ᠬᠥᠪᠡᠭᠡᠲᠦ ᠰᠢᠷ᠎ᠠ ᠬᠤᠰᠢᠭᠤ ᠣᠯᠠᠨ ᠲᠦᠮᠡᠡᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/28
     2 ᠰᠠᠷ᠎ᠠ ᠶᠢᠨ 2 ᠤᠨ ᠡᠳᠦᠷ᠂ ᠬᠥᠪᠡᠭᠡᠲᠦ ᠰᠢᠷ᠎ᠠ ᠬᠤᠰᠢᠭᠤᠨ ᠤ ᠡᠷᠳᠡᠨᠢ ᠨᠡᠶᠢᠭᠡᠮ ᠲᠣᠭᠤᠷᠢᠭ᠂  ᠬᠤᠰᠢᠭᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ ᠬᠠᠮᠲᠤᠷᠠᠨ ᠣᠯᠠᠨ ᠲᠦᠮᠡᠡᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠵᠢᠴᠢ ︽ᠪᠣᠯᠪᠠᠰᠤᠨ ᠬᠦᠴᠦᠨ ᠢ ᠲᠥᠪᠯᠡᠷᠡᠭᠦᠯᠦᠨ ᠴᠠᠭᠠᠨ ᠰᠠᠷ᠎ᠠ ᠶᠢ ᠬᠠᠮᠲᠤ ᠪᠠᠷ ᠪᠡᠯᠭᠡᠯᠡᠶ᠎ᠡ︾ ᠬᠡᠭᠦ ᠴᠠᠭᠠᠨ ᠰᠠᠷ᠎ᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ᠃     ᠡᠷᠳᠡᠨᠢ ᠨᠡᠶᠢᠭᠡᠮ ᠲᠣᠭᠤᠷᠢᠭ ᠤᠨ ᠠᠵᠢᠯᠲᠠᠳ ᠨᠢ ᠠᠵᠢᠯᠯᠠᠭᠠᠠ ᠠᠴᠠ ᠡᠮᠦᠨ᠎ᠡ᠂ ᠭᠤᠯᠢᠷ᠂ ᠮᠢᠬ᠎ᠠ᠂ ᠨᠣᠭᠤᠭ᠎ᠠ ᠵᠡᠷᠭᠡ ᠢ ᠬᠤᠳᠠᠯᠳᠤᠨ ᠠᠪᠴᠤ ᠪᠡᠯᠡᠳᠬᠡᠨ᠂ ᠠᠵᠢᠯᠯᠠᠭ᠎ᠠ ᠶᠢᠨ ᠲᠤᠬᠠᠶ ᠶᠢᠨ ᠡᠳᠦᠷ ᠡᠯ᠎ᠡ ᠰᠠᠯᠠᠭ᠎ᠠ ᠮᠥᠴᠢᠷ ᠤᠨ ᠠᠵᠢᠯᠲᠠᠳ ᠲᠠᠢ ᠬᠠᠮᠳᠤ ᠦᠷᠯᠥᠭᠡ ᠡᠷᠲᠡᠯᠡᠨ ᠨᠡᠶᠢᠭᠡᠮ ᠲᠣᠭᠤᠷᠢᠭ ᠲᠤ ᠢᠷᠡᠵᠦ᠂ ᠪᠠᠩᠰᠢ ᠪᠡᠷᠢᠠ ᠶᠠᠭᠠᠷᠠᠯᠲᠠᠢ ᠠᠵᠢᠯᠯᠠᠵᠤ᠂ ᠨᠡᠶᠢᠭᠡᠮ ᠲᠣᠭᠤᠷᠢᠭ ᠤᠨ ᠬᠦᠴᠢᠷᠳᠡᠯᠲᠡᠢ ᠭᠡᠷ ᠪᠦᠯᠢ ᠳᠤ ᠬᠦᠷᠭᠡᠨ ᠦᠭᠴᠦ᠂ ᠲᠡᠳᠡᠨ ᠳᠤ ᠬᠠᠶᠢᠷ᠎ᠠ
ᠬᠠᠯᠠᠮᠵᠢ ᠶᠢ ᠬᠦᠷᠲᠡᠭᠡᠵᠠᠢ᠃微信图片_20240228185609.jpg
     ᠠᠵᠢᠯᠯᠠᠭᠠᠠ ᠳᠤ ᠡᠷᠳᠡᠨᠢ ᠨᠡᠶᠢᠭᠡᠮ ᠲᠣᠭᠤᠷᠢᠭ ᠤᠨ ᠬᠢᠨ ᠤᠷᠠᠨ ᠪᠢᠴᠢᠯᠭᠡ ᠶᠢᠨ ᠪᠠᠭᠰᠢ ᠨᠠᠷ ᠢ ᠤᠷᠢᠵᠤ᠂  ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠵᠦ᠂ ᠴᠠᠭᠠᠨ ᠰᠠᠷ᠎ᠠ ᠪᠠᠨ ᠤᠭᠲᠤᠨ ᠵᠥᠩᠨᠡᠯ ᠳᠡᠪᠰᠢᠭᠦᠯᠬᠦ ᠠᠵᠢᠯᠯᠠᠭ᠎ᠠ ᠥᠷᠨᠢᠭᠦᠯᠪᠡ᠃ ᠤᠷᠠᠨ ᠪᠢᠴᠢᠯᠭᠡ ᠶᠢᠨ ᠪᠠᠭᠰᠢ ᠨᠠᠷ ᠠᠴᠠ ᠰᠠᠭᠤᠭᠠᠯᠢ ᠠᠷᠠᠳ ᠲᠤ ᠪᠢᠴᠢᠵᠥ ᠦᠭᠭᠦᠭᠰᠡᠡ ᠦᠯᠵᠡᠢ ᠪᠡᠯᠭᠡᠲᠦ ᠬᠤᠣᠰ ᠤᠶᠠᠩᠭ᠎ᠠ ᠨᠢ ᠤᠯᠠᠨ ᠲᠦᠮᠡᠨ ᠤ ᠰᠡᠳᠬᠢᠯ ᠢ ᠳᠤᠯᠠᠭᠠᠯᠠᠵᠤ ᠪᠠᠶᠢᠯ᠎ᠠ᠃     ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠴᠠᠭᠠᠨ ᠰᠠᠷ᠎ᠠ ᠪᠠᠨ ᠤᠭᠲᠤᠬᠤ ᠠᠭᠤᠷ ᠠᠮᠢᠰᠬᠤᠯ ᠢ ᠪᠢᠯᠬᠠᠭᠤᠯᠤᠯ᠎ᠠ᠃ 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号