ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/2/28
 ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ —— 2024 ᠣᠨ ᠤ 1 ᠳ᠋ᠤᠭᠡᠷ ᠰᠠᠷ᠎ᠠ ᠶᠢᠨ 25 ᠤ ᠡᠳᠦᠷ ᠬᠥᠪᠡᠭᠡᠲᠦ ᠰᠢᠷ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ            ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ    ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ    ᠯᠢ ᠵᠢᠶᠠᠨ ᠴᠢᠶᠠᠩᠲᠥᠯᠥᠭᠡᠯᠡᠭᠴᠢᠳ ᠡ᠄  ᠡᠳᠦᠭᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠃ ᠬᠢᠨᠠᠨ ᠵᠦᠪᠯᠡᠮᠦ︕ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠤᠯᠤᠨ ᠪᠤᠰᠤᠳ ᠤᠷᠤᠯᠴᠠᠭᠰᠠᠳ ᠤᠨ ᠰᠠᠨᠠᠯ ᠳᠤᠷᠠᠳᠬᠤ ᠶᠢ ᠬᠦᠰᠡᠶ᠎ᠡ᠃ ᠨᠢᠭᠡ᠂ 2023 ᠣᠨ ᠤ ᠠᠵᠢᠯ ᠤᠨ ᠡᠷᠭᠢᠴᠡᠭᠦᠯᠦᠯ  2023 ᠣᠨ ᠳᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠴᠢᠩᠭ᠎ᠠ ᠨᠢᠮᠪᠠᠢ ᠤᠳᠤᠷᠢᠳᠤᠯᠭ᠎ᠠ ᠪᠤᠯᠤᠨ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠪᠠ ᠳᠡᠮᠵᠢᠯᠭᠡ ᠳᠤᠤᠷ᠎ᠠ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ᠂ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠲᠦᠷᠦᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃  ᠨᠢᠭᠡ ᠳᠤ᠂ ᠠᠵᠤ ᠠᠬᠤᠢ ᠶᠢᠨ ᠡᠷᠬᠢᠯᠲᠡ ᠶᠢ ᠵᠤᠬᠢᠰᠲᠠᠢ ᠬᠡᠪᠴᠢᠶᠡᠨ ᠳᠤ ᠪᠠᠶᠢᠯᠭᠠᠬᠤ ᠶᠢ ᠪᠠᠲᠤᠯᠠᠪᠠ᠃ ᠪᠥᠬᠦ ᠬᠤᠰᠢᠭᠤᠨ ᠤ ᠤᠷᠤᠨ ᠨᠤᠲᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ 28 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 1.72 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 234.5% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠦᠷᠲᠡᠭ 3.34 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 49376 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ︔ ᠮᠠᠯᠵᠢᠬᠤ ᠣᠷᠣᠨ ᠤ ᠬᠥᠮᠦᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 22147 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠵᠡᠢ︔ 40 ᠭᠤᠤᠯᠳᠠᠯᠭᠠᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠲᠤᠰ ᠵᠢᠯ ᠳᠡᠭᠡᠨ 23 ᠲᠦᠷᠦᠯ ᠵᠦᠢᠯ ᠢ ᠪᠦᠲᠦᠭᠡᠨ ᠪᠠᠶᠢᠭᠤᠯᠵᠤ ᠳᠠᠭᠤᠰᠬᠠᠨ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 11.6 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 24% ᠪᠠᠷ ᠨᠡᠮᠡᠭᠳᠡᠪᠡ᠃ ᠬᠤᠳᠠᠯᠳᠤᠭᠠᠴᠢᠨ ᠤᠷᠢᠵᠤ ᠪᠡᠯᠡ ᠤᠷᠤᠭᠤᠯᠤᠭᠰᠠᠨ ᠪᠡᠯᠡ ᠮᠥᠩᠭᠦ 7.9 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠡᠳ᠋ ᠤᠨ ᠵᠠᠰᠠᠭ ᠤᠨ ᠬᠦᠴᠦᠨ ᠢ ᠨᠢᠭᠡᠳᠦᠯᠲᠡᠶ ᠵᠤᠬᠢᠴᠠᠭᠤᠯᠤᠨ ᠲᠦᠯᠦᠪᠯᠡᠵᠦ᠂ 3.34 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠪᠤᠴᠠᠭᠠᠭᠰᠠᠨ ᠪᠠ ᠠᠵᠤ ᠠᠬᠤᠶᠢᠯᠠᠯ ᠳᠤ ᠦᠷᠢᠲᠦᠵᠦ ᠪᠠᠶᠢᠭᠰᠠᠨ 1.61 ᠳ᠋ᠦᠩᠰᠢᠭᠤᠷ ᠲᠥᠭᠦᠷᠢᠭ ᠶᠢ ᠳᠥᠯᠥᠵᠦ᠂ ᠨᠢᠭᠡ ᠵᠢᠯ ᠤᠨ ᠦᠷᠢ ᠦᠭᠴᠡᠭᠡ ᠴᠡᠪᠡᠷᠯᠡᠬᠦ ᠡᠭᠦᠷᠭᠡ  ᠪᠠᠨ ᠳᠠᠪᠠᠭᠤᠯᠤᠨ ᠪᠡᠶᠡᠯᠡᠭᠦᠯᠵᠦ᠂ ᠦᠷᠢ ᠦᠭᠴᠡᠭᠡ ᠪᠠᠨ ᠪᠠᠭᠠᠰᠬᠠᠬᠤ ᠬᠠᠷᠠᠯᠲᠠ ᠪᠠᠨ ᠪᠡᠶᠡᠯᠡᠭᠦᠯᠪᠡ᠃ ᠵᠠᠬ᠎ᠠ ᠳᠡᠯᠭᠡᠭᠦᠷ ᠤᠨ ᠭᠤᠤᠯ ᠴᠤᠭᠴᠠ 570 ᠡᠷᠦᠬᠡ ᠨᠡᠮᠡᠭᠳᠡᠵᠦ᠂ ᠪᠦᠬᠦ ᠨᠡᠶᠢᠲᠡ 4451 ᠡᠷᠦᠬᠡ ᠪᠤᠯᠵᠠᠢ᠃ ᠤᠯᠤᠰ  ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢᠨ ᠭᠤᠷᠪᠠᠨ ᠵᠢᠯ ᠤᠨ ᠲᠤᠰᠬᠠᠢ ᠠᠵᠢᠯᠯᠠᠭ᠎ᠠ ᠶᠢ ᠪᠡᠶᠡᠯᠡᠭᠦᠯᠵᠦ᠂ 8.56 ᠳ᠋ᠦᠩᠰᠢᠭᠤᠷ ᠲᠥᠭᠦᠷᠢᠭ ᠤᠨ ᠤᠯᠤᠰ ᠤᠨ ᠡᠳ᠋ ᠬᠦᠷᠦᠩᠭᠡ ᠶᠢ ᠨᠢᠭᠡᠳᠬᠡᠨ᠂ 2 ᠨᠢᠭᠡᠳᠦᠭᠡᠷ ᠳᠡᠰ ᠤᠨ ᠠᠵᠤ ᠠᠬᠤᠶᠢᠯᠠᠯ᠂ 5 ᠬᠤᠶᠠᠳᠤᠭᠠᠷ ᠳᠡᠰ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠪᠠ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠬᠦ ᠠᠵᠢᠯ ᠢ ᠰᠠᠶᠢᠲᠤᠷ ᠬᠢᠵᠦ᠂ ᠡᠬᠡ ᠬᠦᠦ ᠮᠥᠩᠭᠦ ᠶᠢ ᠬᠤᠶᠢᠰᠢᠯᠠᠭᠤᠯᠤᠨ ᠪᠤᠴᠠᠭᠠᠯᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠥᠬᠦᠴᠡᠯ ᠳᠤ ᠨᠡᠶᠢᠴᠡᠬᠦ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠬᠡᠪᠴᠢᠶᠡᠨ ᠤ ᠠᠵᠤ ᠠᠬᠤᠶᠢᠯᠠᠯ ᠳᠤ ᠬᠤᠭᠤᠴᠠᠭ᠎ᠠ ᠤᠷᠲᠤᠳᠬᠠᠬᠤ ᠪᠤᠶᠤ ᠵᠢᠭᠡᠯᠡᠯᠭᠡ ᠤᠷᠲᠤᠳᠬᠠᠬᠤ ᠪᠠᠷ ᠳᠠᠮᠵᠢᠭᠤᠯᠤᠨ 6195.57 ᠲᠦᠮᠡᠨ ᠲᠥᠭᠦᠷᠢᠭ ᠤᠨ ᠵᠢᠭᠡᠯᠡᠯᠭᠡ ᠶᠢᠨ ᠡᠬᠡ ᠮᠦᠩᠭᠦᠨ ᠤ ᠪᠤᠴᠠᠭᠠᠬᠤ ᠬᠤᠭᠤᠴᠠᠭ᠎ᠠ ᠶᠢ ᠬᠤᠶᠢᠰᠢᠯᠠᠭᠤᠯᠵᠤ᠂ ᠡᠯ᠎ᠡ ᠲᠥᠷᠥᠯ ᠤᠨ ᠵᠠᠷᠤᠳᠠᠯ 56.64 ᠲᠦᠮᠡᠨ ᠲᠥᠭᠦᠷᠢᠭ ᠢ ᠬᠡᠯᠲᠦᠷᠢᠭᠦᠯᠪᠡ᠃ ︽ᠲᠠᠪᠤ ᠶᠢ ᠦᠨᠳᠦᠰᠦᠨ ᠠᠴᠠ ᠨᠢ ᠪᠠᠶᠢᠴᠠᠭᠠᠬᠤ︾ ᠠᠵᠢᠯ ᠢ ᠦᠷᠭᠦᠯᠵᠢᠯᠡᠨ ᠦᠷᠨᠢᠭᠦᠯᠵᠦ᠂ ︽ᠬᠢᠨᠠᠨ ᠵᠦᠪᠰᠢᠶᠡᠷᠡᠭᠰᠡᠨ ᠪᠤᠯᠪᠠᠴᠤ ᠭᠠᠵᠠᠷ ᠰᠢᠷᠤᠢ ᠬᠠᠩᠭᠠᠭᠰᠠᠨ ᠥᠬᠡᠶ︾ ᠠᠰᠠᠭᠤᠳᠠᠯ ᠢ ᠰᠢᠢᠳᠪᠦᠷᠢᠯᠡᠵᠦ 2.28 ᠾᠧᠺᠲ᠋ᠠᠷ ᠭᠠᠵᠠᠷ ᠰᠢᠷᠣᠶ ᠶᠢ ᠠᠰᠢᠭᠯᠠᠯᠲᠠ ᠳᠤ ᠤᠷᠤᠭᠤᠯᠤᠨ᠂ ᠡᠭᠦᠷᠭᠡ  ᠪᠠᠨ 135% ᠪᠠᠷ ᠪᠡᠶᠡᠯᠡᠭᠦᠯᠦᠭᠰᠡᠨ ᠪᠠᠶᠢᠨ᠎ᠠ᠃  ᠬᠤᠶᠠᠷ ᠲᠤ᠂ ᠠᠵᠤ ᠦᠢᠯᠡᠰ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠮᠠᠯ ᠠᠵᠤ ᠠᠬᠤᠢ ᠶᠢᠨ ᠤᠨ ᠤ ᠲᠤᠭᠠᠯᠠᠯᠭ᠎ᠠ ᠶᠢᠨ ᠮᠠᠯ ᠤᠨ ᠲᠤᠭ᠎ᠠ ᠲᠤᠯᠤᠭᠠᠢ 33.4 ᠲᠦᠮᠡ ᠪᠠᠶᠢᠵᠤ᠂ 21 ᠲᠦᠮᠡᠨ ᠲᠤᠯᠤᠭᠠᠢ ᠲᠥᠯ ᠲᠤᠰᠴᠤ᠂ ᠮᠠᠯ ᠤᠨ ᠭᠠᠷᠭᠠᠯᠲᠠ 19.7 ᠲᠦᠮᠡᠨ ᠲᠤᠯᠤᠭᠠᠢ ᠳᠤ ᠬᠦᠷᠴᠡᠢ᠃ ᠴᠠᠬᠠᠷ ᠬᠤᠨᠢᠨ ᠤ ᠭᠤᠣᠯᠳᠠᠯᠭᠠᠲᠤ ᠰᠦᠷᠦᠭ ᠪᠤᠶᠢᠵᠢᠭᠤᠯᠤᠭᠰᠠᠨ ᠡᠷᠦᠬᠡ 5 ᠨᠡᠮᠡᠭᠳᠡᠵᠦ᠂ ᠭᠤᠣᠯᠳᠠᠯᠭᠠᠲᠤ ᠰᠦᠷᠦᠭ ᠤᠨ ᠲᠤᠭ᠎ᠠ ᠨᠡᠶᠢᠲᠡ 218 ᠪᠤᠯᠵᠠᠢ᠃ ᠬᠤᠰᠢᠭᠤ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠨᠢ ᠨᠢᠭᠡᠳᠦᠭᠡᠷ ᠤᠳᠠᠭᠠᠨ ᠤ ᠣᠷᠣᠨ ᠤ ᠲᠡᠰ ᠤᠨ ᠭᠤᠣᠯᠳᠠᠯᠭᠠᠲᠤ ᠮᠠᠯ ᠵᠢᠭᠦᠷᠲᠡᠨ ᠤ ᠡᠭᠦᠯᠳᠡᠷ ᠪᠣᠶᠢᠵᠢᠭᠤᠯᠬᠤ ᠲᠠᠯᠠᠪᠠᠢ ᠪᠠᠷ ᠰᠤᠩᠭᠤᠭᠳᠠᠵᠤ᠂ ᠥᠪᠡᠷᠲᠡᠭᠡᠨ ᠵᠠᠰᠠᠬᠤ ᠣᠷᠣᠨ ᠤ ᠮᠢᠬᠠᠨ ᠤ ᠬᠤᠨᠢᠨ ᠤ ᠠᠵᠤ ᠦᠢᠯᠡᠰ ᠤᠨ ᠲᠤᠷᠰᠢᠯᠲᠠ ᠶᠢᠨ ᠴᠡᠭ ᠢᠶᠠᠷ ᠰᠤᠩᠭᠤᠭᠳᠠᠵᠠᠢ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ 7 ᠶᠢ ᠰᠢᠨ᠎ᠡ ᠪᠠᠷ ᠪᠠᠶᠢᠭᠤᠯᠵᠤ᠂ ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠶ 2.06 ᠲᠦᠮᠡ ︵ᠡᠭᠦᠨ ᠳᠤ ᠾᠧᠰᠲ᠋ᠠᠨ ᠰᠠᠭᠠᠯᠢ ᠶᠢᠨ ᠦᠨᠢᠶ᠎ᠡ 0.46 ᠲᠦᠮᠡᠨ ᠲᠤᠯᠤᠭᠠᠢ︶ ᠳᠤ ᠬᠦᠷᠴᠦ᠂ ᠵᠢᠯ ᠤᠨ ᠰᠦ ᠶᠢᠨ ᠭᠠᠷᠤᠯᠲᠠ 5.3 ᠲᠦᠮᠡᠨ ᠲᠣᠨ ᠳᠤ ᠬᠦᠷᠪᠡ᠃ ᠬᠤᠸᠠ ᠰᠢ ᠦᠬᠡᠷ ᠤᠨ ᠡᠭᠦᠯᠳᠡᠷ ᠤᠨ ᠰᠦᠷᠦᠭ 6 ᠶᠢ ᠨᠡᠮᠡᠭᠳᠡᠭᠦᠯᠵᠦ᠂ 2 ᠡᠷᠦᠬᠡ ᠨᠢ ᠠᠶᠢᠮᠠᠭ ᠤᠨ ᠲᠡᠰ ᠤᠨ ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠵᠢᠱᠢᠶ᠎ᠡ ᠦᠵᠡᠭᠦᠯᠬᠦ ᠡᠷᠦᠬᠡ ᠪᠠᠷ ᠦᠨᠡᠯᠡᠭᠳᠡᠵᠡᠢ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡ ᠪᠣᠯᠪᠠᠰᠤᠷᠠᠭᠤᠯᠬᠤ ᠪᠠᠷᠢᠮᠵᠢᠶᠠᠵᠢᠭᠰᠠᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ 7 ᠡᠷᠦᠬᠡ ᠳᠤ ᠤᠯᠭᠤᠨ ᠦᠭᠭᠦᠭᠰᠡᠨ ᠪᠦᠭᠡᠳ ᠪᠦᠲᠦᠭᠡᠨ ᠪᠠᠶᠢᠭᠤᠯᠵᠤ ᠳᠠᠭᠤᠰᠬᠠᠪᠠ᠃ ︽ᠬᠥᠪᠡᠭᠡᠲᠦ ᠰᠢᠷ᠎ᠠ ᠬᠤᠰᠢᠭᠤᠨ ᠤ ᠰᠢᠷ᠎ᠠ ᠲᠣᠰᠣ︾ ᠨᠢ 2023 ᠣᠨ ᠤ ᠬᠤᠶᠠᠳᠤᠭᠠᠷ ᠪᠦᠯᠦᠭ ᠤᠨ ᠪᠥᠬᠦ ᠤᠯᠤᠰ  ᠤᠨ ᠨᠡᠷ᠎ᠡ ᠴᠤᠤᠲᠤ ᠣᠨᠴᠠ ᠰᠢᠯᠢᠳᠡᠭ ᠰᠢᠨ᠎ᠡ ᠮᠠᠯ ᠲᠠᠷᠢᠶᠠᠯᠠᠩ ᠤᠨ ᠪᠦᠲᠦᠭᠡᠭᠳᠡᠬᠦᠨ ᠢᠶᠠᠷ ᠰᠤᠩᠭᠤᠭᠳᠠᠪᠠ᠃ 23 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠬᠢᠨᠠᠨ ᠲᠣᠭᠲᠠᠭᠠᠵᠤ᠂ ᠣᠷᠣᠨ ᠤ ᠲᠡᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠷ 1 ᠡᠷᠦᠬᠡ ᠶᠢ ᠦᠨᠡᠯᠡᠨ ᠲᠤᠭᠲᠠᠭᠠᠵᠠᠢ᠃ ᠠᠮᠤ ᠪᠤᠳᠠᠭᠠᠨ  ᠤ ᠨᠡᠮᠡᠭᠳᠡᠯ ᠤᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠴᠢᠨᠠᠷᠯᠢᠭ ᠪᠦᠲᠦᠮᠵᠢᠲᠡᠶ ᠬᠡᠷᠡᠭᠵᠢᠭᠦᠯᠪᠡ᠃ ᠨᠢᠦᠪᠢ ᠲᠠᠨᠲ᠋ᠠᠯ ᠯᠢᠲ᠋ᠢ ᠶᠢᠨ ᠠᠭᠤᠷᠬᠠᠶ ᠶᠢ ᠨᠡᠭᠡᠭᠡᠨ ᠠᠰᠢᠭᠯᠠᠬᠤ ᠠᠴᠠ ᠡᠬᠢᠯᠡᠨ᠂ ᠠᠷᠭ᠎ᠠ ᠲᠤᠶᠢᠯ ᠤᠨ ᠲᠦᠭᠦᠬᠡᠶ ᠮᠠᠲ᠋ᠧᠷᠢᠶᠠᠯ ᠪᠤᠯᠬᠤ ᠨᠡᠭᠦᠷᠡᠰᠦᠬᠦᠴᠢᠯ ᠤᠨ ᠯᠢᠲ᠋ᠢ ᠪᠣᠯᠤᠨ ᠠᠷᠭ᠎ᠠ ᠲᠤᠶᠢᠯ ᠤᠨ ᠮᠠᠲ᠋ᠧᠷᠢᠶᠠᠯ ᠪᠤᠯᠬᠤ ᠹᠣᠰᠹᠣᠷ ᠬᠦᠴᠢᠯ ᠤᠨ ᠲᠡᠮᠦᠷ ᠯᠢᠲ᠋ᠢ  ᠶᠢ ᠪᠤᠯᠪᠠᠰᠤᠷᠠᠭᠤᠯᠬᠤ ᠠᠴᠠ ᠳᠠᠷᠠᠭᠠᠯᠠᠵᠤ᠂ ᠬᠠᠮᠤᠭ ᠰᠡᠭᠦᠯᠴᠢ ᠶᠢᠨ ᠠᠯᠬᠤᠮ ᠤᠨ ᠳ᠋ᠢᠶᠠᠨ ᡂᠢ ᠶᠢᠨ ᠭᠤᠤᠯ᠂ ᠯᠢᠲ᠋ᠢ ᠳ᠋ᠢᠶᠠᠨ ᡂᠢ ᠶᠢᠨ ᠬᠡᠪ ᠵᠢᠴᠢ PACK ᠪᠦᠲᠦᠴᠡ᠂ ᠳ᠋ᠢᠶᠠᠨ ᡂᠢ ᠶᠢᠨ ᠰᠢᠰᠲ᠋ᠧᠮ ᠤᠨ EMS᠂ ᠯᠢᠲ᠋ᠢ ᠳ᠋ᠢᠶᠠᠨ ᡂᠢ ᠶᠢᠨ ᠬᠡᠯᠬᠢᠶ᠎ᠡ ᠵᠡᠷᠭᠡ ᠶᠢ ᠨᠢᠭᠡ ᠴᠣᠭᠴᠠᠵᠢᠭᠤᠯᠤᠭᠰᠠᠨ ᠯᠢᠲ᠋ᠢ ᠶᠢᠨ ᠡᠬᠢ ᠪᠠᠶᠠᠯᠢᠭ ᠢ ᠪᠦᠷᠢᠨ ᠠᠰᠢᠭᠯᠠᠵᠤ ᠴᠢᠳᠠᠬᠤᠶᠢᠴᠠ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠲᠦᠯᠦᠪᠰᠢᠭᠦᠯᠵᠡᠢ᠃ ᠪᠤᠬᠢᠷᠳᠤᠯ ᠦᠭᠡᠢ ᠡᠨᠧᠷᠭᠢ ᠶᠢᠨ ᠴᠠᠬᠢᠯᠭᠠᠨ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ 27.19 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 26.04% ᠪᠠᠷ ᠨᠡᠮᠡᠭᠳᠡᠭᠰᠡᠨ ᠪᠠᠶᠢᠨ᠎ᠠ᠃ 65.26 ᠲᠦᠮᠡᠨ ᠲᠣᠨ ᠤᠳᠤᠭ᠎ᠠ ᠦᠭᠡᠢ ᠨᠡᠭᠦᠷᠡᠰᠦ᠂ 83.19 ᠲᠦᠮᠡᠨ ᠲᠡᠭᠰᠢ ᠳᠥᠷᠪᠡᠯᠵᠢᠨ ᠮᠧᠲᠷ ᠪᠤᠷᠵᠢᠨ ᠴᠢᠯᠠᠭᠤᠯᠢᠭ ᠬᠠᠪᠲᠠᠰᠤᠨ ᠮᠠᠲ᠋ᠧᠷᠢᠶᠠᠯ ᠢ ᠪᠣᠯᠪᠠᠰᠤᠷᠠᠭᠤᠯᠪᠠ᠃ ᠪᠤᠯᠠᠭᠠᠨ ᠲᠣᠬᠤᠢ ᠴᠢᠯᠠᠭᠤᠨ ᠲᠣᠰᠣᠨ ᠤ ᠠᠭᠤᠷᠬᠠᠢ ᠶᠢᠨ ᠭᠤᠷᠪᠠᠨ ᠬᠡᠮᠵᠢᠶᠡᠰᠦᠲᠦ ᠭᠠᠵᠠᠷ ᠤᠨ ᠳᠤᠷᠭᠢᠯᠲᠠ ᠪᠠᠷ ᠬᠠᠶᠢᠨ ᠰᠢᠨᠵᠢᠯᠡᠬᠦ ᠲᠥᠷᠥᠯ ᠵᠦᠢᠯ ᠢ ᠬᠡᠷᠡᠭᠵᠢᠭᠦᠯᠵᠦ᠂ 27 ᠴᠢᠯᠠᠭᠤᠨ ᠲᠤᠰᠤᠨ ᠤ ᠠᠵᠤ ᠠᠬᠤᠶᠢᠯᠠᠯ ᠢ ᠨᠢᠭᠡᠳᠬᠡᠨ᠂ 3.23 ᠲᠦᠮᠡᠨ ᠲᠣᠨ ᠲᠦᠭᠦᠬᠡᠢ ᠲᠣᠰᠣ ᠪᠤᠷᠤᠯᠠᠭᠤᠯᠵᠠᠢ᠃ ᠬᠥᠪᠡᠭᠡᠲᠦ ᠰᠢᠷ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ᠂ ᠮᠤᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠵᠡᠷᠭᠡ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠤᠯᠠᠨ ᠲᠤᠭᠠᠨ ᠤ ᠭᠠᠳᠠᠷ ᠮᠣᠵᠢ ᠣᠷᠣᠨ ᠤ ᠵᠤᠭᠠᠴᠠᠭᠰᠠᠳ ᠢ ᠬᠦᠯᠢᠶᠡᠨ ᠠᠪᠴᠠᠢ᠃ ᠭᠤᠷᠪᠠᠳᠤᠭᠠᠷ ᠠᠵᠤ ᠦᠶᠯᠡᠰ ᠡᠷᠬᠢᠯᠡᠵᠦ ᠪᠠᠶᠢᠭ᠎ᠠ ᠨᠢᠭᠡ ᠠᠵᠤ ᠠᠬᠤᠶᠢᠯᠠᠯ ᠢ ᠪᠠᠷᠢᠮᠵᠢᠶᠠᠨ  ᠳᠤ ᠬᠦᠷᠭᠡᠨ ᠪᠦᠷᠢᠳᠬᠡᠯ ᠳᠤ ᠤᠷᠤᠭᠤᠯᠵᠤ᠂ ᠬᠤᠭᠤᠯᠠᠨ ᠭᠡᠷ᠂ ᠬᠤᠨᠤᠭ ᠪᠠᠭᠤᠳᠠᠯ᠂ ᠠᠷᠠᠯᠵᠢᠶ᠎ᠠ ᠬᠤᠳᠠᠯᠳᠤᠭ᠎ᠠ᠂ ᠬᠡᠲᠦ ᠳᠡᠯᠭᠡᠭᠦᠷ ᠵᠡᠷᠭᠡ ᠤᠯᠠᠮᠵᠢᠯᠠᠯᠲᠤ ᠦᠶᠯᠡᠴᠢᠯᠡᠭᠡᠨ ᠤ ᠦᠶᠯᠡᠰ ᠡᠮᠬᠢ ᠴᠡᠭᠴᠡᠲᠡᠢ ᠬᠦᠭᠵᠢᠵᠦ ᠪᠤᠢ᠃ᠭᠤᠷᠪᠠ ᠳᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠤᠯᠤᠰ  ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠵᠠᠢ᠃ ᠭᠤᠤᠯᠳᠠᠯᠭᠠᠲᠤ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠶᠢ ᠪᠦᠬᠦ ᠲᠠᠯ᠎ᠠ  ᠪᠠᠷ ᠬᠢᠨᠠᠨ ᠬᠠᠮᠢᠶᠠᠷᠴᠤ᠂ ᠬᠤᠰᠢᠭᠤᠨ ᠲᠦᠪ ᠲᠠᠬᠢ ︽ᠲᠠᠷᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ  ᠲᠠᠢ︾ ᠵᠦᠢᠯᠡᠰ ᠪᠠ ᠨᠡᠭᠦᠷᠡᠰᠦ ᠰᠢᠲᠠᠭᠠᠬᠤ ᠵᠢᠵᠢᠭ ᠵᠤᠤᠬ᠎ᠠ ᠶᠢ ᠴᠡᠭᠴᠡᠯᠡᠨ ᠴᠡᠪᠡᠷᠯᠡᠪᠡ᠃ ᠠᠭᠠᠷ ᠤᠨ ᠴᠡᠪᠡᠷᠴᠡ ᠪᠦᠬᠦ ᠤᠷᠤᠨ ᠳᠤ 21 ᠳ᠋ᠦ᠋ᠭᠡᠷ ᠪᠠᠶᠢᠷᠢᠨ ᠳᠤ ᠵᠢᠭᠰᠠᠭᠠᠭᠳᠠᠪᠠ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦ ᠬᠤᠰᠢᠭᠤᠨ ᠳᠤ ᠲᠦᠯᠬᠢᠨ ᠠᠬᠢᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠨ ᠠᠰᠢᠭᠯᠠᠯᠲᠠ ᠳᠤ ᠤᠷᠤᠭᠤᠯᠵᠤ᠂ ᠭᠤᠷᠪᠠᠳᠤᠭᠠᠷ ᠤᠰᠤᠨ ᠰᠤᠷᠪᠤᠯᠵᠢ ᠶᠢᠨ ᠣᠷᠣᠨ  ᠤ ᠪᠠᠷᠢᠮᠵᠢᠶ᠎ᠠ ᠳᠤ ᠬᠦᠷᠭᠡᠬᠦ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠨ᠂ ᠪᠢᠴᠢᠯ ᠬᠦᠳᠡᠯᠭᠡᠭᠦᠷᠲᠦ ᠪᠤᠬᠢᠷ ᠤᠰᠤ ᠶᠢ ᠴᠡᠪᠡᠷᠰᠢᠭᠦᠯᠬᠦ ᠲᠦᠬᠦᠭᠡᠷᠦᠮᠵᠢ ᠶᠢᠨ ᠭᠤᠤᠯ ᠮᠠᠰᠢᠨ ᠢ ᠤᠭᠰᠠᠷᠠᠪᠠ᠃ ᠮᠠᠯᠵᠢᠬᠤ ᠤᠷᠤᠨ ᠤ ︽ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ ᠦᠭᠡᠷᠡᠴᠢᠯᠡᠯᠲᠡ︾ ᠶᠢᠨ ᠲᠥᠷᠥᠯ ᠵᠦᠢᠯ ᠤᠨ ᠲᠤᠰ ᠵᠢᠯ  ᠤᠨ ᠡᠭᠦᠷᠭᠡ ᠶᠢ ᠪᠡᠶᠡᠯᠡᠭᠦᠯᠪᠡ᠃ ᠪᠣᠬᠢᠷ ᠤᠰᠤ ᠶᠢ ᠴᠡᠪᠡᠷᠰᠢᠭᠦᠯᠬᠦ ᠦᠷᠲᠡᠭᠡᠨ ᠤ ᠦᠯᠡᠳᠡᠭᠳᠡᠯ ᠤᠰᠤ ᠶᠢ ᠠᠰᠢᠭᠯᠠᠬᠤ ᠵᠣᠬᠢᠶᠠᠮᠠᠯ ᠨᠠᠭᠤᠷ ᠤᠨ ᠪᠦᠲᠦᠭᠡᠨ ᠪᠠᠶᠢᠭᠤᠯᠤᠯᠲᠠ ᠶᠢᠨ 83% ᠠᠴᠠ ᠳᠡᠭᠡᠭᠰᠢᠬᠢ ᠠᠵᠢᠯ ᠢ ᠨᠢᠭᠡᠨᠲᠡ ᠳᠠᠭᠤᠰᠬᠠᠪᠠ᠃ 134.36 ᠲᠦᠮᠡᠨ ᠪᠣᠰᠤᠭ᠎ᠠ ᠳᠥᠷᠪᠡᠯᠵᠢᠨ ᠮᠧᠲᠷ ᠪᠣᠬᠢᠷ ᠤᠰᠤ ᠶᠢ ᠴᠡᠪᠡᠷᠰᠢᠭᠦᠯᠦᠨ᠂ ᠪᠣᠬᠢᠷ ᠤᠰᠤ ᠶᠢ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠤᠭᠰᠠᠨ ᠨᠣᠷᠮ᠎ᠠ 100% ᠳᠤ ᠬᠦᠷᠴᠦ᠂ ᠬᠤᠲᠠ ᠪᠠᠯᠭᠠᠰᠤᠨ  ᠤ ᠠᠮᠢᠳᠤᠷᠠᠯ ᠤᠨ ᠪᠣᠬᠢᠷ ᠤᠰᠤ ᠶᠢ ᠴᠡᠪᠡᠷᠰᠢᠭᠦᠯᠦᠭᠰᠡᠨ ᠨᠣᠷᠮ᠎ᠠ 94.3% ᠳᠤ ᠬᠦᠷᠴᠦ᠂ 106.2 ᠲᠦᠮᠡᠨ ᠲᠤᠨ ᠴᠡᠪᠡᠷᠰᠢᠭᠦᠯᠦᠭᠰᠡᠨ ᠤᠰᠤ ᠶᠢ ᠲᠠᠬᠢᠨᠲᠠ ᠠᠰᠢᠭᠯᠠᠵᠤ᠂ ᠠᠰᠢᠭᠯᠠᠯᠲᠠ ᠶᠢᠨ ᠨᠤᠷᠮ᠎ᠠ 86% ᠳᠤ ᠬᠦᠷᠴᠡᠢ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠵᠠᠭᠠᠭ ᠢ ᠰᠢᠨᠵᠢᠯᠡᠵᠦ ᠪᠠᠷᠢᠮᠵᠢᠶ᠎ᠠ ᠲᠣᠭᠲᠠᠭᠠᠬᠤ ᠪᠠ ᠲᠤᠬᠠᠢ ᠶᠢᠨ ᠤᠷᠤᠨ ᠳᠤ ᠪᠠᠶᠢᠭ᠎ᠠ ᠰᠠᠭᠤᠭᠠᠯᠢ ᠠᠷᠠᠳ᠂ ᠠᠭᠤᠷᠬᠠᠢ ᠠᠵᠤ ᠦᠢᠯᠡᠳᠪᠦᠷᠢ᠂ ᠮᠠᠯ ᠲᠠᠷᠢᠶᠠᠯᠠᠩ ᠵᠡᠷᠭᠡ  ᠳᠤ ᠪᠠᠶᠢᠴᠠᠭᠠᠯᠲᠠ ᠬᠢᠬᠦ ᠠᠵᠢᠯ ᠢ ᠤᠷᠤᠭᠰᠢᠲᠠᠢ ᠶᠠᠪᠤᠭᠳᠠᠭᠤᠯᠪᠠ᠃ ᠴᠠᠭᠠᠨᠨᠠᠭᠤᠷ ᠤᠨ ᠤᠷᠤᠰᠬᠠᠯ ᠤᠨ ᠤᠷᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ 10 ᠲᠦᠮᠡᠨ ᠮᠤ᠋ ᠨᠤᠲᠤᠭ ᠪᠡᠯᠴᠢᠭᠡᠷ  ᠢ ᠪᠢᠲᠡᠭᠦᠮᠵᠢᠯᠡᠨ᠂ 500 ᠮᠤ᠋ ᠲᠠᠷᠢᠮᠠᠯ ᠲᠠᠷᠢᠵᠤ᠂ 12 ᠲᠡᠭᠰᠢ ᠳᠥᠷᠪᠡᠯᠵᠢᠨ ᠺᠢᠯᠤᠮᠧᠲᠷ ᠲᠠᠯᠠᠪᠠᠢ ᠪᠦᠬᠦᠢ ᠤᠷᠤᠰᠬᠠᠯ ᠭᠠᠵᠠᠷ ᠢ ᠶᠡᠷᠦᠩᠬᠡᠶᠢᠯᠡᠨ ᠵᠠᠰᠠᠵᠤ᠂ 1 ᠲᠦᠮᠡᠨ ᠮᠤ᠋ ᠨᠤᠲᠤᠭ ᠪᠡᠯᠴᠢᠭᠡᠷ ᠢ ᠬᠡᠪᠴᠢᠶᠡᠵᠢᠭᠦᠯᠦᠨ ᠪᠣᠷᠳᠣᠭᠤᠷ ᠤᠷᠤᠭᠤᠯᠬᠤ ᠬᠡᠯᠪᠡᠷᠢ ᠪᠠᠷ ᠰᠠᠶᠢᠵᠢᠷᠠᠭᠤᠯᠪᠠ᠃ 3.56 ᠲᠦᠮᠡᠨ ᠮᠤ᠋ ᠣᠢ ᠰᠢᠭᠤᠢ ᠨᠤᠲᠤᠭ ᠪᠡᠯᠴᠢᠭᠡᠷ  ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠦᠨᠳᠦᠰᠦᠨ ᠨᠤᠲᠤᠭ ᠪᠡᠯᠴᠢᠭᠡᠷ ᠢ ᠬᠢᠨᠠᠨ ᠲᠤᠭᠲᠠᠭᠠᠭᠰᠠᠨ ᠨᠤᠷᠮ᠎ᠠ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ ᠶᠢᠨ 87.05% ᠳᠤ ᠬᠦᠷᠴᠡᠢ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠰᠡᠯᠭᠦᠨ ᠮᠠᠯᠵᠢᠬᠤ ᠨᠦᠬᠦᠪᠦᠷᠢ ᠨᠡᠶᠢᠲᠡ 3678 ᠲᠦᠮᠡᠨ ᠲᠦᠭᠦᠷᠢᠭ ᠲᠠᠷᠬᠠᠭᠠᠵᠤ᠂ ᠨᠤᠲᠤᠭ ᠪᠡᠯᠴᠢᠭᠡᠷ ᠤᠨ ᠰᠡᠷᠭᠦᠭᠡᠯᠲᠡ  ᠶᠢ ᠪᠡᠶᠡᠯᠡᠭᠦᠯᠪᠡ᠃ ᠪᠣᠷᠵᠢᠨ ᠴᠢᠯᠠᠭᠤᠨ ᠤ ᠠᠭᠤᠷᠬᠠᠢ ᠶᠢ ᠨᠡᠶᠢᠯᠡᠭᠦᠯᠦᠨ ᠨᠢᠭᠡᠳᠬᠡᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠪᠠ᠃ ᠪᠣᠬᠢᠷᠲᠤᠯ ᠦᠭᠡᠢ ᠠᠭᠤᠷᠬᠠᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ  ᠢ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠵᠡᠢ᠃ 8236.8 ᠲᠦᠮᠡᠨ ᠲᠥᠭᠦᠷᠢᠭ ᠤᠨ ᠪᠡᠯᠡ ᠤᠷᠤᠭᠤᠯᠵᠤ᠂ ᠠᠰᠢᠭᠯᠠᠯᠲᠠ ᠶᠢᠨ ᠬᠤᠭᠤᠴᠠᠭᠠᠨ ᠳᠠᠬᠢ ᠠᠭᠤᠯᠠ ᠠᠭᠤᠷᠬᠠᠢ ᠳᠤ 2.57 ᠲᠡᠭᠰᠢ ᠳᠥᠷᠪᠡᠯᠵᠢᠨ ᠺᠢᠯᠤᠮᠧᠲᠷ ᠲᠠᠯᠠᠪᠠᠢ ᠪᠦᠬᠦᠢ 118 ᠲᠦᠷᠦᠯ ᠤᠨ ᠵᠠᠰᠠᠨ ᠴᠡᠭᠴᠡᠯᠡᠯᠲᠡ ᠶᠢᠨ ᠡᠭᠦᠷᠭᠡ ᠶᠢ ᠪᠡᠶᠡᠯᠡᠭᠦᠯᠪᠡ᠃ ᠨᠤᠲᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ 110 ᠠᠵᠢᠯᠯᠠᠭ᠎ᠠ ᠶᠢ ᠲᠤᠰᠬᠠᠶ ᠴᠡᠭᠴᠡᠯᠡᠨ ᠰᠢᠢᠳᠪᠦᠷᠢᠯᠡᠵᠦ᠂ 2023 ᠣᠨ ᠤ ᠣᠶ ᠰᠢᠭᠤᠶ ᠨᠤᠲᠤᠭ ᠪᠡᠯᠴᠢᠭᠡᠷ ᠤᠨ 714 ᠵᠢᠷᠤᠭ ᠢ ᠬᠢᠨᠠᠨ ᠬᠠᠷᠭᠤᠭᠤᠯᠵᠠᠢ᠃ 2022᠂ 2023 ᠣᠨ ᠳᠤ ᠬᠡᠷᠡᠭᠵᠢᠭᠦᠯᠦᠭᠰᠡᠨ ᠦᠯᠡᠳᠡᠭᠳᠡᠯ ᠠᠭᠤᠷᠬᠠᠢ ᠶᠢᠨ ᠨᠦᠬᠡ  ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠲᠥᠷᠥᠯ ᠵᠦᠶᠯ ᠨᠢ ᠴᠥᠮ ᠬᠠᠮᠤᠭ ᠡᠴᠦᠰ  ᠤᠨ ᠬᠢᠨᠠᠨ ᠰᠢᠯᠭᠠᠯᠲᠠ ᠳᠤ ᠬᠢᠷᠢ ᠲᠡᠩᠴᠡᠪᠡ᠃  ᠳᠥᠷᠪᠡ ᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠲᠦᠰᠦᠯ  ᠢ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠬᠦᠪᠡᠭᠡᠲᠦ ᠰᠢᠷ᠎ᠠ ᠶᠢᠨ ᠰᠠᠶᠢᠨ ᠦᠢᠯᠡᠴᠢᠯᠡᠭᠡ︾ ᠰᠢᠨ᠎ᠡ ᠲᠡᠮᠳᠡᠭ ᠢ ᠡᠭᠦᠳᠴᠡᠢ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠩᠬᠢᠮ ᠳᠤ 40 ᠰᠠᠯᠠᠭ᠎ᠠ ᠮᠥᠴᠢᠷ ᠤᠨ 1591 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠦᠪᠯᠡᠷᠡᠭᠦᠯᠦᠨ ᠬᠠᠩᠭᠠᠵᠤ ᠳᠡᠶᠢᠯᠬᠦ ᠪᠦᠭᠡᠳ ︽1 + 4︾ ᠦᠶᠯᠡᠴᠢᠯᠡᠭᠡᠨ ᠤ ᠵᠠᠭᠪᠤᠷ ᠢ ᠪᠤᠢ ᠪᠤᠯᠭᠠᠨ᠂ 142 ᠬᠥᠮᠦᠨ ᠤ ︽ᠬᠠᠪᠰᠤᠷᠤᠨ ᠭᠦᠢᠴᠡᠳᠬᠡᠬᠦ᠂ ᠣᠷᠣᠯᠠᠨ ᠭᠦᠶᠴᠡᠳᠬᠡᠬᠦ︾ ᠡᠩᠨᠡᠭᠡ ᠶᠢ ᠵᠣᠬᠢᠶᠠᠨ ᠪᠠᠶᠢᠭᠤᠯᠵᠤ᠂ ︽ᠨᠢᠭᠡ ᠤᠴᠢᠷ ᠢ ᠨᠢᠭᠡᠯᠡ ᠤᠳᠠᠭ᠎ᠠ ᠳᠤ ᠭᠦᠶᠴᠡᠳᠬᠡᠬᠦ︾ ᠶᠢ ᠭᠦᠨᠵᠡᠭᠡᠢ ᠶᠠᠪᠤᠭᠳᠠᠭᠤᠯᠵᠤ᠂ ᠵᠠᠰᠠᠭ ᠤᠨ ᠶᠠᠪᠤᠳᠠᠯ ᠤᠨ ᠠᠮᠠᠷᠠᠯᠲᠠ ᠥᠬᠡᠶ ᠦᠶᠯᠡᠴᠢᠯᠡᠭᠡ ᠶᠢ ᠬᠡᠷᠡᠭᠵᠢᠭᠦᠯᠪᠡ᠃ 25 ᠵᠦᠶᠯ ᠤᠨ ︽ᠪᠥᠬᠦ ᠠᠶᠢᠮᠠᠭ ᠲᠤ ᠨᠡᠶᠢᠳᠡᠮ ᠭᠦᠶᠴᠡᠳᠬᠡᠬᠦ︾ ᠦᠢᠯᠡᠴᠢᠯᠡᠭᠡ᠂ 160 ᠵᠦᠶᠯ ᠤᠨ ︽ᠪᠥᠬᠦ ᠣᠷᠣᠨ ᠳᠤ ᠨᠡᠶᠢᠳᠡᠮ ᠭᠦᠶᠴᠡᠳᠬᠡᠬᠦ︾ ᠦᠢᠯᠡᠴᠢᠯᠡᠭᠡ ᠪᠠ 146 ᠵᠦᠶᠯ ᠤᠨ ︽ᠮᠤᠵᠢ ᠠᠯᠤᠰᠯᠠᠨ ᠭᠦᠶᠴᠡᠳᠬᠡᠬᠦ︾ ᠦᠢᠯᠡᠴᠢᠯᠡᠭᠡ ᠶᠢ ᠪᠤᠳᠠᠲᠠᠶᠢᠵᠢᠭᠤᠯᠪᠠ᠃ ︽ᠮᠥᠩᠬᠡ ᠰᠤᠪᠠᠭ︾ APP ᠤᠨ ᠠᠷᠠᠳ ᠲᠤ ᠳᠥᠭᠦᠮ ᠦᠵᠡᠭᠦᠯᠬᠦ 9 ᠲᠦᠷᠦᠯ ᠤᠨ ᠬᠡᠷᠡᠭᠯᠡᠭᠡᠨ ᠢ ᠵᠠᠯᠭᠠᠨ ᠠᠰᠢᠭᠯᠠᠵᠤ᠂ ᠰᠦᠯᠵᠢᠶ᠎ᠡ  ᠪᠠᠷ ᠭᠦᠢᠴᠡᠳᠬᠡᠭᠰᠡᠨ ᠨᠣᠷᠮ᠎ᠠ 97.36% ᠳᠤ ᠬᠦᠷᠴᠡᠢ᠃ ︽ᠬᠤᠶᠠᠷ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ 1665 ᠵᠦᠶᠯ ᠤᠨ ᠭᠠᠳᠠᠭᠰᠢ ᠬᠠᠨᠳᠤᠭᠤᠯᠤᠭᠰᠠᠨ ᠵᠠᠰᠠᠭ ᠤᠨ ᠦᠢᠯᠡᠴᠢᠯᠡᠭᠡ ᠶᠢ ᠨᠡᠶᠢᠲᠡᠯᠡᠨ᠂ ᠰᠢᠯᠢᠳᠡᠭᠵᠢᠭᠦᠯᠦᠭᠰᠡᠨ ᠨᠣᠷᠮ᠎ᠠ 92.73% ᠳᠤ ᠬᠦᠷᠴᠦ᠂ 93 ᠵᠦᠶᠯ ᠤᠨ ᠳᠣᠲᠣᠭᠠᠳᠤ ᠶᠢᠨ ᠦᠢᠯᠡᠴᠢᠯᠡᠭᠡ ᠶᠢ ᠨᠡᠶᠢᠲᠡᠯᠡᠨ᠂ ᠰᠢᠯᠢᠳᠡᠭᠵᠢᠭᠦᠯᠦᠭᠰᠡᠨ ᠨᠣᠷᠮ᠎ᠠ 84.95% ᠳᠤ ᠬᠥᠷᠪᠡ᠃ ᠰᠢᠨᠵᠢᠯᠡᠬᠦ ᠤᠬᠠᠭᠠᠨ ᠮᠡᠷᠭᠡᠵᠢᠯ ᠤᠨ ︽ᠭᠤᠷᠪᠠᠨ ᠦᠶᠯᠡᠴᠢᠯᠡᠭᠡ︾ ᠶᠢᠨ ᠠᠵᠢᠯᠯᠠᠭ᠎ᠠ ᠥᠷᠨᠢᠭᠦᠯᠵᠦ᠂ 2 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ ᠠᠶᠢᠮᠠᠭ᠂ ᠣᠷᠣᠨ ᠬᠤᠶᠠᠷ ᠱᠠᠲᠤᠨ ᠤ ᠬᠢᠨᠠᠨ ᠰᠢᠯᠭᠠᠯᠲᠠ ᠳᠤ ᠬᠢᠷᠢ ᠲᠡᠩᠴᠡᠵᠡᠢ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠶᠠᠪᠤᠴᠠ  ᠶᠢ ᠰᠢᠯᠢᠳᠡᠭᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠶᠯ ᠳᠤ ︽ᠭᠠᠵᠠᠷ ᠠᠯᠤᠰᠯᠠᠵᠤ︾᠂ ︽ᠨᠢᠭᠤᠷᠳᠠᠨ ᠠᠭᠤᠯᠵᠠᠬᠤ ᠥᠬᠡᠶ︾ ᠪᠠᠷ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠲᠤᠭᠲᠠᠭᠠᠬᠤ ᠶᠢ ᠪᠦᠬᠦᠨ ᠢ ᠪᠡᠶᠡᠯᠡᠭᠦᠯᠦᠭᠰᠡᠨ ᠪᠠᠶᠢᠨ᠎ᠠ᠃ ᠵᠠᠰᠠᠭ  ᠤᠨ ᠤᠷᠳᠤᠨ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ 2 ᠤᠳᠠᠭ᠎ᠠ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠨᠥᠬᠦᠴᠡᠯ ᠳᠤ ᠨᠡᠶᠢᠴᠡᠬᠦ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠨᠢᠭᠡᠴᠡ ᠳᠤ ᠬᠠᠷᠠᠭᠠᠯᠵᠠᠯᠲᠤ ᠵᠢᠭᠡᠯᠡᠯᠭᠡ ᠣᠯᠭᠤᠬᠤ ᠠᠵᠢᠯ ᠢ ᠵᠤᠬᠢᠴᠠᠭᠤᠯᠵᠠᠢ᠃  ᠲᠠᠪᠤ ᠳᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ 3700 ᠭᠠᠷᠤᠢ ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠪᠡᠯᠡ ᠮᠥᠩᠭᠦ ᠵᠠᠷᠤᠴᠠᠭᠤᠯᠵᠤ᠂ ᠰᠢᠨᠡᠪᠤᠯᠠᠭ ᠪᠠᠯᠭᠠᠰᠤᠨ ᠤ ᠬᠤᠶᠢᠲᠤ ᠲᠣᠭᠤᠷᠢᠯ ᠵᠠᠮ ᠵᠢᠴᠢ ᠳᠠᠮᠵᠢᠭᠤᠯᠤᠭᠴᠢ ᠬᠤᠭᠤᠯᠠᠢ ᠵᠡᠷᠭᠡ ᠳᠠᠭᠠᠯᠲᠠ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠪᠤᠬᠢᠷ ᠤᠰᠤᠨ ᠤ ᠬᠤᠭᠤᠯᠠᠢ ᠶᠢ ᠰᠢᠨᠡᠳᠬᠡᠨ ᠪᠠᠶᠢᠭᠤᠯᠬᠤ ᠢᠨᠵᠧᠨᠧᠷᠢᠩ᠂ ᠲᠦᠭᠡᠭᠡᠯ ᠤᠰᠤᠨ ᠤ ᠤᠶᠤᠨᠲᠤ ᠬᠡᠮᠵᠢᠭᠦᠷ ᠢ ᠰᠤᠯᠢᠨ ᠤᠭᠰᠠᠷᠠᠬᠤ ᠢᠨᠵᠧᠨᠧᠷᠢᠩ ᠵᠡᠷᠭᠡ 7 ᠲᠦᠷᠦᠯ ᠤᠨ ᠬᠤᠳᠠ  ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ ᠬᠤᠲᠠ ᠪᠠᠯᠭᠠᠰᠤᠨ ᠤ ᠭᠡᠷ ᠪᠠᠶᠢᠰᠢᠩ ᠢ ᠨᠤᠷᠠᠭᠠᠨ ᠲᠦᠪᠬᠢᠨᠡᠭᠦᠯᠬᠦ ᠲᠦᠷᠦᠯ ᠵᠦᠢᠯ ᠢ ᠴᠢᠨᠠᠷᠯᠢᠭ ᠪᠦᠲᠦᠮᠵᠢᠲᠡᠢ ᠲᠦᠯᠬᠢᠨ ᠠᠬᠢᠭᠤᠯᠵᠤ᠂ 10 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠭᠠᠵᠠᠷ ᠢ ᠲᠠᠲᠠᠪᠤᠷᠢᠯᠠᠨ ᠠᠪᠴᠤ ᠨᠤᠷᠠᠭᠠᠨ ᠴᠡᠪᠡᠷᠯᠡᠵᠡᠢ᠃ ᠭᠡᠷ ᠪᠠᠶᠢᠰᠢᠩ ᠲᠠᠲᠠᠪᠤᠷᠢᠯᠠᠭᠤᠯᠤᠭᠰᠠᠨ 98 ᠡᠷᠦᠬᠡ ᠶᠢᠨ ᠤᠷᠤᠨ ᠰᠠᠭᠤᠴᠠ ᠶᠢᠨ ᠤᠯᠭᠤᠯᠲᠠ ᠶᠢ ᠪᠡᠶᠡᠯᠡᠭᠦᠯᠵᠦ᠂ 503 ᠢᠵᠢ ᠨᠡᠶᠢᠲᠡ ᠶᠢᠨ ᠳᠦᠷᠢᠶᠡᠰᠦᠨ ᠭᠡᠷ ᠢ ᠭᠠᠳᠠᠭᠰᠢ ᠳᠦᠷᠢᠶᠡᠰᠦᠯᠡᠭᠦᠯᠪᠡ᠃ ᠢᠯᠴᠢ ᠬᠠᠩᠭᠠᠬᠤ ᠬᠤᠭᠤᠯᠠᠢ ᠶᠢ ᠰᠢᠨᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠨᠢᠭᠡᠳᠦᠭᠡᠷ ᠲᠡᠰ ᠤᠨ ᠢᠯᠴᠢ ᠬᠠᠩᠭᠠᠬᠤ ᠬᠤᠭᠤᠯᠠᠢ 6.4 ᠺᠢᠯᠤᠮᠧᠲᠷ ᠪᠠ ᠬᠤᠶᠠᠳᠤᠭᠠᠷ ᠲᠡᠰ ᠤᠨ ᠢᠯᠴᠢ ᠬᠠᠩᠭᠠᠬᠤ ᠬᠤᠭᠤᠯᠠᠢ 5 ᠺᠢᠯᠤᠮᠧᠲᠷ ᠢ ᠰᠢᠨᠡᠳᠬᠡᠨ ᠪᠠᠶᠢᠭᠤᠯᠵᠤ᠂ ᠢᠯᠴᠢ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ 5313 ᠲᠦᠮᠡᠨ ᠲᠥᠭᠦᠷᠢᠭ ᠢ ᠵᠠᠷᠤᠴᠠᠭᠤᠯᠵᠤ᠂ ᠠᠵᠤ ᠦᠶᠯᠡᠰ ᠤᠨ ᠴᠢᠨᠠᠷᠲᠠᠢ᠂ ᠰᠠᠭᠤᠷᠢ ᠲᠥᠬᠦᠭᠡᠷᠦᠮᠵᠢ ᠶᠢᠨ ᠴᠢᠨᠠᠷᠲᠠᠢ 34 ᠲᠥᠷᠥᠯ ᠵᠦᠶᠯ ᠢ ᠬᠡᠷᠡᠭᠵᠢᠭᠦᠯᠪᠡ᠃ 2 ᠠᠶᠢᠮᠠᠭ ᠤᠨ ᠲᠠᠰ ᠤᠨ ᠵᠢᠱᠢᠶᠡᠴᠢ ᠭᠠᠴᠠᠭ᠎ᠠ ᠨᠢ ᠬᠢᠨᠠᠨ ᠰᠢᠯᠭᠠᠯᠲᠠ ᠳᠤ ᠬᠢᠷᠢ ᠲᠡᠩᠴᠡᠵᠡᠢ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ 9% ᠳᠤ ᠬᠥᠷᠪᠡ᠃ 11 ᠲᠦᠭᠡᠭᠡᠯ ᠤᠰᠤᠨ ᠤ ᠢᠨᠵᠧᠨᠧᠷᠢᠩ ᠪᠠ 36 ᠰᠠᠤᠷᠢ ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠤ᠂ 65 ᠬᠤᠳᠳᠤᠭ ᠢ ᠰᠢᠨ᠎ᠡ ᠪᠠᠷ ᠮᠠᠯᠲᠠᠨ᠂ ᠮᠢᠩᠭ᠎ᠠ ᠰᠢᠬᠠᠮ ᠬᠥᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠡᠢ᠃ 2023 ᠣᠨ ᠤ ᠬᠥᠳᠡᠭᠡ ᠲᠣᠰᠬᠤᠨ ᠤ ᠴᠠᠬᠢᠯᠭᠠᠨ ᠬᠦᠴᠦᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 10 ᠺᠢᠯᠤᠸᠤᠯᠲ ᠤᠨ ᠴᠠᠬᠢᠯᠭᠠᠨ ᠤᠲᠠᠰᠤ ᠶᠢ 73.4 ᠺᠢᠯᠤᠮᠧᠲᠷ᠂ 0.4 ᠺᠢᠯᠤᠸᠤᠯᠲ ᠤᠨ ᠴᠠᠬᠢᠯᠭᠠᠨ ᠤᠲᠠᠰᠤ ᠶᠢ 60 ᠺᠢᠯᠤᠮᠧᠲᠷ ᠲᠠᠲᠠᠵᠤ᠂ 160 ᠢᠵᠢ ᠪᠠᠭᠠᠨ᠎ᠠ ᠳᠡᠭᠡᠷᠡᠬᠢ ᠬᠦᠴᠦᠳᠡᠯ ᠬᠤᠪᠢᠰᠬᠠᠭᠴᠢ ᠶᠢ ᠤᠭᠰᠠᠷᠠᠨ᠂ 2000 ᠰᠢᠬᠠᠭᠤ ᠮᠠᠯᠴᠢᠨ ᠡᠷᠦᠭᠡ ᠳᠤ ᠭᠤᠷᠪᠠᠨ ᠹᠠᠰ ᠤᠨ ᠴᠠᠬᠢᠯᠭᠠᠨ ᠨᠡᠪᠲᠡᠷᠡᠭᠦᠯᠵᠦ ᠦᠭᠪᠡ᠃ 46 ᠺᠢᠯᠤᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ  ᠪᠠᠷ ᠪᠠᠶᠢᠭᠤᠯᠤᠭᠰᠠᠨ ᠪᠤᠶᠤ ᠵᠠᠰᠠᠨ ᠦᠭᠡᠷᠡᠴᠢᠯᠡᠵᠦ᠂ 70.77 ᠺᠢᠯᠤᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠵᠠᠰᠠᠵᠤ᠂ S313 ᠵᠠᠮ ᠤᠨ ᠰᠢᠨᠡᠪᠤᠯᠠᠭ ᠪᠠᠯᠭᠠᠰᠤᠨ ᠠᠴᠠ ᠪᠣᠭᠳᠠ ᠶᠢᠨ ᠭᠤᠣᠯ ᠰᠤᠮᠤᠨ ᠲᠦᠪ ᠬᠦᠷᠬᠦ ᠬᠡᠰᠡᠭ ᠤᠨ 19.12 ᠺᠢᠯᠤᠮᠧᠲᠷ ᠢ ᠰᠢᠨᠡᠳᠬᠡᠨ ᠵᠠᠰᠠᠭᠰᠠᠨ ᠪᠠᠶᠢᠨ᠎ᠠ᠃ 5G ᠰᠦᠯᠵᠢᠶᠡᠨ  ᠤ ᠰᠠᠭᠤᠷᠢ ᠥᠷᠲᠡᠭᠡ 32 ᠢ ᠪᠠᠶᠢᠭᠤᠯᠵᠤ᠂ 4G ᠰᠦᠯᠵᠢᠶᠡᠨ ᠤ ᠰᠠᠭᠤᠷᠢ ᠥᠷᠲᠡᠭᠡ 14 ᠶᠢ ᠪᠠᠶᠢᠭᠤᠯᠤᠨ᠂ ᠴᠢᠮᠡᠭᠡ ᠬᠤᠯᠪᠣᠭᠠᠨ ᠤ ᠪᠠᠲᠤᠯᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠪᠠ᠃ ᠠᠷᠠᠳ ᠤᠨ ᠠᠮᠢᠳᠤᠷᠠᠯ ᠳᠤ 10.03 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ 70% ᠠᠴᠠ ᠳᠡᠭᠡᠭᠰᠢᠬᠢ ᠶᠢ ᠡᠵᠡᠯᠡᠵᠡᠢ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠠᠴᠠ ᠪᠢᠯᠧᠲ ᠥᠭᠴᠦ ᠰᠢᠶᠳᠪᠦᠷᠢ ᠭᠠᠷᠭᠠᠬᠤ ᠲᠦᠷᠢᠮ ᠢᠶᠠᠷ ᠰᠤᠩᠭᠤᠨ ᠲᠣᠭᠲᠠᠭᠠᠭᠰᠠᠨ 3 ᠠᠷᠠᠳ ᠤᠨ ᠠᠮᠢᠳᠤᠷᠠᠯ ᠤᠨ ᠪᠤᠳᠠᠲᠤ ᠶᠠᠪᠤᠳᠠᠯ ᠤᠨ ᠲᠥᠷᠥᠯ ᠵᠦᠶᠯ  ᠢ ᠴᠥᠮ ᠲᠣᠰ ᠵᠢᠯ ᠳᠡᠭᠡᠨ ᠡᠬᠢᠯᠡᠭᠦᠯᠵᠦ᠂ ᠲᠣᠰ ᠵᠢᠯ ᠳᠡᠭᠡᠨ ᠪᠠᠶᠢᠭᠤᠯᠵᠤ ᠳᠠᠭᠤᠰᠬᠠᠨ᠂ ᠲᠣᠰ ᠵᠢᠯ ᠳᠡᠭᠡᠨ ᠦᠷ᠎ᠡ ᠪᠦᠲᠦᠮᠵᠢ ᠭᠠᠷᠭᠠᠭᠰᠠᠨ ᠪᠠᠶᠢᠨ᠎ᠠ᠃ 135 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ᠂ 67 ᠬᠤᠪᠢ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠤᠨ ᠰᠠᠨᠠᠯ ᠳᠤᠷᠠᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠵᠦ ᠳᠠᠭᠤᠰᠬᠠᠭᠠᠳ ᠬᠠᠷᠢᠭᠤᠯᠲᠠ ᠥᠭᠭᠦᠭᠰᠡᠨ ᠨᠤᠷᠮ᠎ᠠ 100% ᠳᠤ ᠬᠦᠷᠴᠦ᠂ ᠠᠷᠠᠳ ᠤᠨ ᠠᠮᠢᠳᠤᠷᠠᠯ ᠤᠨ ᠲᠤᠬᠠᠢ ᠠᠩᠬᠠᠷᠤᠯ ᠲᠦᠪᠯᠡᠷᠡᠵᠦ ᠪᠠᠶᠢᠭᠰᠠᠨ ᠬᠡᠰᠡᠭ ᠠᠰᠠᠭᠤᠳᠠᠯ ᠳᠤ ᠬᠠᠷᠢᠭᠤᠯᠲᠠ ᠥᠭᠴᠦ ᠰᠢᠢᠳᠪᠦᠷᠢᠯᠡᠪᠡ᠃ ᠬᠦᠪᠡᠭᠡᠲᠦ ᠰᠢᠷ᠎ᠠ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠬᠦᠮᠦᠵᠢᠯ ᠤᠨ ᠦᠵᠡᠭᠦᠯᠦᠯᠭᠡ ᠶᠢᠨ ᠲᠠᠩᠬᠢᠮ ᠢ ᠪᠦᠲᠦᠭᠡᠨ ᠪᠠᠶᠢᠭᠤᠯᠵᠤ ᠳᠠᠭᠤᠰᠬᠠᠨ᠂ 3 ᠭᠠᠴᠠᠭ᠎ᠠ ᠨᠢ ᠦᠪᠡᠷᠲᠡᠭᠡᠨ ᠵᠠᠰᠠᠬᠤ ᠤᠷᠤᠨ ᠤ ᠠᠷᠠᠳᠴᠢᠯᠠᠯ ᠬᠠᠤᠯᠢ ᠪᠠᠷ ᠵᠠᠰᠠᠭᠰᠠᠨ ᠵᠢᠱᠢᠶᠡᠴᠢ ᠭᠠᠴᠠᠭ᠎ᠠ ᠪᠠᠷ ᠰᠤᠩᠭᠤᠭᠳᠠᠨ᠂ ᠭᠦᠨ ᠵᠤᠵᠠᠭᠠᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠨᠡᠶᠢᠭᠡᠮ ᠤᠨ ᠤᠷᠴᠢᠨ ᠠᠬᠤᠢ ᠶᠢ ᠪᠦᠲᠦᠭᠡᠨ ᠪᠠᠶᠢᠭᠤᠯᠪᠠ᠃ ᠬᠤᠲᠠ ᠪᠠᠯᠭᠠᠰᠤᠨ ᠤ 469 ᠬᠥᠮᠦᠨ ᠳᠤ ᠰᠢᠨ᠎ᠡ  ᠪᠠᠷ ᠠᠵᠢᠯ ᠤᠯᠭᠤᠨ᠂ 385 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ 222 ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠳᠤ ᠠᠵᠢᠯ ᠤᠯᠭᠤᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠦᠯᠦᠰᠦᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠦᠭᠰᠡᠨ ᠪᠠᠶᠢᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ ᠳᠠᠬᠢᠨ ᠬᠢᠨᠠᠯᠲᠠ ᠳᠤ ᠬᠢᠷᠢ ᠲᠡᠩᠴᠡᠵᠡᠢ᠃ ᠨᠢᠭᠲᠠ ᠬᠠᠮᠵᠢᠯᠴᠠᠭᠠᠨ ᠤ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ  ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠥᠪᠡᠭᠡᠲᠦ ᠰᠢᠷ᠎ᠠ ᠬᠤᠰᠢᠭᠤᠨ ᠤ ᠶᠡᠷᠦᠩᠬᠡᠶ ᠡᠮᠨᠡᠯᠭᠡ ᠶᠢᠨ ᠬᠤᠷᠢᠶ᠎ᠠ ᠶᠢ ᠠᠯᠪᠠᠨ ᠤ ᠲᠠᠯ᠎ᠠ ᠠᠴᠠ ᠪᠠᠶᠢᠭᠤᠯᠪᠠ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠵᠡᠷᠭᠡ  ᠶᠢᠨ ᠬᠥᠬᠡᠭᠴᠢᠨ ᠲᠡᠰ ᠤᠨ ᠡᠮᠨᠡᠯᠭᠡ ᠶᠢᠨ ᠬᠤᠷᠢᠶᠠᠨ ᠤ ᠬᠢᠨᠠᠨ ᠲᠣᠭᠲᠠᠭᠠᠯᠲᠠ ᠳᠤ ᠬᠢᠷᠢ ᠲᠡᠩᠴᠡᠨ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠵᠡᠷᠭᠡ ᠶᠢᠨ ᠬᠥᠬᠡ ᠲᠡᠰ ᠤᠨ ᠦᠨᠳᠦᠰᠦᠲᠡᠨ ᠤ ᠡᠮᠨᠡᠯᠭᠡ ᠶᠢᠨ ᠬᠤᠷᠢᠶᠠᠨ ᠤ ᠬᠢᠨᠠᠨ ᠲᠣᠭᠲᠠᠭᠠᠯᠲᠠ ᠳᠤ ᠬᠢᠷᠢ ᠲᠡᠩᠴᠡᠪᠡ᠃ ᠰᠢᠨ᠎ᠡ ᠪᠠᠷ ᠪᠠᠶᠢᠭᠤᠯᠤᠭᠰᠠᠨ ᠬᠤᠰᠢᠭᠤ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠠᠰᠠᠷ ᠪᠠ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠴᠢᠰᠤ ᠨᠡᠪᠴᠢᠭᠦᠯᠦᠨ ᠢᠯᠭᠠᠷᠠᠭᠤᠯᠬᠤ ᠲᠠᠰᠤᠭ ᠢ ᠠᠰᠢᠭᠯᠠᠯᠲᠠ ᠳᠤ ᠣᠷᠣᠭᠤᠯᠵᠤ᠂ ᠦᠨᠳᠦᠰᠦᠨ ᠱᠠᠲᠤᠨ ᠤ 4 ᠡᠮᠴᠢᠯᠡᠭᠡᠨ ᠤ ᠪᠠᠶᠢᠭᠤᠯᠤᠮᠵᠢ ᠳᠤ ᠴᠥᠮ ᠮᠣᠩᠭᠤᠯ ᠡᠮᠨᠡᠯᠭᠡ ᠶᠢᠨ ᠰᠠᠯᠠᠭ᠎ᠠ ᠭᠠᠷᠭᠠᠭᠰᠠᠨ ᠪᠠ 42 ᠭᠠᠴᠠᠭᠠᠨ ᠤ ᠡᠷᠡᠭᠦᠯ ᠬᠠᠮᠠᠭᠠᠯᠠᠯ ᠤᠨ ᠭᠡᠷ ᠲᠤ ᠮᠣᠩᠭᠤᠯ ᠡᠮᠨᠡᠯᠭᠡ ᠶᠢᠨ ᠦᠢᠯᠡᠴᠢᠯᠡᠭᠡ ᠬᠠᠩᠭᠠᠵᠤ ᠳᠡᠶᠢᠯᠬᠦ ᠪᠤᠯᠵᠤ᠂ 5 ᠭᠠᠴᠠᠭᠠᠨ ᠤ ᠡᠷᠡᠭᠦᠯ ᠬᠠᠮᠠᠭᠠᠯᠠᠯ ᠤᠨ ᠭᠡᠷ ᠲᠤ ᠮᠣᠩᠭᠤᠯ ᠡᠮᠨᠡᠯᠭᠡ ᠶᠢᠨ ᠲᠠᠰᠤᠭ ᠪᠠᠶᠢᠭᠤᠯᠵᠠᠢ᠃ ᠪᠦᠬᠦ ᠬᠤᠰᠢᠭᠤᠨ ᠤ 4 ᠰᠤᠮᠤ ᠪᠠᠯᠭᠠᠰᠤ᠂ 6 ᠨᠡᠶᠢᠭᠡᠮ ᠲᠤᠭᠤᠷᠢᠭ᠂ 60 ᠭᠠᠴᠠᠭᠠᠨ ᠳᠤ ᠦᠨᠳᠦᠰᠦᠨ ᠱᠠᠲᠤᠨ ᠤ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠴᠡᠭ ︵ᠦᠷᠲᠡᠭᠡ︶ ᠢ ᠪᠠᠶᠢᠭᠤᠯᠤᠨ᠂ ᠬᠠᠷᠠᠭᠠᠯᠵᠠᠭᠰᠠᠨ ᠡᠭᠦᠷᠭᠡ  ᠪᠠᠨ ᠳᠠᠪᠠᠭᠤᠯᠤᠨ ᠪᠡᠶᠡᠯᠡᠭᠦᠯᠵᠦ᠂ ᠦᠨᠳᠦᠰᠦᠨ ᠱᠠᠲᠤᠨ ᠤ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢᠨ ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠪᠡ᠃ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠨᠠᠰᠤᠵᠢᠯ ᠤᠨ ᠳᠠᠭᠠᠳᠬᠠᠯ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠵᠡᠷᠭᠡ ᠳᠠᠭᠠᠳᠬᠠᠯ ᠳᠤ ᠤᠷᠤᠯᠴᠠᠭᠰᠠᠨ ᠨᠤᠷᠮ᠎ᠠ ᠤᠯᠠᠮ ᠨᠢᠭᠡ ᠠᠯᠬᠤᠮ ᠳᠡᠭᠡᠭᠰᠢᠯᠡᠪᠡ᠃ ᠶᠠᠳᠠᠭᠤ ᠬᠦᠴᠢᠷᠳᠡᠯᠲᠡᠶ ᠤᠯᠠᠨ ᠲᠦᠮᠡᠨ ᠤ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠠᠵᠢᠯ ᠢ ᠰᠠᠶᠢᠳᠤᠷ ᠬᠢᠵᠦ᠂ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠦᠩᠭᠦᠨ ᠤ ᠪᠠᠷᠢᠮᠵᠢᠶ᠎ᠠ ᠶᠢ ᠰᠠᠷ᠎ᠠ ᠪᠦᠷᠢ 830 ᠲᠥᠭᠦᠷᠢᠭ ᠪᠣᠯᠭᠠᠨ ᠳᠡᠭᠡᠭᠰᠢᠯᠡᠭᠦᠯᠦᠨ᠂ ᠨᠡᠮᠡᠭᠳᠡᠯ ᠤᠨ ᠬᠡᠮᠵᠢᠶ᠎ᠡ ᠨᠢ 3.75% ᠳᠤ ᠬᠦᠷᠴᠦ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠮᠦᠩᠭᠦᠨ ᠤ ᠪᠠᠷᠢᠮᠵᠢᠶ᠎ᠠ ᠶᠢ ᠰᠠᠷ᠎ᠠ ᠪᠦᠷᠢ 2293 ᠲᠦᠭᠦᠷᠢᠭ ᠪᠣᠯᠭᠠᠨ ᠳᠡᠭᠡᠭᠰᠢᠯᠡᠭᠦᠯᠦᠨ᠂ ᠨᠡᠮᠡᠭᠳᠡᠯ ᠤᠨ ᠬᠡᠮᠵᠢᠶ᠎ᠡ ᠨᠢ 9.2% ᠲᠤ ᠬᠦᠷᠴᠦ᠂ 1291.2 ᠲᠦᠮᠡᠨ ᠲᠥᠭᠦᠷᠢᠭ ᠤᠨ ᠡᠯ᠎ᠡ ᠲᠥᠷᠥᠯ ᠤᠨ ᠨᠡᠶᠢᠭᠡᠮ ᠤᠨ ᠲᠡᠳᠬᠦᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠤᠰᠤᠭᠠᠷ ᠬᠤᠪᠢᠶᠠᠷᠢᠯᠠᠨ ᠤᠯᠭᠤᠭᠰᠠᠨ ᠪᠠᠶᠢᠨ᠎ᠠ᠃ ᠪᠠᠯᠭᠠᠰᠤᠨ ᠤ ᠲᠡᠰ ᠤᠨ ᠨᠠᠰᠤᠲᠠᠳ ᠢ ᠠᠰᠠᠷᠠᠬᠤ ᠦᠢᠯᠡᠴᠢᠯᠡᠭᠡᠨ ᠤ ᠲᠥᠪ ᠨᠢᠭᠡ ᠶᠢ ᠪᠠᠶᠢᠭᠤᠯᠵᠤ᠂ ᠭᠠᠴᠠᠭᠠᠨ ᠤ ᠲᠡᠰ ᠤᠨ ᠨᠠᠰᠤᠲᠠᠳ ᠢ ᠠᠰᠠᠷᠠᠬᠤ ᠦᠢᠯᠡᠴᠢᠯᠡᠭᠡᠨ ᠤ ᠥᠷᠲᠡᠭᠡ ᠳᠦᠷᠪᠡ ᠶᠢ ᠪᠠᠶᠢᠭᠤᠯᠵᠤ ᠳᠠᠭᠤᠰᠬᠠᠭᠰᠠᠨ ᠪᠦᠭᠡᠳ᠂ ᠮᠦᠷᠭᠦᠴᠢ ᠭᠠᠴᠠᠭᠠᠨ ᠤ ︿ᠵᠣᠯ ᠵᠢᠷᠭᠠᠯᠲᠤ ᠬᠦᠷᠢᠶᠡᠯᠡᠩ﹀ ᠢ ᠵᠠᠰᠠᠨ ᠦᠭᠡᠷᠡᠴᠢᠯᠡᠵᠡᠢ᠃ 24 ᠣᠨᠴᠠ ᠬᠦᠴᠢᠷᠳᠡᠯᠲᠡᠶ ᠨᠠᠰᠤᠲᠠᠶᠢᠴᠤᠳ ᠤᠨ ᠭᠡᠷ ᠪᠦᠯᠢ ᠳᠤ ᠨᠠᠰᠤᠲᠠᠶᠢᠴᠤᠳ ᠲᠤ ᠲᠤᠬᠢᠷᠠᠮᠵᠢᠲᠠᠢ ᠪᠦᠲᠦᠭᠡᠨ ᠪᠠᠶᠢᠭᠤᠯᠤᠯᠲᠠ ᠬᠢᠵᠦ ᠦᠭᠪᠡ᠃ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠹᠢᠽᠢᠺ ᠬᠢᠮᠢ ᠠᠮᠢᠳᠤ ᠪᠣᠳᠠᠰ ᠤᠨ ᠤᠬᠠᠭᠠᠨ ᠤ ᠤᠶᠤᠨᠲᠤ ᠲᠤᠷᠰᠢᠯᠲᠠ ᠶᠢᠨ ᠲᠠᠰᠤᠭ ᠪᠠᠶᠢᠭᠤᠯᠵᠤ᠂ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠨᠡᠶᠢᠳᠡᠮ ᠬᠡᠷᠡᠭᠯᠡᠭᠳᠡᠬᠦ ᠮᠡᠷᠭᠡᠵᠢᠯ ᠤᠨ ᠲᠤᠷᠰᠢᠯᠲᠠ ᠶᠢᠨ ᠲᠠᠰᠤᠭ ᠪᠠᠶᠢᠭᠤᠯᠤᠨ᠂ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠬᠤᠶᠠᠳᠤᠭᠠᠷ ᠬᠡᠦᠬᠡᠳ ᠤᠨ ᠴᠡᠴᠡᠷᠯᠢᠭ ᠤᠨ ᠲᠠᠮᠢᠷ ᠤᠨ ᠲᠠᠯᠠᠪᠤᠷ ᠢ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠭᠰᠠᠨ ᠪᠠᠶᠢᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠳᠠᠳᠤᠯᠭ᠎ᠠ ᠶᠢᠨ ᠴᠢᠨᠠᠷᠲᠠᠢ ᠵᠢᠭᠠᠨ ᠰᠤᠷᠭᠠᠯᠲᠠ ᠶᠢ ᠢᠳᠡᠪᠬᠢᠲᠡᠢ ᠠᠬᠢᠭᠤᠯᠵᠤ᠂ ᠰᠤᠷᠤᠭᠴᠢᠳ᠂ ᠭᠡᠷ ᠤᠨ ᠠᠬᠠᠮᠠᠳ ᠪᠤᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠦᠪᠰᠢᠶᠡᠷᠡᠯ ᠳᠡᠮᠵᠢᠭᠡ ᠶᠢ ᠬᠦᠷᠲᠡᠵᠡᠢ᠃ ᠬᠤᠰᠢᠭᠤ ᠲᠠᠰ ᠤᠨ ᠨᠡᠷᠡᠲᠦ ᠪᠠᠭᠰᠢ ᠶᠢᠨ ᠠᠵᠢᠯᠯᠠᠬᠤ ᠲᠠᠰᠤᠭ ︵ᠬᠡᠷ︶ 8 ᠶᠢ ᠪᠠᠶᠢᠭᠤᠯᠵᠤ᠂ 9 ᠨᠡᠷ᠎ᠡ ᠠᠵᠢᠯ ᠤᠨ ᠴᠢᠯᠦᠭᠡᠨ ᠤ ᠵᠢᠭᠠᠬᠤ ᠶᠢ ᠰᠤᠳᠤᠯᠤᠭᠴᠢ  ᠶᠢ ᠤᠷᠢᠨ ᠬᠡᠷᠡᠭᠯᠡᠭᠰᠡᠨ ᠪᠠ ᠳᠤᠮᠳᠠᠳᠤ ᠪᠠᠭ᠎ᠠ ᠰᠤᠷᠭᠠᠭᠤᠯᠢ ᠪᠤᠯᠤᠨ ᠬᠡᠦᠬᠡᠳ ᠤᠨ ᠴᠡᠴᠡᠷᠯᠢᠭ ᠤᠨ ᠵᠠᠬᠢᠷᠤᠯ ︵ᠴᠡᠴᠡᠷᠯᠢᠭ ᠤᠨ ᠳᠠᠷᠤᠭ᠎ᠠ︶ ᠤᠨ ᠠᠵᠢᠯ ᠤᠨ ᠪᠦᠲᠦᠮᠵᠢ ᠶᠢ ᠰᠢᠯᠭᠠᠨ ᠬᠢᠨᠠᠵᠤ ᠱᠠᠩᠨᠠᠨ ᠬᠦᠬᠢᠭᠦᠯᠬᠦ ᠪᠠᠶᠢᠭᠤᠯᠤᠮᠵᠢ  ᠶᠢ ᠪᠠᠶᠢᠭᠤᠯᠪᠠ᠃ ᠠᠵᠤ ᠠᠬᠤᠶ ᠶᠢᠨ ᠬᠦᠴᠢᠷᠳᠡᠯ ᠲᠠᠢ ᠭᠡᠷ ᠪᠦᠯᠢ ᠶᠢᠨ 293 ᠤᠶᠤᠲᠠᠳ ᠲᠤ ᠨᠤᠲᠤᠭ ᠤᠷᠤᠨ  ᠤ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢᠲᠦ ᠵᠢᠭᠡᠯᠡᠯᠭᠡ ᠤᠯᠭᠤᠨ ᠦᠭᠴᠦ᠂ ᠠᠵᠤ ᠠᠬᠤᠢ ᠶᠢᠨ ᠬᠦᠴᠢᠷᠳᠡᠯ  ᠲᠠᠢ ᠭᠡᠷ ᠪᠦᠯᠢ ᠶᠢᠨ ᠰᠤᠷᠤᠭᠴᠢᠳ ᠤᠨ ᠡᠯ᠎ᠡ ᠲᠦᠷᠦᠯ ᠤᠨ ᠨᠦᠬᠦᠪᠦᠷᠢ ᠮᠦᠩᠭᠦ ᠶᠢ ᠲᠤᠭ᠎ᠠ ᠶᠤᠰᠤᠭᠠᠷ ᠤᠯᠭᠤᠨ ᠦᠭᠪᠡ᠃ 3244 ᠲᠣᠨ ︽ᠬᠠᠯᠠᠮᠵᠢ ᠶᠢᠨ ᠨᠡᠭᠦᠷᠡᠰᠦ︾ ᠶᠢ ᠬᠠᠩᠭᠠᠵᠤ᠂ ᠮᠠᠯᠵᠢᠬᠤ ᠣᠷᠣᠨ ᠤ ᠣᠯᠠᠨ ᠲᠦᠮᠡᠨ  ᠤ ᠳᠤᠯᠠᠭᠠᠨ ᠡᠪᠦᠯᠵᠢᠬᠦ ᠶᠢ ᠪᠠᠲᠤᠯᠠᠵᠠᠢ᠃ ᠣᠷᠣᠰᠢᠭᠤᠯᠭ᠎ᠠ ᠶᠢᠨ ᠶᠤᠰᠤᠯᠠᠯ ᠤᠨ ᠭᠠᠵᠠᠷ ᠪᠠ ᠨᠡᠶᠢᠲᠡ ᠶᠢᠨ ᠤᠩᠭᠤᠨ  ᠤ ᠭᠠᠵᠠᠷ ᠢ ᠠᠰᠢᠭᠯᠠᠯᠲᠠ ᠳᠤ ᠣᠷᠣᠭᠤᠯᠪᠠ᠃  ᠲᠤᠯᠤᠭ᠎ᠠ ᠳᠤ᠂ ᠨᠡᠶᠢᠭᠡᠮ ᠤᠨ ᠦᠢᠯᠡᠰ ᠴᠡᠴᠡᠭᠯᠡᠨ ᠬᠥᠭᠵᠢᠪᠡ᠃ ︽ᠪᠢᠳᠡ ᠪᠦᠬᠦᠨ ᠤ ᠳᠤᠮᠳᠠᠳᠤ ᠶᠢᠨ ᠬᠦᠰᠡᠯᠡᠩ — ᠰᠣᠶᠣᠯ ᠢ ᠲᠦᠮᠡᠨ ᠡᠷᠦᠬᠡ ᠳᠤ ᠲᠦᠭᠡᠮᠡᠯᠵᠢᠭᠦᠯᠬᠦ︾᠂ ︽ᠮᠢᠩᠭᠠᠨ ᠲᠠᠯᠠᠪᠠᠢ ᠲᠣᠭᠯᠠᠯᠲᠠ ᠶᠢ ᠦᠨᠳᠦᠰᠦᠨ ᠱᠠᠲᠤᠨ ᠳᠤ ᠬᠦᠷᠭᠡᠬᠦ︾ ᠲᠣᠭᠯᠠᠯᠲᠠ ᠶᠢᠨ ᠠᠵᠢᠯᠯᠠᠭ᠎ᠠ᠂ ︽ᠤᠯᠠᠭᠠᠨᠮᠥ᠋ᠴᠢᠷ +︾᠂ ︽ᠪᠣᠯᠪᠠᠰᠤᠨ ᠰᠤᠷᠲᠠᠯ ᠪᠠ ᠪᠠᠶᠠᠷ ᠪᠠᠭ᠋ᠠᠲᠤᠯ ᠲᠦᠭᠡᠭᠡᠬᠦ︾ ᠦᠨᠳᠦᠰᠦᠨ ᠱᠠᠲᠤᠨ ᠤ ᠦᠶᠯᠡᠴᠢᠯᠡᠭᠡᠨ ᠤ ᠠᠵᠢᠯᠯᠠᠭ᠎ᠠ ᠵᠡᠷᠭᠡ ᠶᠢ ᠥᠷᠨᠢᠭᠦᠯᠵᠦ᠂ ᠰᠣᠶᠣᠯ ᠤᠨ ᠠᠵᠢᠯᠯᠠᠭ᠎ᠠ ᠪᠠᠷ ᠳᠠᠮᠵᠢᠭᠤᠯᠤᠨ ᠠᠷᠠᠳ ᠲᠦᠮᠡᠨ ᠳᠤ ᠠᠰᠢᠭ ᠬᠦᠷᠲᠡᠭᠡᠵᠡᠢ᠃ ᠬᠥᠪᠡᠭᠡᠲᠦ ᠰᠢᠷ᠎ᠠ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠦᠵᠡᠭᠦᠯᠦᠯᠭᠡ ᠶᠢᠨ ᠲᠠᠩᠬᠢᠮ ᠪᠠᠶᠢᠭᠤᠯᠵᠤ᠂ 3 ᠭᠠᠴᠠᠭ᠎ᠠ ᠨᠢ ᠤᠷᠤᠨ ᠤ ᠲᠡᠰ ᠤᠨ ᠠᠷᠠᠳᠴᠢᠯᠠᠯ ᠬᠠᠤᠯᠢ ᠪᠠᠷ ᠵᠠᠰᠠᠭᠰᠠᠨ ᠵᠢᠱᠢᠶᠡᠴᠢ ᠭᠠᠴᠠᠭ᠎ᠠ ᠲᠣᠰᠬᠤᠨ ᠢᠶᠠᠷ ᠦᠨᠡᠯᠡᠭᠳᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠲᠠᠢ ᠨᠡᠶᠢᠭᠡᠮ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠬᠥᠪᠡᠭᠡᠲᠦ ᠰᠢᠷ᠎ᠠ ᠬᠤᠰᠢᠭᠤᠨ ᠤ ᠨᠣᠮ ᠤᠨ ᠰᠠᠩ ᠨᠢ ᠥᠪᠥᠷ ᠮᠣᠩᠭᠤᠯ  ᠤᠨ ᠨᠣᠮ ᠤᠨ ᠰᠠᠩ ᠤᠨ ᠪᠦᠬᠦ ᠤᠷᠤᠨ ᠤ ᠠᠩᠬᠠᠳᠠᠭᠴᠢ ᠬᠤᠪᠢᠶᠠᠷᠢ ᠰᠠᠩ ᠪᠤᠯᠪᠠ᠃ ᠪᠣᠳᠠᠰ ᠤᠨ ᠪᠤᠰᠤ ᠰᠣᠶᠣᠯ  ᠤᠨ ᠥᠪ ᠢ ᠤᠯᠠᠮᠵᠢᠯᠠᠨ ᠬᠥᠭᠵᠢᠭᠦᠯᠬᠦ ᠠᠵᠢᠯ ᠢ ᠢᠳᠡᠪᠬᠢᠲᠡᠢ ᠦᠷᠨᠢᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 33 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠣᠷᠣᠨ ᠤ ᠲᠡᠰ ᠤᠨ ᠤᠷᠤᠯᠳᠤᠭᠠᠨ ᠳᠤ ᠲᠠᠮᠢᠷᠴᠢᠳ ᠢᠶᠠᠨ ᠵᠣᠬᠢᠶᠠᠨ ᠪᠠᠶᠢᠭᠤᠯᠤᠨ ᠤᠷᠤᠯᠴᠠᠭᠤᠯᠵᠤ᠂ 12 ᠲᠦᠷᠦᠯ ᠤᠨ ᠱᠠᠩᠨᠠᠯ ᠬᠦᠬᠢᠭᠦᠯᠦᠯ ᠬᠦᠷᠲᠡᠭᠰᠡᠨ ᠪᠠᠶᠢᠨ᠎ᠠ᠃ ︽ᠴᠠᠬᠠᠷ ᠠᠷᠠᠳ ᠤᠨ ᠠᠮᠠᠨ ᠵᠣᠬᠢᠶᠠᠯ ᠤᠨ ᠰᠣᠩᠭᠤᠮᠠᠯ︾ ᠨᠢ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠵᠤᠬᠢᠶᠠᠯ ᠪᠦᠲᠦᠭᠡᠯ ᠤᠨ ︽ᠰᠠᠷᠠᠨ᠎ᠠ︾ ᠱᠠᠩᠨᠠᠯ ᠢ ᠭᠥᠷᠳᠡᠪᠡ᠃ ︽ᠲᠡᠮᠦᠷ ᠬᠡᠦᠬᠡᠨᠴᠤᠳ︾ ᠤᠨ ᠡᠩᠨᠡᠭᠡ ᠪᠠᠶᠢᠭᠤᠯᠤᠭᠳᠠᠭᠰᠠᠨ 50 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠥᠷᠨᠢᠭᠦᠯᠪᠡ᠃ ᠪᠥᠬᠦ ᠬᠤᠰᠢᠭᠤᠨ ᠤ 4 ᠰᠤᠮᠤ ᠪᠠᠯᠭᠠᠰᠤᠨ ᠳᠤ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠦᠷᠲᠡᠭᠡ︾ ᠶᠢ ᠪᠠᠶᠢᠭᠤᠯᠪᠠ᠃  ᠨᠠᠢᠮᠠ ᠳᠤ᠂ ᠨᠡᠶᠢᠭᠡᠮ ᠤᠨ ᠡᠶ᠎ᠡ ᠵᠣᠬᠢᠴᠠᠯ ᠪᠠ ᠠᠮᠤᠷ ᠲᠤᠭᠲᠠᠭᠤᠨ ᠢ ᠪᠠᠲᠤᠯᠠᠪᠠ᠃ ᠠᠶᠤᠯᠭᠦᠢ ᠦᠢᠯᠡᠳᠪᠦᠷᠢᠯᠡᠯ  ᠤᠨ ᠪᠠᠶᠢᠴᠠᠭᠠᠨ ᠴᠡᠭᠴᠡᠯᠡᠯᠲᠡ ᠶᠢᠨ ᠲᠤᠰᠬᠠᠶ ᠠᠵᠢᠯᠯᠠᠭ᠎ᠠ ᠥᠷᠨᠢᠭᠦᠯᠦᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ 1171 ᠡᠷᠦᠬᠡ ᠤᠳᠠᠭ᠎ᠠ ᠪᠠᠶᠢᠴᠠᠭᠠᠵᠤ᠂ 1553 ᠡᠩ ᠤᠨ ᠠᠮᠤᠷ ᠲᠦᠪᠰᠢᠨ ᠤ ᠭᠡᠮ ᠰᠤᠭᠤᠭ ᠪᠠ 4 ᠬᠦᠨᠳᠦ ᠶᠡᠭᠡ ᠠᠮᠤᠷ ᠲᠦᠪᠰᠢᠨ ᠤ ᠭᠡᠮ ᠰᠤᠭᠤᠭ ᠢ ᠪᠠᠶᠢᠴᠠᠭᠠᠨ ᠴᠡᠭᠴᠡᠯᠡᠵᠡᠢ᠃ ᠬᠤᠰᠢᠭᠤ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ 217 ᠨᠡᠷ᠎ᠡ ᠣᠷᠣᠯᠠᠨ ᠭᠦᠶᠴᠡᠳᠬᠡᠭᠴᠢ ᠶᠢ ᠰᠣᠩᠭᠤᠨ ᠲᠤᠬᠢᠷᠠᠭᠤᠯᠤᠭᠠᠳ᠂ 80 ᠬᠤᠪᠢ ᠵᠠᠬᠢᠳᠠᠯ ᠰᠤᠷᠪᠤᠯᠵᠢᠯᠠᠭ᠎ᠠ ᠶᠢ ᠤᠷᠤᠯᠠᠨ ᠭᠦᠢᠴᠡᠳᠬᠡᠵᠦ ᠰᠢᠶᠳᠪᠦᠷᠢᠯᠡᠵᠦ ᠳᠠᠭᠤᠰᠬᠠᠪᠠ᠃ ᠤᠷᠤᠨ᠂ ᠠᠶᠢᠮᠠᠭ ᠤᠨ ︽ᠲᠠᠪᠲᠠᠯᠲᠠ ᠶᠢ ᠴᠡᠭᠴᠡᠯᠡᠵᠦ᠂ ᠳᠠᠷᠤᠭᠳᠠᠭᠰᠠᠨ ᠬᠡᠷᠡᠭ ᠢ ᠰᠢᠢᠳᠪᠦᠷᠢᠯᠡᠬᠦ ︾ ᠲᠤᠰᠬᠠᠢ ᠬᠦᠳᠡᠯᠭᠡᠭᠡᠨ ᠪᠠ ︽ᠲᠠᠪᠲᠠᠯᠲᠠ ᠶᠢᠨ ᠴᠢᠨᠠᠷᠲᠠᠢ ᠵᠠᠬᠢᠲᠠᠯ ᠰᠤᠷᠪᠤᠯᠵᠢᠯᠠᠭ᠎ᠠ ᠶᠢ ᠲᠥᠪᠯᠡᠷᠡᠭᠦᠯᠦᠨ ᠴᠡᠭᠴᠡᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ︾ ᠲᠤᠰᠬᠠᠢ ᠬᠦᠳᠡᠯᠭᠡᠭᠡᠨ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠬᠦᠨ ᠢ ᠰᠢᠢᠳᠪᠦᠷᠢᠯᠡᠵᠦ ᠳᠠᠭᠤᠰᠬᠠᠵᠠᠢ᠃ ︽ᠰᠢᠷ᠎ᠠ  ᠶᠢ ᠱᠦᠭᠦᠷᠳᠡᠨ ᠠᠷᠢᠯᠭᠠᠵᠤ᠂ ᠬᠠᠤᠯᠢ ᠪᠤᠰᠤ ᠬᠡᠪᠯᠡᠯ ᠤᠨ ᠪᠦᠲᠦᠭᠡᠯ ᠳᠤ ᠴᠤᠬᠢᠯᠲᠠ ᠦᠭᠬᠦ︾ ᠪᠠ ︽ᠰᠢᠨ᠎ᠡ ᠰᠤᠷᠲᠠᠯ︾ ᠤᠨ ᠨᠢᠭᠡᠲᠦᠯᠲᠡᠢ ᠠᠵᠢᠯᠯᠠᠭ᠎ᠠ ᠶᠢ ᠤᠷᠤᠭᠰᠢᠲᠠᠢ ᠶᠠᠪᠤᠭᠳᠠᠭᠤᠯᠵᠤ᠂ ︽ᠠᠷᠠᠳ ᠤᠨ ᠴᠠᠭᠳᠠᠭ᠎ᠠ ᠶᠢ ᠠᠶᠢᠯ ᠪᠤᠯᠭᠠᠨ ᠤ ᠬᠠᠲᠠᠪᠴᠢ ᠪᠠᠷ ᠠᠯᠬᠤᠭᠤᠯᠬᠤ︾ ᠬᠦᠳᠡᠯᠭᠡᠭᠡᠨ ᠢ ᠥᠷᠨᠢᠭᠦᠯᠵᠦ᠂ ᠡᠯ᠎ᠡ ᠲᠥᠷᠥᠯ ᠤᠨ ᠵᠢᠭᠤᠷᠠᠭᠠᠨ ᠤ 42 ᠬᠡᠷᠡᠭ ᠢ ᠪᠠᠶᠢᠴᠠᠭᠠᠵᠤ ᠰᠢᠢᠳᠪᠦᠷᠢᠯᠡᠨ᠂ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 5 ᠵᠢᠯ ᠳᠠᠷᠠᠭᠠᠯᠠᠨ ︽ᠠᠮᠢᠨ ᠬᠡᠷᠡᠭ ᠭᠠᠷᠬᠤ ᠥᠬᠡᠶ︾ ᠶᠢ ᠪᠡᠶᠡᠯᠡᠭᠦᠯᠪᠡ᠃ ᠬᠤᠭᠤᠯᠠ ᠤᠮᠳᠠ ᠶᠢᠨ ᠦᠢᠯᠡᠴᠢᠯᠡᠭᠡᠨ ᠤ ᠨᠢᠭᠡᠴᠡ ᠳᠤ ᠬᠠᠨᠳᠤᠭᠤᠯᠤᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠠᠵᠢᠯᠯᠠᠭ᠎ᠠ ᠥᠷᠨᠢᠭᠦᠯᠵᠦ᠂ ᠬᠤᠭᠤᠯᠠ ᠤᠮᠳᠠᠭᠠᠨ ᠤ ᠡᠵᠡᠩᠨᠡᠯᠲᠡ ᠶᠢᠨ ᠵᠢᠱᠢᠶᠡᠴᠢ ᠨᠢᠭᠡᠴᠡ 30 ᠶᠢ ᠰᠤᠩᠭᠤᠨ᠂ ᠢᠳᠡᠭᠡᠨ ᠤᠮᠳᠠᠭᠠᠨ ᠤ ᠦᠢᠯᠡᠳᠪᠦᠷᠢᠯᠡᠯ ᠤᠨ ᠵᠢᠱᠢᠶᠡᠴᠢ ᠨᠢᠭᠡᠴᠡ 14 ᠶᠢ ᠰᠤᠩᠭᠤᠨ ᠭᠠᠷᠭᠠᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃ᠶᠢᠰᠦ ᠳᠤ᠂ ᠠᠷᠠᠳ ᠤᠨ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠭᠤᠤᠯ ᠵᠠᠷᠴᠢᠮ ᠢ ᠪᠣᠶ ᠪᠤᠯᠭᠠᠨ᠂ ᠪᠣᠳᠠᠲᠠᠶ ᠶᠢ ᠡᠷᠬᠢᠮᠯᠡᠨ ᠰᠢᠷᠭᠠᠭᠤ ᠠᠵᠢᠯᠯᠠᠬᠤ ᠶᠢ ᠠᠵᠢᠯ  ᠤᠨ ᠭᠤᠤᠯᠳᠠᠯᠭ᠎ᠠ ᠪᠤᠯᠭᠠᠪᠠ᠃ ︽ᠠᠮᠤᠭᠤᠯᠠᠩ ᠬᠥᠪᠡᠭᠡᠲᠦ ᠰᠢᠷ᠎ᠠ ᠬᠤᠰᠢᠭᠤ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠴᠢᠩᠭᠠᠳᠬᠠᠨ᠂ ︽ᠨᠠᠶᠮᠠᠳᠤᠭᠠᠷ ᠲᠠᠪᠤᠨ ᠵᠢᠯ︾ ᠤᠨ ᠬᠠᠤᠯᠢ ᠶᠢᠨ ᠲᠦᠭᠡᠮᠡᠯᠵᠢᠭᠦᠯᠦᠯᠲᠡ ᠶᠢᠨ ᠬᠤᠭᠤᠴᠠᠭᠠᠨ ᠳᠤᠮᠳᠠᠬᠢ ᠦᠨᠡᠯᠡᠯᠲᠡ ᠶᠢᠨ ᠠᠵᠢᠯ ᠢ ᠪᠡᠶᠡᠯᠡᠭᠦᠯᠵᠦ᠂ 2022 ᠣᠨ ᠤ ᠬᠠᠤᠯᠢ ᠪᠠᠷ ᠠᠶᠢᠮᠠᠭ ᠢᠶᠠᠨ ᠵᠠᠰᠠᠬᠤ ᠠᠵᠢᠯ  ᠤᠨ ᠵᠢᠯ ᠤᠨ ᠡᠴᠦᠰ ᠤᠨ ᠬᠢᠨᠠᠨ ᠰᠢᠯᠭᠠᠯᠲᠠ ᠪᠠᠷ ᠪᠦᠬᠦ ᠠᠶᠢᠮᠠᠭ ᠲᠤ ᠬᠤᠶᠠᠳᠤᠭᠠᠷ ᠨᠡᠷ᠎ᠡ ᠳᠤ ᠵᠢᠭᠰᠠᠭᠠᠭᠳᠠᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠴᠢᠩᠭ᠎ᠠ ᠬᠡᠷᠡᠭᠵᠢᠭᠦᠯᠵᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠤᠷᠮ᠎ᠠ 100% ᠳᠤ ᠬᠦᠷᠪᠡ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠦᠯᠲᠡ ᠶᠢᠨ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠡᠴᠢ ᠠᠷᠢᠭᠤᠨ ᠪᠠᠶᠢᠬᠤ ᠶᠢᠨ ᠦᠨᠳᠦᠰᠦᠨ ᠵᠠᠷᠴᠢᠮ ᠪᠠ ᠢᠯᠵᠠᠷᠠᠮᠠᠯ ᠤᠨ ᠤᠯᠠᠭᠠᠨ ᠱᠤᠭᠤᠮ ᠢ ᠪᠠᠲᠤ ᠰᠠᠬᠢᠭᠰᠠᠭᠠᠷ ᠢᠷᠡᠪᠡ᠃ ᠬᠢᠨᠠᠨ ᠪᠤᠳᠤᠯᠲᠠ ᠳᠤ ᠬᠢᠨᠠᠯᠲᠠ ᠲᠠᠯᠪᠢᠵᠤ᠂ ᠺᠠᠳ᠋ᠷ ᠨᠠᠷ ᠤᠨ ᠲᠤᠰᠢᠶᠠᠯ ᠠᠴᠠ ᠪᠠᠨ ᠰᠠᠯᠬᠤ ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠠᠭᠤᠭᠠᠯᠢ ᠠᠷᠠᠳ ᠤᠨ ᠵᠦᠪᠯᠡᠯ ᠤᠨ ᠵᠠᠷᠤᠳᠠᠯ ᠵᠡᠷᠭᠡ ᠠᠵᠢᠯ ᠤᠨ ᠲᠤᠭᠤᠷᠢᠨ ᠳᠤ 11 ᠬᠢᠨᠠᠨ ᠪᠤᠳᠤᠬᠤ ᠲᠥᠷᠥᠯ ᠵᠦᠶᠯ ᠢ ᠬᠡᠷᠡᠭᠵᠢᠭᠦᠯᠦᠭᠰᠡᠨ ᠪᠥᠭᠡᠳ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠨᠢᠭᠦᠯᠵᠡᠢ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠡᠩ ᠤᠨ ᠵᠠᠷᠤᠯᠭ᠎ᠠ ᠶᠢ ᠡᠷᠡᠰ ᠪᠠᠭᠠᠰᠬᠠᠵᠤ᠂ ᠠᠵᠤ ᠠᠬᠤᠢ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠪᠡᠯᠡ ᠮᠥᠩᠭᠦᠨ ᠤ ᠬᠡᠷᠡᠭᠴᠡᠭᠡ ᠶᠢ ᠪᠠᠲᠤᠯᠠᠪᠠ᠃ ᠠᠷᠪᠢᠴᠢ ᠭᠠᠮᠲᠠᠢ ᠨᠠᠮ ᠵᠠᠰᠠᠭ ᠤᠨ ᠪᠠᠶᠢᠭᠤᠯᠭ᠎ᠠ 36 ᠶᠢ ᠦᠨᠡᠯᠡᠨ ᠲᠤᠭᠲᠠᠭᠠᠵᠤ᠂ ᠪᠦᠬᠦ ᠬᠤᠰᠢᠭᠤᠨ ᠤ ᠠᠷᠪᠢᠴᠢ ᠭᠠᠮᠲᠠᠢ ᠪᠠᠶᠢᠭᠤᠯᠭ᠎ᠠ ᠶᠢᠨ ᠨᠣᠷᠮ᠎ᠠ 70.6%  ᠳᠤ ᠬᠦᠷᠴᠡᠢ᠃ ᠡᠯ᠎ᠡ ᠪᠠᠶᠢᠭᠤᠯᠤᠯᠭ᠎ᠠ ᠨᠢᠭᠡᠴᠡ ᠶᠢᠨ ᠠᠯᠪᠠᠨ ᠤ ᠲᠡᠷᠭᠡ ᠶᠢᠨ ᠦᠢᠯᠡᠴᠢᠯᠡᠭᠡᠨ ᠤ ᠲᠠᠪᠴᠠᠩ ᠤᠨ ᠬᠠᠮᠢᠶᠠᠷᠤᠯᠲᠠ ᠶᠢᠨ ᠠᠵᠢᠯ ᠢ ᠳᠦᠷᠢᠮᠵᠢᠭᠦᠯᠪᠡ᠃  ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠤᠨ ᠲᠤᠷᠰᠢ᠂ ᠪᠢᠳᠡ ᠬᠢᠵᠢᠭ ᠤᠨ ᠳᠠᠷᠠᠭᠠᠬᠢ ᠠᠵᠤ ᠠᠬᠤᠶ  ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠡᠷᠭᠦᠭᠡᠬᠦ ᠳᠤ ᠬᠦᠴᠦ ᠪᠠᠨ ᠰᠢᠪᠬᠠᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠴᠢᠷᠮᠠᠶᠢᠨ ᠵᠢᠳᠬᠦᠵᠦ᠂ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠰᠢᠨ᠎ᠡ ᠠᠮᠵᠢᠯᠲᠠ ᠶᠢ ᠤᠯᠪᠠ᠃ ᠡᠳᠡᠭᠡᠷ ᠠᠮᠵᠢᠯᠲᠠ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠬᠢᠨᠠᠮᠠᠭᠠᠢ ᠤᠳᠤᠷᠢᠳᠤᠯᠭ᠎ᠠ ᠶᠢᠨ ᠦᠷ᠎ᠡ ᠳ᠋ᠦᠩ᠂ ᠮᠦᠨᠴᠦ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠤᠯᠤᠰ ᠲᠥᠷᠦ ᠶᠢᠨ ᠵᠥᠪᠯᠡᠯᠭᠡᠨ ᠤ ᠴᠢᠩᠭ᠎ᠠ ᠨᠢᠮᠪᠠᠢ ᠬᠢᠨᠠᠯᠲᠠ ᠶᠢᠨ ᠦᠷ᠎ᠡ ᠳ᠋ᠦᠩ᠂ ᠨᠠᠩ ᠴᠤ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ᠰᠢᠷᠭᠠᠭᠤ ᠲᠡᠮᠡᠴᠡᠵᠦ᠂ ᠬᠠᠮᠲᠤᠪᠠᠷ ᠴᠢᠷᠮᠠᠶᠢᠭᠰᠠᠨ ᠤ ᠦᠷ᠎ᠡ ᠳ᠋ᠦᠩ ᠪᠤᠯᠬᠤ ᠶᠤᠮ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠣᠯᠠᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕  ᠠᠮᠵᠢᠯᠲᠠ ᠪᠦᠲᠦᠮᠵᠢ ᠪᠠᠨ ᠳ᠋ᠦᠩᠨᠡᠬᠦ ᠶᠢᠨ ᠲᠠᠰᠢᠷᠠᠮ ᠳᠤ᠂ ᠪᠢᠳᠡ ᠮᠦᠨᠴᠦ ᠮᠠᠰᠢ ᠤᠯᠠᠨ ᠠᠰᠠᠭᠤᠳᠠᠯ ᠪᠠ ᠲᠤᠲᠠᠭᠳᠠᠯ ᠤᠷᠤᠰᠢᠵᠤ ᠪᠠᠶᠢᠭ᠎ᠠ ᠪᠦᠭᠡᠳ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠠᠬᠠᠨ ᠬᠦᠷᠴᠦ ᠳᠡᠶᠢᠯᠦᠭᠡᠳᠦᠢ ᠪᠠᠶᠢᠭ᠎ᠠ ᠪᠠᠨ ᠰᠡᠷᠭᠡᠭ ᠢᠶᠠᠷ ᠲᠠᠨᠢᠨ ᠮᠡᠳᠡᠷᠡᠬᠦ ᠬᠡᠷᠡᠭᠲᠡᠢ᠃ ᠭᠤᠤᠯᠳᠠᠭᠤ ᠤᠷᠤᠰᠢᠵᠤ ᠪᠠᠶᠢᠭ᠎ᠠ ᠲᠤᠲᠠᠭᠳᠠᠯ ᠳᠤᠤᠷᠠᠬᠢ ᠮᠡᠲᠦ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠤᠤᠷ᠎ᠠ᠂ ᠠᠵᠤ ᠠᠬᠤᠢ ᠶᠢᠨ ᠪᠦᠲᠦᠴᠡ ᠰᠢᠯᠢᠳᠡᠭ ᠪᠤᠰᠤ︔ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠳᠡᠶᠢᠯᠬᠦ ᠦᠭᠡᠢ ᠪᠠᠶᠢᠵᠤ᠂ ᠠᠵᠤ ᠦᠢᠯᠡᠰ ᠤᠨ ᠬᠡᠯᠬᠢᠶ᠎ᠡ ᠬᠠᠷᠠᠬᠠᠨ ᠲᠤᠭᠲᠠᠪᠤᠷᠢᠵᠢᠵᠤ ᠳᠡᠶᠢᠯᠦᠭᠡᠳᠦᠢ ᠮᠦᠷᠲᠡᠭᠡᠨ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠡᠭᠦᠷᠭᠡ ᠬᠦᠨᠳᠦ ᠪᠠᠶᠢᠭ᠎ᠠ ᠪᠤᠯᠬᠤᠷ ︽ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠥᠭᠵᠢᠭᠦᠯᠵᠦ᠂ ᠠᠵᠤ ᠦᠢᠯᠡᠰ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠥᠭᠵᠢᠭᠦᠯᠬᠦ︾ ᠰᠡᠭᠦᠯᠴᠢ ᠶᠢᠨ ᠱᠠᠲᠤᠨ ᠤ ᠠᠵᠢᠯ ᠢ ᠰᠠᠶᠢᠲᠤᠷ ᠬᠢᠬᠦ ᠴᠢᠬᠤᠯᠠᠲᠠᠢ ᠪᠠᠶᠢᠨ᠎ᠠ︔ ᠲᠡᠵᠢᠭᠡᠨ ᠦᠷᠡᠵᠢᠭᠦᠯᠬᠦ ᠦᠢᠯᠡᠰ ᠤᠨ ᠬᠦᠭᠵᠢᠯᠲᠡ ᠨᠢ ᠡᠪᠡᠰᠦ ᠪᠣᠷᠳᠣᠭᠠᠨ ᠤ ᠦᠨ᠎ᠡ ᠬᠠᠩᠰᠢ ᠶᠡᠬᠡᠪᠡᠷ ᠦᠰᠴᠦ᠂ ᠮᠠᠯ ᠤᠨ ᠦᠨ᠎ᠡ ᠬᠠᠩᠰᠢ ᠶᠡᠬᠡᠪᠡᠷ ᠪᠠᠭᠤᠷᠠᠭᠰᠠᠨ ᠳᠠᠪᠬᠤᠷ ᠬᠦᠴᠢᠷᠳᠡᠯ ᠳᠤ ᠲᠤᠯᠭᠠᠷᠠᠵᠤ ᠪᠠᠶᠢᠭ᠎ᠠ ᠪᠦᠭᠡᠳ ᠮᠠᠯ ᠠᠵᠤ ᠠᠬᠤᠶ ᠶᠢᠨ ᠳᠠᠭᠠᠭᠤᠯᠤᠭᠴᠢ ᠠᠵᠤ ᠠᠬᠤᠶᠢᠯᠠᠯ ᠬᠠᠷᠠᠬᠠᠨ ᠪᠠᠶᠢᠭᠤᠯᠤᠭ᠎ᠠ ᠦᠭᠡᠢ︔ ᠵᠠᠰᠠᠭ ᠤᠨ ᠣᠷᠳᠣᠨ ᠤ ᠠᠵᠢᠯ ᠢ ᠴᠢᠨᠠᠷᠵᠢᠭᠤᠯᠤᠨ ᠳᠡᠭᠡᠭᠰᠢᠯᠡᠭᠦᠯᠬᠦ ᠴᠢᠬᠤᠯᠠᠲᠠᠢ ᠪᠦᠭᠡᠳ᠂ ᠬᠠᠤᠯᠢ ᠬᠡᠷᠡᠭᠵᠢᠭᠦᠯᠬᠦ ᠡᠩᠨᠡᠭᠡᠨ ᠤ ᠴᠢᠳᠠᠪᠤᠷᠢ ᠶᠢᠨ ᠳᠡᠭᠡᠭᠰᠢᠯᠡᠭᠦᠯᠦᠯᠲᠡ ᠲᠤᠯᠭᠠᠮ᠎ᠠ ᠱᠠᠭᠠᠷᠳᠠᠭᠳᠠᠨ᠂ ᠬᠦᠭᠵᠢᠯᠲᠡ ᠶᠢᠨ ᠱᠠᠭᠠᠷᠳᠠᠯᠭ᠎ᠠ ᠳᠤ ᠬᠠᠷᠠᠬᠠᠨ ᠨᠡᠶᠢᠴᠡᠵᠦ ᠳᠡᠶᠢᠯᠦᠭᠡᠳᠦᠢ ᠪᠠᠶᠢᠵᠤ᠂ ᠡᠯ᠎ᠡ ᠰᠠᠯᠠᠭ᠎ᠠ ᠮᠥᠴᠢᠷ ᠬᠤᠭᠤᠷᠣᠨᠳᠣ ᠪᠠᠨ ᠤᠯᠠᠮ ᠨᠢᠭᠡ ᠠᠯᠬᠤᠮ ᠪᠦᠯᠬᠦᠮᠳᠡᠨ ᠨᠢᠭᠡᠳᠴᠦ ᠬᠠᠮᠲᠤᠷᠠᠯᠴᠠᠨ ᠠᠵᠢᠯᠯᠠᠬᠤ ᠴᠢᠬᠤᠯᠠᠲᠠᠢ ᠪᠠᠶᠢᠨ᠎ᠠ᠃ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠵᠠᠮ ᠬᠠᠷᠢᠯᠴᠠᠭ᠎ᠠ ᠵᠡᠷᠭᠡ ᠨᠡᠶᠢᠭᠡᠮ ᠤᠨ ᠤᠯᠠᠨ ᠨᠡᠶᠢᠲᠡ ᠶᠢᠨ ᠪᠦᠲᠦᠭᠡᠭᠲᠡᠬᠦᠨ ᠤ ᠬᠠᠩᠭᠠᠯᠭ᠎ᠠ ᠶᠢᠨ ᠴᠢᠳᠠᠪᠤᠷᠢ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠦᠷᠦᠭᠡᠳᠦᠢ ᠪᠠᠶᠢᠭ᠎ᠠ ᠵᠡᠷᠭᠡ ᠠᠰᠠᠭᠤᠳᠠᠯ ᠤᠳ ᠤᠷᠤᠰᠢᠵᠤ ᠪᠠᠶᠢᠨ᠎ᠠ᠃ ᠪᠢᠳᠡ ᠠᠰᠠᠭᠤᠳᠠᠯ ᠢᠶᠠᠷ ᠰᠢᠵᠢᠮ ᠪᠤᠯᠭᠠᠨ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠪᠥᠬᠦ ᠬᠦᠴᠦᠨ ᠢᠶᠠᠷ ᠢᠶᠠᠨ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ᠬᠤᠶᠠᠷ᠂ 2024 ᠣᠨ ᠤ ᠭᠤᠤᠯ ᠠᠵᠢᠯ ᠤᠨ ᠪᠠᠶᠢᠷᠢᠯᠠᠭᠤᠯᠤᠯᠲᠠ  2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠤᠨ ᠮᠥᠨ᠃ ᠮᠦᠨᠴᠦ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠥᠪᠵᠢᠭᠦᠯᠭᠡ ᠶᠢᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠃ ᠡᠨᠡ ᠵᠢᠯ ᠤᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠰᠡᠳᠬᠢᠴᠡ ᠭᠡᠪᠡᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠤᠯ ᠰᠢᠵᠢᠮ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠤᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ  ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2023 ᠣᠨ ᠤ 4 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠤ᠂ ᠲᠣᠭᠲᠠᠭᠤᠨ ᠢ ᠪᠠᠲᠤᠯᠠᠬᠤ ᠶᠢᠨ ᠵᠡᠷᠭᠡᠪᠡᠷ ᠤᠷᠤᠭᠰᠢᠯᠠᠬᠤ ᠶᠢ ᠪᠠᠷᠢᠮᠲᠠᠯᠠᠨ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠯᠠᠪᠳᠠᠭᠤᠨ ᠪᠠᠶᠢᠭᠤᠯᠵᠤ ᠰᠢᠪᠲᠤᠯᠤᠯᠲᠠ ᠬᠢᠨ᠂ ︽ᠰᠢᠨ᠎ᠡ ᠶᠢ ᠬᠠᠶᠢᠵᠤ᠂ ᠤᠷᠤᠭᠰᠢ ᠲᠠᠪᠰᠢᠬᠤ︾ ᠲᠡᠮᠡᠴᠡᠯ ᠤᠨ ᠬᠠᠷᠠᠯᠲᠠ ᠪᠠᠨ ᠪᠠᠲᠤᠳᠬᠠᠵᠤ᠂ ᠵᠢᠷᠭᠤᠭᠠᠨ ᠲᠦᠷᠦᠯ ᠤᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠠᠴᠠ ᠭᠠᠷᠳᠠᠵᠤ᠂ ᠲᠣᠭᠲᠠᠭᠤᠨ ᠨᠡᠮᠡᠭᠳᠡᠯ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠭᠡᠨᠡᠳᠡᠯ ᠠᠴᠠ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠵᠡᠷᠭᠡ ᠡᠯ᠎ᠡ ᠲᠦᠷᠦᠯ ᠤᠨ ᠠᠵᠢᠯ ᠢ ᠲᠦᠯᠬᠢᠨ ᠠᠬᠢᠭᠤᠯᠵᠤ᠂ ᠡᠯ᠎ᠡ ᠠᠵᠢᠯ ᠤᠨ ᠲᠤᠭᠤᠷᠢᠨ᠂ ᠡᠯ᠎ᠡ ᠬᠦᠷᠢᠶ᠎ᠡ ᠴᠠᠷ᠎ᠠ ᠳᠤ ᠴᠢᠷᠮᠠᠶᠢᠨ ᠨᠡᠷ᠎ᠡ ᠲᠡᠪᠰᠢᠵᠦ᠂ ᠲᠠᠪᠤᠨ ᠶᠡᠭᠡ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠡᠳᠬᠢᠯ ᠨᠢᠭᠡᠲᠦᠨ ᠬᠦᠴᠦ ᠬᠠᠮᠲᠤᠳᠬᠠᠨ᠂ ᠣᠳᠣᠬᠢᠴᠢᠯᠠᠭᠰᠠᠨ ᠬᠥᠪᠡᠭᠡᠲᠦ ᠰᠢᠷ᠎ᠠ ᠬᠤᠰᠢᠭᠤ ᠶᠢ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠡᠷᠡᠯᠬᠡᠭᠯᠡᠨ ᠠᠯᠬᠤᠨ᠎ᠠ᠃ ᠭᠤᠣᠯ ᠲᠡᠮᠡᠴᠡᠬᠦ ᠬᠠᠷᠠᠯᠲᠠ ᠭᠡᠪᠡᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 8% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 7.5%  ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠦᠷᠲᠡᠭ ᠢ 4% ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠣᠤᠷᠠᠬᠢ ᠨᠠᠶᠮᠠᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠃  ︵ᠨᠢᠭᠡ︶ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠵᠦ᠂ ᠲᠣᠭᠲᠠᠭᠤᠨ ᠢ ᠪᠠᠲᠤᠯᠠᠬᠤ ᠶᠢᠨ ᠵᠡᠷᠭᠡᠪᠡᠷ ᠤᠷᠤᠭᠰᠢᠯᠠᠬᠤ ᠶᠢ ᠪᠠᠷᠢᠮᠲᠠᠯᠠᠨ᠎ᠠ᠃ ᠭᠤᠤᠯᠳᠠᠯᠭᠠᠲᠤ ᠲᠥᠷᠥᠯ ᠵᠦᠢᠯ ᠤᠨ ᠪᠡᠯᠡ ᠣᠷᠣᠭᠤᠯᠤᠯᠲᠠ ᠪᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ 45 ᠭᠤᠤᠯᠳᠠᠯᠭᠠᠲᠤ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠤᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠨᠠᠩ ᠣᠯᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ  ᠢ ᠦᠳᠲᠡᠷ ᠲᠦᠷᠭᠡᠨ ᠡᠬᠢᠯᠡᠭᠦᠯᠦᠨ᠂ ᠲᠤᠰ ᠵᠢᠯ ᠳᠤ ᠨᠡᠶᠢᠲᠡ 13 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠨᠡᠭᠦᠷᠡᠰᠦᠨ ᠠᠭᠤᠷᠬᠠᠶ ᠶᠢᠨ 60 ᠲᠦᠮᠡᠨ ᠲᠣᠨ ᠤ ᠭᠠᠷᠭᠠᠯᠲᠠ ᠶᠢᠨ ᠴᠢᠳᠠᠪᠤᠷᠢ ᠶᠢ ᠲᠣᠭᠲᠠᠪᠤᠷᠢᠵᠢᠭᠤᠯᠵᠤ᠂ ᠳ᠋ᠦᠩ ᠯᠢᠨ ᠨᠡᠭᠦᠷᠡᠰᠦᠨ ᠠᠭᠤᠷᠬᠠᠶ ᠶᠢᠨ ᠬᠤᠶᠠᠳᠤᠭᠠᠷ ᠬᠤᠭᠤᠴᠠᠭᠠᠨ ᠤ ᠨᠦᠭᠡᠴᠡ ᠨᠡᠮᠡᠭᠳᠡᠭᠦᠯᠬᠦ ᠲᠦᠷᠦᠯ ᠵᠦᠢᠯ ᠤᠨ ᠠᠵᠢᠯ ᠤᠨ ᠠᠬᠢᠴᠠ ᠶᠢ ᠲᠦᠷᠭᠡᠳᠬᠡᠨ᠎ᠡ︔ ᠴᠢᠯᠠᠭᠤᠨ ᠲᠣᠰᠣᠨ ᠤ ᠠᠵᠤ ᠠᠬᠤᠶᠢᠯᠠᠯ ᠢ ᠴᠤᠮᠬᠠᠳᠬᠠᠨ ᠨᠡᠶᠢᠯᠡᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ 20 ᠴᠢᠯᠠᠭᠤᠨ ᠲᠣᠰᠣᠨ ᠤ ᠬᠤᠳᠳᠤᠭ ᠢ ᠰᠢᠨ᠎ᠡ ᠪᠠᠷ ᠦᠷᠦᠮᠳᠡᠨ᠂ 4 ᠲᠦᠮᠡᠨ ᠲᠣᠨ ᠠᠴᠠ ᠳᠡᠭᠡᠭᠰᠢ ᠲᠦᠭᠦᠬᠡᠶ ᠲᠣᠰᠣ ᠶᠢ ᠭᠠᠳᠠᠭᠰᠢ ᠪᠣᠷᠣᠯᠠᠭᠤᠯᠤᠨ᠎ᠠ︔ ᠴᠢᠯᠠᠭᠤᠨ ᠤ ᠠᠭᠤᠷᠬᠠᠢ ᠶᠢᠨ ᠠᠵᠤ ᠠᠬᠤᠶᠢᠯᠠᠯ ᠢ ᠴᠤᠮᠬᠠᠳᠬᠠᠨ ᠨᠡᠶᠢᠯᠡᠭᠦᠯᠵᠦ ᠢᠯᠡ ᠵᠠᠷᠯᠠᠨ ᠰᠢᠯᠵᠢᠭᠦᠯᠦᠨ ᠬᠤᠳᠠᠯᠳᠤᠬᠤ ᠠᠵᠢᠯ ᠢ ᠦᠳᠲᠡᠷ ᠪᠡᠶᠡᠯᠡᠭᠦᠯᠵᠦ᠂ ᠴᠢᠯᠠᠭᠤᠨ ᠮᠠᠲ᠋ᠧᠷᠢᠶᠠᠯ ᠤᠨ ᠪᠤᠯᠪᠠᠰᠤᠷᠠᠭᠤᠯᠤᠯᠲᠠ ᠶᠢ ᠳᠡᠰ ᠳᠡᠪᠰᠢᠭᠦᠯᠦᠨ ᠬᠥᠭᠵᠢᠭᠦᠯᠬᠦ ᠶᠢ ᠠᠬᠢᠭᠤᠯᠤᠨ᠎ᠠ︔ ᠲᠡᠮᠦᠷᠯᠢᠭ ᠴᠢᠳᠬᠤᠬᠤ ᠵᠡᠷᠭᠡ ᠠᠵᠤ ᠦᠶᠯᠡᠰ ᠤᠨ ᠲᠥᠷᠥᠯ ᠵᠦᠶᠯ ᠤᠨ ᠠᠵᠢᠯ ᠤᠨ ᠰᠡᠷᠭᠦᠭᠡᠯᠲᠡ ᠶᠢ ᠳᠥᠯᠭᠢᠨ ᠠᠬᠢᠭᠤᠯᠵᠤ᠂ ᠠᠵᠤ ᠠᠬᠤᠶ ᠶᠢᠨ ᠨᠡᠮᠡᠭᠳᠡᠯ ᠤᠨ ᠰᠠᠭᠤᠷᠢ ᠶᠢ ᠲᠣᠭᠲᠠᠪᠤᠷᠢᠵᠢᠭᠤᠯᠤᠨ᠎ᠠ᠃  ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢ ᠳᠠᠬᠢᠨ ᠪᠠᠶᠢᠭᠤᠯᠬᠤ ᠠᠴᠠ ᠭᠠᠷᠳᠠᠨ᠂ ᠬᠦᠷᠦᠩᠭᠡ ᠬᠤᠭᠰᠢᠯ ᠢ ᠡᠷᠭᠢᠯᠲᠡ ᠳᠤ ᠤᠷᠤᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢᠨ ᠬᠦᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠬᠦᠭᠵᠢᠭᠡᠨ᠂ ᠲᠥᠷᠥ ᠶᠢᠨ ᠪᠣᠳᠣᠯᠭ᠎ᠠ  ᠳᠤ ᠨᠡᠶᠢᠴᠡᠭᠰᠡᠨ ᠤᠷᠢᠳᠠᠯ ᠳᠣᠤᠷ᠎ᠠ᠂ ᠤᠯᠤᠰ ᠤᠨ ᠥᠮᠴᠢᠯᠡᠯᠲᠦ ᠬᠥᠷᠥᠩᠭᠡ ᠪᠠᠷ ᠳᠠᠮᠵᠢᠭᠤᠯᠤᠨ ᠨᠡᠶᠢᠭᠡᠮ ᠤᠨ ᠬᠥᠷᠥᠩᠭᠡ ᠳᠤ ᠬᠤᠪᠢ ᠤᠷᠤᠭᠤᠯᠤᠨ᠂ ᠡᠨᠧᠷᠭᠢ ᠶᠢᠨ ᠰᠤᠷᠪᠤᠯᠵᠢ ᠶᠢ ᠨᠡᠭᠡᠭᠡᠨ ᠬᠥᠭᠵᠢᠭᠦᠯᠬᠦ ᠪᠠ ᠳᠠᠪᠠᠭᠤᠯᠢᠭ ᠠᠵᠤ ᠦᠢᠯᠡᠰ ᠢ ᠬᠦᠭᠵᠢᠭᠦᠯᠬᠦ ᠳᠤ ᠣᠷᠣᠯᠴᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠥᠷᠲᠡᠭ ᠤᠨ ᠪᠠᠲᠤᠯᠠᠭ᠎ᠠ ᠪᠠ ᠥᠷᠲᠡᠭ ᠤᠨ ᠨᠡᠮᠡᠭᠳᠡᠯ ᠢ ᠪᠡᠶᠡᠯᠡᠭᠦᠯᠦᠨ᠎ᠡ᠃  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠨᠠᠷᠢᠯᠢᠭ ᠣᠨᠣᠪᠴᠢᠲᠠᠶ ᠮᠦᠷᠲᠡᠭᠡᠨ ᠥᠨᠳᠥᠷ ᠪᠦᠲᠦᠮᠵᠢᠲᠡᠶ ᠥᠷᠨᠢᠭᠦᠯᠦᠨ᠎ᠡ᠃ ︽ᠬᠦᠮᠦᠨ ᠪᠦᠬᠦᠨ ᠲᠦᠷᠦᠯ ᠵᠦᠢᠯ ᠢ ᠠᠳᠬᠤᠵᠤ᠂ ᠬᠦᠮᠦᠨ ᠪᠦᠬᠦᠨ ᠲᠦᠷᠦᠯ ᠵᠦᠢᠯ ᠢ ᠠᠳᠬᠤᠵᠤ ᠴᠢᠳᠠᠬᠤ︾ ᠰᠠᠶᠢᠨ ᠰᠠᠶᠢᠬᠠᠨ ᠤᠷᠴᠢᠨ ᠠᠬᠤᠢ ᠶᠢ ᠴᠤᠭᠴᠠᠯᠠᠨ ᠪᠠᠶᠢᠭᠤᠯᠤᠨ᠎ᠠ᠃ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠦᠢᠯᠡᠳᠪᠦᠷᠢ ᠶᠢᠨ ᠠᠵᠤ ᠦᠢᠯᠡᠰ ᠤᠨ ᠲᠦᠷᠦᠯ ᠵᠦᠢᠯ ᠪᠠ ᠳᠠᠭᠠᠯᠲᠠ ᠲᠦᠷᠦᠯ ᠵᠦᠢᠯ ᠢ ᠢᠳᠡᠪᠬᠢᠲᠡᠢ ᠲᠦᠰᠦᠪᠯᠡᠵᠦ᠂ ᠭᠤᠤᠯᠳᠠᠯᠭᠠᠲᠤ ᠲᠥᠷᠥᠯ ᠵᠦᠢᠯ ᠳᠤ ᠬᠠᠨᠳᠤᠭᠤᠯᠤᠨ᠂ ᠲᠣᠪᠴᠢ ᠲᠠᠨᠢᠯᠴᠠᠭᠤᠯᠭ᠎ᠠ ᠪᠤᠶᠤ ᠰᠠᠨᠠᠯ ᠵᠦᠪᠯᠡᠯᠭᠡ ᠶᠢᠨ ᠪᠢᠴᠢᠭ ᠢ ᠲᠤᠭᠤᠷᠪᠢᠵᠤ᠂ ︽ᠵᠠᠬᠢᠶᠠᠯᠠᠭ᠎ᠠ ᠶᠢᠨ ᠬᠡᠯᠪᠡᠷᠢ︾ ᠶᠢᠨ ᠦᠢᠯᠡᠴᠢᠯᠡᠭᠡ ᠬᠠᠩᠭᠠᠨ᠂ ︽ᠲᠤᠮᠤ ᠲᠦᠷᠦᠯ ᠵᠦᠢᠯ ᠰᠡᠬᠦᠶᠢᠨ ᠰᠦᠨᠳᠡᠷᠯᠡᠵᠦ᠂ ᠵᠢᠵᠢᠭ ᠲᠦᠷᠦᠯ ᠵᠦᠢᠯ ᠨᠡᠶᠢᠳᠡᠮ ᠪᠦᠷᠬᠦᠭᠰᠡᠨ︾ ᠬᠦᠭᠵᠢᠯᠲᠡ ᠶᠢᠨ ᠬᠠᠨᠳᠤᠰᠢ ᠶᠢ ᠪᠦᠷᠢᠯᠳᠦᠭᠦᠯᠦᠨ᠎ᠡ᠃ ᠭᠡᠷ᠎ᠡ ᠲᠣᠭᠲᠠᠭᠰᠠᠨ ᠠᠵᠤ ᠠᠬᠤᠶᠢᠯᠠᠯ ᠲᠠᠢ ᠠᠯᠳᠠᠯ ᠦᠭᠡᠢ ᠬᠠᠷᠢᠯᠴᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠢ ᠨᠠᠶᠢᠳᠠᠪᠤᠷᠢᠵᠢᠭᠤᠯᠬᠤ  ᠳᠤ ᠬᠦᠴᠢᠷ ᠪᠤᠶᠤ ᠤᠳᠠᠭᠠᠨ ᠪᠠᠶᠢᠬᠤ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠭᠡᠷ᠎ᠡ ᠶᠢ ᠭᠦᠶᠴᠡᠳᠬᠡᠬᠦ ᠨᠣᠷᠮ᠎ᠠ ᠪᠠ ᠪᠠᠯᠠ ᠮᠦᠩᠭᠦᠨ ᠤ ᠨᠠᠶᠢᠳᠠᠪᠤᠷᠢᠵᠢᠭᠤᠯᠤᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠠᠷᠠᠯᠵᠢᠶᠠᠴᠢᠨ ᠤᠷᠢᠭᠰᠠᠨ ᠦᠷ᠎ᠡ ᠪᠦᠲᠦᠭᠡᠯ ᠢ ᠬᠥᠭᠵᠢᠯᠲᠡ ᠶᠢᠨ ᠦᠷ᠎ᠡ ᠪᠦᠲᠦᠭᠡᠯ ᠳᠠᠰᠢ ᠦᠳᠲᠡᠷ ᠲᠦᠷᠭᠡᠨ ᠬᠤᠪᠢᠷᠠᠭᠠᠬᠤ ᠶᠢ ᠠᠬᠢᠭᠤᠯᠤᠨ᠎ᠠ᠃ ︵ᠬᠤᠶᠠᠷ︶ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠬᠡᠯᠬᠢᠶ᠎ᠡ ᠰᠡᠳᠬᠢᠬᠦᠢ ᠪᠠᠷ ᠠᠵᠤ ᠦᠢᠯᠡᠰ  ᠤᠨ ᠬᠥᠭᠵᠢᠯᠲᠡ ᠶᠢ ᠠᠬᠢᠭᠤᠯᠤᠨ᠎ᠠ᠃ ᠣᠳᠣᠬᠢᠴᠢᠯᠠᠭᠰᠠᠨ ᠮᠠᠯ ᠠᠵᠤ ᠠᠬᠤᠢ ᠶᠢᠨ ᠠᠵᠤ ᠦᠢᠯᠡᠰ ᠢ ᠪᠦᠲᠦᠭᠡᠨ ᠪᠠᠶᠢᠭᠤᠯᠤᠨ᠎ᠠ᠃ ᠪᠣᠬᠢᠷᠲᠤᠯ ᠥᠬᠡᠶ ᠮᠠᠯ  ᠤᠨ ᠠᠰᠢᠭ ᠰᠢᠮ᠎ᠡ ᠶᠢᠨ ᠪᠦᠲᠦᠭᠡᠭᠲᠡᠭᠦᠨ ᠢ ᠨᠠᠷᠢᠯᠢᠭ ᠪᠣᠯᠪᠠᠰᠤᠷᠠᠭᠤᠯᠬᠤ ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠬᠤ ᠳᠤ ᠰᠠᠭᠤᠷᠢᠯᠠᠨ᠂ ᠪᠦᠬᠦ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ  ᠤᠨ ᠤᠷᠤᠨ ᠪᠦᠰᠡ ᠶᠢ ᠴᠤᠭᠴᠠᠯᠠᠬᠤ ᠠᠵᠢᠯᠯᠠᠭ᠎ᠠ ᠳᠤ ᠢᠳᠡᠪᠬᠢᠲᠡᠢ ᠤᠷᠤᠯᠴᠠᠨ᠂ ᠨᠤᠲᠤᠭ ᠤᠨ ᠦᠬᠡᠷ ᠤᠨ ᠡᠭᠦᠯᠳᠡᠷ ᠰᠠᠶᠢᠵᠢᠷᠠᠭᠤᠯᠬᠤ ᠪᠤᠯᠤᠨ ᠬᠤᠸᠠ ᠰᠢ ᠦᠬᠡᠷ ᠢ ᠰᠤᠩᠭᠤᠨ ᠪᠤᠶᠢᠵᠢᠭᠤᠯᠬᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠴᠢᠨᠠᠷ ᠰᠠᠶᠢᠲᠠᠢ ᠡᠭᠦᠯᠳᠡᠷ ᠰᠠᠶᠢᠵᠢᠷᠠᠭᠤᠯᠬᠤ ᠪᠠ ᠲᠡᠵᠢᠭᠡᠨ ᠦᠷᠡᠵᠢᠭᠦᠯᠬᠦ ᠲᠤᠭᠲᠠᠯᠴᠠᠭ᠎ᠠ ᠪᠠᠶᠢᠭᠤᠯᠤᠨ ᠂ ᠰᠦ ᠪᠤᠯᠤᠨ ᠮᠢᠬᠠᠨ ᠤ ᠬᠤᠤᠰ ᠠᠰᠢᠭ ᠰᠢᠮ᠎ᠡ ᠶᠢ ᠪᠦᠷᠢᠳᠦᠭᠦᠯᠦᠭᠰᠡᠨ ᠮᠢᠬᠠᠨ ᠤ ᠦᠬᠡᠷ ᠤᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠤᠯᠤᠰ ᠤᠨ ᠲᠡᠰ ᠤᠨ ᠰᠢᠯᠢᠳᠡᠭ ᠡᠭᠦᠯᠳᠡᠷ ᠤᠨ ᠦᠬᠡᠷ  ᠤᠨ ᠦᠷ᠎ᠡ ᠶᠢᠨ ᠮᠠᠯ ᠪᠤᠶᠢᠵᠢᠭᠤᠯᠬᠤ ᠭᠤᠤᠯᠳᠠᠯᠭᠠᠲᠤ ᠲᠠᠯᠠᠪᠠᠢ ᠶᠢ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠴᠠᠬᠠᠷ ᠬᠤᠨᠢᠨ ᠤ ᠪᠦᠬᠦᠶᠢᠯᠡ ᠠᠰᠢᠭ ᠰᠢᠮ᠎ᠡ ᠶᠢᠨ ᠬᠡᠯᠬᠢᠶ᠎ᠡ ᠠᠵᠤ ᠦᠢᠯᠡᠰ ᠤᠨ ᠲᠦᠷᠦᠯ ᠵᠦᠢᠯ ᠢ ᠪᠦᠬᠦ ᠲᠠᠯ᠎ᠠ  ᠪᠠᠷ ᠲᠦᠯᠬᠢᠨ ᠠᠬᠢᠭᠤᠯᠵᠤ᠂ ᠣᠩᠭᠤᠨ ᠠᠭᠤᠯᠠ ᠰᠤᠮᠤ ᠶᠢ ᠮᠠᠯ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠰᠤᠮᠤ ᠪᠤᠯᠭᠠᠨ ᠪᠦᠲᠦᠭᠡᠨ ᠪᠠᠶᠢᠭᠤᠯᠬᠤ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠤᠯᠤᠰ ᠤᠨ ᠲᠡᠰ ᠤᠨ ᠮᠢᠬᠠᠨ ᠤ ᠬᠤᠨᠢᠨ ᠤ ᠭᠤᠣᠯᠳᠠᠯᠭᠠᠲᠤ ᠡᠭᠦᠯᠳᠡᠷ ᠪᠣᠶᠢᠵᠢᠭᠤᠯᠬᠤ ᠲᠠᠯᠠᠪᠠᠢ ᠶᠢ ᠪᠠᠶᠢᠭᠤᠯᠬᠤ ᠪᠠᠷ ᠢᠳᠡᠪᠬᠢᠲᠡᠢ ᠬᠦᠴᠦᠯᠡᠨ᠂ ᠲᠡᠵᠢᠭᠡᠯ ᠪᠤᠷᠳᠤᠭ᠎ᠠ ᠪᠤᠯᠪᠠᠰᠤᠷᠠᠭᠤᠯᠬᠤ᠂ ᠲᠡᠵᠢᠭᠡᠨ ᠦᠷᠡᠵᠢᠭᠦᠯᠬᠦ᠂ ᠡᠭᠦᠯᠳᠡᠷ ᠪᠤᠶᠢᠵᠢᠭᠤᠯᠵᠤ ᠪᠤᠷᠳᠤᠨ ᠲᠠᠷᠭᠤᠯᠠᠭᠤᠯᠬᠤ᠂ ᠨᠠᠷᠢᠯᠢᠭ ᠡᠳ᠋ᠰᠢᠭᠦᠯᠬᠦ᠂ ᠮᠠᠯ ᠤᠨ ᠠᠰᠢᠭ ᠰᠢᠮ᠎ᠡ ᠶᠢᠨ ᠪᠦᠲᠦᠭᠡᠭᠲᠡᠭᠦᠨ ᠢ ᠬᠦᠯᠳᠡᠭᠡᠨ ᠵᠦᠭᠡᠭᠡᠪᠦᠷᠢᠯᠡᠬᠦ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠢ ᠪᠠᠶᠢᠭᠤᠯᠤᠨ᠎ᠠ᠃ ᠤᠳᠤᠬᠢᠴᠢᠯᠠᠭᠰᠠᠨ ᠠᠳᠤᠭᠤᠨ ᠤ ᠠᠵᠤ ᠦᠢᠯᠡᠰ ᠢ ᠬᠦᠴᠦᠲᠡᠢ ᠬᠦᠭᠵᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠮᠠᠯ ᠪᠡᠯᠴᠢᠭᠡᠷ ᠤᠨ ᠲᠡᠩᠴᠡᠭᠦᠷᠢ ᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠮᠠᠯᠴᠢᠳ ᠢ ᠬᠠᠪᠰᠤᠷᠤᠨ ᠠᠰᠢᠭ ᠤᠷᠤᠯᠭ᠎ᠠ ᠶᠢᠨ ᠳᠠᠩᠰᠠ ᠪᠤᠳᠤᠵᠤ᠂ ︽ᠪᠡᠯᠴᠢᠭᠡᠷᠯᠡᠭᠦᠯᠬᠦ + ᠪᠣᠷᠳᠤᠭ᠎ᠠ ᠨᠥᠬᠦᠪᠥᠷᠢᠯᠡᠬᠦ︾ ᠵᠠᠭᠪᠤᠷ ᠢᠶᠠᠷ ︽ᠴᠦᠬᠡᠨ ᠲᠤᠭ᠎ᠠ ᠪᠠᠷ ᠮᠠᠯᠵᠢᠵᠤ᠂ ᠴᠢᠨᠠᠷ ᠰᠠᠶᠢᠲᠠᠢ ᠮᠠᠯᠯᠠᠨ︾᠂ ᠮᠠᠯᠴᠢᠳ ᠢ ᠬᠦᠲᠦᠯᠦᠨ ᠮᠠᠯ ᠤᠨ ᠲᠤᠭ᠎ᠠ ᠲᠤᠯᠤᠭᠠᠢ ᠶᠢ ᠬᠦᠭᠡᠭᠡᠴᠡᠯᠳᠦᠵᠦ ᠪᠠᠶᠢᠭᠰᠠᠨ ᠴᠠᠭ ᠦᠶ᠎ᠡ ᠠᠴᠠ ᠮᠠᠯ ᠤᠨ ᠴᠢᠨᠠᠷ ᠴᠢᠨᠰᠠᠭ᠎ᠠ ᠶᠢ ᠬᠦᠭᠡᠭᠡᠴᠡᠯᠳᠦᠬᠦ ᠴᠠᠭ ᠦᠶ᠎ᠡ ᠳᠤ ᠤᠷᠤᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡᠨ ᠤ ᠠᠵᠤ ᠦᠶᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ  ᠶᠢᠨ ᠠᠷᠭ᠎ᠠ ᠠᠪᠴᠠᠯ ᠤᠳ ᠢ ᠭᠦᠢᠴᠡᠳ ᠰᠠᠶᠢᠨ ᠠᠰᠢᠭᠯᠠᠨ᠂ ᠴᠠᠭᠠᠨ ᠢᠳᠡᠭᠡᠨ ᠤ ᠠᠵᠤ ᠦᠶᠯᠡᠰ ᠤᠨ ᠬᠦᠷᠢᠶᠡᠯᠡᠩ  ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶᠡᠴᠢ ᠬᠦᠷᠢᠶᠡᠯᠡᠩ ᠪᠣᠯᠭᠠᠬᠤ ᠪᠠᠷ ᠴᠢᠷᠮᠠᠶᠢᠵᠤ᠂ ᠰᠢᠯᠢ ᠶᠢᠨ ᠭᠤᠤᠯ ᠠᠶᠢᠮᠠᠭ ᠤᠨ ᠤᠯᠠᠮᠵᠢᠯᠠᠯᠲᠤ ᠴᠠᠭᠠᠨ ᠢᠳᠡᠭᠡ ᠶᠢ ᠠᠮᠲᠠᠯᠠᠵᠤ ᠦᠨᠡᠯᠡᠬᠦ ᠬᠤᠷᠠᠯ ᠢ ᠦᠨᠳᠦᠷ ᠲᠦᠪᠰᠢᠨ ᠳᠤ ᠳᠠᠭᠠᠭᠠᠴᠢᠯᠠᠨ ᠡᠷᠬᠢᠯᠡᠵᠦ᠂ ᠪᠥᠬᠦ ᠬᠤᠰᠢᠭᠤᠨ ᠤ ᠴᠠᠭᠠᠨ ᠢᠳᠡᠭᠡᠨ ᠤ ᠠᠵᠤ ᠦᠶᠯᠡᠰ ᠤᠨ ᠴᠢᠨᠠᠷᠯᠢᠭ ᠬᠦᠭᠵᠢᠯᠲᠡ  ᠶᠢ ᠲᠡᠳᠬᠦᠨ ᠠᠬᠢᠭᠤᠯᠤᠨ᠎ᠠ᠃ ᠠᠵᠤ ᠦᠢᠯᠡᠳᠪᠦᠷᠢᠯᠡᠯ ᠤᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠠᠶᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠶᠯᠡᠰ ᠤᠨ ᠬᠡᠯᠬᠢᠶ᠎ᠡ᠂ ᠬᠤᠪᠣᠷ ᠲᠡᠮᠦᠷᠯᠢᠭ ᠤᠨ ᠠᠵᠤ ᠦᠶᠯᠡᠰ ᠤᠨ ᠬᠡᠯᠬᠢᠶ᠎ᠡ᠂ ᠪᠢᠴᠢᠯ ᠴᠠᠬᠢᠯᠭᠠᠨ ᠬᠦᠴᠦᠨ  ᠤ ᠲᠣᠤᠷ + ᠲᠡᠷᠢᠭᠦᠨ ᠤ ᠡᠨᠧᠷᠭᠢ ᠶᠢᠨ ᠠᠴᠢᠶᠠᠯᠠᠪᠤᠷᠢ ᠶᠢᠨ ᠠᠵᠤ ᠦᠶᠯᠡᠰ ᠤᠨ ᠬᠡᠯᠬᠢᠶ᠎ᠡ᠂ ᠰᠢᠨ᠎ᠡ ᠬᠡᠯᠪᠡᠷᠢ ᠶᠢᠨ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠬᠤ ᠳᠤ ᠰᠠᠭᠤᠷᠢᠯᠠᠨ᠂ ᠠᠵᠤ ᠦᠢᠯᠡᠳᠪᠦᠷᠢᠯᠡᠯ ᠤᠨ ᠲᠣᠭᠤᠷᠢᠭ ᠢ ᠰᠡᠷᠭᠦᠭᠡᠵᠦ᠂ ᠠᠵᠤ ᠦᠢᠯᠡᠳᠪᠦᠷᠢᠯᠡᠯ ᠤᠨ ᠲᠥᠷᠥᠯ ᠵᠦᠶᠯ ᠢ ᠡᠮᠬᠢ ᠴᠡᠭᠴᠡ ᠲᠠᠢ ᠪᠠᠶᠢᠷᠢᠯᠠᠭᠤᠯᠤᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠪᠴᠢᠶ᠎ᠡ ᠶᠢ ᠶᠡᠬᠡᠰᠬᠡᠬᠦ ᠪᠠ ᠤᠳᠤ ᠪᠠᠶᠢᠭ᠎ᠠ ᠠᠵᠤ ᠠᠬᠤᠶᠢᠯᠠᠯ ᠤᠨ ᠪᠤᠬᠢᠷᠳᠤᠯ ᠦᠭᠡᠢ ᠠᠵᠤ ᠠᠬᠤᠶᠢᠯᠠᠯ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠪᠤᠯᠠᠭᠳᠠᠴᠠ ᠶᠢᠨ ᠬᠠᠶᠢᠨ ᠰᠢᠨᠵᠢᠯᠡᠯᠲᠡ ᠶᠢᠨ ᠬᠦᠳᠡᠯᠭᠡᠭᠡᠨ ᠤ ᠴᠠᠭ ᠲᠣᠬᠢᠶᠠᠯ ᠢ ᠴᠢᠩᠭ᠎ᠠ ᠠᠳᠬᠤᠵᠤ᠂ ᠠᠭᠤᠷᠬᠠᠶ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢᠨ ᠰᠢᠨ᠎ᠡ ᠨᠢᠭᠡᠨ ᠱᠠᠲᠤᠨ ᠳᠤ ᠰᠢᠯᠵᠢᠬᠦ ᠠᠬᠢᠴᠠ ᠶᠢ ᠲᠦᠷᠭᠡᠳᠬᠡᠨ᠎ᠡ᠃ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠨ ᠠᠰᠢᠭᠯᠠᠯᠲᠠ ᠳᠤ ᠤᠷᠤᠭᠤᠯᠵᠤ᠂ ᠹᠣᠰᠹᠣᠷ ᠬᠦᠴᠢᠯ ᠤᠨ ᠲᠡᠮᠦᠷ ᠯᠢᠲ᠋ᠢ᠂ ᠡᠨᠧᠷᠭᠢ ᠬᠠᠳᠠᠭᠠᠯᠠᠬᠤ ᠰᠢᠰᠲ᠋ᠧᠮ ᠤᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠬᠠᠶᠢᠯᠤᠭᠤᠷ ᠵᠣᠩᠰᠢ ᠶᠢᠨ ᠬᠦᠳᠡᠷ ᠢ ᠮᠠᠯᠲᠠᠬᠤ ᠵᠡᠷᠭᠡ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠨ᠎ᠡ᠃ ᠬᠢᠮᠳᠠ ᠪᠦᠭᠡᠳ ᠪᠣᠬᠢᠷᠲᠤᠯ ᠥᠬᠡᠶ ᠴᠠᠬᠢᠯᠭᠠᠨ ᠬᠦᠴᠦᠨ ᠤ ᠳᠠᠪᠠᠭᠤᠯᠢᠭ ᠢ ᠠᠰᠢᠭᠯᠠᠨ᠂ ᠴᠠᠬᠢᠯᠭᠠᠨ ᠤ ᠦᠨ᠎ᠡ ᠳᠤ ᠲᠤᠰᠬᠠᠯ ᠶᠡᠬᠡᠲᠡᠢ ᠠᠵᠤ ᠠᠬᠤᠶᠢᠯᠠᠯ ᠢ ᠲᠠᠲᠠᠨ ᠤᠷᠤᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ ᠪᠠ ᠠᠭᠤᠷᠬᠠᠶ ᠶᠢᠨ ᠬᠠᠶᠠᠭᠳᠠᠮᠠᠯ ᠢ ᠨᠠᠷᠢᠯᠢᠭ ᠡᠳ᠋ᠰᠢᠭᠦᠯᠬᠦ ᠲᠥᠷᠥᠯ ᠵᠦᠶᠯ ᠢ ᠲᠦᠯᠬᠢᠨ ᠠᠬᠢᠭᠤᠯᠤᠨ᠎ᠠ᠃ ᠸᠣᠯᠹᠷᠠᠮ ᠪᠢᠰᠮᠦ᠋ᠲ ᠮᠦᠩᠭᠦᠨ ᠤ ᠲᠡᠮᠦᠷᠯᠢᠭ ᠤᠨ ᠠᠭᠤᠷᠬᠠᠢ ᠶᠢᠨ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠠᠵᠢᠯ  ᠤᠨ ᠠᠬᠢᠴᠠ ᠶᠢ ᠲᠦᠷᠭᠡᠳᠬᠡᠵᠦ᠂ ᠲᠤᠰ ᠵᠢᠯ ᠳᠡᠭᠡᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠪᠠᠷ ᠴᠢᠷᠮᠠᠶᠢᠨ᠎ᠠ᠃ ᠰᠠᠯᠬᠢᠨ ᠤ ᠡᠨᠧᠷᠭᠢ ᠪᠠ ᠭᠡᠷᠡᠯ ᠤᠨ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠂ ᠣᠨᠴᠠ ᠥᠨᠳᠥᠷ ᠬᠦᠴᠦᠳᠡᠯ ᠤᠨ ᠭᠤᠷᠪᠠᠳᠤᠭᠠᠷ ᠪᠦᠯᠦᠭ ᠤᠨ ᠲᠣᠮᠣ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 40 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠨ᠂ ᠲᠤᠰ ᠵᠢᠯ ᠳᠡᠭᠡᠨ ᠴᠠᠬᠢᠯᠭᠠᠨ ᠬᠦᠴᠦᠨ ᠤ ᠲᠤᠤᠷ ᠰᠦᠯᠵᠢᠶᠡᠨ ᠳᠤ ᠵᠠᠯᠭᠠᠨ ᠤᠷᠤᠭᠤᠯᠤᠨ᠎ᠠ᠃  ᠦᠢᠯᠡᠴᠢᠯᠡᠭᠡᠨ ᠤ ᠦᠢᠯᠡᠰ ᠤᠨ ᠴᠢᠨᠠᠷ ᠴᠢᠨᠰᠠᠭ᠎ᠠ ᠪᠠ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠡᠯᠬᠢᠶ᠎ᠡ ᠪᠤᠯᠤᠨ ᠠᠭᠠᠷ ᠤᠨ ᠳᠤᠤᠷᠠᠳᠤ ᠲᠠᠪᠬᠤᠷᠭ᠎ᠠ ᠶᠢᠨ ᠠᠵᠤ ᠠᠬᠤᠶ ᠶᠢᠨ ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠬᠤ ᠳᠤ ᠰᠠᠭᠤᠷᠢᠯᠠᠨ᠂ ᠦᠶᠯᠡᠴᠢᠯᠡᠭᠡᠨ ᠤ ᠦᠶᠯᠡᠰ ᠤᠨ ᠲᠡᠰ ᠲᠡᠪᠰᠢᠬᠦ ᠶᠢ ᠬᠥᠲᠥᠯᠥᠨ ᠤᠷᠤᠭᠰᠢᠯᠠᠭᠤᠯᠤᠨ᠎ᠠ᠃ ︽ᠲᠤᠷᠭᠠᠨ ᠨᠤᠲᠤᠭ ᠬᠥᠪᠡᠭᠡᠲᠦ ᠰᠢᠷ᠎ᠠ ·ᠠᠰᠤᠷᠤ ᠠᠶᠠᠯᠭᠤ  ᠶᠢᠨ ᠦᠯᠦᠭᠡᠢ︾ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠦᠨ᠂ ᠵᠤᠰᠠᠯᠠᠩ ᠢᠶᠠᠷ ᠭᠤᠤᠯᠯᠠᠭᠤᠯᠤᠭᠰᠠᠨ ᠰᠤᠷᠴᠤ ᠰᠤᠳᠤᠯᠬᠤ ᠠᠶᠠᠯᠠᠯ᠂ ᠮᠠᠯᠴᠢᠨ ᠠᠶᠢᠯ ᠢᠶᠠᠷ ᠭᠤᠤᠯᠯᠠᠭᠤᠯᠤᠭᠰᠠᠨ ᠵᠠᠩ ᠦᠢᠯᠡ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠮᠤᠩᠭᠤᠯ ᠮᠤᠷᠢᠨ ᠤ ᠬᠤᠯᠪᠤᠭᠠᠲᠤ ᠤᠷᠤᠯᠳᠤᠭᠠᠨ᠂ ᠨᠠᠭᠠᠳᠤᠮ ᠤᠨ ᠬᠤᠷᠠᠯ ᠵᠡᠷᠭᠡ ᠬᠦᠳᠡᠯᠭᠡᠭᠡᠨ ᠢ ᠦᠷᠭᠦᠯᠵᠢᠯᠡᠨ ᠡᠷᠬᠢᠯᠡᠨ ᠶᠠᠪᠤᠭᠳᠠᠭᠤᠯᠤᠨ᠎ᠠ᠃ ᠪᠦᠬᠦ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠨ ᠤ ᠵᠤᠭᠠᠴᠠᠯ ᠤᠨ ᠵᠠᠮ ᠱᠤᠭᠤᠮ ᠤᠨ ᠪᠠᠶᠢᠭᠤᠯᠤᠯᠲᠠ ᠳᠤ ᠤᠷᠤᠯᠴᠠᠬᠤ ᠲᠠᠢ ᠤᠶᠠᠯᠳᠤᠭᠤᠯᠤᠨ᠂ ᠬᠤᠩᠭᠤᠷ ᠣᠪᠣᠭ᠎ᠠ᠂ ᠬᠠᠶ᠋ᠢᠩᠬᠢᠷᠸ᠎ᠠ ᠰᠦᠮ᠎ᠡ᠂ ᠠᠳᠤᠭᠤᠨ ᠰᠣᠶᠣᠯ ᠤᠨ ᠮᠦᠽᠧᠢ᠂ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠦᠷᠲᠡᠭᠡ ᠵᠡᠷᠭᠡ ᠦᠪᠡᠷᠮᠢᠴᠡ ᠤᠨᠴᠠᠯᠢᠭ ᠪᠦᠬᠦᠢ ᠦᠵᠡᠮᠵᠢ ᠶᠢᠨ ᠴᠡᠭ ᠢ ᠵᠠᠯᠭᠠᠭᠤᠯᠵᠤ᠂ ᠰᠢᠷᠢᠰ ᠵᠢᠭᠤᠯᠴᠢᠯᠠᠯ ᠤᠨ ᠵᠠᠮ ᠱᠤᠭᠤᠮ ᠢ ᠪᠤᠢ ᠪᠤᠯᠭᠠᠨ᠂ ᠰᠤᠷᠴᠤ ᠰᠤᠳᠤᠯᠬᠤ ᠪᠦᠷᠢᠨ ᠦᠢᠯᠡᠴᠢᠯᠡᠭᠡ ᠶᠢ ᠬᠠᠩᠭᠠᠨ᠎ᠠ᠃ ᠨᠢᠰᠬᠡᠯ ᠤᠨ ᠪᠠᠭᠤᠳᠠᠯ ᠤᠨ ᠵᠦᠭᠡᠭᠡᠪᠦᠷᠢ ᠶᠢᠨ ᠦᠢᠯᠡᠴᠢᠯᠡᠭᠡ ᠶᠢ ᠲᠣᠭᠲᠠᠪᠤᠷᠢᠵᠢᠭᠤᠯᠵᠤ᠂ ᠠᠭᠠᠷ ᠤᠨ ᠠᠶᠠᠯᠠᠯ ᠤᠨ ᠵᠠᠮ ᠱᠤᠭᠤᠮ ᠤᠨ ᠨᠥᠬᠦᠴᠡᠯ ᠢ ᠠᠰᠢᠭᠯᠠᠨ᠂ ᠠᠭᠠᠷ ᠤᠨ ᠠᠶᠠᠯᠠᠯ  ᠤᠨ ᠦᠢᠯᠡᠰ ᠢ ᠬᠦᠭᠵᠢᠭᠦᠯᠬᠦ ᠰᠢᠨ᠎ᠡ ᠵᠠᠮ ᠢ ᠬᠠᠶᠢᠨ᠎ᠠ᠃ ᠭᠤᠷᠪᠠᠳᠠᠭᠴᠢ ᠡᠲᠡᠭᠡᠳ ᠤᠨ ᠵᠦᠭᠡᠭᠡᠪᠦᠷᠢ ᠶᠢᠨ ᠦᠢᠯᠡᠰ  ᠢ ᠬᠦᠭᠵᠢᠭᠦᠯᠵᠦ᠂ ᠴᠠᠬᠢᠮ ᠬᠤᠳᠠᠯᠳᠤᠭᠠᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠦᠯᠳᠡᠭᠡᠨ ᠵᠦᠭᠡᠭᠡᠪᠦᠷᠢᠯᠡᠬᠦ ᠲᠦᠪ ᠪᠤᠯᠤᠨ ᠮᠠᠯᠵᠢᠬᠤ ᠤᠷᠤᠨ ᠤ ᠬᠤᠤᠰ ᠴᠢᠭᠯᠡᠯᠲᠦ ᠶᠡᠷᠦᠩᠬᠡᠶᠢᠯᠡᠭᠰᠡᠨ ᠵᠦᠭᠡᠭᠡᠪᠦᠷᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢ ᠬᠥᠭᠵᠢᠭᠡᠵᠦ᠂ ᠤᠯᠠᠮᠵᠢᠯᠠᠯᠲᠤ ᠦᠶᠯᠡᠴᠢᠯᠡᠭᠡᠨ ᠤ ᠦᠶᠯᠡᠰ ᠤᠨ ᠰᠢᠨ᠎ᠡ ᠬᠥᠭᠵᠢᠯᠲᠡ ᠶᠢ ᠳᠠᠶᠢᠴᠢᠯᠠᠨ᠎ᠠ᠃ ︵ᠭᠤᠷᠪᠠ︶ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠤᠯᠤᠰ ᠤᠨ ᠲᠡᠰ ᠤᠨ ᠠᠮᠢ ᠠᠬᠤᠢ ᠶᠢᠨ ᠪᠣᠯᠪᠠᠰᠤᠨ ᠤ ᠵᠢᠱᠢᠶᠡᠴᠢ ᠬᠤᠰᠢᠭᠤ ᠶᠢ ᠢᠳᠡᠪᠬᠢᠲᠡᠢ ᠴᠤᠭᠴᠠᠯᠠᠨ ᠪᠠᠶᠢᠭᠤᠯᠤᠨ᠎ᠠ᠃ ᠤᠯᠤᠰ ᠤᠨ ᠲᠡᠰ ᠤᠨ ᠠᠮᠢ ᠠᠬᠤᠢ ᠶᠢᠨ ᠪᠣᠯᠪᠠᠰᠤᠨ ᠤ ᠵᠢᠱᠢᠶᠡᠴᠢ ᠬᠤᠰᠢᠭᠤ ᠶᠢ ᠢᠳᠡᠪᠬᠢᠲᠡᠢ ᠴᠤᠭᠴᠠᠯᠠᠨ ᠪᠠᠶᠢᠭᠤᠯᠤᠨ᠎ᠠ᠃ ᠠᠮᠢ ᠠᠬᠤᠶ ᠶᠢ ᠲᠡᠷᠢᠭᠦᠨ ᠪᠠᠶᠢᠷᠢᠨ ᠳᠤ ᠲᠠᠯᠪᠢᠬᠤ ᠪᠠ ᠪᠣᠬᠢᠷᠲᠤᠯ ᠥᠬᠡᠶ ᠬᠦᠭᠵᠢᠯᠲᠡ ᠶᠢᠨ ᠵᠠᠷᠴᠢᠮ ᠢ ᠴᠢᠩᠭ᠎ᠠ ᠵᠢᠷᠤᠮᠯᠠᠨ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠠᠵᠤ ᠠᠬᠤᠢ ᠶᠢᠨ ᠨᠡᠮᠡᠭᠳᠡᠯ ᠢ ᠪᠡᠶᠡᠯᠡᠭᠦᠯᠬᠦ ᠠᠵᠢᠯ ᠢ ᠰᠠᠶᠢᠲᠤᠷ ᠬᠢᠵᠦ᠂ ᠭᠤᠤᠯ ᠤᠨ ᠳᠠᠷᠤᠭ᠎ᠠ ᠶᠢᠨ ᠲᠦᠷᠢᠮ᠂ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠵᠡᠷᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠭᠠᠭᠤᠯᠢ ᠤᠳᠤᠨ ᠤ ᠵᠢᠷᠤᠭ ᠢᠶᠠᠷ ᠬᠠᠤᠯᠢ ᠬᠡᠷᠡᠭᠵᠢᠭᠦᠯᠦᠨ ᠪᠠᠶᠢᠴᠠᠭᠠᠬᠤ ᠡᠷᠴᠢᠮ  ᠢᠶᠠᠨ ᠴᠢᠩᠭᠠᠷᠠᠭᠤᠯᠵᠤ᠂ ᠬᠠᠤᠯᠢ ᠪᠤᠰᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠲᠦᠷᠢᠮ ᠢ ᠲᠡᠭᠦᠯᠳᠡᠷᠵᠢᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠬᠥᠪᠡᠭᠡᠲᠦ ᠰᠢᠷ᠎ᠠ ᠬᠤᠰᠢᠭᠤ ᠪᠠᠨ ᠨᠤᠮᠢᠨ ᠲᠩᠷᠢ ᠨᠤᠭᠤᠭᠠᠨ ᠲᠠᠯ᠎ᠠ ᠲᠠᠢ᠂ ᠰᠠᠭᠤᠷᠢᠰᠢᠨ ᠠᠮᠢᠳᠤᠷᠠᠬᠤ ᠪᠠ ᠲᠤᠭᠤᠷᠢᠨ ᠵᠢᠭᠤᠯᠴᠢᠯᠠᠬᠤ ᠳᠤ ᠲᠠᠭᠠᠲᠠᠢ᠂ ᠠᠵᠤ ᠠᠬᠤᠶ ᠬᠦᠭᠵᠢᠨ ᠪᠤᠵᠠᠭᠠᠶᠢᠷᠠᠭᠰᠠᠨ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠣᠷᠣᠰᠢᠬᠤ ᠤᠯᠤᠰ ᠤᠨ ᠲᠡᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ  ᠶᠢᠨ ᠵᠢᠱᠢᠶᠡᠴᠢ ᠬᠤᠰᠢᠭᠤ ᠪᠣᠯᠭᠠᠨ ᠪᠥᠲᠥᠭᠡᠨ ᠪᠠᠶᠢᠭᠤᠯᠤᠨ᠎ᠠ᠃  ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ ᠡᠷᠡᠰ ᠰᠢᠭᠤᠷᠬᠠᠢ ᠬᠢᠨ᠎ᠡ᠃ ᠳᠡᠭᠡᠳᠦ ᠱᠠᠲᠤᠨ ᠤ ᠪᠡᠯᠡ ᠤᠷᠤᠭᠤᠯᠤᠯᠲᠠ ᠪᠠ ᠨᠦᠬᠦᠪᠦᠷᠢ ᠮᠦᠩᠭᠦ ᠶᠢ ᠢᠳᠡᠪᠬᠢᠲᠡᠢ ᠡᠷᠡᠮᠡᠯᠵᠡᠯᠡᠨ᠂ ᠤᠯᠠᠨ ᠲᠦᠮᠡᠨ  ᠢ ᠳᠠᠶᠢᠴᠢᠯᠠᠨ ᠬᠦᠳᠡᠯᠮᠦᠷᠢ ᠳᠤ ᠤᠷᠤᠯᠴᠠᠭᠤᠯᠤᠨ ᠲᠡᠳᠬᠦᠬᠦ᠂ ᠬᠦᠴᠦ ᠬᠦᠳᠡᠯᠮᠦᠷᠢ ᠪᠠᠷ ᠨᠢ ᠪᠡᠯᠡ ᠤᠷᠤᠭᠤᠯᠤᠯᠲᠠ ᠬᠢᠯᠭᠡᠬᠦ᠂ ᠪᠠᠶᠢᠭᠤᠯᠤᠭᠰᠠᠨ ᠤ ᠳᠠᠷᠠᠭ᠎ᠠ ᠨᠦᠬᠦᠪᠦᠷᠢᠯᠡᠬᠦ ᠵᠡᠷᠭᠡ ᠬᠡᠯᠪᠡᠷᠢ ᠪᠠᠷ ᠡᠯᠡᠰᠦ ᠶᠢ ᠵᠠᠰᠠᠬᠤ ᠠᠵᠢᠯᠯᠠᠭᠠᠨ ᠳᠤ ᠣᠷᠣᠯᠴᠠᠭᠤᠯᠤᠨ᠎ᠠ᠃ ︽ᠤᠮᠠᠷᠠᠲᠤ ᠶᠢᠨ ᠭᠤᠷᠪᠠᠨ ᠤᠷᠤᠨ︾ ᠤ ᠬᠠᠮᠠᠭᠠᠯᠠᠯᠲᠠ ᠶᠢᠨ ᠤᠢ ᠶᠢᠨ ᠢᠨᠵᠧᠨᠧᠷᠢᠩ ᠤᠨ ᠲᠦᠷᠦᠯ ᠵᠦᠢᠯ ᠢ ᠢᠳᠡᠪᠬᠢᠲᠡᠢ ᠲᠦᠰᠦᠪᠯᠡᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 5.5 ᠲᠦᠮᠡᠨ ᠮᠥ ᠪᠡᠶᠡᠯᠡᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠢᠶᠠᠷ 1.2 ᠲᠦᠮᠡᠨ ᠮᠥ ᠨᠤᠲᠤᠭ ᠪᠡᠯᠴᠢᠭᠡᠷ ᠢ ᠵᠠᠰᠠᠨ ᠰᠠᠶᠢᠵᠢᠷᠠᠭᠤᠯᠤᠨ᠎ᠠ᠃ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢ ᠴᠠᠬᠢᠯᠭᠠᠨ ᠨᠠᠷᠠᠨ ᠤ ᠡᠨᠧᠷᠭᠢ ᠶᠢᠨ ᠰᠤᠷᠪᠤᠯᠵᠢ ᠶᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠢ ᠬᠡᠷᠡᠭᠵᠢᠭᠦᠯᠦᠨ᠂ ᠨᠠᠷᠠᠨ ᠤ ᠡᠨᠧᠷᠭᠢ ᠪᠠᠷ ᠡᠯᠡᠰᠦᠷᠬᠡᠭᠵᠢᠯ ᠢ ᠵᠠᠰᠠᠬᠤ ᠲᠥᠷᠥᠯ ᠵᠦᠢᠯ ᠤᠨ ᠨᠦᠬᠦᠪᠦᠷᠢ ᠶᠢ ᠴᠢᠷᠮᠠᠶᠢᠨ ᠡᠷᠡᠮᠡᠯᠵᠡᠯᠡᠨ᠎ᠡ᠃ ᠡᠯᠡᠰᠦᠷᠬᠡᠭ ᠤᠷᠤᠨ ᠳᠤ ᠲᠤᠷᠰᠢᠯᠲᠠ ᠶᠢᠨ ᠲᠠᠷᠢᠮᠠᠯ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠲᠤᠬᠢᠷᠠᠭᠰᠠᠨ ᠡᠯᠡᠰᠦᠷᠬᠡᠭᠵᠢᠯ ᠢ ᠵᠠᠰᠠᠬᠤ ᠰᠢᠯᠢᠳᠡᠭ ᠤᠷᠭᠤᠮᠠᠯ  ᠤᠨ ᠦᠷ᠎ᠡ ᠶᠢ ᠲᠤᠷᠰᠢᠨ ᠲᠠᠷᠢᠨ᠎ᠠ᠃ ᠠᠮᠢ ᠠᠬᠤᠶ ᠶᠢᠨ ᠡᠯᠡᠰᠦᠷᠬᠡᠭᠵᠢᠯ ᠢ ᠵᠠᠰᠠᠬᠤ ᠰᠢᠨ᠎ᠡ ᠵᠠᠭᠪᠤᠷ ᠢ ᠤᠷᠤᠭᠤᠯᠵᠤ ᠂ ᠡᠯᠡᠰᠦᠷᠬᠡᠭ ᠭᠠᠵᠠᠷ ᠲᠠᠬᠢ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠵᠠᠮ ᠢ ᠬᠠᠶᠢᠨ ᠰᠦᠪᠡᠭᠴᠢᠯᠡᠨ᠂ ᠠᠮᠢ ᠠᠬᠤᠶ ᠶᠢ ᠰᠠᠶᠢᠵᠢᠷᠠᠭᠤᠯᠬᠤ ᠪᠤᠯᠤᠨ ᠮᠠᠯᠴᠢᠳ ᠲᠤ ᠣᠷᠣᠯᠭ᠎ᠠ ᠡᠭᠦᠳᠬᠦ ᠶᠢ ᠵᠡᠷᠭᠡᠪᠡᠷ ᠶᠠᠪᠤᠭᠳᠠᠭᠤᠯᠬᠤ ᠶᠢ ᠪᠡᠶᠡᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠦᠷᠭᠦᠯᠵᠢᠯᠡᠨ ᠦᠷᠨᠢᠭᠦᠯᠦᠨ᠎ᠡ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠦᠷᠦᠰᠦᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠨ᠎ᠡ᠃ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠴᠡᠭᠴᠡᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠭᠤᠷᠬᠠᠶ  ᠶᠢᠨ ᠤᠷᠴᠢᠨ ᠲᠤᠭᠤᠷᠢᠨ ᠤ ᠴᠡᠭᠴᠡᠯᠡᠯᠲᠡ ᠪᠤᠯᠤᠨ ᠪᠤᠬᠢᠷᠳᠤᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠤᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠰᠢᠨᠡᠪᠤᠯᠠᠭ ᠪᠠᠯᠭᠠᠰᠤᠨ ᠤ ᠪᠣᠬᠢᠷ ᠤᠰᠤ ᠶᠢ ᠴᠡᠪᠡᠷᠰᠢᠭᠦᠯᠬᠦ ᠦᠷᠲᠡᠭᠡᠨ ᠤ ᠦᠯᠡᠳᠡᠭᠳᠡᠯ ᠤᠰᠤ ᠶᠢ ᠠᠰᠢᠭᠯᠠᠬᠤ ᠵᠤᠬᠢᠶᠠᠮᠠᠯ ᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠤᠯᠤᠨ ᠠᠯᠲᠠᠨ ᠮᠤᠳᠤ ᠦᠶᠡᠷ ᠤᠨ ᠭᠤᠤ ᠶᠢ ᠵᠠᠰᠠᠬᠤ ᠲᠥᠷᠥᠯ ᠵᠦᠢᠯ ᠢ ᠪᠡᠶᠡᠯᠡᠭᠦᠯᠦᠨ᠎ᠡ᠃ ᠴᠠᠭᠠᠨᠨᠠᠭᠤᠷ ᠤᠨ ᠤᠷᠤᠰᠬᠠᠯ ᠭᠠᠵᠠᠷ ᠤᠨ ᠵᠢᠵᠢᠭ ᠤᠷᠤᠰᠬᠠᠯ ᠢ ᠵᠠᠰᠠᠬᠤ ᠡᠭᠦᠷᠭᠡ ᠪᠠᠨ ᠪᠡᠶᠡᠯᠡᠭᠦᠯᠦᠨ᠎ᠡ᠃ ᠠᠭᠠᠷ ᠤᠨ ᠴᠡᠪᠡᠷᠴᠡ ᠶᠢ ᠰᠠᠶᠢᠵᠢᠷᠠᠭᠤᠯᠬᠤ ᠬᠦᠳᠡᠯᠭᠡᠭᠡᠨ ᠦᠷᠨᠢᠭᠦᠯᠵᠦ᠂ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠬᠡᠮᠵᠢᠭᠳᠡᠯ ᠢ ᠳᠡᠭᠡᠭᠰᠢᠯᠡᠭᠦᠯᠦᠨ᠎ᠡ᠃ ᠭᠠᠳᠠᠭᠠᠳᠤ ᠠᠴᠠ ᠣᠷᠣᠵᠤ ᠢᠷᠡᠭᠰᠡᠨ ᠤᠷᠭᠤᠮᠠᠯ ᠤᠨ ᠪᠠᠶᠢᠴᠠᠭᠠᠯᠲᠠ ᠶᠢ ᠥᠷᠨᠢᠭᠦᠯᠵᠦ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠠ᠃ ᠬᠤᠲᠠ ᠪᠠᠯᠭᠠᠰᠤᠨ ᠤ ᠦᠮᠡᠬᠡᠶ ᠪᠣᠬᠢᠷ ᠤᠰᠤ ᠶᠢ ᠪᠠᠶᠢᠴᠠᠭᠠᠨ ᠴᠡᠭᠴᠡᠯᠡᠨ᠎ᠡ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠡᠭᠦᠷᠭᠡ ᠪᠠᠨ ᠡᠷᠡᠰ ᠪᠡᠶᠡᠯᠡᠭᠦᠯᠦᠨ᠎ᠡ᠃  ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠲᠠᠪᠤ ᠶᠢ ᠦᠨᠳᠦᠰᠦᠨ ᠠᠴᠠ ᠨᠢ ᠴᠡᠭᠴᠡᠯᠡᠬᠦ︾ ᠠᠵᠢᠯᠯᠠᠭ᠎ᠠ ᠶᠢᠨ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠵᠠᠷ ᠰᠢᠷᠣᠶ ᠶᠢᠨ ᠠᠰᠢᠭᠯᠠᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠬᠢ ᠪᠠᠶᠠᠯᠢᠭ ᠤᠨ ᠨᠡᠭᠡᠭᠡᠨ ᠠᠰᠢᠭᠯᠠᠯᠲᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠵᠡᠷᠭᠡ ᠬᠦᠷᠢᠶ᠎ᠡ ᠴᠠᠷ᠎ᠠ ᠳᠠᠬᠢ ᠪᠦᠷᠢᠯᠭᠡᠨ ᠰᠦᠶᠳᠬᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠶ᠂ ᠠᠭᠤᠷᠬᠠᠶ᠂ ᠮᠠᠲ᠋ᠧᠷᠢᠶᠠᠯ ᠢ ᠪᠥᠬᠦ ᠲᠠᠯ᠎ᠠ ᠪᠠᠷ ᠠᠷᠪᠢᠯᠠᠬᠤ ᠶᠢ ᠠᠬᠢᠭᠤᠯᠤᠨ᠎ᠠ᠃ ᠠᠮᠢ ᠠᠬᠤᠢ ᠶᠢᠨ ᠨᠡᠭᠦᠷᠡᠰᠦᠲᠥ᠋ᠷᠥᠭᠴᠢ ᠶᠢᠨ ᠠᠷᠠᠯᠵᠢᠶᠠᠨ ᠤ ᠲᠤᠭᠤᠷᠢᠨ ᠳᠤ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠨ᠎ᠠ᠃ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠦᠨ᠂ ᠲᠠᠷᠢᠶᠠᠯᠠᠩ ᠳᠤ ᠤᠰᠤ ᠠᠷᠪᠢᠯᠠᠵᠤ ᠦᠷ᠎ᠡ ᠠᠰᠢᠭ ᠨᠡᠮᠡᠭᠳᠡᠭᠦᠯᠬᠦ᠂ ᠠᠵᠤ ᠦᠢᠯᠡᠳᠪᠦᠷᠢᠯᠡᠯ ᠳᠤ ᠤᠰᠤ ᠠᠷᠪᠢᠯᠠᠵᠤ ᠬᠠᠶᠠᠭᠳᠠᠮᠠᠯ ᠤᠰᠤ ᠶᠢ ᠪᠠᠭᠠᠰᠬᠠᠬᠤ᠂ ᠬᠤᠲᠠ ᠪᠠᠯᠭᠠᠰᠤᠨ ᠳᠤ ᠤᠰᠤ ᠠᠷᠪᠢᠯᠠᠵᠤ ᠰᠦᠢᠳᠦᠯ ᠢ ᠪᠠᠭᠠᠰᠬᠠᠬᠤ ᠵᠢᠴᠢ ᠴᠡᠪᠡᠷᠰᠢᠭᠦᠯᠦᠭᠰᠡᠨ ᠤᠰᠤ ᠶᠢ ᠲᠠᠬᠢᠨᠲᠠ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ 2024 ᠣᠨ ᠤ ᠬᠢᠨᠠᠨ ᠵᠦᠪᠰᠢᠶᠡᠷᠡᠭᠰᠡᠨ ᠪᠤᠯᠪᠠᠴᠤ ᠭᠠᠵᠠᠷ ᠰᠢᠷᠤᠢ ᠬᠠᠩᠭᠠᠭᠰᠠᠨ ᠥᠬᠡᠶ ᠠᠰᠠᠭᠤᠳᠠᠯ ᠢ ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠭᠤᠷᠪᠠᠳᠤᠭᠠᠷ ᠤᠳᠠᠭᠠᠨ ᠤ ᠪᠠᠶᠢᠴᠠᠭᠠᠯᠲᠠ ᠶᠢᠨ ᠦᠨᠡᠯᠡᠨ ᠲᠤᠭᠲᠠᠭᠠᠯᠲᠠ ᠳᠤ ᠲᠤᠬᠢᠷᠠᠭᠤᠯᠤᠯᠲᠠ ᠬᠢᠬᠦ ᠪᠠ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃  ︵ᠳᠦᠷᠪᠡ︶ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠦᠴᠦᠨ ᠢ ᠬᠥᠭᠵᠢᠭᠡᠨ᠎ᠡ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠰᠢᠯᠢᠳᠡᠭᠵᠢᠭᠦᠯᠦᠨ᠎ᠡ᠃ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢᠶᠠᠷ ᠨᠢᠭᠡᠲᠦᠯᠲᠡᠢ ᠲᠤᠬᠢᠷᠠᠭᠤᠯᠵᠤ᠂ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠦᠷᠨᠢᠭᠦᠯᠦᠨ᠂ ᠵᠠᠰᠠᠭ ᠤᠨ ᠤᠷᠳᠤᠨ ᠲᠡᠷᠢᠭᠦᠯᠡᠨ ᠢᠲᠡᠭᠡᠯ ᠵᠢᠷᠤᠮ ᠢ ᠪᠠᠷᠢᠮᠲᠠᠯᠠᠵᠤ᠂ ᠠᠮᠠᠯᠠᠯᠲᠠ ᠴᠤᠴᠠᠯᠠᠬᠤ ᠪᠠ ᠰᠢᠨ᠎ᠡ ᠲᠤᠮᠢᠯᠠᠭᠳᠠᠭᠰᠠᠨ ᠤᠳᠤᠷᠢᠳᠤᠯᠭ᠎ᠠ ᠦᠯᠡᠳᠡᠭᠳᠡᠯ ᠠᠰᠠᠭᠤᠳᠠᠯ ᠢ ᠬᠠᠶᠢᠬᠤᠷᠬᠤ ᠦᠭᠡᠢ ᠪᠠᠶᠢᠬᠤ ᠶᠢ ᠬᠦᠴᠦᠯᠡᠨ ᠵᠠᠯᠠᠷᠠᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ ᠪᠠ ᠬᠠᠤᠯᠢ ᠴᠠᠭᠠᠵᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠷᠢᠰ ᠠᠷᠭ᠎ᠠ ᠬᠡᠮᠵᠢᠶ᠎ᠡ ᠶᠢ ᠨᠢᠭᠡᠳᠬᠡᠨ᠂ ︽ᠬᠦᠪᠡᠭᠡᠲᠦ ᠰᠢᠷ᠎ᠠ ᠶᠢᠨ ᠰᠠᠶᠢᠨ ᠦᠢᠯᠡᠴᠢᠯᠡᠭᠡ︾  ᠶᠢᠨ ᠨᠡᠷ᠎ᠡ ᠠᠯᠳᠠᠷᠰᠢᠯ ᠢ ᠬᠦᠴᠦᠯᠡᠨ ᠳᠡᠭᠡᠭᠰᠢᠯᠡᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠪᠦᠬᠦ ᠬᠦᠴᠦᠨ  ᠢᠶᠠᠷ ᠳᠡᠭᠡᠭᠰᠢᠯᠡᠭᠦᠯᠦᠨ᠂ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ︽ᠠᠰᠠᠷᠠᠭᠴᠢ︾ ᠮᠠᠶ᠋ᠢᠭ ᠤᠨ ᠦᠶᠯᠡᠴᠢᠯᠡᠭᠡ  ᠶᠢ ᠪᠤᠳᠠᠲᠠᠶᠢᠵᠢᠭᠤᠯᠤᠨ᠂ ︽ᠨᠢᠭᠡ ᠤᠴᠢᠷ ᠢ ᠨᠢᠭᠡᠯᠡ ᠤᠳᠠᠭ᠎ᠠ ᠳᠤ ᠭᠦᠶᠴᠡᠳᠬᠡᠬᠦ︾ ᠪᠤᠯᠤᠨ ᠦᠨᠳᠦᠰᠦᠨ ᠱᠠᠲᠤᠨ  ᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠬᠡᠷᠡᠭᠵᠢᠭᠦᠯᠵᠦ᠂ ︽ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ︽ᠲᠤᠲᠠᠭᠤ ᠮᠠᠲ᠋ᠧᠷᠢᠶᠠᠯ ᠢᠶᠠᠨ ᠨᠦᠬᠦᠪᠦᠷᠢᠯᠡᠨ ᠲᠤᠰᠢᠶᠠᠬᠤ ᠶᠢ ᠠᠮᠠᠯᠳᠠᠨ ᠭᠦᠢᠴᠡᠳᠬᠡᠬᠦ︾ ᠲᠤᠭᠲᠠᠯᠴᠠᠭ᠎ᠠ ᠶᠢ ᠬᠡᠷᠡᠭᠵᠢᠭᠦᠯᠵᠦ᠂ ᠥᠨᠳᠥᠷ ᠳᠠᠪᠲᠠᠮᠵᠢᠲᠤ ︽ᠦᠨᠡᠮᠯᠡᠯ ᠬᠠᠩᠭᠠᠬᠤ ᠥᠬᠡᠶ ᠪᠠᠷ ᠭᠦᠶᠴᠡᠳᠬᠡᠬᠦ︾ ᠬᠡᠷᠡᠭ ᠤᠨ ᠵᠦᠶᠯᠡᠰ  ᠢ ᠦᠷᠭᠦᠯᠵᠢᠯᠡᠨ ᠡᠮᠬᠢᠯᠡᠨ ᠨᠡᠶᠢᠲᠡᠯᠡᠵᠦ᠂ ᠭᠦᠶᠴᠡᠳᠬᠡᠬᠦ ᠴᠠᠭ ᠢ ᠪᠤᠭᠤᠨᠢᠰᠬᠠᠨ᠂ ᠠᠵᠤ ᠠᠬᠤᠶᠢᠯᠠᠯ ᠤᠨ ︽ᠮᠠᠲ᠋ᠧᠷᠢᠶᠠᠯ ᠲᠤᠲᠠᠭᠰᠠᠨ ᠠᠴᠠ ᠭᠦᠢᠴᠡᠳᠬᠡᠬᠦ ᠳᠤ ᠬᠦᠴᠢᠷ︾ ᠪᠤᠯᠤᠭᠰᠠᠨ ᠠᠰᠠᠭᠤᠳᠠᠯ ᠢ ᠰᠢᠢᠳᠪᠦᠷᠢᠯᠡᠵᠦ᠂ ᠬᠢᠨᠠᠨ ᠵᠦᠪᠰᠢᠶᠡᠷᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠣᠯᠠᠨ ᠲᠦᠮᠡᠨ ᠤ ᠢᠷᠡᠵᠦ ᠶᠠᠪᠤᠬᠤ ᠤᠳᠠᠭ᠎ᠠ ᠶᠢ ᠪᠠᠭᠠᠰᠬᠠᠨ᠎ᠠ᠃  ᠰᠢᠨᠵᠢᠯᠡᠬᠦ ᠤᠬᠠᠭᠠᠨ ᠮᠡᠷᠭᠡᠵᠢᠯ ᠤᠨ ︽ᠪᠤᠭᠤᠮᠲᠠ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠬᠦᠳᠡᠯᠭᠡᠭᠡᠨ ᠢᠶᠠᠷ ᠵᠢᠯᠤᠭᠤᠳᠤᠯᠭ᠎ᠠ ᠪᠤᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠂ ᠮᠡᠷᠭᠡᠵᠢᠯ ᠤᠨ ᠭᠡᠷ᠎ᠡ ᠶᠢ ᠬᠢᠨᠠᠨ ᠲᠣᠭᠲᠠᠭᠠᠵᠤ ᠳᠠᠩᠰᠠᠯᠠᠬᠤ ᠪᠠ ᠮᠡᠷᠭᠡᠵᠢᠯ ᠤᠨ ᠦᠷ᠎ᠡ ᠪᠦᠲᠦᠭᠡᠯ ᠢ ᠳᠡᠩᠰᠡᠯᠡᠨ ᠲᠡᠮᠳᠡᠭᠯᠡᠬᠦ ᠠᠵᠢᠯ ᠢ ᠰᠠᠶᠢᠲᠤᠷ ᠬᠢᠨ᠎ᠠ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠮᠲᠤᠷᠠᠯᠴᠠᠨ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠮᠵᠢ ᠶᠢᠨ ᠬᠡᠯᠪᠡᠷᠢ ᠶᠢ ᠬᠤᠪᠢᠷᠠᠭᠤᠯᠬᠤ ᠪᠠ ᠦᠷᠭᠡᠳᠬᠡᠨ ᠳᠡᠯᠭᠡᠷᠡᠭᠦᠯᠬᠦ ᠶᠢ ᠰᠠᠶᠢᠳᠤᠷ ᠪᠡᠶᠡᠯᠡᠭᠦᠯᠵᠦ᠂ ᠰᠢᠨᠵᠢᠯᠡᠭᠡ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠳᠤ ᠬᠦᠴᠦᠨ ᠨᠡᠮᠡᠷᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠬᠥᠮᠥᠷᠭᠡ ᠪᠠᠶᠢᠭᠤᠯᠵᠤ᠂ ᠠᠵᠤ ᠠᠬᠤᠶᠢᠯᠠᠯ ᠢ ᠳᠡᠮᠵᠢᠨ ᠣᠷᠣᠨ ᠪᠠ ᠠᠶᠢᠮᠠᠭ ᠤᠨ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠤᠷᠢᠭᠵᠢᠭᠤᠯᠤᠯ ᠤᠨ ᠲᠦᠷᠦᠯ ᠵᠦᠢᠯ ᠢ ᠢᠳᠡᠪᠬᠢᠲᠡᠢ ᠡᠷᠡᠮᠡᠯᠵᠡᠯᠡᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ ᠬᠡᠯᠪᠡᠷᠢ ᠶᠢᠨ ᠠᠵᠤ ᠠᠬᠤᠶᠢᠯᠠᠯ ᠤᠨ ︽ᠳᠠᠬᠢᠨ ᠢᠶᠠᠷ ᠨᠡᠮᠡᠭᠳᠡᠭᠦᠯᠬᠦ︾ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃  ᠭᠤᠣᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠳᠡᠭᠡᠳᠦ ᠬᠡᠮᠵᠢᠶ᠎ᠡ ᠪᠠᠷ ᠬᠦᠨᠳᠦᠳᠬᠡᠨ᠂ ᠴᠢᠨᠠᠷ ᠰᠠᠶᠢᠲᠠᠶ ᠪᠡᠶᠡᠯᠡᠭᠦᠯᠵᠦ᠂ ᠠᠵᠤ ᠠᠬᠤᠶ ᠶᠢᠨ ᠪᠠᠶᠢᠳᠠᠯ ᠢ ᠲᠣᠳᠣᠷᠬᠠᠶ ᠤᠶᠢᠯᠠᠭᠠᠨ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠴᠢᠭᠯᠡᠯ ᠢ ᠵᠦᠪ ᠲᠤᠭᠲᠠᠭᠠᠨ᠎ᠠ᠃ ᠲᠥᠷᠥ ᠶᠢᠨ ᠪᠣᠳᠣᠯᠭ᠎ᠠ ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠢ ᠪᠠᠳᠠᠷᠠᠭᠤᠯᠤᠨ᠂ ᠦᠶᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠨ ᠪᠤᠵᠠᠭᠠᠶᠢᠷᠬᠠᠤ ᠶᠢ ᠵᠣᠷᠢᠭᠵᠢᠭᠤᠯᠤᠨ᠂ ︽ᠬᠤᠪᠢ ᠶᠢᠨ ᠡᠵᠡᠩᠨᠡᠯᠲᠡ ᠶᠢ ᠠᠵᠤ ᠠᠬᠤᠶᠢᠯᠠᠯ ᠲᠡᠰᠢ ᠬᠤᠪᠢᠷᠠᠭᠤᠯᠬᠤ︾ ᠳᠡᠩᠰᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠦᠷᠢᠮ ᠲᠤᠭᠲᠠᠭᠠᠯ ᠠᠴᠠ ᠪᠤᠯᠤᠭᠰᠠᠨ ᠥᠪᠡᠷ ᠤᠨ ᠥᠷᠲᠡᠭ ᠢ ᠪᠠᠭᠤᠷᠠᠭᠤᠯᠵᠤ᠂ ᠨᠠᠩ ᠣᠯᠠᠨ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠳᠦᠭᠦᠮ ᠦᠵᠡᠭᠦᠯᠦᠨ᠎ᠡ᠃ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠬᠤᠷᠢᠶᠠᠨ ᠰᠢᠢᠳᠪᠦᠷᠢᠯᠡᠬᠦ ᠠᠵᠢᠯ ᠢ ᠦᠷᠨᠢᠭᠦᠯᠦᠨ᠂ ᠬᠠᠤᠯᠢ ᠪᠤᠰᠤ ᠪᠠᠷ ᠪᠡᠯᠡ ᠬᠤᠷᠠᠮᠳᠤᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠪᠡᠶᠡᠯᠡᠭᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠪᠠᠭᠠᠰᠬᠠᠨ᠎ᠠ᠃  ᠴᠢᠳᠠᠪᠤᠷᠢᠲᠠᠨ ᠤ ᠦᠢᠯᠡᠴᠢᠯᠡᠭᠡ ᠶᠢ ᠰᠠᠶᠢᠲᠤᠷ ᠬᠢᠨ᠎ᠡ᠃ ︽ᠳ᠋ᠣᠺᠲ᠋ᠣᠷ ᠤᠨ ᠥᠯᠥᠭᠡᠶ︾ ᠶᠢᠨ ᠳᠠᠪᠠᠭᠤᠯᠢᠭ ᠢᠶᠠᠨ ᠭᠦᠶᠴᠡᠳ ᠠᠰᠢᠭᠯᠠᠨ᠂ ᠦᠷᠭᠡᠨ ᠤᠯᠠᠨ ᠳ᠋ᠣᠺᠲ᠋ᠣᠷ ᠢᠶᠠᠨ ᠤᠷᠢᠨ ᠵᠠᠯᠠᠵᠤ᠂ ᠨᠤᠲᠤᠭ ᠲᠠᠭᠠᠨ ᠢᠷᠡᠵᠦ ᠪᠠᠶᠢᠴᠠᠭᠠᠨ ᠰᠢᠨᠵᠢᠯᠡᠯᠲᠡ ᠬᠢᠬᠦ ᠪᠠ ᠠᠳᠠᠯ ᠦᠶᠯᠡᠰ ᠪᠠᠶᠢᠭᠤᠯᠬᠤ ᠵᠢᠴᠢ ᠬᠥᠪᠡᠭᠡᠲᠦ ᠰᠢᠷ᠎ᠠ ᠬᠤᠰᠢᠭᠤᠨ ᠤ ᠠᠵᠤ ᠠᠬᠤᠶ ᠨᠡᠶᠢᠭᠡᠮ  ᠤᠨ ᠬᠥᠭᠵᠢᠯᠲᠡ ᠳᠤ ᠰᠠᠨᠠᠯ ᠰᠠᠨᠠᠭᠤᠯᠭ᠎ᠠ ᠪᠠᠨ ᠳᠤᠷᠠᠳᠬᠤ ᠶᠢ ᠵᠤᠷᠢᠭᠵᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠤᠷᠤᠭᠤᠯᠤᠨ ᠠᠪᠴᠢᠷᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠴᠢᠳᠠᠪᠤᠷᠢᠲᠠᠨ ᠳᠤ ᠦᠷᠭᠦᠯᠵᠢᠯᠡᠨ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠠᠷᠭ᠎ᠠ ᠬᠡᠮᠵᠢᠶ᠎ᠡ  ᠶᠢ ᠬᠡᠷᠡᠭᠵᠢᠭᠦᠯᠦᠨ᠎ᠡ᠃ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤᠷᠢᠬᠤ ᠳᠤ ᠳᠠᠪᠠᠭᠤᠯᠢᠭ ᠨᠥᠬᠦᠴᠡᠯ ᠬᠠᠩᠭᠠᠨ᠎ᠠ᠃ ᠡᠯ᠎ᠡ ᠠᠵᠢᠯ ᠲᠥᠷᠥᠯ ᠤᠨ ᠴᠢᠳᠠᠪᠤᠷᠢᠲᠠᠨ ᠢ ᠦᠷᠭᠦᠯᠵᠢ ᠶᠢᠨ ᠴᠢᠨᠠᠷᠲᠠᠢ ᠤᠷᠢᠨ ᠵᠠᠯᠠᠵᠤ᠂ ᠬᠤᠰᠢᠭᠤᠨ ᠤ ᠴᠢᠨᠠᠷᠲᠠᠢ ᠬᠦᠳᠡᠯᠭᠡᠭᠡᠨ ᠳᠤ ᠤᠷᠤᠯᠴᠠᠭᠤᠯᠵᠤ᠂ ᠴᠢᠳᠠᠪᠤᠷᠢᠲᠠᠨ ᠢ ᠨᠠᠨᠳᠢᠩᠨᠠᠬᠤ ᠪᠠ ᠴᠢᠳᠠᠪᠤᠷᠢᠲᠠᠨ ᠢ ᠬᠦᠨᠳᠦᠳᠬᠡᠬᠦ ᠰᠠᠶᠢᠨ ᠰᠠᠶᠢᠬᠠᠨ ᠨᠡᠶᠢᠭᠡᠮ ᠤᠨ ᠤᠷᠴᠢᠨ ᠠᠬᠤᠢ ᠶᠢ ᠪᠣᠶ ᠪᠤᠯᠭᠠᠨ᠂ ᠴᠢᠳᠠᠪᠤᠷᠢᠲᠠᠨ ᠢ ᠦᠯᠡᠳᠡᠭᠡᠵᠦ᠂ ᠬᠦᠪᠡᠭᠡᠲᠦ ᠰᠢᠷ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠯᠲᠡ ᠳᠤ  ᠬᠤᠪᠢ ᠨᠡᠮᠡᠷᠢ ᠦᠵᠡᠭᠦᠯᠦᠨ᠎ᠡ᠃  ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠤᠷᠤᠯᠴᠠᠨ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠳᠠᠭᠠᠤ ᠠᠵᠤ ᠠᠬᠤᠢ ᠶᠢᠨ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠤᠷᠤᠵᠤ᠂ ᠵᠢᠷᠦᠬᠡ — ᠬᠥᠪᠡᠭᠡᠲᠦ ᠰᠢᠷ᠎ᠠ ᠬᠤᠰᠢᠭᠤ — ᠬᠤᠸᠠᠳᠧ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠤᠨ ᠂ ᠳᠤᠮᠳᠠᠳᠤ ᠮᠣᠩᠭᠤᠯ ᠤᠨ ᠬᠠᠮᠲᠤᠷᠠᠯᠴᠠᠭᠰᠠᠨ ᠠᠵᠤ ᠠᠬᠤᠢ ᠶᠢᠨ ᠣᠷᠣᠨ᠂ ᠡᠷᠢᠶᠡᠨ ᠬᠤᠲᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠴᠢᠯᠦᠭᠡᠲᠡᠢ ᠶᠠᠪᠤᠯᠴᠠᠬᠤ ᠲᠤᠷᠰᠢᠯᠲᠠ ᠶᠢᠨ ᠣᠷᠣᠨ ᠪᠤᠯᠤᠨ ᠤᠯᠠᠭᠠᠨᠴᠠᠪ  ᠤᠨ ᠨᠡᠭᠡᠭᠡᠨ ᠬᠥᠭᠵᠢᠭᠦᠯᠵᠦ ᠴᠢᠯᠦᠭᠡᠲᠡᠢ ᠶᠠᠪᠤᠯᠴᠠᠬᠤ ᠰᠢᠨ᠎ᠡ ᠦᠨᠳᠦᠷ ᠲᠦᠪᠰᠢᠨ ᠤ ᠤᠷᠤᠨ ᠲᠠᠢ ᠵᠤᠯᠭᠠᠭᠤᠯᠬᠤ  ᠳᠤ ᠨᠡᠩ ᠳᠦᠭᠦᠮ ᠨᠥᠬᠦᠴᠡᠯ ᠢ ᠡᠭᠦᠳᠴᠦ ᠥᠭᠭᠦᠨ᠎ᠡ᠃ ︵ᠲᠠᠪᠤ︶ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠳᠡᠭᠡᠳᠦ ᠱᠠᠲᠤᠨ ᠤ ᠪᠡᠯᠡ ᠮᠥᠩᠭᠦ ᠶᠢ ᠡᠷᠡᠮᠡᠯᠵᠡᠯᠡᠬᠦ ᠪᠠᠷ ᠳᠠᠮᠵᠢᠭᠤᠯᠤᠨ᠂ ᠨᠢᠭᠡ ᠪᠦᠯᠦᠭ ᠤᠰᠤ ᠭᠠᠳᠠᠭᠰᠢᠯᠠᠭᠤᠯᠬᠤ᠂ ᠤᠰᠤ ᠬᠠᠩᠭᠠᠬᠤ᠂ ᠦᠶᠡᠷ ᠤᠰᠤᠳᠤᠯ ᠢ ᠰᠡᠷᠭᠡᠶᠢᠯᠡᠬᠦ ᠵᠡᠷᠭᠡ ᠠᠵᠢᠯ ᠤᠨ ᠲᠤᠭᠤᠷᠢᠨ ᠳᠠᠬᠢ ᠭᠠᠵᠠᠷ ᠳᠣᠣᠷᠠᠬᠢ ᠳᠠᠮᠵᠢᠭᠤᠯᠤᠭᠴᠢ ᠬᠤᠭᠤᠯᠠᠢ ᠶᠢᠨ ᠪᠦᠲᠦᠭᠡᠨ ᠪᠠᠢᠭᠤᠯᠤᠯᠲᠠ ᠶᠢᠨ ᠲᠥᠷᠦᠯ ᠵᠦᠢᠯ ᠢ ᠬᠡᠷᠡᠭᠵᠢᠭᠦᠯᠵᠦ᠂ 8 ᠺᠢᠯᠤᠮᠧᠲᠷ ᠢᠯᠴᠢ ᠬᠠᠩᠭᠠᠬᠤ ᠬᠤᠭᠤᠯᠠᠢ ᠪᠠ 6.66 ᠺᠢᠯᠤᠮᠧᠲᠷ ᠪᠣᠷᠣᠭᠠᠨ ᠤ ᠤᠰᠤ ᠵᠠᠯᠠᠬᠤ ᠬᠤᠭᠤᠯᠠᠢ ᠶᠢ ᠰᠢᠨᠡᠳᠬᠡᠨ ᠪᠠᠶᠢᠭᠤᠯᠵᠤ᠂ 14.25 ᠺᠢᠯᠤᠮᠧᠲᠷ ᠤᠰᠤ ᠭᠠᠳᠠᠭᠰᠢᠯᠠᠭᠤᠯᠬᠤ ᠬᠤᠭᠤᠯᠠᠢ ᠵᠠᠰᠠᠨ ᠥᠭᠡᠷᠡᠴᠢᠯᠡᠵᠦ᠂ 55 ᠢᠵᠢ ᠪᠠᠶᠢᠴᠠᠭᠠᠬᠤ ᠬᠤᠳᠳᠤᠭ ᠢ ᠰᠢᠨ᠎ᠡ ᠪᠠᠷ ᠪᠠᠶᠢᠭᠤᠯᠤᠨ᠂ 5.7 ᠲᠦᠮᠡᠨ ᠲᠡᠭᠰᠢ ᠳᠥᠷᠪᠡᠯᠵᠢᠨ ᠮᠧᠲᠷ ᠵᠠᠮ ᠢ ᠰᠡᠷᠭᠦᠭᠡᠨ ᠵᠠᠰᠠᠨ᠎ᠠ᠃ ︽ᠳᠤᠯᠠᠭᠠᠨ ᠢᠨᠵᠧᠨᠧᠷᠢᠩ︾ ᠢ ᠬᠡᠷᠡᠭᠵᠢᠭᠦᠯᠵᠦ᠂ ᠢᠯᠴᠢ ᠡᠭᠦᠰᠭᠡᠭᠴᠢ ᠶᠢᠨ ᠪᠠᠭᠲᠠᠭᠠᠮᠵᠢ ᠶᠢ ᠨᠡᠮᠡᠭᠳᠡᠭᠦᠯᠬᠦ ᠠᠵᠢᠯ ᠪᠠ ᠬᠤᠶᠠᠳᠤᠭᠠᠷ ᠲᠡᠰ ᠤᠨ ᠢᠯᠴᠢ ᠬᠠᠩᠭᠠᠬᠤ ᠬᠤᠭᠤᠯᠠᠢ ᠶᠢᠨ ᠵᠠᠰᠠᠨ ᠦᠭᠡᠷᠡᠴᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠠᠷᠢᠯᠢᠭ ᠤᠨᠤᠪᠴᠢᠲᠠᠢ ᠢᠯᠴᠢ ᠬᠠᠩᠭᠠᠯᠭ᠎ᠠ ᠪᠠ ᠬᠡᠷᠡᠭᠴᠡᠭᠡ ᠳᠤᠨᠢ ᠲᠤᠬᠢᠷᠠᠭᠤᠯᠤᠭᠰᠠᠨ ᠢᠯᠴᠢ ᠬᠠᠩᠭᠠᠯᠭ᠎ᠠ ᠶᠢᠨ ᠤᠶᠤᠨᠲᠤ ᠰᠢᠰᠲ᠋ᠧᠮ ᠤᠨ ᠪᠠᠶᠢᠭᠤᠯᠤᠯᠲᠠ ᠶᠢ ᠰᠦᠪᠡᠭᠴᠢᠯᠡᠵᠦ᠂ ︽ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ ᠦᠭᠡᠷᠡᠴᠢᠯᠡᠯᠲᠡ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢ ᠦᠷᠭᠦᠯᠵᠢᠯᠡᠨ ᠲᠦᠯᠬᠢᠨ ᠠᠬᠢᠭᠤᠯᠵᠤ᠂ ᠢᠯᠴᠢ ᠬᠠᠩᠭᠠᠯᠭ᠎ᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠰᠠᠭᠤᠭᠠᠯᠢ ᠲᠣᠭᠤᠷᠢᠭ ᠢ ᠪᠦᠲᠦᠭᠡᠨ ᠪᠠᠶᠢᠭᠤᠯᠵᠤ᠂ ᠡᠨᠡ ᠵᠢᠯ ᠰᠤᠳᠤᠨ ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠠᠰᠢᠭᠯᠠᠯᠲᠠ ᠳᠤ ᠤᠷᠤᠭᠤᠯᠤᠨ᠎ᠠ᠃ ᠠᠲᠠᠯ ᠠᠬᠤᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠠᠭᠤᠭᠠᠯᠢ ᠲᠤᠭᠤᠷᠢᠭ ᠤᠨ ᠠᠲᠠᠯ ᠠᠬᠤᠢ ᠶᠢᠨ ᠬᠠᠮᠢᠶᠠᠷᠤᠯᠲᠠ ᠶᠢ ᠳᠦᠷᠢᠮᠵᠢᠭᠦᠯᠦᠨ᠂ ᠠᠲᠠᠯ ᠠᠬᠤᠢ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨᠡᠪᠤᠯᠠᠭ ᠪᠠᠯᠭᠠᠰᠤᠨ ᠤ ᠵᠡᠭᠡᠯᠢ ᠭᠤᠳᠤᠮᠵᠢ ᠶᠢᠨ ᠬᠠᠭᠤᠴᠢᠷᠠᠭᠰᠠᠨ ᠳ᠋ᠧᠩ ᠢ ᠰᠣᠯᠢᠵᠤ᠂ ᠨᠤᠭᠤᠭᠠᠷᠠᠭᠤᠯᠤᠯᠲᠠ ᠶᠢᠨ ᠠᠵᠢᠯ ᠢ ᠴᠢᠨᠠᠷ ᠰᠠᠶᠢᠲᠠᠢ ᠥᠷᠨᠢᠭᠦᠯᠦᠨ᠎ᠡ᠃ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢ ᠲᠡᠰ ᠲᠡᠪᠰᠢᠭᠦᠯᠬᠦ ᠶᠢ ᠠᠬᠢᠭᠤᠯᠤᠨ᠎ᠠ᠃ ︽ᠮᠢᠩᠭᠠᠨ ᠲᠤᠰᠬᠤᠨ ᠵᠢᠱᠢᠶᠡᠴᠢ ᠦᠢᠯᠡᠳᠦᠯ ᠪᠠᠳᠠᠷᠠᠭᠤᠯᠵᠤ᠂ ᠲᠦᠮᠡᠨ ᠲᠤᠰᠬᠤᠨ ᠵᠠᠰᠠᠨ ᠴᠡᠭᠴᠡᠯᠡᠯᠲᠡ ᠶᠢ ᠪᠡᠶᠡᠯᠡᠭᠦᠯᠬᠦ︾ ᠢᠨᠵᠧᠨᠧᠷᠢᠩ  ᠤᠨ ᠲᠤᠷᠰᠢᠯᠭ᠎ᠠ ᠶᠢ ᠳᠡᠯᠭᠡᠷᠡᠭᠦᠯᠵᠦ᠂ ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠭᠰᠡᠨ ᠵᠢᠱᠢᠶᠡᠴᠢ ᠭᠠᠴᠠᠭ᠎ᠠ ᠶᠢ ᠪᠠᠶᠢᠭᠤᠯᠤᠨ᠎ᠠ᠃ ᠮᠠᠯᠵᠢᠬᠤ ᠣᠷᠣᠨ ᠤ ᠤᠰᠤᠨ ᠬᠠᠩᠭᠠᠯᠭ᠎ᠠ ᠶᠢᠨ ᠪᠠᠲᠤᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠪᠠᠲᠤᠳᠬᠠᠨ᠂ 6 ᠲᠦᠭᠡᠭᠡᠯ ᠤᠰᠤᠨ ᠤ ᠲᠦᠬᠦᠭᠡᠷᠦᠮᠵᠢ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 50 ᠬᠤᠳᠳᠤᠭ ᠮᠠᠯᠲᠠᠨ᠎ᠠ᠃ ᠮᠠᠯᠵᠢᠬᠤ ᠣᠷᠣᠨ ᠤ 56 ᠡᠷᠦᠬᠡ ᠳᠤ ᠤᠰᠤ ᠪᠠᠷ ᠵᠠᠶᠢᠯᠠᠬᠤ ᠵᠣᠷᠯᠣᠩ ᠢ ᠤᠭᠰᠠᠷᠠᠨ᠎ᠠ᠃ ᠴᠠᠬᠢᠯᠭᠠᠨ ᠬᠦᠴᠦᠨ ᠤ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠵᠦ᠂ 10 ᠺᠢᠯᠤᠸᠤᠯᠲ ᠤᠨ ᠴᠠᠬᠢᠯᠭᠠᠨ ᠤᠲᠠᠰᠤ ᠶᠢ 76.4 ᠺᠢᠯᠤᠮᠧᠲᠷ᠂ 0.4 ᠺᠢᠯᠤᠸᠤᠯᠲ ᠤᠨ ᠴᠠᠬᠢᠯᠭᠠᠨ ᠤᠲᠠᠰᠤ ᠶᠢ 20.6 ᠺᠢᠯᠤᠮᠧᠲᠷ ᠲᠠᠲᠠᠵᠤ᠂ 40 ᠢᠵᠢ ᠪᠠᠭᠠᠨ᠎ᠠ ᠳᠡᠭᠡᠷᠡᠬᠢ ᠬᠦᠴᠦᠳᠡᠯ ᠬᠤᠪᠢᠰᠬᠠᠭᠴᠢ ᠶᠢ ᠤᠭᠰᠠᠷᠠᠨ ᠰᠢᠨᠡᠳᠬᠡᠨ᠎ᠡ᠃ G511 ᠵᠠᠰᠠᠮᠠᠯ ᠵᠠᠮ ᠤᠨ ᠬᠥᠪᠡᠭᠡᠲᠦ ᠰᠢᠷ᠎ᠠ ᠬᠤᠰᠢᠭᠤᠨ ᠤ ᠬᠡᠰᠡᠭ ᠢ ᠰᠡᠯᠪᠢᠨ ᠵᠠᠰᠠᠬᠤ ᠢᠨᠵᠧᠨᠧᠷᠢᠩ ᠢ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ G511 ᠱᠤᠭᠤᠮ ᠤᠨ ᠬᠦᠪᠡᠭᠡᠲᠦ ᠰᠢᠷ᠎ᠠ ᠬᠤᠰᠢᠭᠤᠨ ᠤ ᠬᠡᠰᠡᠭ᠂ S223 ᠱᠤᠭᠤᠮ ᠤᠨ ᠬᠦᠪᠡᠭᠡᠲᠦ ᠰᠢᠷ᠎ᠠ ᠠᠴᠠ ᠱᠠᠩᠳᠤ ᠰᠢᠶᠠᠨ ᠤ ᠵᠠᠬ᠎ᠠ ᠬᠦᠷᠬᠦ ᠬᠡᠰᠡᠭ ᠂ S313 ᠱᠤᠭᠤᠮ ᠤᠨ ᠪᠤᠭᠳᠠ ᠠᠴᠠ ᠭᠤᠤᠯ ᠰᠤᠮᠤᠨ ᠠᠴᠠ ᠰᠦᠨᠢᠳ ᠪᠠᠷᠠᠭᠤᠨ ᠬᠤᠰᠢᠭᠤ ᠬᠦᠷᠬᠦ ᠬᠡᠰᠡᠭ ᠤᠨ ᠵᠠᠰᠠᠨ ᠰᠡᠯᠪᠢᠵᠤ ᠠᠷᠠᠴᠢᠯᠠᠬᠤ ᠲᠦᠷᠦᠯ ᠵᠦᠢᠯ ᠢ ᠬᠡᠷᠡᠭᠵᠢᠭᠦᠯᠬᠦ ᠪᠠᠷ ᠬᠦᠴᠦᠯᠡᠨ᠎ᠡ᠃ ᠮᠠᠯᠵᠢᠬᠤ ᠤᠷᠤᠨ ᠤ ᠵᠠᠰᠠᠮᠠᠯ ᠵᠠᠮ ᠤᠨ ᠰᠢᠨᠵᠢᠯᠡᠬᠦ ᠤᠬᠠᠭᠠᠨᠴᠢ ᠠᠷᠠᠴᠢᠯᠠᠭ᠎ᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶᠡᠴᠢ ᠬᠤᠰᠢᠭᠤ ᠶᠢ ᠴᠤᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃ 5G ᠶᠢᠨ ᠰᠠᠭᠤᠷᠢ ᠥᠷᠲᠡᠭᠡ 10 ᠶᠢ ᠰᠢᠨ᠎ᠡ ᠪᠠᠷ ᠪᠠᠶᠢᠭᠤᠯᠵᠤ᠂ 5G ᠶᠢᠨ ᠲᠤᠬᠢᠶᠠᠨ ᠤ ᠪᠦᠷᠬᠦᠴᠡ ᠶᠢ ᠳᠡᠭᠡᠭᠰᠢᠯᠡᠭᠦᠯᠦᠨ᠎ᠡ᠃  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠠᠬᠢᠨ ᠶᠠᠳᠠᠭᠤᠷᠠᠬᠤ  ᠠᠴᠠ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠠᠴᠠ ᠰᠡᠷᠭᠡᠶᠢᠯᠡᠨ᠎ᠡ᠃ ᠲᠥᠷᠦ ᠶᠢᠨ ᠪᠣᠳᠣᠯᠭ᠎ᠠ᠂ ᠲᠥᠷᠦᠯ ᠵᠦᠢᠯ᠂ ᠪᠡᠯᠡ ᠮᠦᠩᠭᠦ ᠶᠢ ᠡᠷᠡᠮᠡᠯᠵᠡᠯᠡᠨ ᠤᠯᠬᠤ ᠡᠷᠴᠢᠮ ᠢᠶᠠᠨ ᠴᠢᠩᠭᠠᠷᠠᠭᠤᠯᠤᠨ᠂ 3700 ᠭᠠᠷᠤᠢ ᠲᠦᠮᠡᠨ ᠲᠥᠭᠦᠷᠢᠭ ᠤᠨ ᠪᠡᠯᠡ ᠤᠷᠤᠭᠤᠯᠵᠤ᠂ ᠪᠦᠬᠦ ᠨᠡᠶᠢᠲᠡ 8 ᠠᠵᠤ ᠦᠢᠯᠡᠰ ᠤᠨ ᠲᠦᠷᠦᠯ ᠵᠦᠢᠯ ᠪᠠ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠬᠡᠷᠡᠭᠵᠢᠭᠦᠯᠦᠨ᠂ 975 ᠲᠦᠮᠡᠨ ᠲᠦᠭᠦᠷᠢᠭ ᠤᠨ ᠪᠡᠯᠡ ᠤᠷᠤᠭᠤᠯᠵᠤ᠂ 5 ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠬᠡᠷᠡᠭᠵᠢᠭᠦᠯᠦᠨ᠂ 1 ᠤᠯᠤᠰ ᠤᠨ ᠲᠡᠰ ᠤᠨ ᠵᠢᠱᠢᠶᠡᠴᠢ ᠭᠠᠴᠠᠭ᠎ᠠ᠂ 1 ᠣᠷᠣᠨ ᠤ ᠲᠡᠰ ᠤᠨ ᠵᠢᠱᠢᠶᠡᠴᠢ ᠭᠠᠴᠠᠭ᠎ᠠ᠂ 3 ᠠᠶᠢᠮᠠᠭ ᠤᠨ ᠲᠡᠰ ᠤᠨ ᠵᠢᠱᠢᠶᠡᠴᠢ ᠭᠠᠴᠠᠭ᠎ᠠ ᠶᠢ ᠴᠤᠭᠴᠠᠯᠠᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠰᠠᠭᠤᠷᠢ ᠶᠢ ᠪᠠᠲᠤᠵᠢᠭᠤᠯᠤᠨ᠎ᠠ᠃ ︽ᠮᠢᠩᠭᠠᠨ ᠲᠤᠰᠬᠤᠨ ᠵᠢᠱᠢᠶᠡᠴᠢ ᠦᠢᠯᠡᠳᠦᠯ ᠪᠠᠳᠠᠷᠠᠭᠤᠯᠵᠤ᠂ ᠲᠦᠮᠡᠨ ᠲᠤᠰᠬᠤᠨ ᠵᠠᠰᠠᠨ ᠴᠡᠭᠴᠡᠯᠡᠯᠲᠡ ᠶᠢ ᠪᠡᠶᠡᠯᠡᠭᠦᠯᠬᠦ︾ ᠢᠨᠵᠧᠨᠧᠷᠢᠩ ᠤᠨ ᠲᠤᠷᠰᠢᠯᠭ᠎ᠠ ᠶᠢ ᠦᠷᠭᠡᠨ ᠳᠡᠯᠭᠡᠷᠡᠭᠦᠯᠦᠨ᠂ ︽7 +X︾ ᠨᠡᠶᠢᠭᠡᠮ ᠤᠨ ᠴᠢᠨᠠᠷᠲᠠᠢ ᠦᠢᠯᠡᠴᠢᠯᠡᠭᠡ ᠶᠢᠨ ᠬᠡᠯᠪᠡᠷᠢ ᠶᠢ ᠲᠦᠯᠬᠢᠨ ᠠᠬᠢᠭᠤᠯᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠤᠭᠰᠠᠨ ᠵᠢᠱᠢᠶᠡᠴᠢ ᠭᠠᠴᠠᠭ᠎ᠠ ᠶᠢ ᠪᠠᠶᠢᠭᠤᠯᠤᠨ᠎ᠠ᠃ ᠲᠤᠭᠠᠴᠠᠯᠠᠭᠰᠠᠨ ᠡᠪᠡᠰᠦ ᠪᠡᠯᠴᠢᠭᠡᠷ ᠮᠠᠯ ᠠᠵᠤ ᠠᠬᠤᠢ ᠶᠢᠨ ᠬᠦᠷᠢᠶᠡᠯᠡᠩ ᠤᠨ ᠢᠨᠵᠧᠨᠧᠷᠢᠩ ᠢ ᠪᠦᠲᠦᠭᠡᠨ ᠪᠠᠶᠢᠭᠤᠯᠵᠤ᠂ ᠪᠦᠬᠦ ᠬᠤᠰᠢᠭᠤᠨ ᠤ ᠡᠪᠡᠰᠦ ᠪᠤᠷᠳᠤᠭᠠᠨ ᠤ ᠬᠠᠩᠭᠠᠯᠭ᠎ᠠ ᠶᠢᠨ ᠴᠢᠳᠠᠪᠤᠷᠢ  ᠶᠢ ᠳᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠤᠭᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ ᠤᠷᠲᠤᠳᠬᠠᠬᠤ ᠲᠤᠷᠰᠢᠯᠲᠠ ᠶᠢᠨ ᠴᠡᠭ ᠤᠨ ᠠᠵᠢᠯ ᠢ ᠪᠡᠶᠡᠯᠡᠭᠦᠯᠵᠦ᠂ ᠬᠤᠰᠢᠭᠤᠨ ᠤ ᠦᠨᠳᠦᠰᠦᠨ ᠪᠠᠶᠢᠳᠠᠯ ᠳᠤ ᠨᠡᠶᠢᠴᠡᠭᠰᠡᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠵᠠᠭᠪᠤᠷ ᠢ ᠲᠦᠭᠡᠮᠡᠯᠵᠢᠭᠦᠯᠵᠦ᠂ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢ ᠢᠳᠡᠪᠬᠢᠲᠡᠶ ᠪᠦᠭᠡᠳ ᠯᠠᠪᠳᠠᠭᠤᠨ ᠢᠶᠠᠷ ᠠᠬᠢᠭᠤᠯᠤᠨ᠎ᠠ᠃ ᠬᠥᠳᠡᠭᠡ ᠲᠣᠰᠬᠤᠨ ᠤ ᠵᠠᠰᠠᠨ ᠴᠡᠭᠴᠡᠯᠡᠯᠲᠡ ᠶᠢᠨ ᠬᠤᠪᠢ ᠲᠡᠮᠳᠡᠭᠯᠡᠬᠦ ᠳᠦᠷᠢᠮ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠤᠲᠤᠭ ᠤᠷᠤᠨ ᠤ ᠪᠣᠯᠪᠠᠰᠤᠨ ᠰᠤᠷᠲᠠᠯ ᠢ ᠪᠤᠢ ᠪᠣᠯᠭᠠᠨ᠎ᠠ᠃  ︵ᠵᠢᠷᠭᠤᠭ᠎ᠠ︶ ᠠᠵᠠ ᠵᠢᠷᠭᠠᠯᠲᠤ ᠠᠷᠠᠳ ᠤᠨ ᠠᠮᠢᠳᠤᠷᠠᠯ ᠢ ᠴᠤᠭᠴᠠᠯᠠᠨ᠂ ᠨᠡᠶᠢᠭᠡᠮ ᠤᠨ ᠠᠵᠢᠯ ᠦᠢᠯᠡᠰ ᠤᠨ ᠡᠷᠡᠭᠦᠯ ᠬᠦᠭᠵᠢᠯᠲᠡ ᠶᠢ ᠠᠬᠢᠭᠤᠯᠤᠨ᠎ᠠ᠃ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠠᠨ ᠪᠤᠯᠭᠠᠨ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠰᠤᠷᠤᠭᠴᠢ ᠶᠢ ᠬᠠᠮᠠᠭᠠᠯᠠᠵᠤ ᠰᠤᠷᠭᠠᠭᠤᠯᠢ ᠶᠢ ᠠᠮᠤᠷ ᠲᠠᠶᠢᠪᠤᠩ ᠪᠠᠶᠢᠯᠭᠠᠬᠤ︾ ᠠᠵᠢᠯᠯᠠᠭ᠎ᠠ ᠶᠢ ᠥᠷᠨᠢᠭᠦᠯᠦᠨ᠂ ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ᠵᠢᠴᠢ ᠳᠠᠭᠠᠯᠲᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠤᠯᠪᠠᠰᠤᠷᠠᠯ ᠦᠷᠨᠢᠭᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ 1300 ᠲᠦᠮᠡᠨ ᠲᠦᠭᠦᠷᠢᠭ ᠤᠨ ᠪᠡᠯᠡ ᠤᠷᠤᠭᠤᠯᠤᠯᠲᠠ ᠬᠢᠵᠦ᠂ ᠨᠢᠭᠡᠳᠦᠭᠡᠷ ᠬᠡᠦᠬᠡᠳ ᠤᠨ ᠴᠡᠴᠡᠷᠯᠢᠭ ᠤᠨ ᠬᠦᠷᠢᠶᠡᠨ ᠤ ᠰᠤᠶᠤᠯ ᠤᠨ ᠪᠠᠶᠢᠭᠤᠯᠤᠯᠲᠠ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠠᠶᠢᠭᠤᠯᠤᠯᠲᠠ ᠵᠢᠴᠢ ︽ᠨᠤᠮ  ᠤᠨ ᠬᠤᠷ᠎ᠠ︾ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ᠂ ᠨᠢᠭᠡᠳᠦᠭᠡᠷ ᠳᠤᠮᠳᠠᠳᠤ ᠰᠤᠷᠭᠠᠭᠤᠯᠢ  ᠶᠢᠨ ᠤᠶᠤᠨᠲᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ᠂ ᠶᠡᠷᠦᠩᠬᠡᠶᠢᠯᠡᠭᠰᠡᠨ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠲᠡᠰ ᠲᠡᠪᠰᠢᠭᠦᠯᠬᠦ ᠦᠭᠡᠷᠡᠴᠢᠯᠡᠯᠲᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ  ᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠵᠢᠴᠢ ᠨᠡᠶᠢᠳᠡᠮ ᠠᠰᠢᠭ ᠬᠦᠷᠲᠡᠭᠡᠬᠦ ᠶᠢ ᠱᠠᠭᠠᠷᠳᠠᠨ ᠵᠢᠯᠤᠭᠤᠳᠬᠤ ᠬᠢᠨᠠᠨ ᠲᠤᠭᠲᠠᠭᠠᠯᠲᠠ ᠵᠢᠴᠢ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠮᠦᠷᠲᠡᠭᠡᠨ ᠲᠡᠩᠴᠡᠭᠦᠷᠢᠲᠡᠶ ᠬᠥᠭᠵᠢᠯᠲᠡ ᠶᠢᠨ ᠦᠨᠡᠯᠡᠨ ᠲᠤᠭᠲᠠᠭᠠᠯᠲᠠ ᠳᠤ ᠬᠢᠷᠢ ᠲᠡᠩᠴᠡᠬᠦ ᠪᠠᠷ ᠴᠢᠷᠮᠠᠶᠢᠨ᠎ᠠ᠃ ᠰᠤᠷᠭᠠᠭᠤᠯᠢ  ᠶᠢᠨ ᠵᠠᠬᠢᠷᠤᠯ ᠪᠠ ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢᠨ ᠱᠠᠩᠨᠠᠯ ᠤᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠰᠤᠷᠭᠠᠨ ᠬᠦᠮᠦᠵᠢᠯ ᠤᠨ ᠰᠠᠭᠤᠷᠢ ᠮᠦᠩᠭᠦᠨ ᠤ ᠨᠡᠶᠢᠭᠡᠮᠯᠢᠭ ᠢ ᠪᠠᠶᠢᠭᠤᠯᠤᠨ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠱᠠᠩᠨᠠᠯ ᠲᠤᠷᠭᠠᠭᠤᠯᠢ ᠶᠢᠨ ᠳᠦᠷᠢᠮ ᠢ ᠬᠡᠷᠡᠭᠵᠢᠭᠦᠯᠵᠦ᠂ ᠭᠤᠤᠯᠳᠠᠯᠭ᠎ᠠ ᠲᠠᠢ ᠳᠤᠮᠳᠠᠳᠤ ᠰᠤᠷᠭᠠᠭᠤᠯᠢ ᠳᠤ ᠲᠡᠪᠰᠢᠬᠦ ᠨᠤᠷᠮ᠎ᠠ ᠪᠠ ᠶᠡᠭᠡ ᠰᠤᠷᠭᠠᠭᠤᠯᠢ ᠶᠢᠨ ᠦᠨᠳᠦᠰᠦᠨ ᠠᠩᠭᠢ ᠳᠤ ᠲᠡᠪᠰᠢᠬᠦ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠥᠪᠡᠭᠡᠲᠦ ᠰᠢᠷ᠎ᠠ ᠬᠤᠰᠢᠭᠤᠨ ᠤ ᠡᠷᠡᠭᠦᠯ ᠡᠩᠬᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠰᠢᠪᠲᠤᠯᠤᠯᠲᠠ  ᠶᠢᠨ ᠠᠵᠢᠯᠯᠠᠭ᠎ᠠ ᠶᠢ ᠬᠡᠷᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ  ᠶᠢᠨ ᠠᠵᠢᠯ ᠢ ᠭᠦᠨᠵᠡᠭᠡᠶᠢᠷᠡᠭᠦᠯᠦᠨ᠎ᠡ᠃ ᠨᠢᠭᠲᠠ ᠬᠠᠮᠵᠢᠯᠴᠠᠭᠠᠨ ᠤ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠯᠬᠤᠮ ᠢᠶᠠᠨ ᠲᠦᠷᠭᠡᠳᠬᠡᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠲᠠᠳ ︵ᠮᠤᠩᠭᠤᠯ︶ ᠡᠮ ᠡᠮᠨᠡᠯᠭᠡ  ᠶᠢᠨ ᠦᠢᠯᠡᠰ ᠤᠨ ᠡᠷᠡᠭᠦᠯ ᠬᠦᠭᠵᠢᠯᠲᠡ ᠶᠢ ᠠᠬᠢᠭᠤᠯᠵᠤ᠂ ᠬᠢᠲᠠᠳ ︵ᠮᠤᠩᠭᠤᠯ︶ ᠡᠮᠨᠡᠯᠭᠡ ᠶᠢᠨ ᠤᠯᠠᠮᠵᠢᠯᠠᠯᠲᠤ ᠡᠮᠴᠢᠯᠡᠭᠡ ᠪᠠ ᠤᠨᠴᠠᠯᠢᠭᠲᠤ ᠰᠤᠪᠢᠯᠠᠯᠲᠠ ᠶᠢᠨ ᠲᠠᠯ᠎ᠠ ᠪᠠᠷ ᠬᠢ ᠳᠠᠪᠠᠭᠤᠯᠢᠭ ᠢ ᠪᠠᠳᠠᠷᠠᠭᠤᠯᠵᠤ᠂ ᠤᠯᠠᠨ ᠲᠦᠮᠡᠨ  ᠳᠤ ᠨᠡᠩ ᠰᠠᠶᠢᠨ ᠡᠮ ᠡᠮᠨᠡᠯᠭᠡ ᠶᠢᠨ ᠦᠢᠯᠡᠴᠢᠯᠡᠭᠡ ᠬᠠᠩᠭᠠᠨ᠎ᠠ᠃ ᠡᠮ ᠪᠠ ᠡᠮᠴᠢᠯᠡᠭᠡᠨ ᠤ ᠮᠠᠲ᠋ᠧᠷᠢᠶᠠᠯ ᠢ ᠲᠤᠭᠲᠠᠭᠰᠠᠨ ᠬᠡᠮᠵᠢᠶ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠡᠮᠬᠢ ᠴᠡᠭᠴᠡ ᠲᠠᠢ ᠠᠬᠢᠭᠤᠯᠤᠨ᠎ᠠ᠃ ᠦᠷᠡᠵᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠶᠢ ᠴᠤᠭᠴᠠᠯᠠᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠡᠷᠡᠭᠦᠯ ᠡᠩᠬᠡ ᠬᠥᠪᠡᠭᠡᠲᠦ ᠰᠢᠷ᠎ᠠ ᠬᠤᠰᠢᠭᠤ ᠵᠢᠴᠢ ᠤᠯᠤᠰ  ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠤᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠤᠯᠠᠨ ᠡᠪᠡᠳᠴᠢᠨ ᠢ ᠵᠡᠷᠭᠡᠪᠡᠷ ᠰᠡᠷᠭᠡᠶᠢᠯᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠠ ᠪᠤᠰᠤᠳ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ᠠᠵᠢᠯ ᠤᠯᠭᠤᠯᠲᠠ ᠪᠠ ᠠᠳᠠᠯ ᠦᠢᠯᠡᠰ ᠪᠤᠰᠬᠠᠬᠤ ᠠᠵᠢᠯ ᠢ ᠡᠩ ᠲᠡᠷᠢᠭᠦᠨ ᠳᠤ ᠲᠦᠯᠬᠢᠨ ᠠᠬᠢᠭᠤᠯᠤᠨ᠎ᠠ᠃ ᠤᠯᠠᠨ ᠨᠡᠶᠢᠲᠡ ᠪᠠᠷ ᠢᠶᠠᠨ ᠠᠳᠠᠯ ᠦᠢᠯᠡᠰ ᠪᠤᠰᠬᠠᠬᠤ ᠪᠠ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠠᠳᠠᠯ ᠦᠢᠯᠡᠰ ᠪᠤᠰᠬᠠᠬᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠠᠲᠠᠯ ᠦᠢᠯᠡᠰ ᠪᠤᠰᠬᠠᠭᠴᠢᠳ ᠤᠨ ᠮᠦᠩᠭᠦ ᠬᠤᠷᠠᠮᠳᠤᠭᠤᠯᠬᠤ ᠳᠤ ᠬᠦᠴᠢᠷ᠂ ᠮᠦᠩᠭᠦ ᠬᠤᠷᠠᠮᠳᠤᠭᠤᠯᠬᠤ ᠦᠪᠡᠷ ᠤᠨ ᠦᠷᠲᠡᠭ ᠦᠨᠳᠦᠷ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠲᠠᠯ ᠦᠢᠯᠡᠰ ᠪᠤᠰᠬᠠᠬᠤ ᠪᠠᠷᠢᠴᠠᠭᠠᠲᠤ ᠵᠢᠭᠡᠯᠡᠯᠭᠡ ᠪᠠᠷ ᠲᠡᠳᠬᠦᠬᠦ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠳᠡᠭᠡᠷᠡᠬᠢ ᠪᠠ ᠲᠤᠬᠠᠢ ᠶᠢᠨ ᠲᠠᠯᠠᠪᠤᠷ ᠲᠠᠬᠢ ᠠᠵᠢᠯ ᠲᠠᠨᠢᠯᠴᠠᠭᠤᠯᠬᠤ ᠬᠤᠷᠠᠯ ᠵᠢᠴᠢ ᠠᠵᠢᠯᠳᠠᠨ ᠡᠯᠰᠡᠬᠦ ᠲᠤᠰᠬᠠᠢ ᠬᠤᠷᠠᠯ ᠢ ᠴᠢᠨᠠᠷ ᠰᠠᠶᠢᠲᠠᠢ ᠡᠷᠬᠢᠯᠡᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠳᠠ ᠤᠷᠤᠭᠰᠠᠨ ᠮᠠᠯᠴᠢᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠤᠯᠭᠤᠯᠲᠠ ᠪᠠ ᠠᠲᠠᠯ ᠦᠢᠯᠡᠰ ᠪᠤᠰᠬᠠᠬᠤ ᠶᠢ ᠲᠦᠯᠬᠢᠨ ᠠᠬᠢᠭᠤᠯᠤᠨ᠎ᠠ᠃ ᠵᠠᠬᠢᠶᠠᠯᠠᠭ᠎ᠠ ᠶᠢᠨ ᠬᠡᠯᠪᠡᠷᠢ ᠶᠢᠨ ᠪᠤᠯᠪᠠᠰᠤᠷᠠᠯ᠂ ᠶᠡᠭᠡ ᠳᠡᠭᠡᠳᠦ ᠰᠤᠷᠭᠠᠭᠤᠯᠢ ᠳᠤ ᠨᠠᠶᠢᠳᠠᠨ ᠭᠦᠢᠴᠡᠳᠬᠡᠭᠦᠯᠦᠭᠰᠡᠨ ᠪᠤᠯᠪᠠᠰᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠰᠢᠭᠤᠨ  ᠳᠤ ᠪᠠᠶᠢᠭ᠎ᠠ ᠠᠵᠤ ᠠᠬᠤᠶᠢᠯᠠᠯ ᠳᠤ ᠠᠵᠢᠯ ᠤᠯᠭᠤᠯᠲᠠ ᠶᠢᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠂ ᠠᠵᠢᠯᠲᠠᠨ ᠬᠡᠷᠡᠭᠯᠡᠬᠦ ᠦᠨᠳᠦᠰᠦᠨ ᠱᠠᠭᠠᠷᠳᠠᠯᠭ᠎ᠠ ᠶᠢ ᠨᠢ ᠬᠠᠩᠭᠠᠨ᠎ᠠ᠃ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ ᠬᠦᠴᠢᠷᠳᠡᠯ ᠢ ᠰᠢᠢᠳᠪᠦᠷᠢᠯᠡᠬᠦ ᠵᠡᠷᠭᠡ ᠲᠤᠰᠬᠠᠢ ᠠᠵᠢᠯᠯᠠᠭ᠎ᠠ ᠶᠢ ᠦᠷᠨᠢᠭᠦᠯᠦᠨ᠎ᠡ᠃ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠪᠠᠶᠢᠭᠤᠯᠤᠮᠵᠢ ᠶᠢ ᠪᠦᠷᠢᠨᠰᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠥᠯᠥᠰᠥ ᠶᠢᠨ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠠ᠃ ᠠᠵᠢᠯ ᠤᠯᠭᠤᠯᠲᠠ ᠶᠢᠨ ᠠᠵᠢᠯ  ᠤᠨ ᠪᠠᠶᠢᠷᠢ ᠶᠢ 500 ᠠᠴᠠ ᠳᠡᠭᠡᠭᠰᠢ ᠪᠠᠶᠢᠯᠭᠠᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ 600 ᠬᠥᠮᠦᠨ ᠤᠳᠠᠭ᠎ᠠ ᠠᠴᠠ ᠳᠡᠭᠡᠭᠰᠢ ᠬᠦᠷᠲᠡᠭᠡᠨ᠎ᠡ᠃ 50 ᠨᠡᠷᠡᠰ ᠵᠡᠮᠳᠡᠭᠴᠦᠳ ᠲᠤ ᠬᠡᠷᠡᠭᠯᠡᠭᠡᠨ ᠤ ᠮᠡᠷᠭᠡᠵᠢᠯ  ᠤᠨ ᠪᠤᠯᠪᠠᠰᠤᠷᠠᠯ ᠪᠣᠯᠤᠨ ᠲᠤᠰᠬᠠᠢ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠬᠦᠷᠲᠡᠭᠡᠵᠦ᠂ ᠵᠡᠮᠳᠡᠭᠴᠦᠳ ᠤᠨ ᠠᠵᠢᠯ ᠤᠯᠭᠤᠯᠲᠠ ᠶᠢ ᠲᠦᠯᠬᠢᠨ ᠠᠬᠢᠭᠤᠯᠤᠨ᠎ᠠ᠃  ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠪᠠᠲᠤᠯᠠᠭ᠎ᠠ ᠶᠢᠨ ᠪᠠᠷᠢᠮᠵᠢᠶ᠎ᠠ ᠪᠠ ᠨᠢᠭᠡᠳᠦᠯᠲᠡᠢ ᠴᠠᠶᠢᠷᠠᠭᠤᠯᠬᠤ ᠳᠡᠰ ᠢ ᠳᠡᠭᠡᠭᠰᠢᠯᠡᠭᠦᠯᠦᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠪᠠᠶᠢᠯᠭᠠᠵᠤ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠳᠠᠭᠠᠳᠬᠠᠯ ᠤᠨ ᠰᠠᠭᠤᠷᠢ ᠮᠦᠩᠭᠦᠨ ᠤ ᠬᠢᠨᠠᠯᠲᠠ ᠬᠠᠮᠢᠶᠠᠷᠤᠯᠲᠠ  ᠶᠢ ᠴᠢᠩᠭᠠᠳᠬᠠᠵᠤ᠂ ᠠᠮᠤᠷ ᠲᠦᠪᠰᠢᠨ ᠢᠶᠠᠷ ᠦᠷᠭᠦᠯᠵᠢᠯᠡᠨ ᠡᠷᠭᠢᠯᠳᠦᠬᠦ ᠶᠢ ᠪᠠᠲᠤᠯᠠᠨ᠎ᠠ᠃ ᠨᠡᠶᠢᠭᠡᠮ ᠤᠨ ᠠᠪᠤᠷᠠᠨ ᠲᠡᠳᠬᠦᠬᠦ ᠡᠬᠢ ᠪᠠᠶᠠᠯᠢᠭ ᠢ ᠨᠢᠭᠡᠳᠦᠯᠲᠡᠶ ᠵᠤᠬᠢᠴᠠᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠠᠷᠢᠯᠢᠭ ᠤᠨᠤᠪᠴᠢᠲᠠᠢ ᠬᠠᠮᠢᠶᠠᠷᠤᠯᠲᠠ ᠶᠢ ᠴᠢᠩᠭᠠᠳᠬᠠᠨ᠂ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠪᠠᠲᠤᠯᠠᠭ᠎ᠠ ᠶᠢ ᠰᠠᠶᠢᠲᠤᠷ ᠬᠢᠵᠦ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠡᠳᠬᠦᠬᠦ ᠠᠵᠢᠯ ᠢ ᠭᠠᠷᠲᠠᠨ ᠭᠦᠶᠴᠡᠳᠬᠡᠬᠦ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠨᠴᠠ ᠶᠡᠭᠡ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠡᠳᠬᠦᠬᠦ ᠲᠦᠷᠢᠮ ᠢ ᠪᠦᠷᠢᠨᠰᠢᠬᠦᠯᠵᠦ᠂ ᠬᠦᠴᠢᠷᠳᠡᠯᠲᠡᠶ ᠣᠯᠠᠨ ᠲᠦᠮᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠥᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ︵2018 —2025 ᠣᠨ︶︾ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠵᠣᠯᠭᠠᠯᠳᠤᠭᠰᠠᠨ ᠵᠠᠯᠠᠭᠤᠴᠤᠳ  ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠠᠵᠢᠯ ᠤᠨ ᠪᠠᠶᠢᠭᠤᠯᠤᠮᠵᠢ ᠶᠢ ᠪᠦᠷᠢᠨᠰᠢᠭᠦᠯᠦᠨ᠎ᠡ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠨᠠᠰᠤᠨ ᠳᠤ ᠦᠯᠤ ᠬᠥᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠂ ᠨᠡᠶᠢᠭᠡᠮ ᠤᠨ ᠠᠰᠠᠷᠠᠮᠵᠢ ᠶᠢᠨ ᠲᠦᠷᠢᠮ ᠢ ᠲᠡᠭᠦᠯᠳᠡᠷᠵᠢᠭᠦᠯᠵᠦ᠂ ᠵᠡᠮᠳᠡᠭᠴᠦᠳ  ᠤᠨ ᠠᠵᠢᠯ ᠪᠤᠯᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠦᠢᠯᠡᠰ ᠢ ᠬᠥᠭᠵᠢᠭᠦᠯᠦᠨ᠎ᠡ᠃ ᠬᠤᠲᠠ ᠬᠦᠳᠡᠭᠡ  ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠨᠦᠬᠦᠴᠡᠯ ᠢ ᠰᠠᠶᠢᠵᠢᠷᠠᠭᠤᠯᠵᠤ᠂ ᠨᠠᠰᠤᠲᠠᠨ ᠢ ᠠᠰᠠᠷᠠᠬᠤ ᠶᠡᠷᠦᠩᠬᠡᠶᠢᠯᠡᠭᠰᠡᠨ ᠬᠦᠷᠢᠶᠡᠯᠡᠩ ᠢ ᠪᠠᠶᠢᠭᠤᠯᠤᠨ᠎ᠠ᠃ ᠣᠷᠣᠰᠢᠭᠤᠯᠭ᠎ᠠ ᠶᠢᠨ ᠲᠤᠭᠤᠷᠢᠨ ᠤ ᠲᠤᠰᠬᠠᠶ ᠴᠡᠭᠴᠡᠯᠡᠯᠲᠡ ᠶᠢ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ᠃ ᠤᠨᠴᠠ ᠬᠠᠷᠠᠭᠠᠯᠵᠠᠬᠤ ᠡᠲᠡᠭᠡᠳ ᠤᠨ ᠲᠡᠳᠬᠦᠮᠵᠢ  ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢᠨ ᠰᠢᠯᠭᠠᠨ ᠦᠨᠡᠯᠡᠯᠲᠡ ᠶᠢ ᠤᠭᠲᠤᠬᠤ ᠪᠡᠯᠡᠳᠬᠡᠯ ᠠᠵᠢᠯ ᠢ ᠰᠠᠶᠢᠳᠤᠷ ᠪᠡᠶᠡᠯᠡᠭᠦᠯᠦᠨ᠎ᠡ᠃  ᠠᠷᠠᠳ ᠣᠯᠠᠨ ᠤ ᠣᠶᠤᠨ ᠤ ᠬᠡᠷᠡᠭᠴᠡᠭᠡ ᠶᠢ ᠲᠠᠰᠤᠷᠠᠯᠲᠠ ᠤᠢᠭᠡᠢ ᠬᠠᠩᠭᠠᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠪᠠ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠭᠦᠨᠵᠡᠭᠡᠶ ᠦᠷᠨᠢᠭᠦᠯᠦᠨ᠂ ᠤᠯᠠᠭᠠᠨᠮᠥ᠋ᠴᠢᠷ ᠢ ᠦᠨᠳᠦᠰᠦᠨ ᠱᠠᠲᠤᠨ ᠳᠤ ᠪᠠᠭᠤᠯᠭᠠᠬᠤ ᠠᠵᠢᠯᠯᠠᠭ᠎ᠠ ᠶᠢ ᠦᠷᠭᠦᠯᠵᠢᠯᠡᠭᠦᠯᠵᠦ᠂ ᠭᠤᠷᠪᠠᠳᠤᠭᠠᠷ ᠬᠤᠭᠤᠴᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ — ᠴᠢᠭᠤᠯᠤᠯᠲᠤ ᠬᠠᠭᠠᠯᠭ᠎ᠠ ᠠᠴᠠ ᠬᠦᠷᠢᠶ᠎ᠡ ᠬᠦᠷᠬᠦ ᠵᠠᠮ︾ ᠤᠨ ᠠᠵᠢᠯᠯᠠᠭ᠎ᠠ  ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠲᠡ ᠶᠢ ᠳᠡᠮᠵᠢᠨ᠎ᠡ᠃ ᠨᠣᠮ ᠤᠨ ᠰᠠᠩ ᠤᠨ ᠲᠡᠰ ᠳᠡᠪᠰᠢᠭᠦᠯᠬᠦ ᠠᠵᠢᠯ ᠢ ᠦᠷᠨᠢᠭᠦᠯᠦᠨ᠂ ᠪᠠᠭᠠᠴᠤᠳ ᠬᠡᠦᠬᠡᠳ ᠤᠨ ᠨᠣᠮ ᠤᠨ ᠰᠠᠩ ᠤᠨ ᠰᠠᠭᠤᠷᠢ ᠲᠥᠬᠦᠭᠡᠷᠦᠮᠵᠢ ᠶᠢ ᠪᠦᠷᠢᠨᠰᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠪ ᠢ ᠪᠠᠶᠢᠭᠤᠯᠤᠨ᠎ᠠ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠨᠡᠭᠦᠯᠭᠡᠵᠦ ᠦᠯᠦ ᠪᠤᠯᠬᠤ ᠲᠡᠦᠬᠡ ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠪᠡᠶᠡᠯᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠵᠤ᠂ ᠬᠥᠪᠡᠭᠡᠲᠦ ᠰᠢᠷ᠎ᠠ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠳᠥᠷᠪᠡᠨ ᠱᠠᠲᠤᠨ  ᠤ ᠨᠡᠷᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠤ ᠲᠡᠰ ᠤᠨ ᠠᠰᠤᠷᠤ ᠠᠶᠠᠯᠭᠤ  ᠶᠢᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠴᠤᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃  ︵ᠳᠣᠯᠤᠭ᠎ᠠ︶ ᠠᠮᠤᠭᠤᠯᠠᠩ ᠬᠥᠪᠡᠭᠡᠲᠦ ᠰᠢᠷ᠎ᠠ ᠬᠤᠰᠢᠭᠤ ᠶᠢ ᠪᠦᠲᠦᠭᠡᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠤᠯᠤᠰ ᠤᠨ ᠲᠡᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ ᠢ ᠬᠦᠴᠦᠯᠡᠨ ᠠᠬᠢᠭᠤᠯᠤᠨ᠎ᠠ᠃ ᠬᠦᠪᠡᠭᠡᠲᠦ ᠰᠢᠷ᠎ᠠ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠬᠥᠮᠦᠵᠢᠯ ᠤᠨ ᠦᠵᠡᠭᠦᠯᠦᠯᠭᠡ ᠶᠢᠨ ᠲᠠᠩᠬᠢᠮ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ︽ᠪᠦᠯᠬᠦᠮᠳᠡᠯ  ᠲᠠᠢ ᠬᠡᠷ ᠪᠦᠯᠢ︾ ᠵᠡᠷᠭᠡ 4 ᠰᠤᠮᠤ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠢᠷᠠᠭᠤ ᠠᠯᠳᠠᠷ  ᠤᠨ ᠨᠥᠯᠥᠭᠡᠯᠡᠬᠦ ᠬᠦᠴᠦᠨ ᠢ ᠦᠷᠭᠡᠳᠬᠡᠨ᠂ ᠭᠠᠴᠠᠭ᠎ᠠ ︵ᠨᠡᠶᠢᠭᠡᠮ ᠲᠣᠭᠤᠷᠢᠭ︶᠂ ᠰᠤᠷᠭᠠᠭᠤᠯᠢ ᠵᠡᠷᠭᠡ 8 ᠬᠦᠷᠢᠶ᠎ᠡ ᠴᠠᠷ᠎ᠠ ᠶᠢᠨ ᠲᠤᠭᠤᠷᠢᠨ ᠳᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠴᠡᠭ ᠢ ᠪᠣᠶ ᠪᠣᠯᠭᠠᠵᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠤᠭᠴᠠᠯᠠᠨ ᠪᠠᠶᠢᠭᠤᠯᠬᠤ ᠠᠵᠢᠯ ᠢ ᠲᠡᠰ ᠲᠡᠪᠰᠢᠭᠦᠯᠬᠦ ᠶᠢ ᠪᠡᠶᠡᠯᠡᠭᠦᠯᠵᠦ᠂ ᠲᠤᠰ ᠵᠢᠯ ᠳᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠬᠤᠰᠢᠭᠤ ᠶᠢ ᠠᠮᠵᠢᠯᠲᠠ ᠲᠠᠢ ᠴᠤᠭᠴᠠᠯᠠᠨ ᠪᠠᠶᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃  ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ  ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠬᠤᠲᠠ ᠪᠠᠯᠭᠠᠰᠤᠨ ᠤ ︽ᠭᠤᠷᠪᠠᠨ ᠱᠠᠲᠤ ᠪᠠᠷ ᠳᠠᠭᠠᠭᠠᠴᠢᠯᠠᠨ ᠬᠠᠷᠢᠯᠴᠠᠵᠤ᠂ ᠲᠠᠪᠤᠨ ᠱᠠᠲᠤᠨ ᠤ ᠦᠢᠯᠡᠴᠢᠯᠡᠭᠡ ᠬᠠᠩᠭᠠᠬᠤ︾ ᠨᠡᠶᠢᠭᠡᠮ ᠲᠤᠭᠤᠷᠢᠭ ᠤᠨ ᠬᠠᠮᠢᠶᠠᠷᠤᠯᠲᠠ ᠶᠢᠨ ᠰᠢᠰᠲ᠋ᠧᠮ ᠪᠠ ᠮᠠᠯᠵᠢᠬᠤ ᠣᠷᠣᠨ ᠤ ︽ᠲᠠᠯ᠎ᠠ ᠶᠢᠨ ᠰᠠᠬᠢᠭᠴᠢ︾ ᠣᠯᠠᠨ ᠲᠦᠮᠡᠨ ᠤ ᠰᠡᠷᠭᠡᠶᠢᠯᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠦᠨ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠵᠦ᠂ ︽ᠨᠢᠭᠡ ᠦᠷᠲᠡᠭᠡᠲᠦ︾ ᠵᠥᠷᠢᠴᠡᠯ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢ ᠪᠠᠶᠢᠭᠤᠯᠤᠨ᠂ ᠵᠥᠷᠢᠴᠡᠯ ᠮᠠᠷᠭᠤᠯᠳᠤᠭᠠᠨ ᠢ ᠦᠨᠳᠦᠰᠦᠨ ᠱᠠᠲᠤᠨ ᠳᠠᠭᠠᠨ ᠵᠤᠬᠢᠴᠠᠭᠤᠯᠵᠤ᠂ ᠠᠩᠬᠠᠨ ᠤ ᠬᠤᠭᠤᠴᠠᠭᠠᠨ ᠳᠤᠨᠢ ᠰᠢᠢᠳᠪᠦᠷᠢᠯᠡᠨ᠎ᠡ᠃ ᠤᠯᠤᠰ᠂ ᠣᠷᠣᠨ ᠤ ᠴᠢᠬᠤᠯᠠ ᠠᠵᠢᠯᠯᠠᠭ᠎ᠠ ᠪᠠ ︽ᠬᠤᠶᠠᠷ ᠬᠤᠷᠠᠯ︾ ᠤᠨ ᠬᠤᠭᠤᠴᠠᠭᠠᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠠᠳᠬᠤᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤ ᠶᠢᠨ ᠠᠵᠢᠯ ᠪᠤᠯᠤᠨ ︽ᠠᠮᠤᠭᠤᠯᠠᠩ ᠲᠠᠶᠢᠪᠤᠩ ᠪᠠᠶᠢᠳᠠᠯ ᠢ ᠭᠠᠷ ᠤᠨ ᠠᠶ᠎ᠠ ᠪᠠᠷ ᠵᠢᠷᠤᠭᠯᠠᠬᠤ︾ ᠲᠠᠪᠴᠠᠩ ᠤᠨ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠨᠤᠮᠵᠢᠲᠠᠢ ᠬᠠᠷᠢᠭᠤᠯᠲᠠ ᠦᠭᠭᠦᠨ᠎ᠡ᠃  ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠮᠠᠭᠠᠢ ᠰᠠᠶᠢᠲᠤᠷ ᠠᠳᠬᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ 15 ᠵᠤᠷᠪᠤᠰ ᠬᠦᠴᠦᠲᠡᠢ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ 53 ᠵᠤᠷᠪᠤᠰ ᠳᠠᠭᠠᠯᠲᠠ ᠠᠷᠭ᠎ᠠ ᠬᠡᠮᠵᠢᠶ᠎ᠡ ᠵᠢᠴᠢ ᠰᠢᠯᠢ ᠶᠢᠨ ᠭᠤᠣᠯ ᠠᠶᠢᠮᠠᠭ ᠤᠨ 74 ᠵᠤᠷᠪᠤᠰ ᠪᠣᠳᠠᠲᠠᠢ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠬᠥᠪᠡᠭᠡᠲᠦ ᠰᠢᠷ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠲᠦᠷᠪᠡᠨ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠭᠦᠨᠵᠡᠭᠡᠢ ᠪᠠᠶᠢᠴᠠᠭᠠᠨ ᠴᠡᠭᠴᠡᠯᠡᠵᠦ᠂ ᠨᠡᠯᠢᠶᠡᠳ ᠶᠡᠭᠡ ᠬᠡᠮᠵᠢᠶᠡᠨ ᠠᠴᠠ ᠳᠡᠭᠡᠭᠰᠢᠬᠢ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠠᠴᠠ ᠰᠡᠷᠭᠡᠶᠢᠯᠡᠨ᠎ᠡ᠃ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠲᠠᠯᠠᠪᠤᠷ ᠤᠨ ᠲᠣᠭᠲᠠᠭᠠᠯ ᠠᠴᠠ ᠵᠥᠷᠢᠴᠡᠨ ᠡᠵᠡᠩᠨᠡᠬᠦ ᠶᠢ ᠪᠠᠶᠢᠴᠠᠭᠠᠨ ᠴᠡᠭᠴᠡᠯᠡᠬᠦ ᠡᠷᠴᠢᠮ ᠢᠶᠠᠨ ᠴᠢᠩᠭᠠᠷᠠᠭᠤᠯᠵᠤ᠂ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢ ᠳᠦᠷᠢᠮᠵᠢᠭᠦᠯᠦᠨ᠎ᠡ᠃ ︽ᠰᠢᠷ᠎ᠠ ᠶᠢ ᠱᠦᠭᠦᠷᠳᠡᠨ ᠠᠷᠢᠯᠭᠠᠵᠤ᠂ ᠬᠠᠤᠯᠢ ᠪᠤᠰᠤ ᠬᠡᠪᠯᠡᠯ ᠤᠨ ᠪᠦᠲᠦᠭᠡᠯ ᠳᠤ ᠴᠤᠬᠢᠯᠲᠠ ᠦᠭᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠬᠠᠤᠯᠢ ᠪᠤᠰᠤ ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠤᠯᠤᠰ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠵᠢᠱᠢᠶᠡᠴᠢ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ︵ᠨᠠᠶᠮᠠ︶ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠬᠦᠴᠦᠲᠡᠢ ᠠᠳᠬᠤᠨ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠪᠠᠶᠢᠭᠤᠯᠤᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠳᠤ ᠨᠢᠭᠡᠲᠦᠨ᠂ ᠵᠠᠰᠠᠭ ᠤᠨ ᠤᠷᠳᠤᠨ ᠤ ᠰᠢᠰᠲ᠋ᠧᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭ᠎ᠠ ᠠᠳᠬᠤᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠰᠡᠳᠬᠢᠯ ᠨᠢᠭᠡᠳᠴᠦ ᠬᠦᠴᠦ ᠪᠠᠨ ᠬᠠᠮᠲᠤᠳᠬᠠᠨ ᠰᠠᠶᠢᠲᠤᠷ ᠪᠡᠶᠡᠯᠡᠭᠦᠯᠦᠨ᠂ ᠵᠠᠰᠠᠭ ᠤᠨ ᠤᠷᠳᠤᠨ ᠤ ᠡᠯ᠎ᠡ ᠠᠵᠢᠯ  ᠤᠨ ᠰᠠᠯᠠᠭ᠎ᠠ ᠮᠦᠴᠢᠷ ᠢ ᠬᠠᠲᠠᠭᠤ ᠴᠢᠩᠭ᠎ᠠ ᠤᠯᠤᠰ ᠲᠦᠷᠦ ᠶᠢᠨ ᠪᠠᠶᠢᠭᠤᠯᠭ᠎ᠠ ᠪᠤᠯᠭᠠᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ︽ᠭᠤᠷᠪᠠᠨ ᠴᠢᠬᠤᠯᠠ ᠨᠢᠭᠡ ᠲᠤᠮᠤ︾ ᠪᠤᠳᠤᠯᠭ᠎ᠠ ᠰᠢᠢᠳᠬᠦ ᠪᠠᠶᠢᠭᠤᠯᠤᠮᠵᠢ ᠶᠢ ᠲᠡᠭᠦᠯᠳᠡᠷᠵᠢᠭᠦᠯᠵᠦ ᠂ ᠡᠷᠬᠡ ᠶᠢ ︽ᠪᠠᠭᠠᠰᠬᠠᠨ︾᠂ ᠬᠠᠷᠢᠭᠤᠴᠠᠯᠭ᠎ᠠ ᠶᠢ ︽ᠴᠢᠩᠭᠠᠷᠠᠭᠤᠯᠤᠨ᠎ᠠ︾᠃ ᠨᠠᠮ ᠤᠨ ᠲᠤᠲᠤᠭᠠᠳᠤᠬᠢ ᠬᠢᠨᠠᠯᠲᠠ  ᠪᠠᠷ ᠭᠤᠤᠯ ᠰᠢᠵᠢᠮ ᠪᠤᠯᠭᠠᠬᠤ ᠶᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠯ ᠤᠨ ᠬᠢᠨᠠᠯᠲᠠ᠂ ᠵᠠᠰᠠᠭ ᠵᠠᠬᠢᠷᠭᠠᠨ ᠤ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠤᠳᠤᠯᠲᠠ  ᠶᠢᠨ ᠬᠢᠨᠠᠯᠲᠠ᠂ ᠡᠳ᠋ ᠤᠨ ᠶᠠᠪᠤᠳᠠᠯ ᠤᠨ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ 9 ᠲᠦᠷᠦᠯ ᠤᠨ ᠬᠢᠨᠠᠯᠲᠠ ᠶᠢ ᠤᠷᠭᠠᠨᠢᠭ ᠢᠶᠠᠷ ᠤᠶᠠᠯᠳᠤᠭᠤᠯᠤᠨ ᠂ ᠬᠠᠷᠢᠯᠴᠠᠨ ᠵᠤᠬᠢᠴᠠᠭᠤᠯᠵᠤ᠂ ︽1 + 9︾ ᠬᠢᠨᠠᠯᠲᠠ ᠶᠢ ᠤᠶᠠᠯᠳᠤᠭᠤᠯᠤᠨ ᠵᠤᠬᠢᠴᠠᠭᠤᠯᠬᠤ ᠲᠤᠭᠲᠠᠯᠴᠠᠭ᠎ᠠ ᠶᠢ ᠭᠦᠨᠵᠡᠭᠡᠶᠢᠷᠡᠭᠦᠯᠦᠨ ᠪᠠᠶᠢᠭᠤᠯᠤᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠪᠠ ᠤᠯᠤᠰ ᠲᠥᠷᠦ ᠶᠢᠨ ᠵᠥᠪᠯᠡᠯᠭᠡᠨ ᠤ ᠬᠡᠰᠢᠭᠦᠳ ᠢ ᠤᠷᠢᠵᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠤᠷᠤᠯᠴᠠᠭᠤᠯᠬᠤ ᠳᠦᠷᠢᠮ ᠢ ᠪᠠᠶᠢᠩᠭᠤ ᠶᠢᠨ ᠴᠢᠨᠠᠷᠲᠠᠢ ᠬᠡᠷᠡᠭᠵᠢᠭᠦᠯᠦᠨ᠎ᠡ᠃  ᠬᠠᠤᠯᠢ ᠴᠠᠭᠠᠵᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠪᠠᠷ ᠬᠤᠰᠢᠭᠤ ᠪᠠᠨ ᠵᠠᠰᠠᠬᠤ ᠡᠯ᠎ᠡ ᠲᠦᠷᠦᠯ  ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠠᠵᠢᠯᠯᠠᠭ᠎ᠠ ᠶᠢ ᠳᠦᠷᠢᠮᠵᠢᠭᠦᠯᠦᠨ᠂ ᠵᠠᠰᠠᠭ ᠤᠨ ᠤᠷᠳᠤᠨ ᠤ ᠨᠡᠶᠢᠲᠡ ᠶᠢᠨ ᠢᠲᠡᠭᠡᠮᠵᠢ ᠶᠢᠨ ᠬᠦᠴᠦᠨ ᠢᠶᠠᠨ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠠᠤᠯᠢ ᠶᠤᠰᠤᠭᠠᠷ ᠵᠠᠰᠠᠭ ᠶᠠᠪᠤᠭᠤᠯᠬᠤ ᠡᠯ᠎ᠡ ᠵᠦᠢᠯ ᠤᠨ ᠳᠦᠷᠢᠮ  ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠨᠠᠶᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠡ ᠶᠢᠨ ᠡᠯ᠎ᠡ ᠲᠦᠷᠦᠯ ᠤᠨ ᠠᠵᠢᠯ ᠤᠨ ᠠᠬᠢᠴᠠ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠪᠠ ᠬᠠᠤᠯᠢ ᠲᠣᠭᠲᠠᠭᠠᠯ ᠤᠨ ᠤᠬᠠᠭᠤᠯᠬᠤ ᠡᠷᠴᠢᠮ ᠪᠠ ᠤᠬᠠᠭᠤᠯᠭ᠎ᠠ ᠶᠢᠨ ᠪᠦᠷᠬᠦᠴᠡ ᠶᠢ ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠶᠢᠨ ᠰᠠᠯᠪᠤᠷᠢ ᠶᠢ ᠳᠦᠷᠢᠮᠵᠢᠭᠦᠯᠦᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠴᠠᠭᠠᠵᠠ ᠶᠢᠨ ᠰᠠᠯᠪᠤᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃  ᠴᠢᠭᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠲᠦᠪ ᠬᠤᠷᠢᠶᠠᠨ ᠤ ᠨᠠᠢᠮᠠᠨ ᠵᠤᠷᠪᠤᠰ ᠲᠤᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠬᠢᠨᠠᠮᠠᠭᠠᠢ ᠲᠤᠤᠱᠯᠠᠭᠤᠯᠤᠨ᠂ ︽ᠳᠦᠷᠪᠡᠨ ᠰᠤᠷᠲᠠᠯ︾ ᠢ ᠵᠠᠯᠠᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠳᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠪᠠ ᠲᠣᠰ ᠪᠡᠶ᠎ᠡ ᠶᠢᠨ ᠪᠠᠶᠢᠭᠤᠯᠤᠯᠲᠠ ᠶᠢᠨ ᠪᠦᠬᠦᠶᠢᠯᠡ ᠶᠠᠪᠤᠴᠠ  ᠳᠤ ᠨᠠᠶᠢᠳᠠᠪᠤᠷᠢᠵᠢᠭᠤᠯᠤᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠬᠢᠵᠢᠭᠦᠯᠦᠨ᠂ ᠵᠠᠪᠠᠯ ᠭᠠᠷᠭᠠᠬᠤ ᠪᠤᠰᠤ᠂ ᠭᠤᠣᠯᠳᠠᠯᠭ᠎ᠠ ᠶᠢᠨ ᠪᠤᠰᠤ ᠪᠠ ᠪᠠᠴᠢᠮ ᠬᠡᠷᠡᠭᠴᠡᠭᠡᠨ ᠤ ᠪᠤᠰᠤ ᠵᠡᠷᠭᠡ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠳ᠋ ᠤᠨ ᠵᠠᠰᠠᠭ ᠤᠨ ᠲᠥᠰᠦᠪ ᠤᠨ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠠᠷᠪᠢᠯᠠᠵᠤ᠂ ᠠᠷᠠᠳ ᠤᠨ ᠠᠮᠢᠳᠤᠷᠠᠯ  ᠤᠨ ᠪᠠᠲᠤᠯᠠᠭ᠎ᠠ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠎ᠡ᠃ ᠠᠯᠪᠠᠨ ᠤ ᠲᠡᠷᠭᠡ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠯᠪᠠᠨ ᠪᠠᠶᠢᠭᠤᠯᠭ᠎ᠠ ᠶᠢᠨ ᠠᠯᠪᠠᠨ ᠤ ᠲᠡᠷᠭᠡ ᠶᠢ ᠨᠢᠭᠡᠲᠦᠯᠲᠡᠢ ᠲᠦᠪᠯᠡᠷᠡᠭᠦᠯᠦᠨ ᠬᠠᠮᠢᠶᠠᠷᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠴᠤᠭᠴᠠᠯᠠᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠠᠯᠪᠠᠨ ᠠᠰᠠᠷ ᠤᠨ ᠡᠷᠬᠡ ᠶᠢᠨ ᠬᠠᠷᠢᠶᠠᠯᠠᠯ ᠢ ᠨᠢᠭᠡᠳᠦᠯᠲᠡᠢ ᠳᠠᠩᠰᠠᠯᠠᠬᠤ ᠠᠵᠢᠯ ᠢ ᠡᠮᠬᠢ ᠴᠡᠭᠴᠡ ᠲᠠᠢ ᠥᠷᠨᠢᠭᠦᠯᠵᠦ᠂ ᠠᠯᠪᠠᠨ ᠭᠡᠷ ᠤᠨ ᠬᠡᠷᠡᠭᠯᠡᠭᠡᠨ  ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠦᠨ᠂ ᠬᠡᠷᠡᠭᠯᠡᠭᠡᠨ ᠳᠤ ᠤᠷᠤᠭᠤᠯᠤᠭᠠᠳᠤᠢ ᠠᠯᠪᠠᠨ ᠭᠡᠷ  ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠲᠦᠮᠡᠨ ᠳᠤ ᠪᠤᠶᠠᠨ ᠬᠢᠬᠦ ᠠᠵᠢᠯ ᠤᠨ ᠪᠦᠲᠦᠮᠵᠢ  ᠶᠢᠨ ᠦᠵᠡᠯᠲᠡ ᠶᠢ ᠪᠠᠬᠢᠵᠢᠭᠦᠯᠵᠦ᠂ ᠲᠡᠰᠪᠦᠷᠢ ᠬᠠᠲᠠᠭᠤᠵᠢᠯᠲᠠᠢ ᠲᠡᠮᠡᠴᠡᠬᠦ ᠰᠢᠯᠢᠳᠡᠭ ᠰᠤᠷᠲᠠᠯ ᠢ ᠪᠠᠳᠠᠷᠠᠭᠤᠯᠤᠨ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠳᠤ ᠴᠢᠭᠯᠡᠭᠦᠯᠦᠨ ᠬᠠᠷᠠᠯᠲᠠ ᠲᠠᠢ ᠪᠠᠷ ᠬᠦᠴᠦᠯᠡᠵᠦ᠂ ︽ᠲᠤᠯᠤᠭ᠎ᠠ ᠶᠢ ᠲᠠᠶᠠᠭᠳᠠᠬᠤ︾ ᠶᠢ ᠦᠢᠯᠡᠳᠦᠯᠭᠡ ᠶᠢᠨ ᠳᠤᠮᠳᠠ ᠭᠦᠢᠴᠡᠳ ᠨᠠᠶᠢᠳᠠᠪᠤᠷᠢᠵᠢᠭᠤᠯᠤᠨ᠂ ︽ᠤᠳᠠᠭᠠᠰᠢᠷᠠᠭᠤᠯᠬᠤ ᠭᠡᠮ ᠢ ᠲᠠᠶᠠᠭᠳᠠᠵᠤ᠂ ᠪᠠᠭ᠎ᠠ ᠶᠠᠪᠤᠳᠠᠯ ᠢ ᠶᠡᠬᠡᠰᠬᠡᠨ᠂ ᠶᠡᠭᠡ ᠶᠠᠪᠤᠳᠠᠯ ᠢ ᠰᠠᠭᠠᠷᠠᠭᠤᠯᠬᠤ ᠦᠭᠡᠢ ᠪᠠᠶᠢᠬᠤ ᠶᠢ ᠡᠷᠬᠢᠮᠯᠡᠨ᠎ᠡ︾᠃ ︽ᠠᠮᠵᠢᠯᠲᠠ ᠶᠢᠨ ᠭᠠᠪᠢᠶ᠎ᠠ ᠭᠠᠭᠴᠠ ᠮᠢᠨᠦ ᠪᠤᠰᠤ︾ ᠬᠡᠮᠡᠬᠦ ᠵᠣᠷᠢᠭ ᠰᠠᠨᠠᠭ᠎ᠠ ᠪᠣᠯᠤᠨ ︽ᠠᠮᠵᠢᠯᠲᠠ ᠭᠠᠷᠭᠠᠬᠤ ᠳᠤ ᠡᠷᠬᠡᠪᠰᠢ ᠤᠷᠤᠯᠴᠠᠬᠤ︾ ᠡᠭᠦᠷᠭᠡ ᠬᠠᠷᠢᠭᠤᠴᠠᠯᠭ᠎ᠠ ᠶᠢᠨ ᠡᠭᠦᠳᠡᠨ ᠠᠴᠠ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠲᠦᠮᠡᠨ ᠤ ᠨᠢᠳᠦᠨ ᠳᠤ ᠦᠵᠡᠭᠳᠡᠵᠦ ᠬᠠᠷᠠᠭᠳᠠᠬᠤ ᠮᠦᠷᠲᠡᠭᠡᠨ ᠠᠰᠢᠭ ᠬᠦᠷᠲᠡᠭᠡᠬᠦ ᠪᠣᠳᠠᠲᠤ ᠶᠠᠪᠤᠳᠠᠯ ᠢ ᠪᠡᠶᠡᠯᠡᠭᠦᠯᠵᠦ᠂ ᠬᠤᠶᠢᠰᠢᠳᠠ ᠶᠢᠨ ᠬᠥᠭᠵᠢᠯᠲᠡ  ᠳᠤ ᠳᠡᠪᠢᠰᠬᠡᠷ ᠪᠤᠯᠬᠤ᠂ ᠰᠠᠭᠤᠷᠢ ᠲᠠᠯᠪᠢᠬᠤ᠂ ᠠᠯᠤᠰ ᠬᠡᠳᠦ ᠶᠢᠨ ᠠᠰᠢᠭ ᠲᠠᠢ ᠰᠠᠶᠢᠨ ᠶᠠᠪᠤᠳᠠᠯ ᠢ ᠪᠡᠶᠡᠯᠡᠭᠦᠯᠦᠨ᠎ᠡ᠃ ᠲᠥᠯᠥᠭᠡᠯᠡᠭᠴᠢᠳ ᠡ︕ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠡᠶᠡᠯᠡᠭᠦᠯᠬᠦ ᠨᠢ ᠬᠦᠨᠳᠦ ᠶᠡᠭᠡ ᠬᠠᠷᠢᠭᠤᠴᠠᠯᠭ᠎ᠠ ᠪᠤᠯᠬᠤ ᠮᠦᠷᠲᠡᠭᠡᠨ ᠦᠩᠬᠡ ᠬᠡᠷᠡᠯᠳᠡᠢ ᠡᠭᠦᠷᠭᠡ ᠪᠤᠯᠬᠤ ᠶᠤᠮ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ  ᠪᠠᠷ ᠭᠤᠤᠯ ᠰᠢᠵᠢᠮ ᠪᠤᠯᠭᠠᠬᠤ ᠶᠢ ᠪᠠᠷᠢᠮᠲᠠᠯᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠰᠢᠷᠭᠠᠭᠤ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠦᠨᠡᠨ ᠢ ᠪᠠᠷᠢᠮᠲᠠᠯᠠᠨ᠂ ᠪᠤᠳᠠᠲᠠᠢ ᠶᠢ ᠡᠷᠬᠢᠮᠯᠡᠵᠦ᠂ ᠵᠤᠭᠰᠤᠯᠲᠠ ᠪᠠᠲᠤ ᠵᠤᠷᠢᠭ ᠰᠢᠭᠤᠷᠬᠠᠢ ᠨᠠᠶᠢᠳᠠᠪᠤᠷᠢᠵᠢᠭᠤᠯᠤᠯᠲᠠ ᠶᠢ ᠠᠳᠬᠤᠨ᠂ ᠬᠥᠪᠡᠭᠡᠲᠦ ᠰᠢᠷ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠳᠤᠮᠳᠠᠳᠤ ᠤᠯᠤᠰ ᠤᠨ ᠤᠨᠴᠠᠯᠢᠭᠲᠤ ᠣᠳᠣᠬᠢᠴᠢᠯᠠᠭᠰᠠᠨ ᠬᠥᠪᠡᠭᠡᠲᠦ ᠰᠢᠷ᠎ᠠ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠨ ᠤᠷᠤᠭᠰᠢᠯᠠᠶ᠎ᠠ︕ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号