪᠠᠨ ᠰᠡᠷᠭᠡᠭ ᠢᠶᠠᠷ ᠲᠠᠨᠢᠨ ᠮᠡᠳᠡᠷᠡᠬᠦ ᠬᠡᠷᠡᠭᠲᠡᠢ᠃ ᠭᠤᠤᠯᠳᠠᠭᠤ ᠤᠷᠤᠰᠢᠵᠤ ᠪᠠᠶᠢᠭ᠎ᠠ | ᠲᠤᠲᠠᠭᠳᠠᠯ ᠳᠤᠤᠷᠠᠬᠢ ᠮᠡᠲᠦ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠤᠤᠷ᠎ᠠ᠂ ᠠᠵᠤ ᠠᠬᠤᠢ ᠶᠢᠨ ᠪᠦᠲᠦᠴᠡ | ᠰᠢᠯᠢᠳᠡᠭ ᠪᠤᠰᠤ︔ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠳᠡᠶᠢᠯᠬᠦ ᠦᠭᠡᠢ ᠪᠠᠶᠢᠵᠤ᠂ | ᠠᠵᠤ ᠦᠢᠯᠡᠰ ᠤᠨ ᠬᠡᠯᠬᠢᠶ᠎ᠡ ᠬᠠᠷᠠᠬᠠᠨ ᠲᠤᠭᠲᠠᠪᠤᠷᠢᠵᠢᠵᠤ ᠳᠡᠶᠢᠯᠦᠭᠡᠳᠦᠢ ᠮᠦᠷᠲᠡᠭᠡᠨ ᠠᠵᠤ ᠦᠢᠯᠡᠰ ᠤᠨ | ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠡᠭᠦᠷᠭᠡ ᠬᠦᠨᠳᠦ ᠪᠠᠶᠢᠭ᠎ᠠ ᠪᠤᠯᠬᠤᠷ ︽ᠡᠬᠢ ᠪᠠᠶᠠᠯᠢᠭ ᠤᠨ | ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠥᠭᠵᠢᠭᠦᠯᠵᠦ᠂ ᠠᠵᠤ ᠦᠢᠯᠡᠰ ᠤᠨ ᠳᠠᠪᠠᠭᠤᠯᠢᠭ ᠢ | ᠠᠵᠤ ᠠᠬᠤᠢ ᠶᠢᠨ ᠳᠠᠪᠠᠭᠤᠯᠢᠭ ᠪᠣᠯᠭᠠᠨ ᠬᠥᠭᠵᠢᠭᠦᠯᠬᠦ︾ ᠰᠡᠭᠦᠯᠴᠢ ᠶᠢᠨ ᠱᠠᠲᠤᠨ ᠤ ᠠᠵᠢᠯ ᠢ ᠰᠠᠶᠢᠲᠤᠷ ᠬᠢᠬᠦ | ᠴᠢᠬᠤᠯᠠᠲᠠᠢ ᠪᠠᠶᠢᠨ᠎ᠠ︔ ᠲᠡᠵᠢᠭᠡᠨ ᠦᠷᠡᠵᠢᠭᠦᠯᠬᠦ ᠦᠢᠯᠡᠰ ᠤᠨ ᠬᠦᠭᠵᠢᠯᠲᠡ ᠨᠢ ᠡᠪᠡᠰᠦ ᠪᠣᠷᠳᠣᠭᠠᠨ ᠤ ᠦᠨ᠎ᠡ | ᠬᠠᠩᠰᠢ ᠶᠡᠬᠡᠪᠡᠷ ᠦᠰᠴᠦ᠂ ᠮᠠᠯ ᠤᠨ ᠦᠨ᠎ᠡ ᠬᠠᠩᠰᠢ ᠶᠡᠬᠡᠪᠡᠷ ᠪᠠᠭᠤᠷᠠᠭᠰᠠᠨ ᠳᠠᠪᠬᠤᠷ ᠬᠦᠴᠢᠷᠳᠡᠯ ᠳᠤ ᠲᠤᠯᠭᠠᠷᠠᠵᠤ | ᠪᠠᠶᠢᠭ᠎ᠠ ᠪᠦᠭᠡᠳ ᠮᠠᠯ ᠠᠵᠤ ᠠᠬᠤᠶ ᠶᠢᠨ ᠳᠠᠭᠠᠭᠤᠯᠤᠭᠴᠢ ᠠᠵᠤ ᠠᠬᠤᠶᠢᠯᠠᠯ ᠬᠠᠷᠠᠬᠠᠨ ᠪᠠᠶᠢᠭᠤᠯᠤᠭ᠎ᠠ ᠦᠭᠡᠢ︔ | ᠵᠠᠰᠠᠭ ᠤᠨ ᠣᠷᠳᠣᠨ ᠤ ᠠᠵᠢᠯ ᠢ ᠴᠢᠨᠠᠷᠵᠢᠭᠤᠯᠤᠨ ᠳᠡᠭᠡᠭᠰᠢᠯᠡᠭᠦᠯᠬᠦ ᠴᠢᠬᠤᠯᠠᠲᠠᠢ ᠪᠦᠭᠡᠳ᠂ ᠬᠠᠤᠯᠢ ᠬᠡᠷᠡᠭᠵᠢᠭᠦᠯᠬᠦ | ᠡᠩᠨᠡᠭᠡᠨ ᠤ ᠴᠢᠳᠠᠪᠤᠷᠢ ᠶᠢᠨ ᠳᠡᠭᠡᠭᠰᠢᠯᠡᠭᠦᠯᠦᠯᠲᠡ ᠲᠤᠯᠭᠠᠮ᠎ᠠ ᠱᠠᠭᠠᠷᠳᠠᠭᠳᠠᠨ᠂ ᠬᠦᠭᠵᠢᠯᠲᠡ ᠶᠢᠨ ᠱᠠᠭᠠᠷᠳᠠᠯᠭ᠎ᠠ ᠳᠤ | ᠬᠠᠷᠠᠬᠠᠨ ᠨᠡᠶᠢᠴᠡᠵᠦ ᠳᠡᠶᠢᠯᠦᠭᠡᠳᠦᠢ ᠪᠠᠶᠢᠵᠤ᠂ ᠡᠯ᠎ᠡ ᠰᠠᠯᠠᠭ᠎ᠠ ᠮᠥᠴᠢᠷ ᠬᠤᠭᠤᠷᠣᠨᠳᠣ ᠪᠠᠨ ᠤᠯᠠᠮ ᠨᠢᠭᠡ ᠠᠯᠬᠤᠮ | ᠪᠦᠯᠬᠦᠮᠳᠡᠨ ᠨᠢᠭᠡᠳᠴᠦ ᠬᠠᠮᠲᠤᠷᠠᠯᠴᠠᠨ ᠠᠵᠢᠯᠯᠠᠬᠤ ᠴᠢᠬᠤᠯᠠᠲᠠᠢ ᠪᠠᠶᠢᠨ᠎ᠠ᠃ ᠰᠤᠷᠭᠠᠨ ᠬᠥᠮᠦᠵᠢᠯ᠂ ᠡᠮ ᠡᠮᠨᠡᠯᠭᠡ᠂ | ᠨᠠᠰᠤᠵᠢᠯ ᠤᠨ ᠠᠰᠠᠷᠠᠮᠵᠢ᠂ ᠵᠠᠮ ᠬᠠᠷᠢᠯᠴᠠᠭ᠎ᠠ ᠵᠡᠷᠭᠡ ᠨᠡᠶᠢᠭᠡᠮ ᠤᠨ ᠤᠯᠠᠨ ᠨᠡᠶᠢᠲᠡ ᠶᠢᠨ ᠪᠦᠲᠦᠭᠡᠭᠲᠡᠬᠦᠨ ᠤ | ᠬᠠᠩᠭᠠᠯᠭ᠎ᠠ ᠶᠢᠨ ᠴᠢᠳᠠᠪᠤᠷᠢ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠦᠷᠦᠭᠡᠳᠦᠢ ᠪᠠᠶᠢᠭ᠎ᠠ ᠵᠡᠷᠭᠡ | ᠠᠰᠠᠭᠤᠳᠠᠯ ᠤᠳ ᠤᠷᠤᠰᠢᠵᠤ ᠪᠠᠶᠢᠨ᠎ᠠ᠃ ᠪᠢᠳᠡ ᠠᠰᠠᠭᠤᠳᠠᠯ ᠢᠶᠠᠷ ᠰᠢᠵᠢᠮ ᠪᠤᠯᠭᠠᠨ᠂ ᠬᠦᠴᠦᠲᠡᠶ ᠠᠷᠭ᠎ᠠ ᠬᠡᠮᠵᠢᠶ᠎ᠡ | ᠠᠪᠴᠤ᠂ ᠪᠥᠬᠦ ᠬᠦᠴᠦᠨ ᠢᠶᠠᠷ ᠢᠶᠠᠨ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ | ᠬᠤᠶᠠᠷ᠂ 2024 ᠣᠨ ᠤ ᠭᠤᠤᠯ ᠠᠵᠢᠯ ᠤᠨ ᠪᠠᠶᠢᠷᠢᠯᠠᠭᠤᠯᠤᠯᠲᠠ | 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠤᠨ ᠮᠥᠨ᠃ ᠮᠦᠨᠴᠦ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠃ ᠡᠨᠡ | ᠵᠢᠯ ᠤᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ | ᠰᠡᠳᠬᠢᠴᠡ ᠭᠡᠪᠡᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠤᠯ ᠰᠢᠵᠢᠮ ᠪᠤᠯᠭᠠᠨ᠂ ᠨᠠᠮ ᠤᠨ ᠬᠤᠷᠢᠳᠤᠭᠠᠷ ᠶᠡᠭᠡ | ᠬᠤᠷᠠᠯ ᠪᠤᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ | ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠠᠶᠢᠮᠠᠭ ᠤᠨ | ᠨᠠᠮ ᠤᠨ ᠬᠤᠷᠢᠶᠠᠨ ᠤ 2023 ᠣᠨ ᠤ 4 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ | ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ | ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠬᠢᠨᠠᠮᠠᠭᠠᠢ ᠲᠤᠤᠱᠯᠠᠭᠤᠯᠵᠤ᠂ ᠲᠣᠭᠲᠠᠭᠤᠨ ᠢ ᠪᠠᠲᠤᠯᠠᠬᠤ ᠶᠢᠨ ᠵᠡᠷᠭᠡᠪᠡᠷ ᠤᠷᠤᠭᠰᠢᠯᠠᠬᠤ ᠶᠢ ᠪᠠᠷᠢᠮᠲᠠᠯᠠᠨ᠂ | ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠯᠠᠪᠳᠠᠭᠤᠨ ᠪᠠᠶᠢᠭᠤᠯᠵᠤ ᠰᠢᠪᠲᠤᠯᠤᠯᠲᠠ ᠬᠢᠨ᠂ ︽ᠰᠢᠨ᠎ᠡ ᠶᠢ | ᠬᠠᠶᠢᠵᠤ᠂ ᠤᠷᠤᠭᠰᠢ ᠲᠠᠪᠰᠢᠬᠤ︾ ᠲᠡᠮᠡᠴᠡᠯ ᠤᠨ ᠬᠠᠷᠠᠯᠲᠠ ᠪᠠᠨ ᠪᠠᠲᠤᠳᠬᠠᠵᠤ᠂ ᠵᠢᠷᠭᠤᠭᠠᠨ ᠲᠦᠷᠦᠯ ᠤᠨ | ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠠᠴᠠ ᠭᠠᠷᠳᠠᠵᠤ᠂ ᠲᠣᠭᠲᠠᠭᠤᠨ ᠨᠡᠮᠡᠭᠳᠡᠯ᠂ ᠥᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠭᠡᠨᠡᠳᠡᠯ ᠠᠴᠠ ᠰᠡᠷᠭᠡᠶᠢᠯᠡᠬᠦ᠂ | ᠲᠣᠭᠲᠠᠭᠤᠨ ᠢ ᠪᠠᠲᠤᠯᠠᠬᠤ ᠵᠡᠷᠭᠡ ᠡᠯ᠎ᠡ ᠲᠦᠷᠦᠯ ᠤᠨ ᠠᠵᠢᠯ ᠢ ᠲᠦᠯᠬᠢᠨ ᠠᠬᠢᠭᠤᠯᠵᠤ᠂ ᠡᠯ᠎ᠡ ᠠᠵᠢᠯ ᠤᠨ | ᠲᠤᠭᠤᠷᠢᠨ᠂ ᠡᠯ᠎ᠡ ᠬᠦᠷᠢᠶ᠎ᠡ ᠴᠠᠷ᠎ᠠ ᠳᠤ ᠴᠢᠷᠮᠠᠶᠢᠨ ᠨᠡᠷ᠎ᠡ ᠲᠡᠪᠰᠢᠵᠦ᠂ ᠲᠠᠪᠤᠨ ᠶᠡᠭᠡ ᠡᠭᠦᠷᠭᠡ ᠶᠢ ᠴᠢᠨᠠᠷ ᠰᠠᠶᠢᠲᠠᠶ | ᠪᠡᠶᠡᠯᠡᠭᠦᠯᠬᠦ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ | ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠡᠳᠬᠢᠯ ᠨᠢᠭᠡᠲᠦᠨ ᠬᠦᠴᠦ ᠬᠠᠮᠲᠤᠳᠬᠠᠨ᠂ ᠣᠳᠣᠬᠢᠴᠢᠯᠠᠭᠰᠠᠨ | ᠬᠥᠪᠡᠭᠡᠲᠦ ᠰᠢᠷ᠎ᠠ ᠬᠤᠰᠢᠭᠤ ᠶᠢ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠡᠷᠡᠯᠬᠡᠭᠯᠡᠨ ᠠᠯᠬᠤᠨ᠎ᠠ᠃ ᠭᠤᠣᠯ | ᠲᠡᠮᠡᠴᠡᠬᠦ ᠬᠠᠷᠠᠯᠲᠠ ᠭᠡᠪᠡᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ | ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 8% ᠣᠷᠴᠢᠮ | ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 7.5% | ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠠᠴᠠ ᠳᠡᠭᠡᠭᠰᠢ | ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠦᠷᠲᠡᠭ ᠢ | 4% ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ᠃ ᠳᠡᠭᠡᠷ᠎ᠡ | ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠣᠤᠷᠠᠬᠢ ᠨᠠᠶᠮᠠᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠃ | | ︵ᠨᠢᠭᠡ︶ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠵᠦ᠂ ᠲᠣᠭᠲᠠᠭᠤᠨ ᠢ ᠪᠠᠲᠤᠯᠠᠬᠤ ᠶᠢᠨ | ᠵᠡᠷᠭᠡᠪᠡᠷ ᠤᠷᠤᠭᠰᠢᠯᠠᠬᠤ ᠶᠢ ᠪᠠᠷᠢᠮᠲᠠᠯᠠᠨ᠎ᠠ᠃ | ᠭᠤᠤᠯᠳᠠᠯᠭᠠᠲᠤ ᠲᠥᠷᠥᠯ ᠵᠦᠢᠯ ᠤᠨ ᠪᠡᠯᠡ ᠣᠷᠣᠭᠤᠯᠤᠯᠲᠠ ᠪᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ 45 ᠭᠤᠤᠯᠳᠠᠯᠭᠠᠲᠤ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠤᠨ ᠠᠬᠢᠴᠠ ᠶᠢ | ᠤᠯᠠᠮ ᠨᠢᠭᠡ ᠠᠯᠬᠤᠮ ᠲᠦᠷᠭᠡᠳᠬᠡᠵᠦ᠂ ᠨᠠᠩ ᠣᠯᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ | ᠢ ᠦᠳᠲᠡᠷ ᠲᠦᠷᠭᠡᠨ ᠡᠬᠢᠯᠡᠭᠦᠯᠦᠨ᠂ ᠲᠤᠰ ᠵᠢᠯ ᠳᠤ ᠨᠡᠶᠢᠲᠡ 13 ᠳ᠋ᠦᠩᠰᠢᠭᠤᠷ ᠭᠠᠷᠤᠢ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠦᠨ᠎ᠡ᠃ ᠨᠡᠭᠦᠷᠡᠰᠦᠨ ᠠᠭᠤᠷᠬᠠᠶ ᠶᠢᠨ 60 ᠲᠦᠮᠡᠨ ᠲᠣᠨ ᠤ ᠭᠠᠷᠭᠠᠯᠲᠠ ᠶᠢᠨ | ᠴᠢᠳᠠᠪᠤᠷᠢ ᠶᠢ ᠲᠣᠭᠲᠠᠪᠤᠷᠢᠵᠢᠭᠤᠯᠵᠤ᠂ ᠳ᠋ᠦᠩ ᠯᠢᠨ ᠨᠡᠭᠦᠷᠡᠰᠦᠨ ᠠᠭᠤᠷᠬᠠᠶ ᠶᠢᠨ ᠬᠤᠶᠠᠳᠤᠭᠠᠷ ᠬᠤᠭᠤᠴᠠᠭᠠᠨ ᠤ | ᠨᠦᠭᠡᠴᠡ ᠨᠡᠮᠡᠭᠳᠡᠭᠦᠯᠬᠦ ᠲᠦᠷᠦᠯ ᠵᠦᠢᠯ ᠤᠨ ᠠᠵᠢᠯ ᠤᠨ ᠠᠬᠢᠴᠠ ᠶᠢ ᠲᠦᠷᠭᠡᠳᠬᠡᠨ᠎ᠡ︔ ᠴᠢᠯᠠᠭᠤᠨ ᠲᠣᠰᠣᠨ ᠤ | ᠠᠵᠤ ᠠᠬᠤᠶᠢᠯᠠᠯ ᠢ ᠴᠤᠮᠬᠠᠳᠬᠠᠨ ᠨᠡᠶᠢᠯᠡᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ 20 ᠴᠢᠯᠠᠭᠤᠨ | ᠲᠣᠰᠣᠨ ᠤ ᠬᠤᠳᠳᠤᠭ ᠢ ᠰᠢᠨ᠎ᠡ ᠪᠠᠷ ᠦᠷᠦᠮᠳᠡᠨ᠂ 4 ᠲᠦᠮᠡᠨ ᠲᠣᠨ ᠠᠴᠠ ᠳᠡᠭᠡᠭᠰᠢ ᠲᠦᠭᠦᠬᠡᠶ ᠲᠣᠰᠣ ᠶᠢ | ᠭᠠᠳᠠᠭᠰᠢ ᠪᠣᠷᠣᠯᠠᠭᠤᠯᠤᠨ᠎ᠠ︔ ᠴᠢᠯᠠᠭᠤᠨ ᠤ ᠠᠭᠤᠷᠬᠠᠢ ᠶᠢᠨ ᠠᠵᠤ ᠠᠬᠤᠶᠢᠯᠠᠯ ᠢ ᠴᠤᠮᠬᠠᠳᠬᠠᠨ ᠨᠡᠶᠢᠯᠡᠭᠦᠯᠵᠦ | ᠢᠯᠡ ᠵᠠᠷᠯᠠᠨ ᠰᠢᠯᠵᠢᠭᠦᠯᠦᠨ ᠬᠤᠳᠠᠯᠳᠤᠬᠤ ᠠᠵᠢᠯ ᠢ ᠦᠳᠲᠡᠷ ᠪᠡᠶᠡᠯᠡᠭᠦᠯᠵᠦ᠂ ᠴᠢᠯᠠᠭᠤᠨ ᠮᠠᠲ᠋ᠧᠷᠢᠶᠠᠯ ᠤᠨ | ᠪᠤᠯᠪᠠᠰᠤᠷᠠᠭᠤᠯᠤᠯᠲᠠ ᠶᠢ ᠳᠡᠰ ᠳᠡᠪᠰᠢᠭᠦᠯᠦᠨ ᠬᠥᠭᠵᠢᠭᠦᠯᠬᠦ ᠶᠢ ᠠᠬᠢᠭᠤᠯᠤᠨ᠎ᠠ︔ ᠲᠡᠮᠦᠷᠯᠢᠭ ᠴᠢᠳᠬᠤᠬᠤ ᠵᠡᠷᠭᠡ | ᠠᠵᠤ ᠦᠶᠯᠡᠰ ᠤᠨ ᠲᠥᠷᠥᠯ ᠵᠦᠶᠯ ᠤᠨ ᠠᠵᠢᠯ ᠤᠨ ᠰᠡᠷᠭᠦᠭᠡᠯᠲᠡ ᠶᠢ ᠳᠥᠯᠭᠢᠨ ᠠᠬᠢᠭᠤᠯᠵᠤ᠂ ᠠᠵᠤ ᠠᠬᠤᠶ ᠶᠢᠨ | ᠨᠡᠮᠡᠭᠳᠡᠯ ᠤᠨ ᠰᠠᠭᠤᠷᠢ ᠶᠢ ᠲᠣᠭᠲᠠᠪᠤᠷᠢᠵᠢᠭᠤᠯᠤᠨ᠎ᠠ᠃ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢ ᠳᠠᠬᠢᠨ ᠪᠠᠶᠢᠭᠤᠯᠬᠤ ᠠᠴᠠ | ᠭᠠᠷᠳᠠᠨ᠂ ᠬᠦᠷᠦᠩᠭᠡ ᠬᠤᠭᠰᠢᠯ ᠢ ᠡᠷᠭᠢᠯᠲᠡ ᠳᠤ ᠤᠷᠤᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠥᠭᠵᠢᠯᠲᠡ ᠶᠢᠨ ᠬᠦᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠬᠦᠭᠵᠢᠭᠡᠨ᠂ ᠲᠥᠷᠥ ᠶᠢᠨ ᠪᠣᠳᠣᠯᠭ᠎ᠠ | ᠳᠤ ᠨᠡᠶᠢᠴᠡᠭᠰᠡᠨ ᠤᠷᠢᠳᠠᠯ ᠳᠣᠤᠷ᠎ᠠ᠂ ᠤᠯᠤᠰ ᠤᠨ ᠥᠮᠴᠢᠯᠡᠯᠲᠦ ᠬᠥᠷᠥᠩᠭᠡ ᠪᠠᠷ ᠳᠠᠮᠵᠢᠭᠤᠯᠤᠨ ᠨᠡᠶᠢᠭᠡᠮ ᠤᠨ | ᠬᠥᠷᠥᠩᠭᠡ ᠳᠤ ᠬᠤᠪᠢ ᠤᠷᠤᠭᠤᠯᠤᠨ᠂ ᠡᠨᠧᠷᠭᠢ ᠶᠢᠨ ᠰᠤᠷᠪᠤᠯᠵᠢ ᠶᠢ ᠨᠡᠭᠡᠭᠡᠨ ᠬᠥᠭᠵᠢᠭᠦᠯᠬᠦ ᠪᠠ ᠳᠠᠪᠠᠭᠤᠯᠢᠭ ᠠᠵᠤ | ᠦᠢᠯᠡᠰ ᠢ ᠬᠦᠭᠵᠢᠭᠦᠯᠬᠦ ᠳᠤ ᠣᠷᠣᠯᠴᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠥᠷᠲᠡᠭ ᠤᠨ ᠪᠠᠲᠤᠯᠠᠭ᠎ᠠ ᠪᠠ ᠥᠷᠲᠡᠭ ᠤᠨ | ᠨᠡᠮᠡᠭᠳᠡᠯ ᠢ ᠪᠡᠶᠡᠯᠡᠭᠦᠯᠦᠨ᠎ᠡ᠃ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠨᠠᠷᠢᠯᠢᠭ ᠣᠨᠣᠪᠴᠢᠲᠠᠶ ᠮᠦᠷᠲᠡᠭᠡᠨ ᠥᠨᠳᠥᠷ ᠪᠦᠲᠦᠮᠵᠢᠲᠡᠶ | ᠥᠷᠨᠢᠭᠦᠯᠦᠨ᠎ᠡ᠃ ︽ᠬᠦᠮᠦᠨ ᠪᠦᠬᠦᠨ ᠲᠦᠷᠦᠯ ᠵᠦᠢᠯ ᠢ ᠠᠳᠬᠤᠵᠤ᠂ ᠬᠦᠮᠦᠨ ᠪᠦᠬᠦᠨ ᠲᠦᠷᠦᠯ ᠵᠦᠢᠯ ᠢ | ᠠᠳᠬᠤᠵᠤ ᠴᠢᠳᠠᠬᠤ︾ ᠰᠠᠶᠢᠨ ᠰᠠᠶᠢᠬᠠᠨ ᠤᠷᠴᠢᠨ ᠠᠬᠤᠢ ᠶᠢ ᠴᠤᠭᠴᠠᠯᠠᠨ ᠪᠠᠶᠢᠭᠤᠯᠤᠨ᠎ᠠ᠃ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠦᠢᠯᠡᠳᠪᠦᠷᠢ ᠶᠢᠨ ᠠᠵᠤ ᠦᠢᠯᠡᠰ ᠤᠨ ᠲᠦᠷᠦᠯ ᠵᠦᠢᠯ ᠪᠠ ᠳᠠᠭᠠᠯᠲᠠ | ᠲᠦᠷᠦᠯ ᠵᠦᠢᠯ ᠢ ᠢᠳᠡᠪᠬᠢᠲᠡᠢ ᠲᠦᠰᠦᠪᠯᠡᠵᠦ᠂ ᠭᠤᠤᠯᠳᠠᠯᠭᠠᠲᠤ ᠲᠥᠷᠥᠯ ᠵᠦᠢᠯ ᠳᠤ ᠬᠠᠨᠳᠤᠭᠤᠯᠤᠨ᠂ ᠲᠣᠪᠴᠢ | ᠲᠠᠨᠢᠯᠴᠠᠭᠤᠯᠭ᠎ᠠ ᠪᠤᠶᠤ ᠰᠠᠨᠠᠯ ᠵᠦᠪᠯᠡᠯᠭᠡ ᠶᠢᠨ ᠪᠢᠴᠢᠭ ᠢ ᠲᠤᠭᠤᠷᠪᠢᠵᠤ᠂ ︽ᠵᠠᠬᠢᠶᠠᠯᠠᠭ᠎ᠠ ᠶᠢᠨ ᠬᠡᠯᠪᠡᠷᠢ︾ ᠶᠢᠨ | ᠦᠢᠯᠡᠴᠢᠯᠡᠭᠡ ᠬᠠᠩᠭᠠᠨ᠂ ︽ᠲᠤᠮᠤ ᠲᠦᠷᠦᠯ ᠵᠦᠢᠯ ᠰᠡᠬᠦᠶᠢᠨ ᠰᠦᠨᠳᠡᠷᠯᠡᠵᠦ᠂ ᠵᠢᠵᠢᠭ ᠲᠦᠷᠦᠯ ᠵᠦᠢᠯ ᠨᠡᠶᠢᠳᠡᠮ | ᠪᠦᠷᠬᠦᠭᠰᠡᠨ︾ ᠬᠦᠭᠵᠢᠯᠲᠡ ᠶᠢᠨ ᠬᠠᠨᠳᠤᠰᠢ ᠶᠢ ᠪᠦᠷᠢᠯᠳᠦᠭᠦᠯᠦᠨ᠎ᠡ᠃ ᠭᠡᠷ᠎ᠡ ᠲᠣᠭᠲᠠᠭᠰᠠᠨ ᠠᠵᠤ ᠠᠬᠤᠶᠢᠯᠠᠯ ᠲᠠᠢ | ᠠᠯᠳᠠᠯ ᠦᠭᠡᠢ ᠬᠠᠷᠢᠯᠴᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠢ ᠨᠠᠶᠢᠳᠠᠪᠤᠷᠢᠵᠢᠭᠤᠯᠬᠤ | ᠳᠤ ᠬᠦᠴᠢᠷ ᠪᠤᠶᠤ ᠤᠳᠠᠭᠠᠨ ᠪᠠᠶᠢᠬᠤ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠠᠷᠭ᠎ᠠ ᠪᠦᠬᠦᠨ ᠢ | ᠰᠦᠪᠡᠭᠴᠢᠯᠡᠨ ᠭᠡᠷ᠎ᠡ ᠶᠢ ᠭᠦᠶᠴᠡᠳᠬᠡᠬᠦ ᠨᠣᠷᠮ᠎ᠠ ᠪᠠ ᠪᠠᠯᠠ ᠮᠦᠩᠭᠦᠨ ᠤ ᠨᠠᠶᠢᠳᠠᠪᠤᠷᠢᠵᠢᠭᠤᠯᠤᠯᠲᠠ ᠶᠢᠨ ᠨᠣᠷᠮ᠎ᠠ ᠶᠢ | ᠳᠡᠭᠡᠭᠰᠢᠯᠡᠭᠦᠯᠦᠨ᠂ ᠠᠷᠠᠯᠵᠢᠶᠠᠴᠢᠨ ᠤᠷᠢᠭᠰᠠᠨ ᠦᠷ᠎ᠡ ᠪᠦᠲᠦᠭᠡᠯ ᠢ ᠬᠥᠭᠵᠢᠯᠲᠡ ᠶᠢᠨ ᠦᠷ᠎ᠡ ᠪᠦᠲᠦᠭᠡᠯ ᠳᠠᠰᠢ | ᠦᠳᠲᠡᠷ ᠲᠦᠷᠭᠡᠨ ᠬᠤᠪᠢᠷᠠᠭᠠᠬᠤ ᠶᠢ ᠠᠬᠢᠭᠤᠯᠤᠨ᠎ᠠ᠃ | ︵ᠬᠤᠶᠠᠷ︶ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠬᠡᠯᠬᠢᠶ᠎ᠡ ᠰᠡᠳᠬᠢᠬᠦᠢ ᠪᠠᠷ ᠠᠵᠤ ᠦᠢᠯᠡᠰ | ᠤᠨ ᠬᠥᠭᠵᠢᠯᠲᠡ ᠶᠢ ᠠᠬᠢᠭᠤᠯᠤᠨ᠎ᠠ᠃ | ᠣᠳᠣᠬᠢᠴᠢᠯᠠᠭᠰᠠᠨ ᠮᠠᠯ ᠠᠵᠤ ᠠᠬᠤᠢ ᠶᠢᠨ ᠠᠵᠤ ᠦᠢᠯᠡᠰ ᠢ ᠪᠦᠲᠦᠭᠡᠨ ᠪᠠᠶᠢᠭᠤᠯᠤᠨ᠎ᠠ᠃ ᠪᠣᠬᠢᠷᠲᠤᠯ ᠥᠬᠡᠶ ᠮᠠᠯ | ᠤᠨ ᠠᠰᠢᠭ ᠰᠢᠮ᠎ᠡ ᠶᠢᠨ ᠪᠦᠲᠦᠭᠡᠭᠲᠡᠭᠦᠨ ᠢ ᠨᠠᠷᠢᠯᠢᠭ ᠪᠣᠯᠪᠠᠰᠤᠷᠠᠭᠤᠯᠬᠤ ᠠᠵᠤ ᠦᠶᠯᠡᠰ ᠤᠨ ᠬᠡᠯᠬᠢᠶ᠎ᠡ ᠶᠢ | ᠪᠠᠶᠢᠭᠤᠯᠬᠤ ᠳᠤ ᠰᠠᠭᠤᠷᠢᠯᠠᠨ᠂ ᠪᠦᠬᠦ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ | ᠤᠨ ᠤᠷᠤᠨ ᠪᠦᠰᠡ ᠶᠢ ᠴᠤᠭᠴᠠᠯᠠᠬᠤ ᠠᠵᠢᠯᠯᠠᠭ᠎ᠠ ᠳᠤ ᠢᠳᠡᠪᠬᠢᠲᠡᠢ ᠤᠷᠤᠯᠴᠠᠨ᠂ ᠨᠤᠲᠤᠭ ᠤᠨ ᠦᠬᠡᠷ ᠤᠨ | ᠡᠭᠦᠯᠳᠡᠷ ᠰᠠᠶᠢᠵᠢᠷᠠᠭᠤᠯᠬᠤ ᠪᠤᠯᠤᠨ ᠬᠤᠸᠠ ᠰᠢ ᠦᠬᠡᠷ ᠢ ᠰᠤᠩᠭᠤᠨ ᠪᠤᠶᠢᠵᠢᠭᠤᠯᠬᠤ ᠠᠵᠢᠯ ᠢ ᠶᠡᠬᠡᠪᠡᠷ ᠲᠦᠯᠬᠢᠨ | ᠠᠬᠢᠭᠤᠯᠵᠤ᠂ ᠴᠢᠨᠠᠷ ᠰᠠᠶᠢᠲᠠᠢ ᠡᠭᠦᠯᠳᠡᠷ ᠰᠠᠶᠢᠵᠢᠷᠠᠭᠤᠯᠬᠤ ᠪᠠ ᠲᠡᠵᠢᠭᠡᠨ ᠦᠷᠡᠵᠢᠭᠦᠯᠬᠦ ᠲᠤᠭᠲᠠᠯᠴᠠᠭ᠎ᠠ ᠪᠠᠶᠢᠭᠤᠯᠤᠨ | ᠂ ᠰᠦ ᠪᠤᠯᠤᠨ ᠮᠢᠬᠠᠨ ᠤ ᠬᠤᠤᠰ ᠠᠰᠢᠭ ᠰᠢᠮ᠎ᠡ ᠶᠢ ᠪᠦᠷᠢᠳᠦᠭᠦᠯᠦᠭᠰᠡᠨ ᠮᠢᠬᠠᠨ ᠤ ᠦᠬᠡᠷ ᠤᠨ ᠬᠡᠪᠴᠢᠶᠡᠵᠢᠭᠰᠡᠨ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠤᠯᠤᠰ ᠤᠨ ᠲᠡᠰ ᠤᠨ ᠰᠢᠯᠢᠳᠡᠭ ᠡᠭᠦᠯᠳᠡᠷ ᠤᠨ ᠦᠬᠡᠷ | ᠤᠨ ᠦᠷ᠎ᠡ ᠶᠢᠨ ᠮᠠᠯ ᠪᠤᠶᠢᠵᠢᠭᠤᠯᠬᠤ ᠭᠤᠤᠯᠳᠠᠯᠭᠠᠲᠤ ᠲᠠᠯᠠᠪᠠᠢ ᠶᠢ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ | ᠴᠠᠬᠠᠷ ᠬᠤᠨᠢᠨ ᠤ ᠪᠦᠬᠦᠶᠢᠯᠡ ᠠᠰᠢᠭ ᠰᠢᠮ᠎ᠡ ᠶᠢᠨ ᠬᠡᠯᠬᠢᠶ᠎ᠡ ᠠᠵᠤ ᠦᠢᠯᠡᠰ ᠤᠨ ᠲᠦᠷᠦᠯ ᠵᠦᠢᠯ ᠢ ᠪᠦᠬᠦ ᠲᠠᠯ᠎ᠠ | ᠪᠠᠷ ᠲᠦᠯᠬᠢᠨ ᠠᠬᠢᠭᠤᠯᠵᠤ᠂ ᠣᠩᠭᠤᠨ ᠠᠭᠤᠯᠠ ᠰᠤᠮᠤ ᠶᠢ ᠮᠠᠯ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ | ᠰᠤᠮᠤ ᠪᠤᠯᠭᠠᠨ ᠪᠦᠲᠦᠭᠡᠨ ᠪᠠᠶᠢᠭᠤᠯᠬᠤ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠤᠯᠤᠰ ᠤᠨ ᠲᠡᠰ ᠤᠨ | ᠮᠢᠬᠠᠨ ᠤ ᠬᠤᠨᠢᠨ ᠤ ᠭᠤᠣᠯᠳᠠᠯᠭᠠᠲᠤ ᠡᠭᠦᠯᠳᠡᠷ ᠪᠣᠶᠢᠵᠢᠭᠤᠯᠬᠤ ᠲᠠᠯᠠᠪᠠᠢ ᠶᠢ ᠪᠠᠶᠢᠭᠤᠯᠬᠤ ᠪᠠᠷ ᠢᠳᠡᠪᠬᠢᠲᠡᠢ | ᠬᠦᠴᠦᠯᠡᠨ᠂ ᠲᠡᠵᠢᠭᠡᠯ ᠪᠤᠷᠳᠤᠭ᠎ᠠ ᠪᠤᠯᠪᠠᠰᠤᠷᠠᠭᠤᠯᠬᠤ᠂ ᠲᠡᠵᠢᠭᠡᠨ ᠦᠷᠡᠵᠢᠭᠦᠯᠬᠦ᠂ ᠡᠭᠦᠯᠳᠡᠷ ᠪᠤᠶᠢᠵᠢᠭᠤᠯᠵᠤ | ᠪᠤᠷᠳᠤᠨ ᠲᠠᠷᠭᠤᠯᠠᠭᠤᠯᠬᠤ᠂ ᠨᠠᠷᠢᠯᠢᠭ ᠡᠳ᠋ᠰᠢᠭᠦᠯᠬᠦ᠂ ᠮᠠᠯ ᠤᠨ ᠠᠰᠢᠭ ᠰᠢᠮ᠎ᠡ ᠶᠢᠨ ᠪᠦᠲᠦᠭᠡᠭᠲᠡᠭᠦᠨ ᠢ ᠬᠦᠯᠳᠡᠭᠡᠨ | ᠵᠦᠭᠡᠭᠡᠪᠦᠷᠢᠯᠡᠬᠦ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠢ ᠪᠠᠶᠢᠭᠤᠯᠤᠨ᠎ᠠ᠃ ᠤᠳᠤᠬᠢᠴᠢᠯᠠᠭᠰᠠᠨ ᠠᠳᠤᠭᠤᠨ ᠤ | ᠠᠵᠤ ᠦᠢᠯᠡᠰ ᠢ ᠬᠦᠴᠦᠲᠡᠢ ᠬᠦᠭᠵᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠮᠠᠯ | ᠪᠡᠯᠴᠢᠭᠡᠷ ᠤᠨ ᠲᠡᠩᠴᠡᠭᠦᠷᠢ ᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ | ᠳᠡᠭᠡᠷ᠎ᠡ᠂ ᠮᠠᠯᠴᠢᠳ ᠢ ᠬᠠᠪᠰᠤᠷᠤᠨ ᠠᠰᠢᠭ ᠤᠷᠤᠯᠭ᠎ᠠ ᠶᠢᠨ ᠳᠠᠩᠰᠠ ᠪᠤᠳᠤᠵᠤ᠂ ︽ᠪᠡᠯᠴᠢᠭᠡᠷᠯᠡᠭᠦᠯᠬᠦ + ᠪᠣᠷᠳᠤᠭ᠎ᠠ | ᠨᠥᠬᠦᠪᠥᠷᠢᠯᠡᠬᠦ︾ ᠵᠠᠭᠪᠤᠷ ᠢᠶᠠᠷ ︽ᠴᠦᠬᠡᠨ ᠲᠤᠭ᠎ᠠ ᠪᠠᠷ ᠮᠠᠯᠵᠢᠵᠤ᠂ ᠴᠢᠨᠠᠷ ᠰᠠᠶᠢᠲᠠᠢ ᠮᠠᠯᠯᠠᠨ︾᠂ ᠮᠠᠯᠴᠢᠳ ᠢ | ᠬᠦᠲᠦᠯᠦᠨ ᠮᠠᠯ ᠤᠨ ᠲᠤᠭ᠎ᠠ ᠲᠤᠯᠤᠭᠠᠢ ᠶᠢ ᠬᠦᠭᠡᠭᠡᠴᠡᠯᠳᠦᠵᠦ ᠪᠠᠶᠢᠭᠰᠠᠨ ᠴᠠᠭ ᠦᠶ᠎ᠡ ᠠᠴᠠ ᠮᠠᠯ ᠤᠨ ᠴᠢᠨᠠᠷ | ᠴᠢᠨᠰᠠᠭ᠎ᠠ ᠶᠢ ᠬᠦᠭᠡᠭᠡᠴᠡᠯᠳᠦᠬᠦ ᠴᠠᠭ ᠦᠶ᠎ᠡ ᠳᠤ ᠤᠷᠤᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠴᠠᠭᠠᠨ | ᠢᠳᠡᠭᠡᠨ ᠤ ᠠᠵᠤ ᠦᠶᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ | ᠶᠢᠨ ᠠᠷᠭ᠎ᠠ ᠠᠪᠴᠠᠯ ᠤᠳ ᠢ ᠭᠦᠢᠴᠡᠳ ᠰᠠᠶᠢᠨ ᠠᠰᠢᠭᠯᠠᠨ᠂ ᠴᠠᠭᠠᠨ ᠢᠳᠡᠭᠡᠨ ᠤ ᠠᠵᠤ ᠦᠶᠯᠡᠰ ᠤᠨ ᠬᠦᠷᠢᠶᠡᠯᠡᠩ | ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶᠡᠴᠢ ᠬᠦᠷᠢᠶᠡᠯᠡᠩ ᠪᠣᠯᠭᠠᠬᠤ ᠪᠠᠷ ᠴᠢᠷᠮᠠᠶᠢᠵᠤ᠂ ᠰᠢᠯᠢ ᠶᠢᠨ | ᠭᠤᠤᠯ ᠠᠶᠢᠮᠠᠭ ᠤᠨ ᠤᠯᠠᠮᠵᠢᠯᠠᠯᠲᠤ ᠴᠠᠭᠠᠨ ᠢᠳᠡᠭᠡ ᠶᠢ ᠠᠮᠲᠠᠯᠠᠵᠤ ᠦᠨᠡᠯᠡᠬᠦ ᠬᠤᠷᠠᠯ ᠢ ᠦᠨᠳᠦᠷ ᠲᠦᠪᠰᠢᠨ ᠳᠤ | ᠳᠠᠭᠠᠭᠠᠴᠢᠯᠠᠨ ᠡᠷᠬᠢᠯᠡᠵᠦ᠂ ᠪᠥᠬᠦ ᠬᠤᠰᠢᠭᠤᠨ ᠤ ᠴᠠᠭᠠᠨ ᠢᠳᠡᠭᠡᠨ ᠤ ᠠᠵᠤ ᠦᠶᠯᠡᠰ ᠤᠨ ᠴᠢᠨᠠᠷᠯᠢᠭ ᠬᠦᠭᠵᠢᠯᠲᠡ | ᠶᠢ ᠲᠡᠳᠬᠦᠨ ᠠᠬᠢᠭᠤᠯᠤᠨ᠎ᠠ᠃ | ᠠᠵᠤ ᠦᠢᠯᠡᠳᠪᠦᠷᠢᠯᠡᠯ ᠤᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠠᠶᠢᠭᠤᠯᠤᠨ᠎ᠠ᠃ ᠰᠢᠨ᠎ᠡ ᠡᠨᠧᠷᠭᠢ ᠶᠢᠨ | ᠠᠵᠤ ᠦᠶᠯᠡᠰ ᠤᠨ ᠬᠡᠯᠬᠢᠶ᠎ᠡ᠂ ᠬᠤᠪᠣᠷ ᠲᠡᠮᠦᠷᠯᠢᠭ ᠤᠨ ᠠᠵᠤ ᠦᠶᠯᠡᠰ ᠤᠨ ᠬᠡᠯᠬᠢᠶ᠎ᠡ᠂ ᠪᠢᠴᠢᠯ ᠴᠠᠬᠢᠯᠭᠠᠨ ᠬᠦᠴᠦᠨ | ᠤ ᠲᠣᠤᠷ + ᠲᠡᠷᠢᠭᠦᠨ ᠤ ᠡᠨᠧᠷᠭᠢ ᠶᠢᠨ ᠠᠴᠢᠶᠠᠯᠠᠪᠤᠷᠢ ᠶᠢᠨ ᠠᠵᠤ ᠦᠶᠯᠡᠰ ᠤᠨ ᠬᠡᠯᠬᠢᠶ᠎ᠡ᠂ ᠰᠢᠨ᠎ᠡ ᠬᠡᠯᠪᠡᠷᠢ ᠶᠢᠨ | ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠬᠤ ᠳᠤ ᠰᠠᠭᠤᠷᠢᠯᠠᠨ᠂ | ᠠᠵᠤ ᠦᠢᠯᠡᠳᠪᠦᠷᠢᠯᠡᠯ ᠤᠨ ᠲᠣᠭᠤᠷᠢᠭ ᠢ ᠰᠡᠷᠭᠦᠭᠡᠵᠦ᠂ ᠠᠵᠤ ᠦᠢᠯᠡᠳᠪᠦᠷᠢᠯᠡᠯ ᠤᠨ ᠲᠥᠷᠥᠯ ᠵᠦᠶᠯ ᠢ ᠡᠮᠬᠢ | ᠴᠡᠭᠴᠡ ᠲᠠᠢ ᠪᠠᠶᠢᠷᠢᠯᠠᠭᠤᠯᠤᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠪᠴᠢᠶ᠎ᠡ ᠶᠢ ᠶᠡᠬᠡᠰᠬᠡᠬᠦ ᠪᠠ ᠤᠳᠤ | ᠪᠠᠶᠢᠭ᠎ᠠ ᠠᠵᠤ ᠠᠬᠤᠶᠢᠯᠠᠯ ᠤᠨ ᠪᠤᠬᠢᠷᠳᠤᠯ ᠦᠭᠡᠢ ᠠᠵᠤ ᠠᠬᠤᠶᠢᠯᠠᠯ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ | ᠰᠢᠨ᠎ᠡ ᠨᠢᠭᠡᠨ ᠡᠭᠡᠯᠵᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠪᠤᠯᠠᠭᠳᠠᠴᠠ ᠶᠢᠨ ᠬᠠᠶᠢᠨ | ᠰᠢᠨᠵᠢᠯᠡᠯᠲᠡ ᠶᠢᠨ ᠬᠦᠳᠡᠯᠭᠡᠭᠡᠨ ᠤ ᠴᠠᠭ ᠲᠣᠬᠢᠶᠠᠯ ᠢ ᠴᠢᠩᠭ᠎ᠠ ᠠᠳᠬᠤᠵᠤ᠂ ᠠᠭᠤᠷᠬᠠᠶ ᠶᠢᠨ ᠡᠬᠢ ᠪᠠᠶᠠᠯᠢᠭ ᠤᠨ | ᠨᠡᠭᠡᠭᠡᠨ ᠠᠰᠢᠭᠯᠠᠯᠲᠠ ᠶᠢᠨ ᠰᠢᠨ᠎ᠡ ᠨᠢᠭᠡᠨ ᠱᠠᠲᠤᠨ ᠳᠤ ᠰᠢᠯᠵᠢᠬᠦ ᠠᠬᠢᠴᠠ ᠶᠢ ᠲᠦᠷᠭᠡᠳᠬᠡᠨ᠎ᠡ᠃ ᠯᠢᠲ᠋ᠢ ᠶᠢᠨ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠨ | ᠠᠰᠢᠭᠯᠠᠯᠲᠠ ᠳᠤ ᠤᠷᠤᠭᠤᠯᠵᠤ᠂ ᠹᠣᠰᠹᠣᠷ ᠬᠦᠴᠢᠯ ᠤᠨ ᠲᠡᠮᠦᠷ ᠯᠢᠲ᠋ᠢ᠂ ᠡᠨᠧᠷᠭᠢ ᠬᠠᠳᠠᠭᠠᠯᠠᠬᠤ ᠰᠢᠰᠲ᠋ᠧᠮ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ᠂ ᠬᠠᠶᠢᠯᠤᠭᠤᠷ ᠵᠣᠩᠰᠢ ᠶᠢᠨ ᠬᠦᠳᠡᠷ ᠢ ᠮᠠᠯᠲᠠᠬᠤ ᠵᠡᠷᠭᠡ ᠲᠥᠷᠥᠯ ᠵᠦᠢᠯ | ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠨ᠎ᠡ᠃ ᠬᠢᠮᠳᠠ ᠪᠦᠭᠡᠳ ᠪᠣᠬᠢᠷᠲᠤᠯ ᠥᠬᠡᠶ ᠴᠠᠬᠢᠯᠭᠠᠨ | ᠬᠦᠴᠦᠨ ᠤ ᠳᠠᠪᠠᠭᠤᠯᠢᠭ ᠢ ᠠᠰᠢᠭᠯᠠᠨ᠂ ᠴᠠᠬᠢᠯᠭᠠᠨ ᠤ ᠦᠨ᠎ᠡ ᠳᠤ ᠲᠤᠰᠬᠠᠯ ᠶᠡᠬᠡᠲᠡᠢ ᠠᠵᠤ ᠠᠬᠤᠶᠢᠯᠠᠯ ᠢ ᠲᠠᠲᠠᠨ | ᠤᠷᠤᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠪᠠ | ᠠᠭᠤᠷᠬᠠᠶ ᠶᠢᠨ ᠬᠠᠶᠠᠭᠳᠠᠮᠠᠯ ᠢ ᠨᠠᠷᠢᠯᠢᠭ ᠡᠳ᠋ᠰᠢᠭᠦᠯᠬᠦ ᠲᠥᠷᠥᠯ ᠵᠦᠶᠯ ᠢ ᠲᠦᠯᠬᠢᠨ ᠠᠬᠢᠭᠤᠯᠤᠨ᠎ᠠ᠃ ᠸᠣᠯᠹᠷᠠᠮ | ᠪᠢᠰᠮᠦ᠋ᠲ ᠮᠦᠩᠭᠦᠨ ᠤ ᠲᠡᠮᠦᠷᠯᠢᠭ ᠤᠨ ᠠᠭᠤᠷᠬᠠᠢ ᠶᠢᠨ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠠᠵᠢᠯ | ᠤᠨ ᠠᠬᠢᠴᠠ ᠶᠢ ᠲᠦᠷᠭᠡᠳᠬᠡᠵᠦ᠂ ᠲᠤᠰ ᠵᠢᠯ ᠳᠡᠭᠡᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠪᠠᠷ ᠴᠢᠷᠮᠠᠶᠢᠨ᠎ᠠ᠃ | ᠰᠠᠯᠬᠢᠨ ᠤ ᠡᠨᠧᠷᠭᠢ ᠪᠠ ᠭᠡᠷᠡᠯ ᠤᠨ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ | ᠂ ᠣᠨᠴᠠ ᠥᠨᠳᠥᠷ ᠬᠦᠴᠦᠳᠡᠯ ᠤᠨ ᠭᠤᠷᠪᠠᠳᠤᠭᠠᠷ ᠪᠦᠯᠦᠭ ᠤᠨ ᠲᠣᠮᠣ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ 40 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠨ᠂ ᠲᠤᠰ ᠵᠢᠯ ᠳᠡᠭᠡᠨ ᠴᠠᠬᠢᠯᠭᠠᠨ ᠬᠦᠴᠦᠨ ᠤ ᠲᠤᠤᠷ | ᠰᠦᠯᠵᠢᠶᠡᠨ ᠳᠤ ᠵᠠᠯᠭᠠᠨ ᠤᠷᠤᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠴᠢᠨᠠᠷ ᠴᠢᠨᠰᠠᠭ᠎ᠠ ᠪᠠ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠡᠯᠬᠢᠶ᠎ᠡ ᠪᠤᠯᠤᠨ ᠠᠭᠠᠷ ᠤᠨ ᠳᠤᠤᠷᠠᠳᠤ ᠲᠠᠪᠬᠤᠷᠭ᠎ᠠ ᠶᠢᠨ ᠠᠵᠤ | ᠠᠬᠤᠶ ᠶᠢᠨ ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠬᠤ ᠳᠤ ᠰᠠᠭᠤᠷᠢᠯᠠᠨ᠂ ᠦᠶᠯᠡᠴᠢᠯᠡᠭᠡᠨ ᠤ ᠦᠶᠯᠡᠰ ᠤᠨ ᠲᠡᠰ | ᠲᠡᠪᠰᠢᠬᠦ ᠶᠢ ᠬᠥᠲᠥᠯᠥᠨ ᠤᠷᠤᠭᠰᠢᠯᠠᠭᠤᠯᠤᠨ᠎ᠠ᠃ ︽ᠲᠤᠷᠭᠠᠨ ᠨᠤᠲᠤᠭ ᠬᠥᠪᠡᠭᠡᠲᠦ ᠰᠢᠷ᠎ᠠ ·ᠠᠰᠤᠷᠤ ᠠᠶᠠᠯᠭᠤ | ᠶᠢᠨ ᠦᠯᠦᠭᠡᠢ︾ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠦᠨ᠂ ᠵᠤᠰᠠᠯᠠᠩ ᠢᠶᠠᠷ ᠭᠤᠤᠯᠯᠠᠭᠤᠯᠤᠭᠰᠠᠨ | ᠰᠤᠷᠴᠤ ᠰᠤᠳᠤᠯᠬᠤ ᠠᠶᠠᠯᠠᠯ᠂ ᠮᠠᠯᠴᠢᠨ ᠠᠶᠢᠯ ᠢᠶᠠᠷ ᠭᠤᠤᠯᠯᠠᠭᠤᠯᠤᠭᠰᠠᠨ ᠵᠠᠩ ᠦᠢᠯᠡ ᠶᠢᠨ ᠵᠢᠭᠤᠯᠴᠢᠯᠠᠯ ᠢ | ᠶᠡᠬᠡᠪᠡᠷ ᠬᠥᠭᠵᠢᠭᠦᠯᠵᠦ᠂ ᠮᠤᠩᠭᠤᠯ ᠮᠤᠷᠢᠨ ᠤ ᠬᠤᠯᠪᠤᠭᠠᠲᠤ ᠤᠷᠤᠯᠳᠤᠭᠠᠨ᠂ ᠨᠠᠭᠠᠳᠤᠮ ᠤᠨ ᠬᠤᠷᠠᠯ ᠵᠡᠷᠭᠡ | ᠬᠦᠳᠡᠯᠭᠡᠭᠡᠨ ᠢ ᠦᠷᠭᠦᠯᠵᠢᠯᠡᠨ ᠡᠷᠬᠢᠯᠡᠨ ᠶᠠᠪᠤᠭᠳᠠᠭᠤᠯᠤᠨ᠎ᠠ᠃ ᠪᠦᠬᠦ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ | ᠡᠯᠡᠰᠦᠨ ᠤ ᠵᠤᠭᠠᠴᠠᠯ ᠤᠨ ᠵᠠᠮ ᠱᠤᠭᠤᠮ ᠤᠨ ᠪᠠᠶᠢᠭᠤᠯᠤᠯᠲᠠ ᠳᠤ ᠤᠷᠤᠯᠴᠠᠬᠤ ᠲᠠᠢ ᠤᠶᠠᠯᠳᠤᠭᠤᠯᠤᠨ᠂ ᠬᠤᠩᠭᠤᠷ | ᠣᠪᠣᠭ᠎ᠠ᠂ ᠬᠠᠶ᠋ᠢᠩᠬᠢᠷᠸ᠎ᠠ ᠰᠦᠮ᠎ᠡ᠂ ᠠᠳᠤᠭᠤᠨ ᠰᠣᠶᠣᠯ ᠤᠨ ᠮᠦᠽᠧᠢ᠂ ᠠᠭᠠᠷ ᠤᠨ ᠠᠶᠠᠯᠠᠯ ᠤᠨ ᠰᠢᠨᠵᠢᠯᠡᠬᠦ | ᠤᠬᠠᠭᠠᠨ ᠤ ᠲᠦᠭᠡᠮᠡᠯᠵᠢᠭᠦᠯᠦᠯᠲᠡ ᠶᠢᠨ ᠦᠷᠲᠡᠭᠡ ᠵᠡᠷᠭᠡ ᠦᠪᠡᠷᠮᠢᠴᠡ ᠤᠨᠴᠠᠯᠢᠭ ᠪᠦᠬᠦᠢ ᠦᠵᠡᠮᠵᠢ ᠶᠢᠨ ᠴᠡᠭ ᠢ | ᠵᠠᠯᠭᠠᠭᠤᠯᠵᠤ᠂ ᠰᠢᠷᠢᠰ ᠵᠢᠭᠤᠯᠴᠢᠯᠠᠯ ᠤᠨ ᠵᠠᠮ ᠱᠤᠭᠤᠮ ᠢ ᠪᠤᠢ ᠪᠤᠯᠭᠠᠨ᠂ ᠰᠤᠷᠴᠤ ᠰᠤᠳᠤᠯᠬᠤ ᠪᠦᠷᠢᠨ | ᠦᠢᠯᠡᠴᠢᠯᠡᠭᠡ ᠶᠢ ᠬᠠᠩᠭᠠᠨ᠎ᠠ᠃ ᠨᠢᠰᠬᠡᠯ ᠤᠨ ᠪᠠᠭᠤᠳᠠᠯ ᠤᠨ ᠵᠦᠭᠡᠭᠡᠪᠦᠷᠢ ᠶᠢᠨ ᠦᠢᠯᠡᠴᠢᠯᠡᠭᠡ ᠶᠢ | ᠲᠣᠭᠲᠠᠪᠤᠷᠢᠵᠢᠭᠤᠯᠵᠤ᠂ ᠠᠭᠠᠷ ᠤᠨ ᠠᠶᠠᠯᠠᠯ ᠤᠨ ᠵᠠᠮ ᠱᠤᠭᠤᠮ ᠤᠨ ᠨᠥᠬᠦᠴᠡᠯ ᠢ ᠠᠰᠢᠭᠯᠠᠨ᠂ ᠠᠭᠠᠷ ᠤᠨ ᠠᠶᠠᠯᠠᠯ | ᠤᠨ ᠦᠢᠯᠡᠰ ᠢ ᠬᠦᠭᠵᠢᠭᠦᠯᠬᠦ ᠰᠢᠨ᠎ᠡ ᠵᠠᠮ ᠢ ᠬᠠᠶᠢᠨ᠎ᠠ᠃ ᠭᠤᠷᠪᠠᠳᠠᠭᠴᠢ ᠡᠲᠡᠭᠡᠳ ᠤᠨ ᠵᠦᠭᠡᠭᠡᠪᠦᠷᠢ ᠶᠢᠨ ᠦᠢᠯᠡᠰ | ᠢ ᠬᠦᠭᠵᠢᠭᠦᠯᠵᠦ᠂ ᠴᠠᠬᠢᠮ ᠬᠤᠳᠠᠯᠳᠤᠭᠠᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠲᠦᠷᠭᠡᠳᠬᠡᠨ | ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠦᠯᠳᠡᠭᠡᠨ ᠵᠦᠭᠡᠭᠡᠪᠦᠷᠢᠯᠡᠬᠦ ᠲᠦᠪ ᠪᠤᠯᠤᠨ | ᠮᠠᠯᠵᠢᠬᠤ ᠤᠷᠤᠨ ᠤ ᠬᠤᠤᠰ ᠴᠢᠭᠯᠡᠯᠲᠦ ᠶᠡᠷᠦᠩᠬᠡᠶᠢᠯᠡᠭᠰᠡᠨ ᠵᠦᠭᠡᠭᠡᠪᠦᠷᠢ ᠶᠢᠨ ᠲᠠᠪᠴᠠᠩ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢ ᠬᠥᠭᠵᠢᠭᠡᠵᠦ᠂ ᠤᠯᠠᠮᠵᠢᠯᠠᠯᠲᠤ | ᠦᠶᠯᠡᠴᠢᠯᠡᠭᠡᠨ ᠤ ᠦᠶᠯᠡᠰ ᠤᠨ ᠰᠢᠨ᠎ᠡ ᠬᠥᠭᠵᠢᠯᠲᠡ ᠶᠢ ᠳᠠᠶᠢᠴᠢᠯᠠᠨ᠎ᠠ᠃ | ︵ᠭᠤᠷᠪᠠ︶ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠤᠯᠤᠰ ᠤᠨ ᠲᠡᠰ ᠤᠨ ᠠᠮᠢ | ᠠᠬᠤᠢ ᠶᠢᠨ ᠪᠣᠯᠪᠠᠰᠤᠨ ᠤ ᠵᠢᠱᠢᠶᠡᠴᠢ ᠬᠤᠰᠢᠭᠤ ᠶᠢ ᠢᠳᠡᠪᠬᠢᠲᠡᠢ ᠴᠤᠭᠴᠠᠯᠠᠨ ᠪᠠᠶᠢᠭᠤᠯᠤᠨ᠎ᠠ᠃ | ᠤᠯᠤᠰ ᠤᠨ ᠲᠡᠰ ᠤᠨ ᠠᠮᠢ ᠠᠬᠤᠢ ᠶᠢᠨ ᠪᠣᠯᠪᠠᠰᠤᠨ ᠤ ᠵᠢᠱᠢᠶᠡᠴᠢ ᠬᠤᠰᠢᠭᠤ ᠶᠢ ᠢᠳᠡᠪᠬᠢᠲᠡᠢ ᠴᠤᠭᠴᠠᠯᠠᠨ | ᠪᠠᠶᠢᠭᠤᠯᠤᠨ᠎ᠠ᠃ ᠠᠮᠢ ᠠᠬᠤᠶ ᠶᠢ ᠲᠡᠷᠢᠭᠦᠨ ᠪᠠᠶᠢᠷᠢᠨ ᠳᠤ ᠲᠠᠯᠪᠢᠬᠤ ᠪᠠ ᠪᠣᠬᠢᠷᠲᠤᠯ ᠥᠬᠡᠶ ᠬᠦᠭᠵᠢᠯᠲᠡ ᠶᠢᠨ | ᠵᠠᠷᠴᠢᠮ ᠢ ᠴᠢᠩᠭ᠎ᠠ ᠵᠢᠷᠤᠮᠯᠠᠨ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ᠂ ᠠᠵᠤ ᠠᠬᠤᠢ ᠶᠢᠨ ᠨᠡᠮᠡᠭᠳᠡᠯ ᠢ ᠪᠡᠶᠡᠯᠡᠭᠦᠯᠬᠦ ᠠᠵᠢᠯ ᠢ ᠰᠠᠶᠢᠲᠤᠷ ᠬᠢᠵᠦ᠂ | ᠭᠤᠤᠯ ᠤᠨ ᠳᠠᠷᠤᠭ᠎ᠠ ᠶᠢᠨ ᠲᠦᠷᠢᠮ᠂ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠵᠡᠷᠭᠡ ᠶᠢ | ᠴᠢᠩᠭ᠎ᠠ ᠨᠠᠶᠢᠳᠠᠪᠤᠷᠢᠵᠢᠭᠤᠯᠤᠨ᠂ ᠳᠠᠭᠠᠭᠤᠯᠢ ᠤᠳᠤᠨ ᠤ ᠵᠢᠷᠤᠭ ᠢᠶᠠᠷ ᠬᠠᠤᠯᠢ ᠬᠡᠷᠡᠭᠵᠢᠭᠦᠯᠦᠨ ᠪᠠᠶᠢᠴᠠᠭᠠᠬᠤ ᠡᠷᠴᠢᠮ | ᠢᠶᠠᠨ ᠴᠢᠩᠭᠠᠷᠠᠭᠤᠯᠵᠤ᠂ ᠬᠠᠤᠯᠢ ᠪᠤᠰᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠲᠦᠷᠢᠮ ᠢ | ᠲᠡᠭᠦᠯᠳᠡᠷᠵᠢᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠶᠳᠪᠦᠷᠢᠯᠡᠵᠦ᠂ ᠬᠥᠪᠡᠭᠡᠲᠦ ᠰᠢᠷ᠎ᠠ ᠬᠤᠰᠢᠭᠤ ᠪᠠᠨ ᠨᠤᠮᠢᠨ ᠲᠩᠷᠢ ᠨᠤᠭᠤᠭᠠᠨ ᠲᠠᠯ᠎ᠠ ᠲᠠᠢ᠂ ᠰᠠᠭᠤᠷᠢᠰᠢᠨ | ᠠᠮᠢᠳᠤᠷᠠᠬᠤ ᠪᠠ ᠲᠤᠭᠤᠷᠢᠨ ᠵᠢᠭᠤᠯᠴᠢᠯᠠᠬᠤ ᠳᠤ ᠲᠠᠭᠠᠲᠠᠢ᠂ ᠠᠵᠤ ᠠᠬᠤᠶ ᠬᠦᠭᠵᠢᠨ ᠪᠤᠵᠠᠭᠠᠶᠢᠷᠠᠭᠰᠠᠨ᠂ ᠬᠥᠮᠦᠨ | ᠪᠠᠶᠢᠭᠠᠯᠢ ᠡᠶ᠎ᠡ ᠵᠣᠬᠢᠴᠠᠯ ᠲᠠᠢ ᠣᠷᠣᠰᠢᠬᠤ ᠤᠯᠤᠰ ᠤᠨ ᠲᠡᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ | ᠶᠢᠨ ᠵᠢᠱᠢᠶᠡᠴᠢ ᠬᠤᠰᠢᠭᠤ ᠪᠣᠯᠭᠠᠨ ᠪᠥᠲᠥᠭᠡᠨ ᠪᠠᠶᠢᠭᠤᠯᠤᠨ᠎ᠠ᠃ | ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ ᠡᠷᠡᠰ ᠰᠢᠭᠤᠷᠬᠠᠢ ᠬᠢᠨ᠎ᠡ᠃ | ᠳᠡᠭᠡᠳᠦ ᠱᠠᠲᠤᠨ ᠤ ᠪᠡᠯᠡ ᠤᠷᠤᠭᠤᠯᠤᠯᠲᠠ ᠪᠠ ᠨᠦᠬᠦᠪᠦᠷᠢ ᠮᠦᠩᠭᠦ ᠶᠢ ᠢᠳᠡᠪᠬᠢᠲᠡᠢ ᠡᠷᠡᠮᠡᠯᠵᠡᠯᠡᠨ᠂ ᠤᠯᠠᠨ ᠲᠦᠮᠡᠨ | ᠢ ᠳᠠᠶᠢᠴᠢᠯᠠᠨ ᠬᠦᠳᠡᠯᠮᠦᠷᠢ ᠳᠤ ᠤᠷᠤᠯᠴᠠᠭᠤᠯᠤᠨ ᠲᠡᠳᠬᠦᠬᠦ᠂ ᠬᠦᠴᠦ ᠬᠦᠳᠡᠯᠮᠦᠷᠢ ᠪᠠᠷ ᠨᠢ ᠪᠡᠯᠡ ᠤᠷᠤᠭᠤᠯᠤᠯᠲᠠ | ᠬᠢᠯᠭᠡᠬᠦ᠂ ᠪᠠᠶᠢᠭᠤᠯᠤᠭᠰᠠᠨ ᠤ ᠳᠠᠷᠠᠭ᠎ᠠ ᠨᠦᠬᠦᠪᠦᠷᠢᠯᠡᠬᠦ ᠵᠡᠷᠭᠡ ᠬᠡᠯᠪᠡᠷᠢ ᠪᠠᠷ ᠡᠯᠡᠰᠦ ᠶᠢ ᠵᠠᠰᠠᠬᠤ ᠠᠵᠢᠯᠯᠠᠭᠠᠨ ᠳᠤ | ᠣᠷᠣᠯᠴᠠᠭᠤᠯᠤᠨ᠎ᠠ᠃ ︽ᠤᠮᠠᠷᠠᠲᠤ ᠶᠢᠨ ᠭᠤᠷᠪᠠᠨ ᠤᠷᠤᠨ︾ ᠤ ᠬᠠᠮᠠᠭᠠᠯᠠᠯᠲᠠ ᠶᠢᠨ ᠤᠢ ᠶᠢᠨ ᠢᠨᠵᠧᠨᠧᠷᠢᠩ ᠤᠨ | ᠲᠦᠷᠦᠯ ᠵᠦᠢᠯ ᠢ ᠢᠳᠡᠪᠬᠢᠲᠡᠢ ᠲᠦᠰᠦᠪᠯᠡᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ | ᠵᠠᠰᠠᠬᠤ ᠲᠥᠷᠥᠯ ᠵᠦᠶᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 5.5 ᠲᠦᠮᠡᠨ ᠮᠥ | ᠪᠡᠶᠡᠯᠡᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠲᠥᠷᠥᠯ ᠵᠦᠶᠯ ᠢᠶᠠᠷ 1.2 ᠲᠦᠮᠡᠨ ᠮᠥ ᠨᠤᠲᠤᠭ ᠪᠡᠯᠴᠢᠭᠡᠷ ᠢ ᠵᠠᠰᠠᠨ ᠰᠠᠶᠢᠵᠢᠷᠠᠭᠤᠯᠤᠨ᠎ᠠ᠃ | ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢ ᠴᠠᠬᠢᠯᠭᠠᠨ ᠨᠠᠷᠠᠨ ᠤ ᠡᠨᠧᠷᠭᠢ ᠶᠢᠨ ᠰᠤᠷᠪᠤᠯᠵᠢ ᠶᠢ ᠨᠢᠭᠡ | ᠴᠤᠭᠴᠠᠵᠢᠭᠤᠯᠤᠭᠰᠠᠨ ᠢᠨᠵᠧᠨᠧᠷᠢᠩ ᠢ ᠬᠡᠷᠡᠭᠵᠢᠭᠦᠯᠦᠨ᠂ ᠨᠠᠷᠠᠨ ᠤ ᠡᠨᠧᠷᠭᠢ ᠪᠠᠷ ᠡᠯᠡᠰᠦᠷᠬᠡᠭᠵᠢᠯ ᠢ ᠵᠠᠰᠠᠬᠤ | ᠲᠥᠷᠥᠯ ᠵᠦᠢᠯ ᠤᠨ ᠨᠦᠬᠦᠪᠦᠷᠢ ᠶᠢ ᠴᠢᠷᠮᠠᠶᠢᠨ ᠡᠷᠡᠮᠡᠯᠵᠡᠯᠡᠨ᠎ᠡ᠃ ᠡᠯᠡᠰᠦᠷᠬᠡᠭ ᠤᠷᠤᠨ ᠳᠤ ᠲᠤᠷᠰᠢᠯᠲᠠ ᠶᠢᠨ | ᠲᠠᠷᠢᠮᠠᠯ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠲᠤᠬᠢᠷᠠᠭᠰᠠᠨ ᠡᠯᠡᠰᠦᠷᠬᠡᠭᠵᠢᠯ ᠢ ᠵᠠᠰᠠᠬᠤ ᠰᠢᠯᠢᠳᠡᠭ ᠤᠷᠭᠤᠮᠠᠯ | ᠤᠨ ᠦᠷ᠎ᠡ ᠶᠢ ᠲᠤᠷᠰᠢᠨ ᠲᠠᠷᠢᠨ᠎ᠠ᠃ ᠠᠮᠢ ᠠᠬᠤᠶ ᠶᠢᠨ ᠡᠯᠡᠰᠦᠷᠬᠡᠭᠵᠢᠯ ᠢ ᠵᠠᠰᠠᠬᠤ ᠰᠢᠨ᠎ᠡ ᠵᠠᠭᠪᠤᠷ ᠢ ᠤᠷᠤᠭᠤᠯᠵᠤ | ᠂ ᠡᠯᠡᠰᠦᠷᠬᠡᠭ ᠭᠠᠵᠠᠷ ᠲᠠᠬᠢ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠵᠠᠮ ᠢ ᠬᠠᠶᠢᠨ | ᠰᠦᠪᠡᠭᠴᠢᠯᠡᠨ᠂ ᠠᠮᠢ ᠠᠬᠤᠶ ᠶᠢ ᠰᠠᠶᠢᠵᠢᠷᠠᠭᠤᠯᠬᠤ ᠪᠤᠯᠤᠨ ᠮᠠᠯᠴᠢᠳ ᠲᠤ ᠣᠷᠣᠯᠭ᠎ᠠ ᠡᠭᠦᠳᠬᠦ ᠶᠢ ᠵᠡᠷᠭᠡᠪᠡᠷ | ᠶᠠᠪᠤᠭᠳᠠᠭᠤᠯᠬᠤ ᠶᠢ ᠪᠡᠶᠡᠯᠡᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠦᠷᠭᠦᠯᠵᠢᠯᠡᠨ ᠦᠷᠨᠢᠭᠦᠯᠦᠨ᠎ᠡ᠃ ᠬᠥᠬᠡ ᠣᠭᠲᠠᠷᠭᠤᠶ᠂ | ᠬᠥᠬᠡᠮᠳᠦᠭ ᠤᠰᠤ᠂ ᠴᠡᠪᠡᠷ ᠬᠦᠷᠦᠰᠦᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠨ᠎ᠡ᠃ ᠠᠭᠤᠷᠬᠠᠶ ᠶᠢᠨ | ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠴᠡᠭᠴᠡᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠭᠤᠷᠬᠠᠶ | ᠶᠢᠨ ᠤᠷᠴᠢᠨ ᠲᠤᠭᠤᠷᠢᠨ ᠤ ᠴᠡᠭᠴᠡᠯᠡᠯᠲᠡ ᠪᠤᠯᠤᠨ ᠪᠤᠬᠢᠷᠳᠤᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠬᠦᠷᠭᠡᠬᠦ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠤᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠰᠢᠨᠡᠪᠤᠯᠠᠭ ᠪᠠᠯᠭᠠᠰᠤᠨ ᠤ ᠪᠣᠬᠢᠷ ᠤᠰᠤ ᠶᠢ ᠴᠡᠪᠡᠷᠰᠢᠭᠦᠯᠬᠦ ᠦᠷᠲᠡᠭᠡᠨ ᠤ ᠦᠯᠡᠳᠡᠭᠳᠡᠯ ᠤᠰᠤ ᠶᠢ ᠠᠰᠢᠭᠯᠠᠬᠤ | ᠵᠤᠬᠢᠶᠠᠮᠠᠯ ᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠤᠯᠤᠨ ᠠᠯᠲᠠᠨ ᠮᠤᠳᠤ ᠦᠶᠡᠷ ᠤᠨ ᠭᠤᠤ ᠶᠢ | ᠵᠠᠰᠠᠬᠤ ᠲᠥᠷᠥᠯ ᠵᠦᠢᠯ ᠢ ᠪᠡᠶᠡᠯᠡᠭᠦᠯᠦᠨ᠎ᠡ᠃ ᠴᠠᠭᠠᠨᠨᠠᠭᠤᠷ ᠤᠨ ᠤᠷᠤᠰᠬᠠᠯ ᠭᠠᠵᠠᠷ ᠤᠨ ᠵᠢᠵᠢᠭ ᠤᠷᠤᠰᠬᠠᠯ ᠢ | ᠵᠠᠰᠠᠬᠤ ᠡᠭᠦᠷᠭᠡ ᠪᠠᠨ ᠪᠡᠶᠡᠯᠡᠭᠦᠯᠦᠨ᠎ᠡ᠃ ᠠᠭᠠᠷ ᠤᠨ ᠴᠡᠪᠡᠷᠴᠡ ᠶᠢ ᠰᠠᠶᠢᠵᠢᠷᠠᠭᠤᠯᠬᠤ ᠬᠦᠳᠡᠯᠭᠡᠭᠡᠨ ᠦᠷᠨᠢᠭᠦᠯᠵᠦ᠂ | ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠬᠡᠮᠵᠢᠭᠳᠡᠯ ᠢ ᠳᠡᠭᠡᠭᠰᠢᠯᠡᠭᠦᠯᠦᠨ᠎ᠡ᠃ ᠭᠠᠳᠠᠭᠠᠳᠤ ᠠᠴᠠ ᠣᠷᠣᠵᠤ | ᠢᠷᠡᠭᠰᠡᠨ ᠤᠷᠭᠤᠮᠠᠯ ᠤᠨ ᠪᠠᠶᠢᠴᠠᠭᠠᠯᠲᠠ ᠶᠢ ᠥᠷᠨᠢᠭᠦᠯᠵᠦ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠠ᠃ ᠬᠤᠲᠠ ᠪᠠᠯᠭᠠᠰᠤᠨ ᠤ ᠦᠮᠡᠬᠡᠶ ᠪᠣᠬᠢᠷ ᠤᠰᠤ ᠶᠢ | ᠪᠠᠶᠢᠴᠠᠭᠠᠨ ᠴᠡᠭᠴᠡᠯᠡᠨ᠎ᠡ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ | ᠡᠭᠦᠷᠭᠡ ᠪᠠᠨ ᠡᠷᠡᠰ ᠪᠡᠶᠡᠯᠡᠭᠦᠯᠦᠨ᠎ᠡ᠃ | ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠲᠠᠪᠤ ᠶᠢ | ᠦᠨᠳᠦᠰᠦᠨ ᠠᠴᠠ ᠨᠢ ᠴᠡᠭᠴᠡᠯᠡᠬᠦ︾ ᠠᠵᠢᠯᠯᠠᠭ᠎ᠠ ᠶᠢᠨ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠵᠠᠷ | ᠰᠢᠷᠣᠶ ᠶᠢᠨ ᠠᠰᠢᠭᠯᠠᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠬᠢ ᠪᠠᠶᠠᠯᠢᠭ ᠤᠨ ᠨᠡᠭᠡᠭᠡᠨ | ᠠᠰᠢᠭᠯᠠᠯᠲᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠵᠡᠷᠭᠡ ᠬᠦᠷᠢᠶ᠎ᠡ ᠴᠠᠷ᠎ᠠ ᠳᠠᠬᠢ ᠪᠦᠷᠢᠯᠭᠡᠨ | ᠰᠦᠶᠳᠬᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠶ᠂ | ᠠᠭᠤᠷᠬᠠᠶ᠂ ᠮᠠᠲ᠋ᠧᠷᠢᠶᠠᠯ ᠢ ᠪᠥᠬᠦ ᠲᠠᠯ᠎ᠠ ᠪᠠᠷ ᠠᠷᠪᠢᠯᠠᠬᠤ ᠶᠢ ᠠᠬᠢᠭᠤᠯᠤᠨ᠎ᠠ᠃ ᠠᠮᠢ ᠠᠬᠤᠢ ᠶᠢᠨ | ᠨᠡᠭᠦᠷᠡᠰᠦᠲᠥ᠋ᠷᠥᠭᠴᠢ ᠶᠢᠨ ᠠᠷᠠᠯᠵᠢᠶᠠᠨ ᠤ ᠲᠤᠭᠤᠷᠢᠨ ᠳᠤ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠨ᠎ᠠ᠃ ᠤᠰᠤ | ᠠᠷᠪᠢᠯᠠᠬᠤ ᠠᠵᠢᠯᠯᠠᠭ᠎ᠠ ᠶᠢ ᠥᠷᠨᠢᠭᠦᠯᠦᠨ᠂ ᠲᠠᠷᠢᠶᠠᠯᠠᠩ ᠳᠤ ᠤᠰᠤ ᠠᠷᠪᠢᠯᠠᠵᠤ ᠦᠷ᠎ᠡ ᠠᠰᠢᠭ ᠨᠡᠮᠡᠭᠳᠡᠭᠦᠯᠬᠦ᠂ ᠠᠵᠤ | ᠦᠢᠯᠡᠳᠪᠦᠷᠢᠯᠡᠯ ᠳᠤ ᠤᠰᠤ ᠠᠷᠪᠢᠯᠠᠵᠤ ᠬᠠᠶᠠᠭᠳᠠᠮᠠᠯ ᠤᠰᠤ ᠶᠢ ᠪᠠᠭᠠᠰᠬᠠᠬᠤ᠂ ᠬᠤᠲᠠ ᠪᠠᠯᠭᠠᠰᠤᠨ ᠳᠤ ᠤᠰᠤ | ᠠᠷᠪᠢᠯᠠᠵᠤ ᠰᠦᠢᠳᠦᠯ ᠢ ᠪᠠᠭᠠᠰᠬᠠᠬᠤ ᠵᠢᠴᠢ ᠴᠡᠪᠡᠷᠰᠢᠭᠦᠯᠦᠭᠰᠡᠨ ᠤᠰᠤ ᠶᠢ ᠲᠠᠬᠢᠨᠲᠠ ᠠᠰᠢᠭᠯᠠᠬᠤ ᠶᠢ ᠲᠦᠯᠬᠢᠨ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ 2024 ᠣᠨ ᠤ ᠬᠢᠨᠠᠨ ᠵᠦᠪᠰᠢᠶᠡᠷᠡᠭᠰᠡᠨ | ᠪᠤᠯᠪᠠᠴᠤ ᠭᠠᠵᠠᠷ ᠰᠢᠷᠤᠢ ᠬᠠᠩᠭᠠᠭᠰᠠᠨ ᠥᠬᠡᠶ ᠠᠰᠠᠭᠤᠳᠠᠯ ᠢ ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠦᠨ᠎ᠡ᠃ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠭᠤᠷᠪᠠᠳᠤᠭᠠᠷ ᠤᠳᠠᠭᠠᠨ ᠤ | ᠪᠠᠶᠢᠴᠠᠭᠠᠯᠲᠠ ᠶᠢᠨ ᠦᠨᠡᠯᠡᠨ ᠲᠤᠭᠲᠠᠭᠠᠯᠲᠠ ᠳᠤ ᠲᠤᠬᠢᠷᠠᠭᠤᠯᠤᠯᠲᠠ ᠬᠢᠬᠦ ᠪᠠ ᠭᠤᠷᠪᠠᠳᠤᠭᠠᠷ ᠤᠳᠠᠭᠠᠨ ᠤ ᠬᠥᠷᠥᠰᠥ | ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ | ︵ᠳᠦᠷᠪᠡ︶ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠰᠢᠨ᠎ᠡ ᠬᠦᠴᠦᠨ ᠢ ᠬᠥᠭᠵᠢᠭᠡᠨ᠎ᠡ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠰᠢᠯᠢᠳᠡᠭᠵᠢᠭᠦᠯᠦᠨ᠎ᠡ᠃ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢᠶᠠᠷ ᠨᠢᠭᠡᠲᠦᠯᠲᠡᠢ ᠲᠤᠬᠢᠷᠠᠭᠤᠯᠵᠤ᠂ ᠢᠲᠡᠭᠡᠮᠵᠢ ᠶᠢᠨ ᠪᠠᠶᠢᠭᠤᠯᠤᠯᠲᠠ ᠶᠢ | ᠠᠬᠢᠭᠤᠯᠬᠤ ᠠᠵᠢᠯᠯᠠᠭ᠎ᠠ ᠦᠷᠨᠢᠭᠦᠯᠦᠨ᠂ ᠵᠠᠰᠠᠭ ᠤᠨ ᠤᠷᠳᠤᠨ ᠲᠡᠷᠢᠭᠦᠯᠡᠨ ᠢᠲᠡᠭᠡᠯ ᠵᠢᠷᠤᠮ ᠢ ᠪᠠᠷᠢᠮᠲᠠᠯᠠᠵᠤ᠂ | ᠠᠮᠠᠯᠠᠯᠲᠠ ᠴᠤᠴᠠᠯᠠᠬᠤ ᠪᠠ ᠰᠢᠨ᠎ᠡ ᠲᠤᠮᠢᠯᠠᠭᠳᠠᠭᠰᠠᠨ ᠤᠳᠤᠷᠢᠳᠤᠯᠭ᠎ᠠ ᠦᠯᠡᠳᠡᠭᠳᠡᠯ ᠠᠰᠠᠭᠤᠳᠠᠯ ᠢ ᠬᠠᠶᠢᠬᠤᠷᠬᠤ | ᠦᠭᠡᠢ ᠪᠠᠶᠢᠬᠤ ᠶᠢ ᠬᠦᠴᠦᠯᠡᠨ ᠵᠠᠯᠠᠷᠠᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ | ᠪᠠ ᠬᠠᠤᠯᠢ ᠴᠠᠭᠠᠵᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠷᠢᠰ ᠠᠷᠭ᠎ᠠ ᠬᠡᠮᠵᠢᠶ᠎ᠡ ᠶᠢ ᠨᠢᠭᠡᠳᠬᠡᠨ᠂ ︽ᠬᠦᠪᠡᠭᠡᠲᠦ ᠰᠢᠷ᠎ᠠ ᠶᠢᠨ ᠰᠠᠶᠢᠨ ᠦᠢᠯᠡᠴᠢᠯᠡᠭᠡ︾ | ᠶᠢᠨ ᠨᠡᠷ᠎ᠡ ᠠᠯᠳᠠᠷᠰᠢᠯ ᠢ ᠬᠦᠴᠦᠯᠡᠨ ᠳᠡᠭᠡᠭᠰᠢᠯᠡᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠪᠦᠬᠦ ᠬᠦᠴᠦᠨ | ᠢᠶᠠᠷ ᠳᠡᠭᠡᠭᠰᠢᠯᠡᠭᠦᠯᠦᠨ᠂ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ︽ᠠᠰᠠᠷᠠᠭᠴᠢ︾ ᠮᠠᠶ᠋ᠢᠭ ᠤᠨ ᠦᠶᠯᠡᠴᠢᠯᠡᠭᠡ | ᠶᠢ ᠪᠤᠳᠠᠲᠠᠶᠢᠵᠢᠭᠤᠯᠤᠨ᠂ ︽ᠨᠢᠭᠡ ᠤᠴᠢᠷ ᠢ ᠨᠢᠭᠡᠯᠡ ᠤᠳᠠᠭ᠎ᠠ ᠳᠤ ᠭᠦᠶᠴᠡᠳᠬᠡᠬᠦ︾ ᠪᠤᠯᠤᠨ ᠦᠨᠳᠦᠰᠦᠨ ᠱᠠᠲᠤᠨ | ᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠬᠡᠷᠡᠭᠵᠢᠭᠦᠯᠵᠦ᠂ ︽ᠭᠤᠷᠪᠠᠨ ᠱᠠᠲᠤ | ᠬᠤᠯᠪᠣᠭᠠᠯᠠᠨ ᠬᠥᠳᠡᠯᠦᠯᠴᠡᠬᠦ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ︽ | ᠲᠤᠲᠠᠭᠤ ᠮᠠᠲ᠋ᠧᠷᠢᠶᠠᠯ ᠢᠶᠠᠨ ᠨᠦᠬᠦᠪᠦᠷᠢᠯᠡᠨ ᠲᠤᠰᠢᠶᠠᠬᠤ ᠶᠢ ᠠᠮᠠᠯᠳᠠᠨ ᠭᠦᠢᠴᠡᠳᠬᠡᠬᠦ︾ ᠲᠤᠭᠲᠠᠯᠴᠠᠭ᠎ᠠ ᠶᠢ | ᠬᠡᠷᠡᠭᠵᠢᠭᠦᠯᠵᠦ᠂ ᠥᠨᠳᠥᠷ ᠳᠠᠪᠲᠠᠮᠵᠢᠲᠤ ︽ᠦᠨᠡᠮᠯᠡᠯ ᠬᠠᠩᠭᠠᠬᠤ ᠥᠬᠡᠶ ᠪᠠᠷ ᠭᠦᠶᠴᠡᠳᠬᠡᠬᠦ︾ ᠬᠡᠷᠡᠭ ᠤᠨ ᠵᠦᠶᠯᠡᠰ | ᠢ ᠦᠷᠭᠦᠯᠵᠢᠯᠡᠨ ᠡᠮᠬᠢᠯᠡᠨ ᠨᠡᠶᠢᠲᠡᠯᠡᠵᠦ᠂ ᠭᠦᠶᠴᠡᠳᠬᠡᠬᠦ ᠴᠠᠭ ᠢ ᠪᠤᠭᠤᠨᠢᠰᠬᠠᠨ᠂ ᠠᠵᠤ ᠠᠬᠤᠶᠢᠯᠠᠯ ᠤᠨ ︽ | ᠮᠠᠲ᠋ᠧᠷᠢᠶᠠᠯ ᠲᠤᠲᠠᠭᠰᠠᠨ ᠠᠴᠠ ᠭᠦᠢᠴᠡᠳᠬᠡᠬᠦ ᠳᠤ ᠬᠦᠴᠢᠷ︾ ᠪᠤᠯᠤᠭᠰᠠᠨ ᠠᠰᠠᠭᠤᠳᠠᠯ ᠢ ᠰᠢᠢᠳᠪᠦᠷᠢᠯᠡᠵᠦ᠂ ᠬᠢᠨᠠᠨ | ᠵᠦᠪᠰᠢᠶᠡᠷᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠣᠯᠠᠨ ᠲᠦᠮᠡᠨ ᠤ ᠢᠷᠡᠵᠦ | ᠶᠠᠪᠤᠬᠤ ᠤᠳᠠᠭ᠎ᠠ ᠶᠢ ᠪᠠᠭᠠᠰᠬᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ︽ᠪᠤᠭᠤᠮᠲᠠ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠦᠨ᠎ᠡ᠃ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠬᠦᠳᠡᠯᠭᠡᠭᠡᠨ ᠢᠶᠠᠷ ᠵᠢᠯᠤᠭᠤᠳᠤᠯᠭ᠎ᠠ | ᠪᠤᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠂ | ᠮᠡᠷᠭᠡᠵᠢᠯ ᠤᠨ ᠭᠡᠷ᠎ᠡ ᠶᠢ ᠬᠢᠨᠠᠨ ᠲᠣᠭᠲᠠᠭᠠᠵᠤ ᠳᠠᠩᠰᠠᠯᠠᠬᠤ ᠪᠠ ᠮᠡᠷᠭᠡᠵᠢᠯ ᠤᠨ ᠦᠷ᠎ᠡ ᠪᠦᠲᠦᠭᠡᠯ ᠢ ᠳᠡᠩᠰᠡᠯᠡᠨ | ᠲᠡᠮᠳᠡᠭᠯᠡᠬᠦ ᠠᠵᠢᠯ ᠢ ᠰᠠᠶᠢᠲᠤᠷ ᠬᠢᠨ᠎ᠠ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠮᠲᠤᠷᠠᠯᠴᠠᠨ᠂ ᠰᠢᠨᠵᠢᠯᠡᠭᠡ ᠮᠡᠷᠭᠡᠵᠢᠯ ᠤᠨ ᠦᠷ᠎ᠡ | ᠪᠦᠲᠦᠮᠵᠢ ᠶᠢᠨ ᠬᠡᠯᠪᠡᠷᠢ ᠶᠢ ᠬᠤᠪᠢᠷᠠᠭᠤᠯᠬᠤ ᠪᠠ ᠦᠷᠭᠡᠳᠬᠡᠨ ᠳᠡᠯᠭᠡᠷᠡᠭᠦᠯᠬᠦ ᠶᠢ ᠰᠠᠶᠢᠳᠤᠷ ᠪᠡᠶᠡᠯᠡᠭᠦᠯᠵᠦ᠂ | ᠰᠢᠨᠵᠢᠯᠡᠭᠡ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠳᠤ ᠬᠦᠴᠦᠨ ᠨᠡᠮᠡᠷᠢᠯᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠬᠥᠮᠥᠷᠭᠡ ᠪᠠᠶᠢᠭᠤᠯᠵᠤ᠂ ᠠᠵᠤ ᠠᠬᠤᠶᠢᠯᠠᠯ ᠢ ᠳᠡᠮᠵᠢᠨ | ᠣᠷᠣᠨ ᠪᠠ ᠠᠶᠢᠮᠠᠭ ᠤᠨ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠵᠤᠷᠢᠭᠵᠢᠭᠤᠯᠤᠯ ᠤᠨ ᠲᠦᠷᠦᠯ ᠵᠦᠢᠯ ᠢ ᠢᠳᠡᠪᠬᠢᠲᠡᠢ ᠡᠷᠡᠮᠡᠯᠵᠡᠯᠡᠨ᠎ᠡ᠃ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ ᠬᠡᠯᠪᠡᠷᠢ ᠶᠢᠨ ᠠᠵᠤ | ᠠᠬᠤᠶᠢᠯᠠᠯ ᠤᠨ ︽ᠳᠠᠬᠢᠨ ᠢᠶᠠᠷ ᠨᠡᠮᠡᠭᠳᠡᠭᠦᠯᠬᠦ︾ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠭᠤᠣᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠠᠪᠤᠳᠤᠭᠠᠷ ᠤᠳᠠᠭᠠᠨ ᠤ | ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠳᠡᠭᠡᠳᠦ ᠬᠡᠮᠵᠢᠶ᠎ᠡ ᠪᠠᠷ ᠬᠦᠨᠳᠦᠳᠬᠡᠨ᠂ ᠴᠢᠨᠠᠷ | ᠰᠠᠶᠢᠲᠠᠶ ᠪᠡᠶᠡᠯᠡᠭᠦᠯᠵᠦ᠂ ᠠᠵᠤ ᠠᠬᠤᠶ ᠶᠢᠨ ᠪᠠᠶᠢᠳᠠᠯ ᠢ ᠲᠣᠳᠣᠷᠬᠠᠶ ᠤᠶᠢᠯᠠᠭᠠᠨ᠂ ᠪᠥᠬᠦ ᠬᠤᠰᠢᠭᠤᠨ ᠤ ᠠᠵᠤ | ᠠᠬᠤᠶ ᠶᠢᠨ ᠬᠥᠭᠵᠢᠯᠲᠡ ᠶᠢᠨ ᠴᠢᠭᠯᠡᠯ ᠢ ᠵᠦᠪ ᠲᠤᠭᠲᠠᠭᠠᠨ᠎ᠠ᠃ ᠲᠥᠷᠥ ᠶᠢᠨ ᠪᠣᠳᠣᠯᠭ᠎ᠠ ᠨᠠᠶᠢᠳᠠᠪᠤᠷᠢᠵᠢᠭᠤᠯᠬᠤ | ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠢ ᠪᠠᠳᠠᠷᠠᠭᠤᠯᠤᠨ᠂ | ᠦᠶᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶ ᠶᠢᠨ | ᠬᠥᠭᠵᠢᠨ ᠪᠤᠵᠠᠭᠠᠶᠢᠷᠬᠠᠤ ᠶᠢ ᠵᠣᠷᠢᠭᠵᠢᠭᠤᠯᠤᠨ᠂ ︽ᠬᠤᠪᠢ ᠶᠢᠨ ᠡᠵᠡᠩᠨᠡᠯᠲᠡ ᠶᠢ ᠠᠵᠤ ᠠᠬᠤᠶᠢᠯᠠᠯ ᠲᠡᠰᠢ | ᠬᠤᠪᠢᠷᠠᠭᠤᠯᠬᠤ︾ ᠳᠡᠩᠰᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠦᠷᠢᠮ ᠲᠤᠭᠲᠠᠭᠠᠯ ᠠᠴᠠ | ᠪᠤᠯᠤᠭᠰᠠᠨ ᠥᠪᠡᠷ ᠤᠨ ᠥᠷᠲᠡᠭ ᠢ ᠪᠠᠭᠤᠷᠠᠭᠤᠯᠵᠤ᠂ ᠨᠠᠩ ᠣᠯᠠᠨ ᠬᠤᠪᠢ ᠶᠢᠨ ᠡᠵᠡᠩᠨᠡᠯᠲᠡ ᠶᠢᠨ ᠡᠷᠦᠬᠡ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠳᠦᠭᠦᠮ ᠦᠵᠡᠭᠦᠯᠦᠨ᠎ᠡ᠃ ᠪᠠᠩᠬᠢ ᠶᠢᠨ ᠦᠢᠯᠡᠰ ᠤᠨ | ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠬᠤᠷᠢᠶᠠᠨ ᠰᠢᠢᠳᠪᠦᠷᠢᠯᠡᠬᠦ ᠠᠵᠢᠯ ᠢ ᠦᠷᠨᠢᠭᠦᠯᠦᠨ᠂ | ᠬᠠᠤᠯᠢ ᠪᠤᠰᠤ ᠪᠠᠷ ᠪᠡᠯᠡ ᠬᠤᠷᠠᠮᠳᠤᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠪᠡᠶᠡᠯᠡᠭᠦᠯᠵᠦ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠪᠠᠭᠠᠰᠬᠠᠨ᠎ᠠ᠃ | ᠴᠢᠳᠠᠪᠤᠷᠢᠲᠠᠨ ᠤ ᠦᠢᠯᠡᠴᠢᠯᠡᠭᠡ ᠶᠢ ᠰᠠᠶᠢᠲᠤᠷ ᠬᠢᠨ᠎ᠡ᠃ ︽ᠳ᠋ᠣᠺᠲ᠋ᠣᠷ ᠤᠨ ᠥᠯᠥᠭᠡᠶ︾ ᠶᠢᠨ ᠳᠠᠪᠠᠭᠤᠯᠢᠭ ᠢᠶᠠᠨ | ᠭᠦᠶᠴᠡᠳ ᠠᠰᠢᠭᠯᠠᠨ᠂ ᠦᠷᠭᠡᠨ ᠤᠯᠠᠨ ᠳ᠋ᠣᠺᠲ᠋ᠣᠷ ᠢᠶᠠᠨ ᠤᠷᠢᠨ ᠵᠠᠯᠠᠵᠤ᠂ ᠨᠤᠲᠤᠭ ᠲᠠᠭᠠᠨ ᠢᠷᠡᠵᠦ ᠪᠠᠶᠢᠴᠠᠭᠠᠨ | ᠰᠢᠨᠵᠢᠯᠡᠯᠲᠡ ᠬᠢᠬᠦ ᠪᠠ ᠠᠳᠠᠯ ᠦᠶᠯᠡᠰ ᠪᠠᠶᠢᠭᠤᠯᠬᠤ ᠵᠢᠴᠢ ᠬᠥᠪᠡᠭᠡᠲᠦ ᠰᠢᠷ᠎ᠠ ᠬᠤᠰᠢᠭᠤᠨ ᠤ ᠠᠵᠤ ᠠᠬᠤᠶ ᠨᠡᠶᠢᠭᠡᠮ | ᠤᠨ ᠬᠥᠭᠵᠢᠯᠲᠡ ᠳᠤ ᠰᠠᠨᠠᠯ ᠰᠠᠨᠠᠭᠤᠯᠭ᠎ᠠ ᠪᠠᠨ ᠳᠤᠷᠠᠳᠬᠤ ᠶᠢ ᠵᠤᠷᠢᠭᠵᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ | ᠤᠷᠤᠭᠤᠯᠤᠨ ᠠᠪᠴᠢᠷᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠭᠤᠤᠯᠳᠠᠯᠭ᠎ᠠ ᠲᠠᠢ ᠠᠵᠤ | ᠠᠬᠤᠶᠢᠯᠠᠯ ᠤᠨ ᠴᠢᠳᠠᠪᠤᠷᠢᠲᠠᠨ ᠳᠤ ᠦᠷᠭᠦᠯᠵᠢᠯᠡᠨ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠠᠷᠭ᠎ᠠ ᠬᠡᠮᠵᠢᠶ᠎ᠡ | ᠶᠢ ᠬᠡᠷᠡᠭᠵᠢᠭᠦᠯᠦᠨ᠎ᠡ᠃ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤᠷᠢᠬᠤ ᠳᠤ ᠳᠠᠪᠠᠭᠤᠯᠢᠭ ᠨᠥᠬᠦᠴᠡᠯ ᠬᠠᠩᠭᠠᠨ᠎ᠠ᠃ ᠡᠯ᠎ᠡ | ᠠᠵᠢᠯ ᠲᠥᠷᠥᠯ ᠤᠨ ᠴᠢᠳᠠᠪᠤᠷᠢᠲᠠᠨ ᠢ ᠦᠷᠭᠦᠯᠵᠢ ᠶᠢᠨ ᠴᠢᠨᠠᠷᠲᠠᠢ ᠤᠷᠢᠨ ᠵᠠᠯᠠᠵᠤ᠂ ᠬᠤᠰᠢᠭᠤᠨ ᠤ ᠴᠢᠨᠠᠷᠲᠠᠢ | ᠬᠦᠳᠡᠯᠭᠡᠭᠡᠨ ᠳᠤ ᠤᠷᠤᠯᠴᠠᠭᠤᠯᠵᠤ᠂ ᠴᠢᠳᠠᠪᠤᠷᠢᠲᠠᠨ ᠢ ᠨᠠᠨᠳᠢᠩᠨᠠᠬᠤ ᠪᠠ ᠴᠢᠳᠠᠪᠤᠷᠢᠲᠠᠨ ᠢ ᠬᠦᠨᠳᠦᠳᠬᠡᠬᠦ ᠰᠠᠶᠢᠨ | ᠰᠠᠶᠢᠬᠠᠨ ᠨᠡᠶᠢᠭᠡᠮ ᠤᠨ ᠤᠷᠴᠢᠨ ᠠᠬᠤᠢ ᠶᠢ ᠪᠣᠶ ᠪᠤᠯᠭᠠᠨ᠂ ᠴᠢᠳᠠᠪᠤᠷᠢᠲᠠᠨ ᠢ ᠦᠯᠡᠳᠡᠭᠡᠵᠦ᠂ ᠬᠦᠪᠡᠭᠡᠲᠦ ᠰᠢᠷ᠎ᠠ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠯᠲᠡ ᠳᠤ ᠬᠤᠪᠢ ᠨᠡᠮᠡᠷᠢ ᠦᠵᠡᠭᠦᠯᠦᠨ᠎ᠡ᠃ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠳᠤᠮᠳᠠᠳᠤ ᠮᠣᠩᠭᠤᠯ ᠣᠷᠣᠰ ᠤᠨ ᠠᠵᠤ | ᠠᠬᠤᠢ ᠶᠢᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠤᠷᠤᠯᠴᠠᠨ᠂ ᠪᠡᠭᠡᠵᠢᠩ ᠲᠢᠶᠠᠨᠵᠢᠨ | ᠾᠧᠪᠧᠢ᠂ ᠪᠦᠸᠧᠬᠠᠢ ᠲᠠᠩᠭᠢᠰ ᠳᠠᠭᠠᠤ ᠠᠵᠤ ᠠᠬᠤᠢ ᠶᠢᠨ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠨ ᠤᠷᠤᠵᠤ᠂ ᠵᠢᠷᠦᠬᠡ — ᠬᠥᠪᠡᠭᠡᠲᠦ ᠰᠢᠷ᠎ᠠ ᠬᠤᠰᠢᠭᠤ — ᠬᠤᠸᠠᠳᠧ ᠬᠦᠷᠬᠦ ᠲᠡᠮᠦᠷ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠤᠨ | ᠂ ᠳᠤᠮᠳᠠᠳᠤ ᠮᠣᠩᠭᠤᠯ ᠤᠨ ᠬᠠᠮᠲᠤᠷᠠᠯᠴᠠᠭᠰᠠᠨ ᠠᠵᠤ ᠠᠬᠤᠢ ᠶᠢᠨ ᠣᠷᠣᠨ᠂ ᠡᠷᠢᠶᠡᠨ ᠬᠤᠲᠠ ᠶᠢᠨ ᠤᠯᠤᠰ ᠤᠨ | ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠴᠢᠯᠦᠭᠡᠲᠡᠢ ᠶᠠᠪᠤᠯᠴᠠᠬᠤ ᠲᠤᠷᠰᠢᠯᠲᠠ ᠶᠢᠨ ᠣᠷᠣᠨ ᠪᠤᠯᠤᠨ ᠤᠯᠠᠭᠠᠨᠴᠠᠪ | ᠤᠨ ᠨᠡᠭᠡᠭᠡᠨ ᠬᠥᠭᠵᠢᠭᠦᠯᠵᠦ ᠴᠢᠯᠦᠭᠡᠲᠡᠢ ᠶᠠᠪᠤᠯᠴᠠᠬᠤ ᠰᠢᠨ᠎ᠡ ᠦᠨᠳᠦᠷ ᠲᠦᠪᠰᠢᠨ ᠤ ᠤᠷᠤᠨ ᠲᠠᠢ ᠵᠤᠯᠭᠠᠭᠤᠯᠬᠤ | ᠳᠤ ᠨᠡᠩ ᠳᠦᠭᠦᠮ ᠨᠥᠬᠦᠴᠡᠯ ᠢ ᠡᠭᠦᠳᠴᠦ ᠥᠭᠭᠦᠨ᠎ᠡ᠃ | ︵ᠲᠠᠪᠤ︶ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠵᠦ᠂ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠳᠡᠭᠡᠳᠦ ᠱᠠᠲᠤᠨ ᠤ ᠪᠡᠯᠡ | ᠮᠥᠩᠭᠦ ᠶᠢ ᠡᠷᠡᠮᠡᠯᠵᠡᠯᠡᠬᠦ ᠪᠠᠷ ᠳᠠᠮᠵᠢᠭᠤᠯᠤᠨ᠂ ᠨᠢᠭᠡ ᠪᠦᠯᠦᠭ ᠤᠰᠤ ᠭᠠᠳᠠᠭᠰᠢᠯᠠᠭᠤᠯᠬᠤ᠂ ᠤᠰᠤ ᠬᠠᠩᠭᠠᠬᠤ᠂ | ᠦᠶᠡᠷ ᠤᠰᠤᠳᠤᠯ ᠢ ᠰᠡᠷᠭᠡᠶᠢᠯᠡᠬᠦ ᠵᠡᠷᠭᠡ ᠠᠵᠢᠯ ᠤᠨ ᠲᠤᠭᠤᠷᠢᠨ ᠳᠠᠬᠢ ᠭᠠᠵᠠᠷ ᠳᠣᠣᠷᠠᠬᠢ ᠳᠠᠮᠵᠢᠭᠤᠯᠤᠭᠴᠢ | ᠬᠤᠭᠤᠯᠠᠢ ᠶᠢᠨ ᠪᠦᠲᠦᠭᠡᠨ ᠪᠠᠢᠭᠤᠯᠤᠯᠲᠠ ᠶᠢᠨ ᠲᠥᠷᠦᠯ ᠵᠦᠢᠯ ᠢ ᠬᠡᠷᠡᠭᠵᠢᠭᠦᠯᠵᠦ᠂ 8 ᠺᠢᠯᠤᠮᠧᠲᠷ ᠢᠯᠴᠢ | ᠬᠠᠩᠭᠠᠬᠤ ᠬᠤᠭᠤᠯᠠᠢ ᠪᠠ 6.66 ᠺᠢᠯᠤᠮᠧᠲᠷ ᠪᠣᠷᠣᠭᠠᠨ ᠤ ᠤᠰᠤ ᠵᠠᠯᠠᠬᠤ ᠬᠤᠭᠤᠯᠠᠢ ᠶᠢ ᠰᠢᠨᠡᠳᠬᠡᠨ ᠪᠠᠶᠢᠭᠤᠯᠵᠤ᠂ | 14.25 ᠺᠢᠯᠤᠮᠧᠲᠷ ᠤᠰᠤ ᠭᠠᠳᠠᠭᠰᠢᠯᠠᠭᠤᠯᠬᠤ ᠬᠤᠭᠤᠯᠠᠢ ᠵᠠᠰᠠᠨ ᠥᠭᠡᠷᠡᠴᠢᠯᠡᠵᠦ᠂ 55 ᠢᠵᠢ ᠪᠠᠶᠢᠴᠠᠭᠠᠬᠤ | ᠬᠤᠳᠳᠤᠭ ᠢ ᠰᠢᠨ᠎ᠡ ᠪᠠᠷ ᠪᠠᠶᠢᠭᠤᠯᠤᠨ᠂ 5.7 ᠲᠦᠮᠡᠨ ᠲᠡᠭᠰᠢ ᠳᠥᠷᠪᠡᠯᠵᠢᠨ ᠮᠧᠲᠷ ᠵᠠᠮ ᠢ ᠰᠡᠷᠭᠦᠭᠡᠨ ᠵᠠᠰᠠᠨ᠎ᠠ᠃ | ︽ᠳᠤᠯᠠᠭᠠᠨ ᠢᠨᠵᠧᠨᠧᠷᠢᠩ︾ ᠢ ᠬᠡᠷᠡᠭᠵᠢᠭᠦᠯᠵᠦ᠂ ᠢᠯᠴᠢ ᠡᠭᠦᠰᠭᠡᠭᠴᠢ ᠶᠢᠨ ᠪᠠᠭᠲᠠᠭᠠᠮᠵᠢ ᠶᠢ ᠨᠡᠮᠡᠭᠳᠡᠭᠦᠯᠬᠦ ᠠᠵᠢᠯ | ᠪᠠ ᠬᠤᠶᠠᠳᠤᠭᠠᠷ ᠲᠡᠰ ᠤᠨ ᠢᠯᠴᠢ ᠬᠠᠩᠭᠠᠬᠤ ᠬᠤᠭᠤᠯᠠᠢ ᠶᠢᠨ ᠵᠠᠰᠠᠨ ᠦᠭᠡᠷᠡᠴᠢᠯᠡᠯᠲᠡ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠠᠷᠢᠯᠢᠭ ᠤᠨᠤᠪᠴᠢᠲᠠᠢ ᠢᠯᠴᠢ ᠬᠠᠩᠭᠠᠯᠭ᠎ᠠ ᠪᠠ ᠬᠡᠷᠡᠭᠴᠡᠭᠡ ᠳᠤᠨᠢ | ᠲᠤᠬᠢᠷᠠᠭᠤᠯᠤᠭᠰᠠᠨ ᠢᠯᠴᠢ ᠬᠠᠩᠭᠠᠯᠭ᠎ᠠ ᠶᠢᠨ ᠤᠶᠤᠨᠲᠤ ᠰᠢᠰᠲ᠋ᠧᠮ ᠤᠨ ᠪᠠᠶᠢᠭᠤᠯᠤᠯᠲᠠ ᠶᠢ ᠰᠦᠪᠡᠭᠴᠢᠯᠡᠵᠦ᠂ ︽ | ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ ᠦᠭᠡᠷᠡᠴᠢᠯᠡᠯᠲᠡ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ | ᠶᠢ ᠦᠷᠭᠦᠯᠵᠢᠯᠡᠨ ᠲᠦᠯᠬᠢᠨ ᠠᠬᠢᠭᠤᠯᠵᠤ᠂ ᠢᠯᠴᠢ ᠬᠠᠩᠭᠠᠯᠭ᠎ᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ | ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠰᠠᠭᠤᠭᠠᠯᠢ ᠲᠣᠭᠤᠷᠢᠭ ᠢ ᠪᠦᠲᠦᠭᠡᠨ ᠪᠠᠶᠢᠭᠤᠯᠵᠤ᠂ | ᠡᠨᠡ ᠵᠢᠯ ᠰᠤᠳᠤᠨ ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠠᠰᠢᠭᠯᠠᠯᠲᠠ ᠳᠤ | ᠤᠷᠤᠭᠤᠯᠤᠨ᠎ᠠ᠃ ᠠᠲᠠᠯ ᠠᠬᠤᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠠᠭᠤᠭᠠᠯᠢ | ᠲᠤᠭᠤᠷᠢᠭ ᠤᠨ ᠠᠲᠠᠯ ᠠᠬᠤᠢ ᠶᠢᠨ ᠬᠠᠮᠢᠶᠠᠷᠤᠯᠲᠠ ᠶᠢ ᠳᠦᠷᠢᠮᠵᠢᠭᠦᠯᠦᠨ᠂ ᠠᠲᠠᠯ ᠠᠬᠤᠢ ᠶᠢᠨ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨᠡᠪᠤᠯᠠᠭ ᠪᠠᠯᠭᠠᠰᠤᠨ ᠤ ᠵᠡᠭᠡᠯᠢ ᠭᠤᠳᠤᠮᠵᠢ ᠶᠢᠨ | ᠬᠠᠭᠤᠴᠢᠷᠠᠭᠰᠠᠨ ᠳ᠋ᠧᠩ ᠢ ᠰᠣᠯᠢᠵᠤ᠂ ᠨᠤᠭᠤᠭᠠᠷᠠᠭᠤᠯᠤᠯᠲᠠ ᠶᠢᠨ ᠠᠵᠢᠯ ᠢ ᠴᠢᠨᠠᠷ ᠰᠠᠶᠢᠲᠠᠢ ᠥᠷᠨᠢᠭᠦᠯᠦᠨ᠎ᠡ᠃ | ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢ ᠲᠡᠰ ᠲᠡᠪᠰᠢᠭᠦᠯᠬᠦ ᠶᠢ ᠠᠬᠢᠭᠤᠯᠤᠨ᠎ᠠ᠃ ︽ᠮᠢᠩᠭᠠᠨ ᠲᠤᠰᠬᠤᠨ | ᠵᠢᠱᠢᠶᠡᠴᠢ ᠦᠢᠯᠡᠳᠦᠯ ᠪᠠᠳᠠᠷᠠᠭᠤᠯᠵᠤ᠂ ᠲᠦᠮᠡᠨ ᠲᠤᠰᠬᠤᠨ ᠵᠠᠰᠠᠨ ᠴᠡᠭᠴᠡᠯᠡᠯᠲᠡ ᠶᠢ ᠪᠡᠶᠡᠯᠡᠭᠦᠯᠬᠦ︾ ᠢᠨᠵᠧᠨᠧᠷᠢᠩ | ᠤᠨ ᠲᠤᠷᠰᠢᠯᠭ᠎ᠠ ᠶᠢ ᠳᠡᠯᠭᠡᠷᠡᠭᠦᠯᠵᠦ᠂ ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠭᠰᠡᠨ ᠵᠢᠱᠢᠶᠡᠴᠢ | ᠭᠠᠴᠠᠭ᠎ᠠ ᠶᠢ ᠪᠠᠶᠢᠭᠤᠯᠤᠨ᠎ᠠ᠃ ᠮᠠᠯᠵᠢᠬᠤ ᠣᠷᠣᠨ ᠤ ᠤᠰᠤᠨ ᠬᠠᠩᠭᠠᠯᠭ᠎ᠠ ᠶᠢᠨ ᠪᠠᠲᠤᠯᠠᠭ᠎ᠠ ᠶᠢᠨ ᠠᠵᠢᠯ ᠤᠨ ᠦᠷ᠎ᠡ | ᠪᠦᠲᠦᠮᠵᠢ ᠶᠢ ᠪᠠᠲᠤᠳᠬᠠᠨ᠂ 6 ᠲᠦᠭᠡᠭᠡᠯ ᠤᠰᠤᠨ ᠤ ᠲᠦᠬᠦᠭᠡᠷᠦᠮᠵᠢ ᠶᠢᠨ ᠢᠨᠵᠧᠨᠧᠷᠢᠩ ᠢ ᠰᠢᠨ᠎ᠡ ᠪᠠᠷ | ᠪᠠᠶᠢᠭᠤᠯᠵᠤ᠂ 50 ᠬᠤᠳᠳᠤᠭ ᠮᠠᠯᠲᠠᠨ᠎ᠠ᠃ ᠮᠠᠯᠵᠢᠬᠤ ᠣᠷᠣᠨ ᠤ 56 ᠡᠷᠦᠬᠡ ᠳᠤ ᠤᠰᠤ ᠪᠠᠷ ᠵᠠᠶᠢᠯᠠᠬᠤ | ᠵᠣᠷᠯᠣᠩ ᠢ ᠤᠭᠰᠠᠷᠠᠨ᠎ᠠ᠃ ᠴᠠᠬᠢᠯᠭᠠᠨ ᠬᠦᠴᠦᠨ ᠤ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠵᠦ᠂ 10 | ᠺᠢᠯᠤᠸᠤᠯᠲ ᠤᠨ ᠴᠠᠬᠢᠯᠭᠠᠨ ᠤᠲᠠᠰᠤ ᠶᠢ 76.4 ᠺᠢᠯᠤᠮᠧᠲᠷ᠂ 0.4 ᠺᠢᠯᠤᠸᠤᠯᠲ ᠤᠨ ᠴᠠᠬᠢᠯᠭᠠᠨ ᠤᠲᠠᠰᠤ ᠶᠢ | 20.6 ᠺᠢᠯᠤᠮᠧᠲᠷ ᠲᠠᠲᠠᠵᠤ᠂ 40 ᠢᠵᠢ ᠪᠠᠭᠠᠨ᠎ᠠ ᠳᠡᠭᠡᠷᠡᠬᠢ ᠬᠦᠴᠦᠳᠡᠯ ᠬᠤᠪᠢᠰᠬᠠᠭᠴᠢ ᠶᠢ ᠤᠭᠰᠠᠷᠠᠨ | ᠰᠢᠨᠡᠳᠬᠡᠨ᠎ᠡ᠃ G511 ᠵᠠᠰᠠᠮᠠᠯ ᠵᠠᠮ ᠤᠨ ᠬᠥᠪᠡᠭᠡᠲᠦ ᠰᠢᠷ᠎ᠠ ᠬᠤᠰᠢᠭᠤᠨ ᠤ ᠬᠡᠰᠡᠭ ᠢ ᠰᠡᠯᠪᠢᠨ ᠵᠠᠰᠠᠬᠤ | ᠢᠨᠵᠧᠨᠧᠷᠢᠩ ᠢ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ G511 ᠱᠤᠭᠤᠮ ᠤᠨ ᠬᠦᠪᠡᠭᠡᠲᠦ ᠰᠢᠷ᠎ᠠ | ᠬᠤᠰᠢᠭᠤᠨ ᠤ ᠬᠡᠰᠡᠭ᠂ S223 ᠱᠤᠭᠤᠮ ᠤᠨ ᠬᠦᠪᠡᠭᠡᠲᠦ ᠰᠢᠷ᠎ᠠ ᠠᠴᠠ ᠱᠠᠩᠳᠤ ᠰᠢᠶᠠᠨ ᠤ ᠵᠠᠬ᠎ᠠ ᠬᠦᠷᠬᠦ ᠬᠡᠰᠡᠭ | ᠂ S313 ᠱᠤᠭᠤᠮ ᠤᠨ ᠪᠤᠭᠳᠠ ᠠᠴᠠ ᠭᠤᠤᠯ ᠰᠤᠮᠤᠨ ᠠᠴᠠ ᠰᠦᠨᠢᠳ ᠪᠠᠷᠠᠭᠤᠨ ᠬᠤᠰᠢᠭᠤ ᠬᠦᠷᠬᠦ ᠬᠡᠰᠡᠭ ᠤᠨ | ᠵᠠᠰᠠᠨ ᠰᠡᠯᠪᠢᠵᠤ ᠠᠷᠠᠴᠢᠯᠠᠬᠤ ᠲᠦᠷᠦᠯ ᠵᠦᠢᠯ ᠢ ᠬᠡᠷᠡᠭᠵᠢᠭᠦᠯᠬᠦ ᠪᠠᠷ ᠬᠦᠴᠦᠯᠡᠨ᠎ᠡ᠃ ᠮᠠᠯᠵᠢᠬᠤ ᠤᠷᠤᠨ ᠤ ᠵᠠᠰᠠᠮᠠᠯ | ᠵᠠᠮ ᠤᠨ ᠰᠢᠨᠵᠢᠯᠡᠬᠦ ᠤᠬᠠᠭᠠᠨᠴᠢ ᠠᠷᠠᠴᠢᠯᠠᠭ᠎ᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶᠡᠴᠢ ᠬᠤᠰᠢᠭᠤ ᠶᠢ ᠴᠤᠭᠴᠠᠯᠠᠨ | ᠪᠠᠶᠢᠭᠤᠯᠬᠤ ᠪᠠᠷ ᠴᠢᠷᠮᠠᠶᠢᠨ᠎ᠠ᠃ 5G ᠶᠢᠨ ᠰᠠᠭᠤᠷᠢ ᠥᠷᠲᠡᠭᠡ 10 ᠶᠢ ᠰᠢᠨ᠎ᠡ ᠪᠠᠷ ᠪᠠᠶᠢᠭᠤᠯᠵᠤ᠂ 5G ᠶᠢᠨ | ᠲᠤᠬᠢᠶᠠᠨ ᠤ ᠪᠦᠷᠬᠦᠴᠡ ᠶᠢ ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠠᠬᠢᠨ ᠶᠠᠳᠠᠭᠤᠷᠠᠬᠤ | ᠠᠴᠠ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠪᠠᠶᠢᠩᠭᠤ ᠶᠢᠨ ᠴᠢᠨᠠᠷᠲᠠᠢ | ᠥᠷᠨᠢᠭᠦᠯᠵᠦ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠠᠴᠠ ᠰᠡᠷᠭᠡᠶᠢᠯᠡᠨ᠎ᠡ᠃ ᠲᠥᠷᠦ ᠶᠢᠨ ᠪᠣᠳᠣᠯᠭ᠎ᠠ᠂ | ᠲᠥᠷᠦᠯ ᠵᠦᠢᠯ᠂ ᠪᠡᠯᠡ ᠮᠦᠩᠭᠦ ᠶᠢ ᠡᠷᠡᠮᠡᠯᠵᠡᠯᠡᠨ ᠤᠯᠬᠤ ᠡᠷᠴᠢᠮ ᠢᠶᠠᠨ ᠴᠢᠩᠭᠠᠷᠠᠭᠤᠯᠤᠨ᠂ 3700 ᠭᠠᠷᠤᠢ | ᠲᠦᠮᠡᠨ ᠲᠥᠭᠦᠷᠢᠭ ᠤᠨ ᠪᠡᠯᠡ ᠤᠷᠤᠭᠤᠯᠵᠤ᠂ ᠪᠦᠬᠦ ᠨᠡᠶᠢᠲᠡ 8 ᠠᠵᠤ ᠦᠢᠯᠡᠰ ᠤᠨ ᠲᠦᠷᠦᠯ ᠵᠦᠢᠯ ᠪᠠ | ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠬᠡᠷᠡᠭᠵᠢᠭᠦᠯᠦᠨ᠂ 975 ᠲᠦᠮᠡᠨ ᠲᠦᠭᠦᠷᠢᠭ ᠤᠨ ᠪᠡᠯᠡ | ᠤᠷᠤᠭᠤᠯᠵᠤ᠂ 5 ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠠᠵᠤ ᠠᠬᠤᠢ ᠶᠢᠨ | ᠲᠦᠷᠦᠯ ᠵᠦᠢᠯ ᠢ ᠬᠡᠷᠡᠭᠵᠢᠭᠦᠯᠦᠨ᠂ 1 ᠤᠯᠤᠰ ᠤᠨ ᠲᠡᠰ ᠤᠨ ᠵᠢᠱᠢᠶᠡᠴᠢ ᠭᠠᠴᠠᠭ᠎ᠠ᠂ 1 ᠣᠷᠣᠨ ᠤ ᠲᠡᠰ ᠤᠨ | ᠵᠢᠱᠢᠶᠡᠴᠢ ᠭᠠᠴᠠᠭ᠎ᠠ᠂ 3 ᠠᠶᠢᠮᠠᠭ ᠤᠨ ᠲᠡᠰ ᠤᠨ ᠵᠢᠱᠢᠶᠡᠴᠢ ᠭᠠᠴᠠᠭ᠎ᠠ ᠶᠢ ᠴᠤᠭᠴᠠᠯᠠᠨ ᠪᠠᠶᠢᠭᠤᠯᠵᠤ᠂ ᠬᠥᠳᠡᠭᠡ | ᠲᠣᠰᠬᠤᠨ ᠤ ᠠᠵᠤ ᠦᠢᠯᠡᠰ ᠤᠨ ᠰᠠᠭᠤᠷᠢ ᠶᠢ ᠪᠠᠲᠤᠵᠢᠭᠤᠯᠤᠨ᠎ᠠ᠃ ︽ᠮᠢᠩᠭᠠᠨ ᠲᠤᠰᠬᠤᠨ ᠵᠢᠱᠢᠶᠡᠴᠢ ᠦᠢᠯᠡᠳᠦᠯ | ᠪᠠᠳᠠᠷᠠᠭᠤᠯᠵᠤ᠂ ᠲᠦᠮᠡᠨ ᠲᠤᠰᠬᠤᠨ ᠵᠠᠰᠠᠨ ᠴᠡᠭᠴᠡᠯᠡᠯᠲᠡ ᠶᠢ ᠪᠡᠶᠡᠯᠡᠭᠦᠯᠬᠦ︾ ᠢᠨᠵᠧᠨᠧᠷᠢᠩ ᠤᠨ ᠲᠤᠷᠰᠢᠯᠭ᠎ᠠ ᠶᠢ | ᠦᠷᠭᠡᠨ ᠳᠡᠯᠭᠡᠷᠡᠭᠦᠯᠦᠨ᠂ ︽7 +X︾ ᠨᠡᠶᠢᠭᠡᠮ ᠤᠨ ᠴᠢᠨᠠᠷᠲᠠᠢ ᠦᠢᠯᠡᠴᠢᠯᠡᠭᠡ ᠶᠢᠨ ᠬᠡᠯᠪᠡᠷᠢ ᠶᠢ ᠲᠦᠯᠬᠢᠨ | ᠠᠬᠢᠭᠤᠯᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠤᠭᠰᠠᠨ ᠵᠢᠱᠢᠶᠡᠴᠢ | ᠭᠠᠴᠠᠭ᠎ᠠ ᠶᠢ ᠪᠠᠶᠢᠭᠤᠯᠤᠨ᠎ᠠ᠃ ᠲᠤᠭᠠᠴᠠᠯᠠᠭᠰᠠᠨ ᠡᠪᠡᠰᠦ ᠪᠡᠯᠴᠢᠭᠡᠷ ᠮᠠᠯ ᠠᠵᠤ ᠠᠬᠤᠢ ᠶᠢᠨ ᠬᠦᠷᠢᠶᠡᠯᠡᠩ ᠤᠨ | ᠢᠨᠵᠧᠨᠧᠷᠢᠩ ᠢ ᠪᠦᠲᠦᠭᠡᠨ ᠪᠠᠶᠢᠭᠤᠯᠵᠤ᠂ ᠪᠦᠬᠦ ᠬᠤᠰᠢᠭᠤᠨ ᠤ ᠡᠪᠡᠰᠦ ᠪᠤᠷᠳᠤᠭᠠᠨ ᠤ ᠬᠠᠩᠭᠠᠯᠭ᠎ᠠ ᠶᠢᠨ ᠴᠢᠳᠠᠪᠤᠷᠢ | ᠶᠢ ᠳᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ | ᠴᠤᠭᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ | ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ ᠤᠷᠲᠤᠳᠬᠠᠬᠤ ᠲᠤᠷᠰᠢᠯᠲᠠ ᠶᠢᠨ ᠴᠡᠭ ᠤᠨ | ᠠᠵᠢᠯ ᠢ ᠪᠡᠶᠡᠯᠡᠭᠦᠯᠵᠦ᠂ ᠬᠤᠰᠢᠭᠤᠨ ᠤ ᠦᠨᠳᠦᠰᠦᠨ ᠪᠠᠶᠢᠳᠠᠯ ᠳᠤ ᠨᠡᠶᠢᠴᠡᠭᠰᠡᠨ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢᠨ ᠵᠠᠭᠪᠤᠷ ᠢ ᠲᠦᠭᠡᠮᠡᠯᠵᠢᠭᠦᠯᠵᠦ᠂ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢ | ᠢᠳᠡᠪᠬᠢᠲᠡᠶ ᠪᠦᠭᠡᠳ ᠯᠠᠪᠳᠠᠭᠤᠨ ᠢᠶᠠᠷ ᠠᠬᠢᠭᠤᠯᠤᠨ᠎ᠠ᠃ ᠬᠥᠳᠡᠭᠡ ᠲᠣᠰᠬᠤᠨ ᠤ ᠵᠠᠰᠠᠨ ᠴᠡᠭᠴᠡᠯᠡᠯᠲᠡ ᠶᠢᠨ ᠬᠤᠪᠢ | ᠲᠡᠮᠳᠡᠭᠯᠡᠬᠦ ᠳᠦᠷᠢᠮ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠤᠲᠤᠭ ᠤᠷᠤᠨ ᠤ ᠪᠣᠯᠪᠠᠰᠤᠨ | ᠰᠤᠷᠲᠠᠯ ᠢ ᠪᠤᠢ ᠪᠣᠯᠭᠠᠨ᠎ᠠ᠃ | ︵ᠵᠢᠷᠭᠤᠭ᠎ᠠ︶ ᠠᠵᠠ ᠵᠢᠷᠭᠠᠯᠲᠤ ᠠᠷᠠᠳ ᠤᠨ ᠠᠮᠢᠳᠤᠷᠠᠯ ᠢ ᠴᠤᠭᠴᠠᠯᠠᠨ᠂ ᠨᠡᠶᠢᠭᠡᠮ ᠤᠨ ᠠᠵᠢᠯ ᠦᠢᠯᠡᠰ ᠤᠨ | ᠡᠷᠡᠭᠦᠯ ᠬᠦᠭᠵᠢᠯᠲᠡ ᠶᠢ ᠠᠬᠢᠭᠤᠯᠤᠨ᠎ᠠ᠃ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠦᠮᠦᠵᠢᠯ | ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠠᠨ ᠪᠤᠯᠭᠠᠨ᠂ ︽ᠬᠤᠶᠠᠷ ᠢ | ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠰᠤᠷᠤᠭᠴᠢ ᠶᠢ ᠬᠠᠮᠠᠭᠠᠯᠠᠵᠤ | ᠰᠤᠷᠭᠠᠭᠤᠯᠢ ᠶᠢ ᠠᠮᠤᠷ ᠲᠠᠶᠢᠪᠤᠩ ᠪᠠᠶᠢᠯᠭᠠᠬᠤ︾ ᠠᠵᠢᠯᠯᠠᠭ᠎ᠠ ᠶᠢ ᠥᠷᠨᠢᠭᠦᠯᠦᠨ᠂ ᠰᠢᠨ᠎ᠡ ᠴᠠᠭ ᠦᠶ᠎ᠡ ᠶᠢᠨ | ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ᠵᠢᠴᠢ ᠳᠠᠭᠠᠯᠲᠠ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ | ᠪᠤᠯᠪᠠᠰᠤᠷᠠᠯ ᠦᠷᠨᠢᠭᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ 1300 ᠲᠦᠮᠡᠨ ᠲᠦᠭᠦᠷᠢᠭ ᠤᠨ | ᠪᠡᠯᠡ ᠤᠷᠤᠭᠤᠯᠤᠯᠲᠠ ᠬᠢᠵᠦ᠂ ᠨᠢᠭᠡᠳᠦᠭᠡᠷ ᠬᠡᠦᠬᠡᠳ ᠤᠨ ᠴᠡᠴᠡᠷᠯᠢᠭ ᠤᠨ ᠬᠦᠷᠢᠶᠡᠨ ᠤ ᠰᠤᠶᠤᠯ ᠤᠨ | ᠪᠠᠶᠢᠭᠤᠯᠤᠯᠲᠠ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠠᠶᠢᠭᠤᠯᠤᠯᠲᠠ ᠵᠢᠴᠢ ︽ᠨᠤᠮ | ᠤᠨ ᠬᠤᠷ᠎ᠠ︾ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ᠂ ᠨᠢᠭᠡᠳᠦᠭᠡᠷ ᠳᠤᠮᠳᠠᠳᠤ ᠰᠤᠷᠭᠠᠭᠤᠯᠢ | ᠶᠢᠨ ᠤᠶᠤᠨᠲᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ᠂ ᠶᠡᠷᠦᠩᠬᠡᠶᠢᠯᠡᠭᠰᠡᠨ ᠳᠤᠮᠳᠠᠳᠤ | ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠲᠡᠰ ᠲᠡᠪᠰᠢᠭᠦᠯᠬᠦ ᠦᠭᠡᠷᠡᠴᠢᠯᠡᠯᠲᠡ ᠶᠢᠨ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ | ᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠥᠪᠡᠷᠲᠡᠭᠡᠨ | ᠵᠠᠰᠠᠬᠤ ᠣᠷᠣᠨ ᠤ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠵᠢᠴᠢ ᠨᠡᠶᠢᠳᠡᠮ ᠠᠰᠢᠭ ᠬᠦᠷᠲᠡᠭᠡᠬᠦ ᠶᠢ ᠱᠠᠭᠠᠷᠳᠠᠨ ᠵᠢᠯᠤᠭᠤᠳᠬᠤ ᠬᠢᠨᠠᠨ ᠲᠤᠭᠲᠠᠭᠠᠯᠲᠠ ᠵᠢᠴᠢ | ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠮᠦᠷᠲᠡᠭᠡᠨ | ᠲᠡᠩᠴᠡᠭᠦᠷᠢᠲᠡᠶ ᠬᠥᠭᠵᠢᠯᠲᠡ ᠶᠢᠨ ᠦᠨᠡᠯᠡᠨ ᠲᠤᠭᠲᠠᠭᠠᠯᠲᠠ ᠳᠤ ᠬᠢᠷᠢ ᠲᠡᠩᠴᠡᠬᠦ ᠪᠠᠷ ᠴᠢᠷᠮᠠᠶᠢᠨ᠎ᠠ᠃ ᠰᠤᠷᠭᠠᠭᠤᠯᠢ | ᠶᠢᠨ ᠵᠠᠬᠢᠷᠤᠯ ᠪᠠ ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢᠨ ᠱᠠᠩᠨᠠᠯ ᠤᠨ ᠳᠦᠷᠢᠮ ᠢ | ᠦᠷᠭᠦᠯᠵᠢᠯᠡᠨ ᠬᠡᠷᠡᠭᠵᠢᠭᠦᠯᠵᠦ᠂ ᠰᠤᠷᠭᠠᠨ ᠬᠦᠮᠦᠵᠢᠯ ᠤᠨ ᠰᠠᠭᠤᠷᠢ ᠮᠦᠩᠭᠦᠨ ᠤ ᠨᠡᠶᠢᠭᠡᠮᠯᠢᠭ ᠢ ᠪᠠᠶᠢᠭᠤᠯᠤᠨ᠂ | ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠱᠠᠩᠨᠠᠯ ᠲᠤᠷᠭᠠᠭᠤᠯᠢ ᠶᠢᠨ ᠳᠦᠷᠢᠮ ᠢ | ᠬᠡᠷᠡᠭᠵᠢᠭᠦᠯᠵᠦ᠂ ᠭᠤᠤᠯᠳᠠᠯᠭ᠎ᠠ ᠲᠠᠢ ᠳᠤᠮᠳᠠᠳᠤ ᠰᠤᠷᠭᠠᠭᠤᠯᠢ ᠳᠤ ᠲᠡᠪᠰᠢᠬᠦ ᠨᠤᠷᠮ᠎ᠠ ᠪᠠ ᠶᠡᠭᠡ ᠰᠤᠷᠭᠠᠭᠤᠯᠢ ᠶᠢᠨ | ᠦᠨᠳᠦᠰᠦᠨ ᠠᠩᠭᠢ ᠳᠤ ᠲᠡᠪᠰᠢᠬᠦ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠥᠪᠡᠭᠡᠲᠦ ᠰᠢᠷ᠎ᠠ ᠬᠤᠰᠢᠭᠤᠨ ᠤ ᠡᠷᠡᠭᠦᠯ ᠡᠩᠬᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠰᠢᠪᠲᠤᠯᠤᠯᠲᠠ | ᠶᠢᠨ ᠠᠵᠢᠯᠯᠠᠭ᠎ᠠ ᠶᠢ ᠬᠡᠷᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ | ᠶᠢᠨ ᠠᠵᠢᠯ ᠢ ᠭᠦᠨᠵᠡᠭᠡᠶᠢᠷᠡᠭᠦᠯᠦᠨ᠎ᠡ᠃ ᠨᠢᠭᠲᠠ ᠬᠠᠮᠵᠢᠯᠴᠠᠭᠠᠨ ᠤ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠠᠯᠬᠤᠮ ᠢᠶᠠᠨ ᠲᠦᠷᠭᠡᠳᠬᠡᠵᠦ᠂ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠲᠠᠳ ︵ᠮᠤᠩᠭᠤᠯ︶ ᠡᠮ ᠡᠮᠨᠡᠯᠭᠡ | ᠶᠢᠨ ᠦᠢᠯᠡᠰ ᠤᠨ ᠡᠷᠡᠭᠦᠯ ᠬᠦᠭᠵᠢᠯᠲᠡ ᠶᠢ ᠠᠬᠢᠭᠤᠯᠵᠤ᠂ ᠬᠢᠲᠠᠳ ︵ᠮᠤᠩᠭᠤᠯ︶ ᠡᠮᠨᠡᠯᠭᠡ ᠶᠢᠨ ᠤᠯᠠᠮᠵᠢᠯᠠᠯᠲᠤ | ᠡᠮᠴᠢᠯᠡᠭᠡ ᠪᠠ ᠤᠨᠴᠠᠯᠢᠭᠲᠤ ᠰᠤᠪᠢᠯᠠᠯᠲᠠ ᠶᠢᠨ ᠲᠠᠯ᠎ᠠ ᠪᠠᠷ ᠬᠢ ᠳᠠᠪᠠᠭᠤᠯᠢᠭ ᠢ ᠪᠠᠳᠠᠷᠠᠭᠤᠯᠵᠤ᠂ ᠤᠯᠠᠨ ᠲᠦᠮᠡᠨ | ᠳᠤ ᠨᠡᠩ ᠰᠠᠶᠢᠨ ᠡᠮ ᠡᠮᠨᠡᠯᠭᠡ ᠶᠢᠨ ᠦᠢᠯᠡᠴᠢᠯᠡᠭᠡ ᠬᠠᠩᠭᠠᠨ᠎ᠠ᠃ ᠡᠮ ᠪᠠ ᠡᠮᠴᠢᠯᠡᠭᠡᠨ ᠤ ᠮᠠᠲ᠋ᠧᠷᠢᠶᠠᠯ ᠢ | ᠲᠤᠭᠲᠠᠭᠰᠠᠨ ᠬᠡᠮᠵᠢᠶ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠡᠮᠬᠢ ᠴᠡᠭᠴᠡ ᠲᠠᠢ ᠠᠬᠢᠭᠤᠯᠤᠨ᠎ᠠ᠃ | ᠦᠷᠡᠵᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ ᠲᠡᠩᠴᠡᠭᠦᠷᠢᠲᠡᠢ | ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠶᠢ ᠴᠤᠭᠴᠠᠯᠠᠨ ᠪᠠᠶᠢᠭᠤᠯᠤᠭᠰᠠᠨ | ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠡᠷᠡᠭᠦᠯ ᠡᠩᠬᠡ ᠬᠥᠪᠡᠭᠡᠲᠦ ᠰᠢᠷ᠎ᠠ ᠬᠤᠰᠢᠭᠤ ᠵᠢᠴᠢ ᠤᠯᠤᠰ | ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠤ ᠡᠷᠡᠭᠦᠯ | ᠮᠡᠨᠳᠦ ᠶᠢᠨ ᠬᠡᠪ ᠪᠤᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠠᠵᠢᠯ ᠢ ᠴᠢᠩᠭᠠᠳᠬᠠᠨ᠂ ᠤᠯᠠᠨ ᠡᠪᠡᠳᠴᠢᠨ ᠢ ᠵᠡᠷᠭᠡᠪᠡᠷ ᠰᠡᠷᠭᠡᠶᠢᠯᠡᠵᠦ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠪᠠ ᠪᠤᠰᠤᠳ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ | ᠠᠵᠢᠯ ᠤᠯᠭᠤᠯᠲᠠ ᠪᠠ ᠠᠳᠠᠯ ᠦᠢᠯᠡᠰ ᠪᠤᠰᠬᠠᠬᠤ ᠠᠵᠢᠯ ᠢ ᠡᠩ ᠲᠡᠷᠢᠭᠦᠨ ᠳᠤ ᠲᠦᠯᠬᠢᠨ ᠠᠬᠢᠭᠤᠯᠤᠨ᠎ᠠ᠃ ᠤᠯᠠᠨ | ᠨᠡᠶᠢᠲᠡ ᠪᠠᠷ ᠢᠶᠠᠨ ᠠᠳᠠᠯ ᠦᠢᠯᠡᠰ ᠪᠤᠰᠬᠠᠬᠤ ᠪᠠ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠠᠳᠠᠯ ᠦᠢᠯᠡᠰ | ᠪᠤᠰᠬᠠᠬᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠠᠲᠠᠯ ᠦᠢᠯᠡᠰ ᠪᠤᠰᠬᠠᠭᠴᠢᠳ ᠤᠨ ᠮᠦᠩᠭᠦ | ᠬᠤᠷᠠᠮᠳᠤᠭᠤᠯᠬᠤ ᠳᠤ ᠬᠦᠴᠢᠷ᠂ ᠮᠦᠩᠭᠦ ᠬᠤᠷᠠᠮᠳᠤᠭᠤᠯᠬᠤ ᠦᠪᠡᠷ ᠤᠨ ᠦᠷᠲᠡᠭ ᠦᠨᠳᠦᠷ ᠪᠠᠶᠢᠭ᠎ᠠ ᠠᠰᠠᠭᠤᠳᠠᠯ ᠢ | ᠰᠢᠢᠳᠪᠦᠷᠢᠯᠡᠵᠦ᠂ ᠠᠲᠠᠯ ᠦᠢᠯᠡᠰ ᠪᠤᠰᠬᠠᠬᠤ ᠪᠠᠷᠢᠴᠠᠭᠠᠲᠤ ᠵᠢᠭᠡᠯᠡᠯᠭᠡ ᠪᠠᠷ ᠲᠡᠳᠬᠦᠬᠦ ᠬᠦᠷᠢᠶ᠎ᠡ ᠬᠡᠪᠴᠢᠶ᠎ᠡ ᠶᠢ | ᠦᠷᠭᠡᠳᠬᠡᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ | ᠰᠦᠯᠵᠢᠶᠡᠨ ᠳᠡᠭᠡᠷᠡᠬᠢ ᠪᠠ ᠲᠤᠬᠠᠢ ᠶᠢᠨ ᠲᠠᠯᠠᠪᠤᠷ ᠲᠠᠬᠢ ᠠᠵᠢᠯ ᠲᠠᠨᠢᠯᠴᠠᠭᠤᠯᠬᠤ ᠬᠤᠷᠠᠯ ᠵᠢᠴᠢ ᠠᠵᠢᠯᠳᠠᠨ ᠡᠯᠰᠡᠬᠦ | ᠲᠤᠰᠬᠠᠢ ᠬᠤᠷᠠᠯ ᠢ ᠴᠢᠨᠠᠷ ᠰᠠᠶᠢᠲᠠᠢ ᠡᠷᠬᠢᠯᠡᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠳᠠ ᠤᠷᠤᠭᠰᠠᠨ | ᠮᠠᠯᠴᠢᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠤᠯᠭᠤᠯᠲᠠ ᠪᠠ ᠠᠲᠠᠯ | ᠦᠢᠯᠡᠰ ᠪᠤᠰᠬᠠᠬᠤ ᠶᠢ ᠲᠦᠯᠬᠢᠨ ᠠᠬᠢᠭᠤᠯᠤᠨ᠎ᠠ᠃ ᠵᠠᠬᠢᠶᠠᠯᠠᠭ᠎ᠠ ᠶᠢᠨ ᠬᠡᠯᠪᠡᠷᠢ ᠶᠢᠨ ᠪᠤᠯᠪᠠᠰᠤᠷᠠᠯ᠂ ᠶᠡᠭᠡ ᠳᠡᠭᠡᠳᠦ | ᠰᠤᠷᠭᠠᠭᠤᠯᠢ ᠳᠤ ᠨᠠᠶᠢᠳᠠᠨ ᠭᠦᠢᠴᠡᠳᠬᠡᠭᠦᠯᠦᠭᠰᠡᠨ ᠪᠤᠯᠪᠠᠰᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠰᠢᠭᠤᠨ | ᠳᠤ ᠪᠠᠶᠢᠭ᠎ᠠ ᠠᠵᠤ ᠠᠬᠤᠶᠢᠯᠠᠯ ᠳᠤ ᠠᠵᠢᠯ ᠤᠯᠭᠤᠯᠲᠠ ᠶᠢᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠂ ᠠᠵᠢᠯᠲᠠᠨ | ᠬᠡᠷᠡᠭᠯᠡᠬᠦ ᠦᠨᠳᠦᠰᠦᠨ ᠱᠠᠭᠠᠷᠳᠠᠯᠭ᠎ᠠ ᠶᠢ ᠨᠢ ᠬᠠᠩᠭᠠᠨ᠎ᠠ᠃ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ | ᠬᠦᠴᠢᠷᠳᠡᠯ ᠢ ᠰᠢᠢᠳᠪᠦᠷᠢᠯᠡᠬᠦ ᠵᠡᠷᠭᠡ ᠲᠤᠰᠬᠠᠢ ᠠᠵᠢᠯᠯᠠᠭ᠎ᠠ ᠶᠢ ᠦᠷᠨᠢᠭᠦᠯᠦᠨ᠎ᠡ᠃ ᠬᠥᠳᠡᠯᠮᠦᠷᠢ ᠶᠢᠨ ᠬᠠᠷᠢᠴᠠᠭ᠎ᠠ ᠶᠢ | ᠵᠣᠬᠢᠴᠠᠭᠤᠯᠬᠤ ᠪᠠᠶᠢᠭᠤᠯᠤᠮᠵᠢ ᠶᠢ ᠪᠦᠷᠢᠨᠰᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ | ᠬᠥᠯᠥᠰᠥ ᠶᠢᠨ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠠ᠃ ᠠᠵᠢᠯ ᠤᠯᠭᠤᠯᠲᠠ ᠶᠢᠨ ᠠᠵᠢᠯ | ᠤᠨ ᠪᠠᠶᠢᠷᠢ ᠶᠢ 500 ᠠᠴᠠ ᠳᠡᠭᠡᠭᠰᠢ ᠪᠠᠶᠢᠯᠭᠠᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ | 600 ᠬᠥᠮᠦᠨ ᠤᠳᠠᠭ᠎ᠠ ᠠᠴᠠ ᠳᠡᠭᠡᠭᠰᠢ ᠬᠦᠷᠲᠡᠭᠡᠨ᠎ᠡ᠃ 50 ᠨᠡᠷᠡᠰ ᠵᠡᠮᠳᠡᠭᠴᠦᠳ ᠲᠤ ᠬᠡᠷᠡᠭᠯᠡᠭᠡᠨ ᠤ ᠮᠡᠷᠭᠡᠵᠢᠯ | ᠤᠨ ᠪᠤᠯᠪᠠᠰᠤᠷᠠᠯ ᠪᠣᠯᠤᠨ ᠲᠤᠰᠬᠠᠢ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠬᠦᠷᠲᠡᠭᠡᠵᠦ᠂ | ᠵᠡᠮᠳᠡᠭᠴᠦᠳ ᠤᠨ ᠠᠵᠢᠯ ᠤᠯᠭᠤᠯᠲᠠ ᠶᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠪᠠᠲᠤᠯᠠᠭ᠎ᠠ ᠶᠢᠨ ᠪᠠᠷᠢᠮᠵᠢᠶ᠎ᠠ ᠪᠠ | ᠨᠢᠭᠡᠳᠦᠯᠲᠡᠢ ᠴᠠᠶᠢᠷᠠᠭᠤᠯᠬᠤ ᠳᠡᠰ ᠢ ᠳᠡᠭᠡᠭᠰᠢᠯᠡᠭᠦᠯᠦᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠪᠠᠶᠢᠯᠭᠠᠵᠤ᠂ ᠦᠨᠳᠦᠰᠦᠨ ᠨᠠᠰᠤᠵᠢᠯ ᠤᠨ ᠳᠠᠭᠠᠳᠬᠠᠯ ᠤᠨ | ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠳᠠᠭᠠᠳᠬᠠᠯ ᠤᠨ ᠰᠠᠭᠤᠷᠢ ᠮᠦᠩᠭᠦᠨ ᠤ ᠬᠢᠨᠠᠯᠲᠠ ᠬᠠᠮᠢᠶᠠᠷᠤᠯᠲᠠ | ᠶᠢ ᠴᠢᠩᠭᠠᠳᠬᠠᠵᠤ᠂ ᠠᠮᠤᠷ ᠲᠦᠪᠰᠢᠨ ᠢᠶᠠᠷ ᠦᠷᠭᠦᠯᠵᠢᠯᠡᠨ ᠡᠷᠭᠢᠯᠳᠦᠬᠦ ᠶᠢ ᠪᠠᠲᠤᠯᠠᠨ᠎ᠠ᠃ ᠨᠡᠶᠢᠭᠡᠮ ᠤᠨ ᠠᠪᠤᠷᠠᠨ | ᠲᠡᠳᠬᠦᠬᠦ ᠡᠬᠢ ᠪᠠᠶᠠᠯᠢᠭ ᠢ ᠨᠢᠭᠡᠳᠦᠯᠲᠡᠶ ᠵᠤᠬᠢᠴᠠᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠨᠠᠷᠢᠯᠢᠭ ᠤᠨᠤᠪᠴᠢᠲᠠᠢ ᠬᠠᠮᠢᠶᠠᠷᠤᠯᠲᠠ ᠶᠢ ᠴᠢᠩᠭᠠᠳᠬᠠᠨ᠂ ᠬᠦᠴᠢᠷᠳᠡᠯᠲᠡᠶ ᠤᠯᠠᠨ ᠲᠦᠮᠡᠨ ᠤ ᠦᠨᠳᠦᠰᠦᠨ | ᠪᠠᠲᠤᠯᠠᠭ᠎ᠠ ᠶᠢ ᠰᠠᠶᠢᠲᠤᠷ ᠬᠢᠵᠦ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠡᠳᠬᠦᠬᠦ ᠠᠵᠢᠯ ᠢ ᠭᠠᠷᠲᠠᠨ | ᠭᠦᠶᠴᠡᠳᠬᠡᠬᠦ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠨᠴᠠ ᠶᠡᠭᠡ ᠬᠦᠨᠳᠦ ᠡᠪᠡᠳᠴᠢᠨ ᠤ | ᠡᠮᠴᠢᠯᠡᠭᠡᠨ ᠤ ᠳᠠᠭᠠᠳᠬᠠᠯ ᠪᠠ ᠠᠪᠤᠷᠠᠨ ᠲᠡᠳᠬᠦᠬᠦ ᠲᠦᠷᠢᠮ ᠢ ᠪᠦᠷᠢᠨᠰᠢᠬᠦᠯᠵᠦ᠂ ᠬᠦᠴᠢᠷᠳᠡᠯᠲᠡᠶ ᠣᠯᠠᠨ ᠲᠦᠮᠡᠨ ᠤ | ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠥᠭᠵᠢᠯᠲᠡ ᠶᠢᠨ ᠳᠤᠮᠳᠠ ᠤᠷᠲᠤ ᠬᠤᠭᠤᠴᠠᠭᠠᠨ ᠤ | ᠲᠥᠯᠥᠪᠵᠢᠭᠦᠯᠭᠡ ︵2018 —2025 ᠣᠨ︶︾ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠵᠣᠯᠭᠠᠯᠳᠤᠭᠰᠠᠨ ᠵᠠᠯᠠᠭᠤᠴᠤᠳ | ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠠᠵᠢᠯ ᠤᠨ ᠪᠠᠶᠢᠭᠤᠯᠤᠮᠵᠢ ᠶᠢ ᠪᠦᠷᠢᠨᠰᠢᠭᠦᠯᠦᠨ᠎ᠡ᠃ ᠡᠮᠡᠭᠲᠡᠶᠢᠴᠦᠳ | ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠨᠠᠰᠤᠨ ᠳᠤ ᠦᠯᠤ ᠬᠥᠷᠦᠭᠰᠡᠳ ᠤᠨ | ᠬᠠᠮᠠᠭᠠᠯᠠᠯᠲᠠ ᠶᠢ ᠴᠢᠩᠭᠠᠳᠬᠠᠨ᠂ ᠨᠡᠶᠢᠭᠡᠮ ᠤᠨ ᠠᠰᠠᠷᠠᠮᠵᠢ ᠶᠢᠨ ᠲᠦᠷᠢᠮ ᠢ ᠲᠡᠭᠦᠯᠳᠡᠷᠵᠢᠭᠦᠯᠵᠦ᠂ ᠵᠡᠮᠳᠡᠭᠴᠦᠳ | ᠤᠨ ᠠᠵᠢᠯ ᠪᠤᠯᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠦᠢᠯᠡᠰ ᠢ ᠬᠥᠭᠵᠢᠭᠦᠯᠦᠨ᠎ᠡ᠃ ᠬᠤᠲᠠ ᠬᠦᠳᠡᠭᠡ | ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠨᠦᠬᠦᠴᠡᠯ ᠢ ᠰᠠᠶᠢᠵᠢᠷᠠᠭᠤᠯᠵᠤ᠂ ᠨᠠᠰᠤᠲᠠᠨ ᠢ | ᠠᠰᠠᠷᠠᠬᠤ ᠶᠡᠷᠦᠩᠬᠡᠶᠢᠯᠡᠭᠰᠡᠨ ᠬᠦᠷᠢᠶᠡᠯᠡᠩ ᠢ ᠪᠠᠶᠢᠭᠤᠯᠤᠨ᠎ᠠ᠃ ᠣᠷᠣᠰᠢᠭᠤᠯᠭ᠎ᠠ ᠶᠢᠨ ᠲᠤᠭᠤᠷᠢᠨ ᠤ ᠲᠤᠰᠬᠠᠶ | ᠴᠡᠭᠴᠡᠯᠡᠯᠲᠡ ᠶᠢ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ᠃ ᠤᠨᠴᠠ ᠬᠠᠷᠠᠭᠠᠯᠵᠠᠬᠤ ᠡᠲᠡᠭᠡᠳ ᠤᠨ ᠲᠡᠳᠬᠦᠮᠵᠢ | ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ | ᠬᠦᠷᠢᠶᠡᠯᠡᠬᠦ ᠵᠢᠱᠢᠶᠡᠴᠢ ᠬᠤᠰᠢᠭᠤ ᠶᠢᠨ ᠰᠢᠯᠭᠠᠨ ᠦᠨᠡᠯᠡᠯᠲᠡ ᠶᠢ ᠤᠭᠲᠤᠬᠤ ᠪᠡᠯᠡᠳᠬᠡᠯ ᠠᠵᠢᠯ ᠢ ᠰᠠᠶᠢᠳᠤᠷ | ᠪᠡᠶᠡᠯᠡᠭᠦᠯᠦᠨ᠎ᠡ᠃ | ᠠᠷᠠᠳ ᠣᠯᠠᠨ ᠤ ᠣᠶᠤᠨ ᠤ ᠬᠡᠷᠡᠭᠴᠡᠭᠡ ᠶᠢ ᠲᠠᠰᠤᠷᠠᠯᠲᠠ ᠤᠢᠭᠡᠢ ᠬᠠᠩᠭᠠᠨ᠎ᠠ᠃ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠠᠵᠢᠯᠯᠠᠭ᠎ᠠ ᠪᠠ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠭᠦᠨᠵᠡᠭᠡᠶ ᠦᠷᠨᠢᠭᠦᠯᠦᠨ᠂ | ᠤᠯᠠᠭᠠᠨᠮᠥ᠋ᠴᠢᠷ ᠢ ᠦᠨᠳᠦᠰᠦᠨ ᠱᠠᠲᠤᠨ ᠳᠤ ᠪᠠᠭᠤᠯᠭᠠᠬᠤ ᠠᠵᠢᠯᠯᠠᠭ᠎ᠠ ᠶᠢ ᠦᠷᠭᠦᠯᠵᠢᠯᠡᠭᠦᠯᠵᠦ᠂ ᠭᠤᠷᠪᠠᠳᠤᠭᠠᠷ | ᠬᠤᠭᠤᠴᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ — ᠴᠢᠭᠤᠯᠤᠯᠲᠤ ᠬᠠᠭᠠᠯᠭ᠎ᠠ ᠠᠴᠠ ᠬᠦᠷᠢᠶ᠎ᠡ ᠬᠦᠷᠬᠦ | ᠵᠠᠮ︾ ᠤᠨ ᠠᠵᠢᠯᠯᠠᠭ᠎ᠠ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ | ᠵᠡᠷᠭᠡ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠦᠢᠯᠡᠰ ᠤᠨ | ᠬᠦᠭᠵᠢᠯᠲᠡ ᠶᠢ ᠳᠡᠮᠵᠢᠨ᠎ᠡ᠃ ᠨᠣᠮ ᠤᠨ ᠰᠠᠩ ᠤᠨ ᠲᠡᠰ ᠳᠡᠪᠰᠢᠭᠦᠯᠬᠦ ᠠᠵᠢᠯ ᠢ ᠦᠷᠨᠢᠭᠦᠯᠦᠨ᠂ ᠪᠠᠭᠠᠴᠤᠳ | ᠬᠡᠦᠬᠡᠳ ᠤᠨ ᠨᠣᠮ ᠤᠨ ᠰᠠᠩ ᠤᠨ ᠰᠠᠭᠤᠷᠢ ᠲᠥᠬᠦᠭᠡᠷᠦᠮᠵᠢ ᠶᠢ ᠪᠦᠷᠢᠨᠰᠢᠭᠦᠯᠵᠦ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭᠠᠨ ᠤ ᠲᠥᠪ ᠢ ᠪᠠᠶᠢᠭᠤᠯᠤᠨ᠎ᠠ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ | ᠨᠡᠭᠦᠯᠭᠡᠵᠦ ᠦᠯᠦ ᠪᠤᠯᠬᠤ ᠲᠡᠦᠬᠡ ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠰᠠᠶᠢᠲᠤᠷ ᠪᠡᠶᠡᠯᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠠᠵᠢᠯ ᠢ | ᠴᠢᠩᠭᠠᠳᠬᠠᠵᠤ᠂ ᠬᠥᠪᠡᠭᠡᠲᠦ ᠰᠢᠷ᠎ᠠ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠳᠥᠷᠪᠡᠨ ᠱᠠᠲᠤᠨ | ᠤ ᠨᠡᠷᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠤ ᠲᠡᠰ ᠤᠨ ᠠᠰᠤᠷᠤ ᠠᠶᠠᠯᠭᠤ | ᠶᠢᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠴᠤᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃ | ︵ᠳᠣᠯᠤᠭ᠎ᠠ︶ ᠠᠮᠤᠭᠤᠯᠠᠩ ᠬᠥᠪᠡᠭᠡᠲᠦ ᠰᠢᠷ᠎ᠠ ᠬᠤᠰᠢᠭᠤ ᠶᠢ ᠪᠦᠲᠦᠭᠡᠨ ᠪᠠᠶᠢᠭᠤᠯᠬᠤ ᠠᠵᠢᠯ ᠢ | ᠭᠦᠨᠵᠡᠭᠡᠶᠢᠷᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠤᠯᠤᠰ ᠤᠨ ᠲᠡᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠬᠤᠰᠢᠭᠤ ᠶᠢ ᠴᠤᠭᠴᠠᠯᠠᠨ ᠪᠠᠶᠢᠭᠤᠯᠬᠤ | ᠠᠵᠢᠯ ᠢ ᠬᠦᠴᠦᠯᠡᠨ ᠠᠬᠢᠭᠤᠯᠤᠨ᠎ᠠ᠃ ᠬᠦᠪᠡᠭᠡᠲᠦ ᠰᠢᠷ᠎ᠠ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ | ᠶᠢᠨ ᠬᠥᠮᠦᠵᠢᠯ ᠤᠨ ᠦᠵᠡᠭᠦᠯᠦᠯᠭᠡ ᠶᠢᠨ ᠲᠠᠩᠬᠢᠮ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ︽ᠪᠦᠯᠬᠦᠮᠳᠡᠯ | ᠲᠠᠢ ᠬᠡᠷ ᠪᠦᠯᠢ︾ ᠵᠡᠷᠭᠡ 4 ᠰᠤᠮᠤ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠢᠷᠠᠭᠤ ᠠᠯᠳᠠᠷ | ᠤᠨ ᠨᠥᠯᠥᠭᠡᠯᠡᠬᠦ ᠬᠦᠴᠦᠨ ᠢ ᠦᠷᠭᠡᠳᠬᠡᠨ᠂ ᠭᠠᠴᠠᠭ᠎ᠠ ︵ᠨᠡᠶᠢᠭᠡᠮ ᠲᠣᠭᠤᠷᠢᠭ︶᠂ ᠰᠤᠷᠭᠠᠭᠤᠯᠢ ᠵᠡᠷᠭᠡ 8 | ᠬᠦᠷᠢᠶ᠎ᠡ ᠴᠠᠷ᠎ᠠ ᠶᠢᠨ ᠲᠤᠭᠤᠷᠢᠨ ᠳᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠴᠡᠭ ᠢ ᠪᠣᠶ ᠪᠣᠯᠭᠠᠵᠤ | ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠤᠭᠴᠠᠯᠠᠨ ᠪᠠᠶᠢᠭᠤᠯᠬᠤ ᠠᠵᠢᠯ ᠢ ᠲᠡᠰ ᠲᠡᠪᠰᠢᠭᠦᠯᠬᠦ ᠶᠢ | ᠪᠡᠶᠡᠯᠡᠭᠦᠯᠵᠦ᠂ ᠲᠤᠰ ᠵᠢᠯ ᠳᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠬᠤᠰᠢᠭᠤ ᠶᠢ | ᠠᠮᠵᠢᠯᠲᠠ ᠲᠠᠢ ᠴᠤᠭᠴᠠᠯᠠᠨ ᠪᠠᠶᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃ | ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ | ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠢ | ᠲᠦᠯᠬᠢᠨ ᠠᠬᠢᠭᠤᠯᠵᠤ᠂ ᠬᠤᠲᠠ ᠪᠠᠯᠭᠠᠰᠤᠨ ᠤ ︽ᠭᠤᠷᠪᠠᠨ ᠱᠠᠲᠤ ᠪᠠᠷ ᠳᠠᠭᠠᠭᠠᠴᠢᠯᠠᠨ ᠬᠠᠷᠢᠯᠴᠠᠵᠤ᠂ ᠲᠠᠪᠤᠨ | ᠱᠠᠲᠤᠨ ᠤ ᠦᠢᠯᠡᠴᠢᠯᠡᠭᠡ ᠬᠠᠩᠭᠠᠬᠤ︾ ᠨᠡᠶᠢᠭᠡᠮ ᠲᠤᠭᠤᠷᠢᠭ ᠤᠨ ᠬᠠᠮᠢᠶᠠᠷᠤᠯᠲᠠ ᠶᠢᠨ ᠰᠢᠰᠲ᠋ᠧᠮ ᠪᠠ ᠮᠠᠯᠵᠢᠬᠤ | ᠣᠷᠣᠨ ᠤ ︽ᠲᠠᠯ᠎ᠠ ᠶᠢᠨ ᠰᠠᠬᠢᠭᠴᠢ︾ ᠣᠯᠠᠨ ᠲᠦᠮᠡᠨ ᠤ ᠰᠡᠷᠭᠡᠶᠢᠯᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠦᠨ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ | ᠭᠦᠢᠴᠡᠳᠬᠡᠬᠦ ᠳᠦᠷᠢᠮ ᠢ ᠬᠡᠷᠡᠭᠵᠢᠭᠦᠯᠵᠦ᠂ ︽ᠨᠢᠭᠡ ᠦᠷᠲᠡᠭᠡᠲᠦ︾ ᠵᠥᠷᠢᠴᠡᠯ ᠮᠠᠷᠭᠤᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠲᠥᠪ ᠢ ᠪᠠᠶᠢᠭᠤᠯᠤᠨ᠂ ᠵᠥᠷᠢᠴᠡᠯ ᠮᠠᠷᠭᠤᠯᠳᠤᠭᠠᠨ ᠢ ᠦᠨᠳᠦᠰᠦᠨ ᠱᠠᠲᠤᠨ ᠳᠠᠭᠠᠨ ᠵᠤᠬᠢᠴᠠᠭᠤᠯᠵᠤ᠂ | ᠠᠩᠬᠠᠨ ᠤ ᠬᠤᠭᠤᠴᠠᠭᠠᠨ ᠳᠤᠨᠢ ᠰᠢᠢᠳᠪᠦᠷᠢᠯᠡᠨ᠎ᠡ᠃ ᠤᠯᠤᠰ᠂ ᠣᠷᠣᠨ ᠤ ᠴᠢᠬᠤᠯᠠ ᠠᠵᠢᠯᠯᠠᠭ᠎ᠠ ᠪᠠ ︽ᠬᠤᠶᠠᠷ | ᠬᠤᠷᠠᠯ︾ ᠤᠨ ᠬᠤᠭᠤᠴᠠᠭᠠᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠠᠳᠬᠤᠨ᠎ᠠ᠃ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤ ᠶᠢᠨ ᠠᠵᠢᠯ ᠪᠤᠯᠤᠨ ︽ᠠᠮᠤᠭᠤᠯᠠᠩ | ᠲᠠᠶᠢᠪᠤᠩ ᠪᠠᠶᠢᠳᠠᠯ ᠢ ᠭᠠᠷ ᠤᠨ ᠠᠶ᠎ᠠ ᠪᠠᠷ ᠵᠢᠷᠤᠭᠯᠠᠬᠤ︾ ᠲᠠᠪᠴᠠᠩ ᠤᠨ ᠠᠵᠢᠯ ᠢ ᠦᠷᠭᠦᠯᠵᠢᠯᠡᠨ ᠴᠢᠩᠭ᠎ᠠ | ᠠᠳᠬᠤᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠨᠤᠮᠵᠢᠲᠠᠢ ᠬᠠᠷᠢᠭᠤᠯᠲᠠ | ᠦᠭᠭᠦᠨ᠎ᠡ᠃ | ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠮᠠᠭᠠᠢ ᠰᠠᠶᠢᠲᠤᠷ ᠠᠳᠬᠤᠨ᠎ᠠ᠃ ᠲᠦᠷᠦ ᠶᠢᠨ ᠶᠠᠪᠤᠳᠠᠯ ᠤᠨ | ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ 15 ᠵᠤᠷᠪᠤᠰ ᠬᠦᠴᠦᠲᠡᠢ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ | ᠣᠷᠣᠨ ᠤ 53 ᠵᠤᠷᠪᠤᠰ ᠳᠠᠭᠠᠯᠲᠠ ᠠᠷᠭ᠎ᠠ ᠬᠡᠮᠵᠢᠶ᠎ᠡ ᠵᠢᠴᠢ ᠰᠢᠯᠢ ᠶᠢᠨ ᠭᠤᠣᠯ ᠠᠶᠢᠮᠠᠭ ᠤᠨ 74 ᠵᠤᠷᠪᠤᠰ | ᠪᠣᠳᠠᠲᠠᠢ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠬᠥᠪᠡᠭᠡᠲᠦ ᠰᠢᠷ᠎ᠠ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠲᠦᠷᠪᠡᠨ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ | ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠭᠦᠨᠵᠡᠭᠡᠢ ᠪᠠᠶᠢᠴᠠᠭᠠᠨ ᠴᠡᠭᠴᠡᠯᠡᠵᠦ᠂ ᠨᠡᠯᠢᠶᠡᠳ ᠶᠡᠭᠡ | ᠬᠡᠮᠵᠢᠶᠡᠨ ᠠᠴᠠ ᠳᠡᠭᠡᠭᠰᠢᠬᠢ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠠᠴᠠ ᠰᠡᠷᠭᠡᠶᠢᠯᠡᠨ᠎ᠡ᠃ ᠰᠣᠶᠣᠯ | ᠵᠢᠭᠤᠯᠴᠢᠯᠠᠯ ᠤᠨ ᠡᠵᠡᠩᠨᠡᠯᠲᠡ ᠶᠢᠨ ᠲᠠᠯᠠᠪᠤᠷ ᠤᠨ ᠲᠣᠭᠲᠠᠭᠠᠯ ᠠᠴᠠ ᠵᠥᠷᠢᠴᠡᠨ ᠡᠵᠡᠩᠨᠡᠬᠦ ᠶᠢ ᠪᠠᠶᠢᠴᠠᠭᠠᠨ | ᠴᠡᠭᠴᠡᠯᠡᠬᠦ ᠡᠷᠴᠢᠮ ᠢᠶᠠᠨ ᠴᠢᠩᠭᠠᠷᠠᠭᠤᠯᠵᠤ᠂ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢ | ᠳᠦᠷᠢᠮᠵᠢᠭᠦᠯᠦᠨ᠎ᠡ᠃ ︽ᠰᠢᠷ᠎ᠠ ᠶᠢ ᠱᠦᠭᠦᠷᠳᠡᠨ ᠠᠷᠢᠯᠭᠠᠵᠤ᠂ ᠬᠠᠤᠯᠢ ᠪᠤᠰᠤ ᠬᠡᠪᠯᠡᠯ ᠤᠨ ᠪᠦᠲᠦᠭᠡᠯ ᠳᠤ | ᠴᠤᠬᠢᠯᠲᠠ ᠦᠭᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠭᠤᠣᠯᠴᠢ ᠥᠷᠢᠰᠥᠯᠳᠦᠭᠡᠨ ᠤ ᠬᠢᠨᠠᠨ | ᠪᠠᠶᠢᠴᠠᠭᠠᠯᠲᠠ ᠶᠢ ᠴᠢᠩᠭᠠᠳᠬᠠᠨ᠎ᠠ᠃ ᠬᠠᠤᠯᠢ ᠪᠤᠰᠤ ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠡᠷᠡᠰ ᠴᠣᠬᠢᠯᠲᠠ | ᠥᠭᠭᠦᠨ᠎ᠡ᠃ ᠤᠯᠤᠰ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠵᠢᠱᠢᠶᠡᠴᠢ ᠬᠤᠰᠢᠭᠤ ᠶᠢ ᠴᠤᠭᠴᠠᠯᠠᠨ | ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ | ᠲᠦᠪᠰᠢᠨ ᠢ ᠪᠠᠲᠤᠯᠠᠨ᠎ᠠ᠃ | ︵ᠨᠠᠶᠮᠠ︶ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠬᠦᠴᠦᠲᠡᠢ ᠠᠳᠬᠤᠨ᠂ ᠠᠷᠠᠳ ᠲᠦᠮᠡᠨ ᠤ ᠰᠡᠳᠬᠢᠯ | ᠬᠠᠨᠤᠮᠵᠢᠲᠠᠶ ᠵᠠᠰᠠᠭ ᠤᠨ ᠣᠷᠳᠣᠨ ᠢ ᠪᠠᠶᠢᠭᠤᠯᠤᠨ᠎ᠠ᠃ | ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠳᠤ ᠨᠢᠭᠡᠲᠦᠨ᠂ ᠵᠠᠰᠠᠭ ᠤᠨ ᠤᠷᠳᠤᠨ ᠤ ᠰᠢᠰᠲ᠋ᠧᠮ ᠤᠨ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭ᠎ᠠ ᠠᠳᠬᠤᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ | ᠰᠡᠳᠬᠢᠯ ᠨᠢᠭᠡᠳᠴᠦ ᠬᠦᠴᠦ ᠪᠠᠨ ᠬᠠᠮᠲᠤᠳᠬᠠᠨ ᠰᠠᠶᠢᠲᠤᠷ ᠪᠡᠶᠡᠯᠡᠭᠦᠯᠦᠨ᠂ ᠵᠠᠰᠠᠭ ᠤᠨ ᠤᠷᠳᠤᠨ ᠤ ᠡᠯ᠎ᠡ ᠠᠵᠢᠯ | ᠤᠨ ᠰᠠᠯᠠᠭ᠎ᠠ ᠮᠦᠴᠢᠷ ᠢ ᠬᠠᠲᠠᠭᠤ ᠴᠢᠩᠭ᠎ᠠ ᠤᠯᠤᠰ ᠲᠦᠷᠦ ᠶᠢᠨ ᠪᠠᠶᠢᠭᠤᠯᠭ᠎ᠠ ᠪᠤᠯᠭᠠᠨ ᠪᠦᠲᠦᠭᠡᠨ ᠪᠠᠶᠢᠭᠤᠯᠬᠤ ᠶᠢ | ᠠᠬᠢᠭᠤᠯᠤᠨ᠎ᠠ᠃ ︽ᠭᠤᠷᠪᠠᠨ ᠴᠢᠬᠤᠯᠠ ᠨᠢᠭᠡ ᠲᠤᠮᠤ︾ ᠪᠤᠳᠤᠯᠭ᠎ᠠ ᠰᠢᠢᠳᠬᠦ ᠪᠠᠶᠢᠭᠤᠯᠤᠮᠵᠢ ᠶᠢ ᠲᠡᠭᠦᠯᠳᠡᠷᠵᠢᠭᠦᠯᠵᠦ | ᠂ ᠡᠷᠬᠡ ᠶᠢ ︽ᠪᠠᠭᠠᠰᠬᠠᠨ︾᠂ ᠬᠠᠷᠢᠭᠤᠴᠠᠯᠭ᠎ᠠ ᠶᠢ ︽ᠴᠢᠩᠭᠠᠷᠠᠭᠤᠯᠤᠨ᠎ᠠ︾᠃ ᠨᠠᠮ ᠤᠨ ᠲᠤᠲᠤᠭᠠᠳᠤᠬᠢ ᠬᠢᠨᠠᠯᠲᠠ | ᠪᠠᠷ ᠭᠤᠤᠯ ᠰᠢᠵᠢᠮ ᠪᠤᠯᠭᠠᠬᠤ ᠶᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ | ᠠᠷᠠᠳᠴᠢᠯᠠᠯ ᠤᠨ ᠬᠢᠨᠠᠯᠲᠠ᠂ ᠵᠠᠰᠠᠭ ᠵᠠᠬᠢᠷᠭᠠᠨ ᠤ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠤᠳᠤᠯᠲᠠ | ᠶᠢᠨ ᠬᠢᠨᠠᠯᠲᠠ᠂ ᠡᠳ᠋ ᠤᠨ ᠶᠠᠪᠤᠳᠠᠯ ᠤᠨ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠤᠯᠠᠨ ᠲᠦᠮᠡᠨ ᠤ | ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ 9 ᠲᠦᠷᠦᠯ ᠤᠨ ᠬᠢᠨᠠᠯᠲᠠ ᠶᠢ ᠤᠷᠭᠠᠨᠢᠭ ᠢᠶᠠᠷ ᠤᠶᠠᠯᠳᠤᠭᠤᠯᠤᠨ | ᠂ ᠬᠠᠷᠢᠯᠴᠠᠨ ᠵᠤᠬᠢᠴᠠᠭᠤᠯᠵᠤ᠂ ︽1 + 9︾ ᠬᠢᠨᠠᠯᠲᠠ ᠶᠢ ᠤᠶᠠᠯᠳᠤᠭᠤᠯᠤᠨ ᠵᠤᠬᠢᠴᠠᠭᠤᠯᠬᠤ ᠲᠤᠭᠲᠠᠯᠴᠠᠭ᠎ᠠ ᠶᠢ | ᠭᠦᠨᠵᠡᠭᠡᠶᠢᠷᠡᠭᠦᠯᠦᠨ ᠪᠠᠶᠢᠭᠤᠯᠤᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠪᠠ ᠤᠯᠤᠰ ᠲᠥᠷᠦ ᠶᠢᠨ ᠵᠥᠪᠯᠡᠯᠭᠡᠨ ᠤ ᠬᠡᠰᠢᠭᠦᠳ ᠢ ᠤᠷᠢᠵᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠳᠤ ᠤᠷᠤᠯᠴᠠᠭᠤᠯᠬᠤ ᠳᠦᠷᠢᠮ ᠢ ᠪᠠᠶᠢᠩᠭᠤ ᠶᠢᠨ ᠴᠢᠨᠠᠷᠲᠠᠢ ᠬᠡᠷᠡᠭᠵᠢᠭᠦᠯᠦᠨ᠎ᠡ᠃ | ᠬᠠᠤᠯᠢ ᠴᠠᠭᠠᠵᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠪᠠᠷ ᠬᠤᠰᠢᠭᠤ ᠪᠠᠨ ᠵᠠᠰᠠᠬᠤ ᠡᠯ᠎ᠡ ᠲᠦᠷᠦᠯ | ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ | ᠠᠵᠢᠯᠯᠠᠭ᠎ᠠ ᠶᠢ ᠳᠦᠷᠢᠮᠵᠢᠭᠦᠯᠦᠨ᠂ ᠵᠠᠰᠠᠭ ᠤᠨ ᠤᠷᠳᠤᠨ ᠤ ᠨᠡᠶᠢᠲᠡ ᠶᠢᠨ ᠢᠲᠡᠭᠡᠮᠵᠢ ᠶᠢᠨ ᠬᠦᠴᠦᠨ ᠢᠶᠠᠨ | ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠳᠠᠯ ᠳᠤ ᠬᠢᠨᠠᠯᠲᠠ ᠲᠠᠯᠪᠢᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠠᠤᠯᠢ ᠶᠤᠰᠤᠭᠠᠷ ᠵᠠᠰᠠᠭ ᠶᠠᠪᠤᠭᠤᠯᠬᠤ ᠡᠯ᠎ᠡ ᠵᠦᠢᠯ ᠤᠨ ᠳᠦᠷᠢᠮ | ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠶᠢ | ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠨᠠᠶᠮᠠᠳᠤᠭᠠᠷ | ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠡ ᠶᠢᠨ ᠡᠯ᠎ᠡ ᠲᠦᠷᠦᠯ ᠤᠨ ᠠᠵᠢᠯ ᠤᠨ ᠠᠬᠢᠴᠠ ᠶᠢ ᠲᠦᠯᠬᠢᠨ | ᠠᠬᠢᠭᠤᠯᠵᠤ᠂ ᠬᠠᠤᠯᠢ ᠴᠠᠭᠠᠵᠠ ᠪᠠ ᠬᠠᠤᠯᠢ ᠲᠣᠭᠲᠠᠭᠠᠯ ᠤᠨ ᠤᠬᠠᠭᠤᠯᠬᠤ ᠡᠷᠴᠢᠮ ᠪᠠ ᠤᠬᠠᠭᠤᠯᠭ᠎ᠠ ᠶᠢᠨ | ᠪᠦᠷᠬᠦᠴᠡ ᠶᠢ ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠶᠢᠨ ᠰᠠᠯᠪᠤᠷᠢ ᠶᠢ ᠳᠦᠷᠢᠮᠵᠢᠭᠦᠯᠦᠨ ᠪᠠᠶᠢᠭᠤᠯᠬᠤ ᠭᠤᠷᠪᠠᠨ | ᠵᠢᠯ ᠤᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠴᠠᠭᠠᠵᠠ ᠶᠢᠨ ᠰᠠᠯᠪᠤᠷᠢ ᠶᠢᠨ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠬᠦ ᠴᠢᠳᠠᠪᠤᠷᠢ ᠪᠠ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠴᠢᠭᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠲᠦᠪ | ᠬᠤᠷᠢᠶᠠᠨ ᠤ ᠨᠠᠢᠮᠠᠨ ᠵᠤᠷᠪᠤᠰ ᠲᠤᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠬᠢᠨᠠᠮᠠᠭᠠᠢ ᠲᠤᠤᠱᠯᠠᠭᠤᠯᠤᠨ᠂ ︽ | ᠳᠦᠷᠪᠡᠨ ᠰᠤᠷᠲᠠᠯ︾ ᠢ ᠵᠠᠯᠠᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠤᠨ ᠳᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠪᠠ ᠲᠣᠰ ᠪᠡᠶ᠎ᠡ ᠶᠢᠨ ᠪᠠᠶᠢᠭᠤᠯᠤᠯᠲᠠ ᠶᠢᠨ ᠪᠦᠬᠦᠶᠢᠯᠡ ᠶᠠᠪᠤᠴᠠ | ᠳᠤ ᠨᠠᠶᠢᠳᠠᠪᠤᠷᠢᠵᠢᠭᠤᠯᠤᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠬᠢᠵᠢᠭᠦᠯᠦᠨ᠂ ᠵᠠᠪᠠᠯ ᠭᠠᠷᠭᠠᠬᠤ ᠪᠤᠰᠤ᠂ | ᠭᠤᠣᠯᠳᠠᠯᠭ᠎ᠠ ᠶᠢᠨ ᠪᠤᠰᠤ ᠪᠠ ᠪᠠᠴᠢᠮ ᠬᠡᠷᠡᠭᠴᠡᠭᠡᠨ ᠤ ᠪᠤᠰᠤ ᠵᠡᠷᠭᠡ ᠡᠩ ᠤᠨ ᠴᠢᠨᠠᠷᠲᠠᠢ ᠵᠠᠷᠤᠯᠭ᠎ᠠ ᠶᠢ | ᠦᠷᠭᠦᠯᠵᠢᠯᠡᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠳ᠋ ᠤᠨ ᠵᠠᠰᠠᠭ ᠤᠨ ᠲᠥᠰᠦᠪ ᠤᠨ ᠠᠵᠢᠯ ᠤᠨ ᠪᠦᠲᠦᠮᠵᠢ ᠶᠢᠨ | ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠠᠷᠪᠢᠯᠠᠵᠤ᠂ ᠠᠷᠠᠳ ᠤᠨ ᠠᠮᠢᠳᠤᠷᠠᠯ | ᠤᠨ ᠪᠠᠲᠤᠯᠠᠭ᠎ᠠ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠎ᠡ᠃ ᠠᠯᠪᠠᠨ ᠤ ᠲᠡᠷᠭᠡ ᠶᠢᠨ ᠬᠠᠮᠢᠶᠠᠷᠤᠯᠲᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠯᠪᠠᠨ ᠪᠠᠶᠢᠭᠤᠯᠭ᠎ᠠ ᠶᠢᠨ ᠠᠯᠪᠠᠨ ᠤ ᠲᠡᠷᠭᠡ ᠶᠢ ᠨᠢᠭᠡᠲᠦᠯᠲᠡᠢ | ᠲᠦᠪᠯᠡᠷᠡᠭᠦᠯᠦᠨ ᠬᠠᠮᠢᠶᠠᠷᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠠᠷᠪᠢᠯᠠᠨ ᠭᠠᠮᠨᠠᠬᠤ ᠬᠡᠯᠪᠡᠷᠢ ᠶᠢᠨ | ᠪᠠᠶᠢᠭᠤᠯᠭ᠎ᠠ ᠶᠢ ᠴᠤᠭᠴᠠᠯᠠᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠠᠯᠪᠠᠨ ᠠᠰᠠᠷ ᠤᠨ ᠡᠷᠬᠡ ᠶᠢᠨ | ᠬᠠᠷᠢᠶᠠᠯᠠᠯ ᠢ ᠨᠢᠭᠡᠳᠦᠯᠲᠡᠢ ᠳᠠᠩᠰᠠᠯᠠᠬᠤ ᠠᠵᠢᠯ ᠢ ᠡᠮᠬᠢ ᠴᠡᠭᠴᠡ ᠲᠠᠢ ᠥᠷᠨᠢᠭᠦᠯᠵᠦ᠂ ᠠᠯᠪᠠᠨ ᠭᠡᠷ ᠤᠨ ᠬᠡᠷᠡᠭᠯᠡᠭᠡᠨ | ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠦᠨ᠂ ᠬᠡᠷᠡᠭᠯᠡᠭᠡᠨ ᠳᠤ ᠤᠷᠤᠭᠤᠯᠤᠭᠠᠳᠤᠢ ᠠᠯᠪᠠᠨ ᠭᠡᠷ | ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠲᠦᠮᠡᠨ ᠳᠤ ᠪᠤᠶᠠᠨ ᠬᠢᠬᠦ ᠠᠵᠢᠯ ᠤᠨ ᠪᠦᠲᠦᠮᠵᠢ | ᠶᠢᠨ ᠦᠵᠡᠯᠲᠡ ᠶᠢ ᠪᠠᠬᠢᠵᠢᠭᠦᠯᠵᠦ᠂ ᠲᠡᠰᠪᠦᠷᠢ ᠬᠠᠲᠠᠭᠤᠵᠢᠯᠲᠠᠢ ᠲᠡᠮᠡᠴᠡᠬᠦ ᠰᠢᠯᠢᠳᠡᠭ ᠰᠤᠷᠲᠠᠯ ᠢ ᠪᠠᠳᠠᠷᠠᠭᠤᠯᠤᠨ᠂ ︽ | ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠳᠤ ᠴᠢᠭᠯᠡᠭᠦᠯᠦᠨ ᠬᠠᠷᠠᠯᠲᠠ ᠲᠠᠢ ᠪᠠᠷ | ᠬᠦᠴᠦᠯᠡᠵᠦ᠂ ︽ᠲᠤᠯᠤᠭ᠎ᠠ ᠶᠢ ᠲᠠᠶᠠᠭᠳᠠᠬᠤ︾ ᠶᠢ ᠦᠢᠯᠡᠳᠦᠯᠭᠡ ᠶᠢᠨ ᠳᠤᠮᠳᠠ ᠭᠦᠢᠴᠡᠳ ᠨᠠᠶᠢᠳᠠᠪᠤᠷᠢᠵᠢᠭᠤᠯᠤᠨ᠂ | ︽ᠤᠳᠠᠭᠠᠰᠢᠷᠠᠭᠤᠯᠬᠤ ᠭᠡᠮ ᠢ ᠲᠠᠶᠠᠭᠳᠠᠵᠤ᠂ ᠪᠠᠭ᠎ᠠ ᠶᠠᠪᠤᠳᠠᠯ ᠢ ᠶᠡᠬᠡᠰᠬᠡᠨ᠂ ᠶᠡᠭᠡ ᠶᠠᠪᠤᠳᠠᠯ ᠢ ᠰᠠᠭᠠᠷᠠᠭᠤᠯᠬᠤ | ᠦᠭᠡᠢ ᠪᠠᠶᠢᠬᠤ ᠶᠢ ᠡᠷᠬᠢᠮᠯᠡᠨ᠎ᠡ︾᠃ ︽ᠠᠮᠵᠢᠯᠲᠠ ᠶᠢᠨ ᠭᠠᠪᠢᠶ᠎ᠠ ᠭᠠᠭᠴᠠ ᠮᠢᠨᠦ ᠪᠤᠰᠤ︾ ᠬᠡᠮᠡᠬᠦ ᠵᠣᠷᠢᠭ ᠰᠠᠨᠠᠭ᠎ᠠ | ᠪᠣᠯᠤᠨ ︽ᠠᠮᠵᠢᠯᠲᠠ ᠭᠠᠷᠭᠠᠬᠤ ᠳᠤ ᠡᠷᠬᠡᠪᠰᠢ ᠤᠷᠤᠯᠴᠠᠬᠤ︾ ᠡᠭᠦᠷᠭᠡ ᠬᠠᠷᠢᠭᠤᠴᠠᠯᠭ᠎ᠠ ᠶᠢᠨ ᠡᠭᠦᠳᠡᠨ ᠠᠴᠠ | ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠲᠦᠮᠡᠨ ᠤ ᠨᠢᠳᠦᠨ ᠳᠤ ᠦᠵᠡᠭᠳᠡᠵᠦ | ᠬᠠᠷᠠᠭᠳᠠᠬᠤ ᠮᠦᠷᠲᠡᠭᠡᠨ ᠠᠰᠢᠭ ᠬᠦᠷᠲᠡᠭᠡᠬᠦ ᠪᠣᠳᠠᠲᠤ ᠶᠠᠪᠤᠳᠠᠯ ᠢ ᠪᠡᠶᠡᠯᠡᠭᠦᠯᠵᠦ᠂ ᠬᠤᠶᠢᠰᠢᠳᠠ ᠶᠢᠨ ᠬᠥᠭᠵᠢᠯᠲᠡ | ᠳᠤ ᠳᠡᠪᠢᠰᠬᠡᠷ ᠪᠤᠯᠬᠤ᠂ ᠰᠠᠭᠤᠷᠢ ᠲᠠᠯᠪᠢᠬᠤ᠂ ᠠᠯᠤᠰ ᠬᠡᠳᠦ ᠶᠢᠨ ᠠᠰᠢᠭ ᠲᠠᠢ ᠰᠠᠶᠢᠨ ᠶᠠᠪᠤᠳᠠᠯ ᠢ ᠪᠡᠶᠡᠯᠡᠭᠦᠯᠦᠨ᠎ᠡ᠃ | | ᠲᠥᠯᠥᠭᠡᠯᠡᠭᠴᠢᠳ ᠡ︕ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ | ᠠᠵᠢᠯ ᠢ ᠪᠡᠶᠡᠯᠡᠭᠦᠯᠬᠦ ᠨᠢ ᠬᠦᠨᠳᠦ ᠶᠡᠭᠡ ᠬᠠᠷᠢᠭᠤᠴᠠᠯᠭ᠎ᠠ ᠪᠤᠯᠬᠤ ᠮᠦᠷᠲᠡᠭᠡᠨ ᠦᠩᠬᠡ ᠬᠡᠷᠡᠯᠳᠡᠢ ᠡᠭᠦᠷᠭᠡ ᠪᠤᠯᠬᠤ | ᠶᠤᠮ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ | ᠪᠠᠷ ᠭᠤᠤᠯ ᠰᠢᠵᠢᠮ ᠪᠤᠯᠭᠠᠬᠤ ᠶᠢ ᠪᠠᠷᠢᠮᠲᠠᠯᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠰᠢᠷᠭᠠᠭᠤ | ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠦᠨᠡᠨ ᠢ ᠪᠠᠷᠢᠮᠲᠠᠯᠠᠨ᠂ ᠪᠤᠳᠠᠲᠠᠢ ᠶᠢ ᠡᠷᠬᠢᠮᠯᠡᠵᠦ᠂ ᠵᠤᠭᠰᠤᠯᠲᠠ ᠪᠠᠲᠤ | ᠵᠤᠷᠢᠭ ᠰᠢᠭᠤᠷᠬᠠᠢ ᠨᠠᠶᠢᠳᠠᠪᠤᠷᠢᠵᠢᠭᠤᠯᠤᠯᠲᠠ ᠶᠢ ᠠᠳᠬᠤᠨ᠂ ᠬᠥᠪᠡᠭᠡᠲᠦ ᠰᠢᠷ᠎ᠠ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠳᠤᠮᠳᠠᠳᠤ ᠤᠯᠤᠰ ᠤᠨ ᠤᠨᠴᠠᠯᠢᠭᠲᠤ | ᠣᠳᠣᠬᠢᠴᠢᠯᠠᠭᠰᠠᠨ ᠬᠥᠪᠡᠭᠡᠲᠦ ᠰᠢᠷ᠎ᠠ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠨ | ᠤᠷᠤᠭᠰᠢᠯᠠᠶ᠎ᠠ︕ | |