ᠬᠦᠪᠡᠬᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ2024 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠵᠢᠨ‌ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠠᠵᠢᠯ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/2/29
ᠦᠷᠬᠡᠨ ᠤᠯᠠᠨ ᠮᠠᠯᠴᠢᠨ ᠲᠦᠮᠡᠨ ᠳᠤ᠄       ᠪᠦᠬᠦ ᠠᠶᠢᠮᠠᠭ ᠤᠨ ᠨᠢᠬᠡᠳᠤᠯᠲᠠᠢ ᠪᠠᠶᠢᠷᠢᠯᠠᠭᠤᠯᠤᠯᠳᠡ ᠶᠤᠰᠤᠭᠠᠷ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠠᠵᠢᠯ ᠤᠨ ᠦᠷ᠎ᠠ ᠪᠦᠳᠤᠭᠡᠯ ᠢ ᠤᠯᠠᠮ ᠨᠢᠬᠡ ᠠᠯᠬᠤᠮ ᠪᠠᠬᠢᠵᠢᠬᠦᠯᠵᠦ᠂ ᠨᠤᠳᠤᠭ ᠪᠡᠯᠴᠢᠬᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢᠨ  ᠲᠦᠯᠤᠭᠡ᠂ 2024 ᠤᠨ ᠤ ᠬᠠᠪᠤᠷ ᠤᠨ ᠤᠯᠠᠷᠢᠯ ᠤᠨ ᠡᠪᠡᠰᠤᠨ ᠎ ᠤ ᠤᠷᠭᠤᠯᠳᠡ ᠶᠢᠨ ᠬᠤᠭᠤᠴᠠᠭᠠᠨ ᠳᠤ ᠪᠡᠯᠴᠢᠬᠡᠷ ᠰᠡᠷᠬᠦᠬᠡᠬᠦ ᠠᠵᠢᠯ ᠢ  ᠦᠷᠬᠦᠯᠵᠢᠯᠠᠨ ᠬᠡᠷᠡᠭᠵᠢᠬᠦᠯᠬᠦ ᠪᠠᠷ ᠲᠤᠭᠳᠠᠪᠠ᠃  ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠤ ᠪᠡᠯᠴᠢᠬᠡᠷ ᠰᠡᠷᠬᠦᠬᠡᠬᠦ ᠠᠵᠢᠯ ᠢ   ᠨᠢᠬᠡᠳᠤᠯᠲᠠᠢ ᠲᠦᠯᠤᠪᠵᠢᠬᠦᠯᠤᠨ ᠰᠠᠶᠢᠳᠤᠷ ᠬᠢᠬᠦ ᠶᠢᠨ ᠲᠦᠯᠤᠭᠡ ᠡᠳᠤᠭᠡ ᠬᠤᠯᠪᠤᠭᠳᠠᠯ ᠪᠦᠬᠦᠢ ᠵᠤᠶᠢᠯᠡᠰ ᠎ ᠢ ᠲᠤᠤᠷᠡᠬᠢ ᠮᠡᠲᠦ  ᠵᠠᠷᠯᠠᠶ᠎ᠠ᠄       ᠨᠢᠬᠡ᠄  ᠪᠡᠯᠴᠢᠭᠡᠷ ᠰᠡᠷᠭᠦᠭᠡᠬᠦ ᠴᠠᠭ ᠬᠤᠭᠤᠴᠠᠭ᠎ᠠ        ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠰᠡᠷᠬᠦᠬᠡᠬᠦ ᠲᠦᠷᠢᠮ︾ ᠎ ᠤᠨ ᠶᠢᠰᠤᠳᠤᠭᠡᠷ ᠵᠤᠷᠪᠤᠰ ︿ᠬᠤᠰᠢᠭᠤ ᠰᠢᠶᠠᠨ ᠬᠤᠳᠠ ︵ᠲᠤᠭᠤᠷᠢᠭ︶ ᠎ ᠤᠨ ᠠᠷᠠᠳ ᠤᠨ ᠵᠠᠰᠠᠭ ᠤᠨ ᠤᠷᠳᠤᠨ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠨᠦᠬᠦᠴᠡᠯ ᠪᠠ ᠪᠡᠯᠴᠢᠭᠡᠷ ᠡᠪᠡᠰᠤᠨ ᠤ ᠤᠷᠭᠤᠯᠳᠡ ᠶᠢᠨ ᠵᠢᠮ᠎ᠠ ᠶᠤᠰᠦ ᠶᠢ ᠦᠨᠳᠤᠰᠤᠯᠠᠵᠦ᠂ ᠵᠢᠯ ᠪᠦᠷᠢ ᠶᠢᠨ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠤ ᠪᠡᠯᠴᠢᠬᠡᠷ ᠰᠡᠷᠬᠦᠬᠡᠬᠦ ᠠᠵᠢᠯ ᠢ  ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠪᠡᠯᠴᠢᠭᠡᠷ ᠰᠡᠷᠬᠦᠬᠡᠬᠦ ᠬᠤᠭᠤᠴᠠᠭ᠎ᠠ ᠶᠢ 45 ᠡᠳᠤᠷ ᠠᠴᠠ ᠲᠤᠷᠤᠭᠰᠢ ᠪᠠᠶᠢᠯᠠᠭᠠᠵᠦ ᠪᠤᠯᠬᠤ ᠦᠭᠡᠢ﹀ ᠵᠢᠴᠢ ︽ᠰᠢᠯᠢ ᠶᠢᠨ ᠭᠤᠤᠯ ᠠᠶᠢᠮᠠᠭ ᠤᠨ 2023 —2025 ᠤᠨ ᠤ ᠬᠠᠪᠤᠷ ᠤᠨ ᠤᠯᠠᠷᠢᠯ ᠤᠨ ᠡᠪᠡᠰᠤᠨ ᠎ ᠤ ᠤᠷᠭᠤᠯᠳᠡ ᠶᠢᠨ ᠬᠤᠭᠤᠴᠠᠭᠠᠨ ᠳᠠᠬᠢ  ᠪᠡᠯᠴᠢᠭᠡᠷ ᠰᠡᠷᠬᠦᠬᠡᠬᠦ ᠠᠵᠢᠯ ᠤᠨ ᠭᠡᠷᠡᠭᠵᠢᠬᠦᠯᠬᠦ ᠲᠦᠰᠤᠯ︾᠎ ᠳᠤ ᠲᠤᠭᠳᠠᠭᠠᠭᠰᠠᠨ ᠡᠮᠤᠨ᠎ᠡ ᠪᠠ ᠪᠠᠷᠠᠭᠤᠨ ᠪᠠᠶ᠎ᠠ ᠶᠢᠨ ᠬᠤᠰᠢᠭᠤ ᠰᠢᠶᠠᠨ ᠤ ᠪᠡᠯᠴᠢᠭᠡᠷ ᠰᠡᠷᠬᠦᠬᠡᠬᠦ ᠴᠠᠭ ᠢ 4 ᠰᠠᠷ᠎ᠠ ᠶᠢᠨ 1 ᠡᠳᠤᠷ ᠠᠴᠠ ᠡᠮᠤᠨ᠎ᠡ ᠪᠠᠶᠢᠯᠠᠭᠠᠵᠦ ᠪᠤᠯᠬᠤ ᠦᠭᠡᠢ ᠭᠡᠰᠡᠨ ᠱᠠᠭᠠᠷᠳᠠᠯᠭ᠎ᠠ ᠶᠢ ᠦᠨᠳᠤᠰᠤᠯᠠᠨ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠎ ᠳᠤ ᠪᠡᠯᠴᠢᠬᠡᠷ ᠰᠡᠷᠬᠦᠬᠡᠬᠦ  ᠬᠤᠭᠤᠴᠠᠭ᠎ᠠ ᠶᠢ 4 ᠰᠠᠷ᠎ᠠ ᠶᠢᠨ1᠎ ᠤ ᠡᠳᠤᠷ ᠠᠴᠠ 5 ᠰᠠᠷ᠎ᠠ ᠶᠢᠨ15᠎ ᠤ ᠡᠳᠤᠷ ᠪᠤᠯᠳᠠᠯ᠎ᠠ᠂ ᠨᠡᠶᠢᠳᠡ 45 ᠡᠳᠤᠷ ᠬᠡᠷᠡᠭᠵᠢᠬᠦᠯᠬᠦ ᠪᠠᠷᠲᠤᠭᠳᠠᠪᠠ ᠃       ᠬᠤᠶᠠᠷ᠄ ᠪᠡᠯᠴᠢᠬᠡᠷ ᠰᠡᠷᠬᠦᠬᠡᠬᠦ ᠬᠦᠷᠢᠶ᠎ᠠ ᠬᠡᠪᠴᠢᠶ᠎ᠠ       ᠪᠠᠶᠠᠨᠳᠠᠯ᠎ᠠ ᠪᠠᠯᠭᠠᠰᠦ᠂ ᠤᠩᠭᠤᠨ ᠠᠭᠤᠯᠡ ᠰᠤᠮᠦ᠂ ᠪᠤᠭᠳᠠ ᠶᠢᠨ ᠭᠤᠤᠯ ᠰᠤᠮᠤᠨ ᠤ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠤᠷᠤᠨ ᠳᠤ ᠬᠡᠷᠡᠭᠵᠢᠬᠦᠯᠤᠨ᠎ᠡ᠃ ᠪᠡᠯᠴᠢᠭᠡᠷ ᠰᠡᠷᠬᠦᠬᠡᠬᠦ ᠲᠠᠯᠠᠪᠠᠢ ᠨᠢ 726.85 ᠲᠦᠮᠡᠨ ᠮᠦ ᠪᠠᠶᠢᠵᠦ᠂ ᠦᠬᠡᠷ᠂ ᠬᠤᠨᠢ ᠂ ᠢᠮᠠᠭ᠎ᠠ ︵ᠠᠳᠤᠭᠤ᠂ ᠲᠡᠮᠡᠭᠡ ᠶᠢ ᠪᠡᠯᠴᠢᠭᠡᠷ  ᠰᠡᠷᠭᠦᠭᠡᠬᠦ ᠭᠡᠪᠴᠢᠶᠠᠨ ᠎ ᠳᠤ ᠪᠠᠭᠳᠠᠭᠠᠬᠤ ᠦᠭᠡᠢ︶᠎ ᠳᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠤ ᠪᠡᠯᠴᠢᠬᠡᠷ ᠰᠡᠷᠬᠦᠬᠡᠬᠦ  ᠲᠦᠷᠢᠮ ᠢᠭᠡᠷᠡᠭᠵᠢᠬᠦᠯᠤᠨ᠎ᠠ᠃        ᠭᠤᠷᠪᠠ᠄ ᠪᠡᠯᠴᠢᠬᠡᠷ ᠰᠡᠷᠬᠦᠬᠡᠬᠦ ᠨᠦᠬᠦᠪᠤᠷᠢ ᠶᠢᠨ ᠪᠠᠷᠢᠮᠵᠢᠶ᠎ᠠ        ᠪᠡᠯᠴᠢᠭᠡᠷ ᠰᠡᠷᠬᠦᠬᠡᠬᠦ ᠬᠤᠭᠤᠴᠠᠭᠠᠨ ᠳᠤ 1.125 ᠲᠦᠬᠦᠷᠢᠭ / ᠮᠦ ᠎ ᠶᠢᠨ ᠪᠠᠷᠢᠮᠵᠢᠶ᠎ᠠ ᠪᠠᠷ ᠨᠦᠬᠦᠪᠤᠷᠢ ᠤᠯᠭᠤᠵᠦ᠂ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ  ︽ᠪᠦᠷᠢᠨ ᠴᠢᠳᠠᠮᠵᠢᠲᠦ ᠺᠠᠷᠲ︾ ᠎ ᠪᠠᠷ ᠪᠡᠯᠴᠢᠬᠡᠷ ᠰᠡᠷᠬᠦᠬᠡᠬᠦ ᠨᠦᠬᠦᠪᠤᠷᠢ ᠶᠢ ᠮᠠᠯᠴᠢᠳ ᠲᠤ ᠤᠯᠭᠤᠨ᠎ᠠ᠃       ᠲᠦᠷᠪᠡ᠄ ᠬᠠᠮᠢᠶ᠎ᠠ ᠪᠦᠬᠦᠢ ᠱᠠᠭᠠᠷᠳᠠᠯᠭ᠎ᠠ            ᠨᠢᠬᠡ᠂ ᠪᠡᠯᠴᠢᠬᠡᠷ ᠰᠡᠷᠬᠦᠬᠡᠬᠦ ᠬᠤᠭᠤᠴᠠᠭᠠᠨ ᠳᠤ ᠪᠡᠯᠴᠢᠬᠡᠷ ᠰᠡᠷᠬᠦᠬᠡᠬᠦ ᠤᠷᠤᠨ ᠲᠤᠭᠤᠷᠢᠭ ᠲᠤ ᠮᠠᠯ ᠪᠡᠯᠴᠢᠬᠡᠷᠯᠡᠬᠦᠯᠬᠦ ᠶᠢ ᠴᠢᠩᠭ᠎ᠠ ᠴᠠᠭᠠᠵᠠᠯᠠᠨ᠎ᠠ᠃ ᠮᠠᠯᠵᠢᠬᠤ ᠡᠷᠤᠬᠡ ᠨᠢ ᠡᠯ᠎ᠡ ᠲᠦᠷᠤᠯ ᠤᠨ ᠪᠡᠯᠡᠳᠬᠡᠯ ᠠᠵᠢᠯ ᠢᠶᠠᠨ ᠰᠠᠶᠢᠳᠤᠷ ᠬᠢᠵᠦ᠂ ᠮᠠᠯ ᠤᠰᠤᠯᠠᠬᠤ᠂ ᠮᠠᠯ ᠢᠶᠠᠨ ᠪᠤᠷᠳᠤᠬᠤ ᠵᠡᠷᠭᠡ ᠰᠢᠯᠳᠠᠭᠠᠨ ᠢᠶᠠᠷ ᠮᠠᠯ ᠢᠶᠠᠨ ᠪᠡᠯᠴᠢᠬᠡᠷᠯᠡᠬᠦᠯᠬᠦ ᠶᠢ ᠡᠷᠡᠰ ᠬᠤᠷᠢᠭᠯᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠰᠤᠮᠦ ᠪᠠᠯᠭᠠᠰᠦ᠂ ᠭᠠᠴᠠᠭᠠᠨ ᠤ ᠬᠢᠨᠠᠯᠳᠠ ᠬᠠᠮᠢᠶᠠᠷᠤᠯᠳᠡ ᠶᠢ ᠢᠳᠡᠪᠬᠢᠲᠠᠢ ᠬᠦᠯᠢᠶᠠᠨ ᠠᠪᠬᠤ ᠬᠡᠷᠡᠭᠲᠠᠢ᠃        ᠬᠤᠶᠠᠷ᠂ ᠡᠯ᠎ᠡ ᠰᠤᠮᠦ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠭᠠᠴᠠᠭᠠᠨ ᠤ ︽ᠬᠤᠶᠠᠷ ᠵᠦᠪᠯᠡᠯ︾᠎ ᠨᠢ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠦ᠂ ᠮᠠᠯᠵᠢᠬᠤ ᠡᠷᠤᠬᠡ ᠶᠢᠨ ᠮᠠᠯ ᠢᠶᠠᠨ ᠪᠦᠬᠦᠨ ᠢ ᠬᠠᠰᠢᠶᠠᠯᠠᠨ ᠮᠠᠯᠵᠢᠬᠤ ᠳᠤ ᠬᠢᠨᠡᠯᠳᠡ ᠲᠠᠯᠪᠢᠬᠤ ᠬᠡᠷᠡᠭᠲᠠᠢ᠃ ᠬᠤᠰᠢᠭᠤ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠨᠢ ᠦᠪᠡᠷ ᠤᠨ ᠴᠢᠳᠠᠪᠬᠢ ᠤᠶᠢᠯᠡᠳᠤᠯ ᠢᠶᠠᠨ ᠬᠦᠢᠴᠡᠳ ᠪᠠᠳᠠᠷᠠᠭᠤᠯᠵᠦ᠂ ᠵᠢᠭᠠᠨ ᠵᠢᠯᠤᠭᠤᠳᠬᠤ ᠪᠠ ᠬᠢᠨᠡᠨ ᠬᠠᠮᠢᠶᠠᠷᠤᠯᠳᠡ ᠶᠢᠨ ᠠᠵᠢᠯ ᠢ ᠰᠠᠶᠢᠳᠤᠷ ᠬᠢᠬᠦ ᠬᠡᠷᠡᠭᠲᠠᠢ᠃ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ ᠨᠢ ᠬᠢᠨᠠᠯᠳᠠ ᠲᠠᠯᠪᠢᠬᠤ ᠵᠢᠴᠢ ᠡᠪᠡᠰᠤᠨ ᠤ ᠤᠷᠭᠤᠯᠳᠡ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠢ ᠬᠠᠷᠢᠭᠤᠴᠠᠵᠦ᠂  ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠡᠯᠡ ᠮᠦᠩᠬᠦ ᠶᠢ  ᠬᠢᠨᠠᠨ ᠬᠠᠮᠢᠶᠠᠷᠬᠤ ᠪᠠ ᠲᠠᠷᠬᠠᠭᠠᠬᠤ ᠠᠵᠢᠯ ᠢ ᠬᠠᠷᠢᠭᠤᠴᠠᠵᠦ᠂ ᠬᠤᠰᠢᠭᠤ ᠮᠠᠯ ᠲᠠᠷᠢᠶᠠᠯᠠᠩ ᠰᠢᠨᠵᠢᠯᠡᠭᠡ ᠮᠡᠷᠬᠡᠵᠢᠯ ᠤᠨ ᠰᠠᠯᠠᠭ᠎ᠠ ᠮᠦᠴᠢᠷ ᠨᠢ ᠡᠪᠡᠰᠦ ᠪᠤᠷᠳᠤᠭ᠎ᠠ ᠶᠢ ᠨᠦᠭᠡᠴᠡᠯᠡᠬᠦ᠂ ᠮᠠᠯ ᠤᠨ ᠬᠢᠵᠢᠭ  ᠬᠡᠮ ᠢ ᠰᠡᠷᠬᠡᠶᠢᠯᠡᠨ ᠵᠠᠰᠠᠬᠤ ᠪᠠ ᠬᠠᠰᠢᠶᠠᠯᠠᠨ ᠮᠠᠯᠵᠢᠬᠤ ᠮᠡᠷᠬᠡᠵᠢᠯ ᠤᠨ ᠵᠢᠯᠤᠭᠤᠳᠤᠯᠭ᠎ᠠ ᠬᠢᠬᠦ ᠠᠵᠢᠯ ᠢ ᠬᠠᠷᠢᠭᠤᠴᠠᠵᠦ᠂ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠨᠢ ᠮᠠᠯ ᠤᠨ ᠤᠰᠦ ᠤᠮᠳᠠ ᠶᠢ ᠪᠠᠳᠤᠯᠠᠬᠤ ᠠᠵᠢᠯ ᠢ ᠬᠠᠷᠢᠭᠤᠴᠠᠵᠦ᠂ ᠤᠬᠠᠭᠤᠯᠬᠤ ᠰᠠᠯᠠᠭ᠎ᠠ ᠮᠦᠴᠢᠷ ᠨᠢ ᠪᠡᠯᠴᠢᠬᠡᠷ ᠰᠡᠷᠬᠦᠬᠡᠬᠦ ᠠᠵᠢᠯ ᠤᠨ ᠤᠬᠠᠭᠤᠯᠤᠨ ᠵᠢᠯᠤᠭᠤᠳᠬᠤ ᠠᠵᠢᠯ ᠢ ᠬᠠᠷᠢᠭᠤᠴᠠᠵᠦ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠠᠤᠯᠢ ᠭᠡᠷᠡᠭᠵᠢᠬᠦᠯᠬᠦ ᠶᠡᠭᠡ ᠠᠩᠬᠢ᠂ ᠦᠨᠳᠤᠰᠤᠨ ᠱᠠᠳᠤᠨ ᠤ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ ᠨᠢ ᠬᠠᠤᠯᠢ ᠶᠢ ᠭᠡᠷᠡᠭᠵᠢᠬᠦᠯᠵᠦ ᠬᠢᠨᠡᠯᠳᠡ ᠲᠠᠯᠪᠢᠬᠤ ᠠᠵᠢᠯ ᠢᠶᠠᠨ ᠴᠢᠩᠭᠠᠳᠬᠠᠵᠦ᠂ ᠲᠦᠷᠢᠮ ᠲᠤᠭᠳᠠᠭᠠᠯ ᠢ ᠵᠦᠷᠢᠴᠡᠨ ᠮᠠᠯ ᠢᠶᠠᠨ ᠪᠡᠯᠴᠢᠬᠡᠷᠯᠡᠬᠦᠯᠬᠦ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠬᠦ ᠭᠡᠷᠡᠭᠲᠠᠢ᠃         ᠭᠤᠷᠪᠠ᠂  ᠪᠡᠯᠴᠢᠬᠡᠷ ᠰᠡᠷᠬᠦᠬᠡᠬᠦ ᠬᠤᠭᠤᠴᠠᠭᠠᠨ ᠳᠤ ᠢᠯᠡᠴᠢᠯᠡᠨ ᠮᠡᠳᠡᠬᠦᠯᠬᠦ ᠲᠦᠷᠢᠮ ᠢ ᠬᠡᠷᠡᠭᠵᠢᠬᠦᠯᠤᠨ᠂ ᠬᠠᠤᠯᠢ ᠭᠡᠷᠡᠭᠵᠢᠬᠦᠯᠬᠦ ᠬᠢᠨᠠᠯᠳᠠ ᠲᠠᠯᠪᠢᠬᠤ᠂ ᠨᠡᠶᠢᠬᠡᠮ ᠠᠴᠠ ᠬᠢᠨᠠᠯᠳᠠ ᠲᠠᠯᠪᠢᠬᠤ᠂ ᠤᠯᠠᠨ ᠲᠦᠮᠡᠨ ᠪᠠ ᠶᠠᠷᠢᠶ᠎ᠠ ᠬᠡᠯᠡᠯᠴᠡᠭᠡᠨ ᠤ ᠬᠢᠨᠠᠯᠳᠠ ᠲᠠᠯᠪᠢᠬᠤ ᠲᠠᠢ ᠤᠶᠠᠯᠳᠤᠭᠤᠯᠤᠨ᠎ᠠ᠃ ᠦᠷᠭᠡᠨ ᠤᠯᠠᠨ ᠲᠦᠮᠡᠨ ᠲᠦᠷᠢᠮ ᠲᠤᠭᠳᠠᠭᠠᠯ ᠠᠴᠠ ᠵᠦᠷᠢᠴᠡᠨ ᠪᠡᠯᠴᠢᠭᠡᠷᠯᠡᠬᠦᠯᠬᠦ ᠠᠵᠢᠯᠯᠠᠭ᠎ᠠ ᠶᠢ ᠢᠳᠡᠪᠬᠢᠲᠠᠢ ᠢᠯᠡᠴᠢᠯᠡᠨ ᠮᠡᠳᠡᠬᠦᠯᠬᠦ ᠪᠤᠯᠪᠠᠦ᠃        ᠪᠡᠯᠴᠢᠭᠡᠷ ᠰᠡᠷᠬᠦᠬᠡᠬᠦ ᠬᠤᠭᠤᠴᠠᠭᠠᠨ ᠳᠤ ᠡᠯ᠎ᠡ ᠰᠤᠮᠦ ᠪᠠᠯᠭᠠᠰᠦ ᠪᠡ ᠬᠤᠰᠢᠭᠤ ᠬᠠᠮᠢᠶ᠎ᠠ ᠪᠦᠬᠦᠢ ᠪᠠᠶᠢᠭᠤᠯᠭ᠎ᠠ ᠨᠢ ᠢᠯᠡᠴᠢᠯᠡᠨ ᠮᠡᠳᠡᠬᠦᠯᠬᠦ ᠲᠤᠰᠬᠠᠢ ᠤᠳᠠᠰᠦ ᠲᠤᠬᠢᠷᠠᠭᠤᠯᠪᠠ ᠄        ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶᠠᠨ ᠎ ᠤ ᠢᠯᠡᠴᠢᠯᠡᠨ ᠮᠡᠳᠡᠬᠦᠯᠬᠦ ᠤᠳᠠᠰᠦ᠄ 6222083        ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠢᠯᠡᠴᠢᠯᠡᠨ ᠮᠡᠳᠡᠬᠦᠯᠬᠦ ᠤᠳᠠᠰᠦ᠄ 6225500        ᠪᠠᠶᠠᠨᠳᠠᠯ᠎ᠠ ᠪᠠᠯᠭᠠᠰᠤᠨ ᠤ ᠢᠯᠡᠴᠢᠯᠡᠨ ᠮᠡᠳᠡᠬᠦᠯᠬᠦ ᠤᠳᠠᠰᠦ᠄ 6709608         ᠤᠩᠭᠤᠨ ᠠᠭᠤᠯᠡ ᠰᠤᠮᠤᠨ ᠤ ᠢᠯᠡᠴᠢᠯᠡᠨ ᠮᠡᠳᠡᠬᠦᠯᠬᠦ ᠤᠳᠠᠰᠦ᠄ 6225921         ᠪᠤᠭᠳᠠ ᠶᠢᠨ ᠭᠤᠤᠯ ᠰᠤᠮᠤᠨ ᠤ ᠢᠯᠡᠴᠢᠯᠡᠨ ᠮᠡᠳᠡᠬᠦᠯᠬᠦ ᠤᠳᠠᠰᠦ᠄ 6720529                                                           ᠤᠨᠴᠠᠭᠠᠶᠢᠯᠠᠨ ᠵᠠᠷᠯᠠᠪᠠ                                                                 ᠬᠦᠪᠡᠬᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ  ᠤᠨ ᠣᠷᠳᠣᠨ                                                                   2023 ᠤᠨ ᠤ 11 ᠰᠠᠷ᠎ᠠ ᠶᠢᠨ 16᠎ ᠤ ᠡᠳᠤᠷ 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号