ᠠᠳᠤᠭᠤᠨ ᠰᠣᠶᠣᠯ ᠤᠨ ᠮᠦᠽᠧᠢ ᠶᠢᠨ ︽ᠰᠢᠨ᠎ᠡ ᠵᠢᠯ ᠢᠶᠠᠨ ᠤᠭᠲᠤᠬᠤ︾ᠪᠠᠭᠠᠴᠤᠳ ᠬᠡᠥᠬᠡᠳ ᠤᠨ ᠮᠡᠳᠡᠯᠭᠡ ᠶᠢᠨ ᠤᠷᠤᠯᠳᠤᠭᠠᠨ ᠶᠠᠪᠤᠭ᠊
ᠨᠡᠶᠢᠲᠡᠯᠡᠭᠰᠡᠨ ᠴᠠᠭ᠄
2024/2/29
ᠠᠳᠤᠭᠤᠨ ᠰᠣᠶᠣᠯ ᠤᠨ ᠮᠦᠽᠧᠢ ᠶᠢᠨ ︽ᠰᠢᠨ᠎ᠡ ᠵᠢᠯ ᠢᠶᠠᠨ ᠤᠭᠲᠤᠬᠤ︾ᠪᠠᠭᠠᠴᠤᠳ ᠬᠡᠥᠬᠡᠳ ᠤᠨ ᠮᠡᠳᠡᠯᠭᠡ ᠶᠢᠨ ᠤᠷᠤᠯᠳᠤᠭᠠᠨ ᠶᠠᠪᠤᠭᠳᠠᠪᠠ                                        ᠬᠠᠮ ᠵᠠᠭᠤᠴᠢᠯᠠᠭᠤᠷ ᠤᠨ ᠰᠤᠷᠪᠤᠯᠵᠢᠯᠠᠭᠴᠢ   ᠵᠤᠨ᠎ᠠ   ᠬᠠᠰᠪᠢᠯᠢᠭ᠌                  2 ᠰᠠᠷ᠎ᠠ ᠶᠢᠨ 1᠎ ᠤ ᠡᠳᠦᠷ᠂ ᠬᠤᠰᠢᠭᠤ ᠠᠳᠤᠭᠤᠨ ᠰᠣᠶᠣᠯ ᠤᠨ ᠮᠦᠽᠧᠢ ᠨᠢ ︽ᠰᠢᠨ᠎ᠡ ᠵᠢᠯ ᠢᠶᠠᠨ ᠤᠭᠲᠤᠬᠤ︾ ᠪᠠᠭᠠᠴᠤᠳ ᠬᠡᠥᠬᠡᠳ ᠤᠨ ᠮᠡᠳᠡᠯᠭᠡ ᠶᠢᠨ ᠤᠷᠤᠯᠳᠤᠭᠠᠨ ᠢ ᠶᠠᠪᠤᠭᠳᠠᠭᠤᠯᠵᠤ᠂ ᠬᠡᠥᠬᠡᠳ ᠎ ᠤᠳ ᠲᠤ ᠤᠯᠠᠮᠵᠢᠯᠠᠯᠲᠤ ᠮᠤᠩᠭᠤᠯ ᠠᠳᠤᠭᠤᠨ ᠰᠤᠶᠤᠯ ᠢ ᠨᠡᠩ ᠰᠠᠶᠢᠨ ᠲᠠᠨᠢᠭᠤᠯᠵᠤ᠂ ᠭᠦᠨ ᠵᠤᠵᠠᠭᠠᠨ ᠤᠳᠬ᠎ᠠ ᠠᠭᠤᠯᠭ᠎ᠠ ᠲᠠᠢ ᠰᠢᠨ᠎ᠡ ᠵᠢᠯ ᠢᠶᠠᠨ ᠣᠭᠲᠤᠬᠤ ᠬᠦᠳᠡᠯᠭᠡᠭᠡᠨ ᠪᠤᠯᠤᠭᠰᠠᠨ ᠪᠠᠶᠢᠨ᠎ᠠ᠃ ᠮᠡᠳᠡᠯᠭᠡ ᠶᠢᠨ ᠤᠷᠤᠯᠳᠤᠭᠠᠨ ᠡᠬᠢᠯᠡᠬᠦ ᠠᠴᠠ ᠡᠮᠦᠨ᠎ᠡ᠂ ᠠᠵᠢᠯᠲᠠᠨ ᠠᠴᠠ ᠬᠡᠤᠬᠡᠳ ᠤᠳ ᠢ ᠳᠠᠭᠠᠭᠤᠯᠤᠨ ᠠᠳᠤᠭᠤᠨ ᠰᠣᠶᠣᠯ ᠤᠨ ᠮᠦᠽᠧᠶ ᠶᠢ ᠲᠣᠭᠤᠷᠢᠨ ᠦᠵᠡᠭᠦᠯᠬᠦ ᠶᠢᠨ ᠬᠠᠮᠲᠤ᠂ ᠮᠣᠩᠭᠤᠯ ᠠᠳᠤᠭᠤᠨ ᠤ ᠡᠭᠦᠰᠦᠯ᠂ ᠬᠥᠭᠵᠢᠯᠲᠡ᠂ ᠲᠥᠷᠥᠯ ᠵᠦᠢᠯ᠂ ᠵᠢᠰᠦᠮ ᠵᠡᠷᠭᠡ ᠶᠢ ᠨᠠᠷᠢᠨ ᠲᠠᠶᠢᠯᠪᠤᠷᠢᠯᠠᠨ᠂ ᠡᠮᠡᠭᠡᠯ ᠤᠨ ᠡᠯ᠎ᠡ ᠬᠡᠰᠡᠭ ᠤᠨ ᠨᠡᠷᠡᠶᠢᠳᠦᠯ ᠢ ᠲᠠᠨᠢᠯᠴᠠᠭᠤᠯᠵᠠᠢ᠃                  ᠳᠠᠷᠠᠭ᠎ᠠ ᠳᠤᠨᠢ ︽ᠰᠢᠨ᠎ᠡ ᠵᠢᠯ ᠢᠶᠠᠨ ᠤᠭᠲᠤᠬᠤ︾ ᠪᠠᠭᠠᠴᠤᠳ ᠬᠡᠥᠬᠡᠳ ᠤᠨ ᠮᠡᠳᠡᠯᠭᠡ ᠶᠢᠨ ᠤᠷᠤᠯᠳᠤᠭᠠᠨ ᠶᠠᠪᠤᠭᠳᠠᠵᠤ᠂ ᠬᠡᠤᠬᠡᠳ ᠤᠳ ᠠᠴᠠ ᠠᠳᠤᠭᠤᠨ ᠤ ᠲᠤᠬᠠᠢ ᠮᠡᠳᠡᠯᠭᠡ ᠶᠢ ᠠᠰᠠᠭᠤᠵᠤ᠂ ᠠᠳᠤᠭᠤᠨ ᠰᠣᠶᠣᠯ ᠤᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠡᠢ᠃ ᠬᠠᠮᠤᠭ ᠰᠡᠬᠦᠯ ᠳᠤᠨᠢ ᠤᠷᠤᠯᠳᠤᠭᠠᠨ ᠳᠤ ᠣᠷᠣᠯᠴᠠᠭᠰᠠᠨ ᠬᠡᠥᠬᠡᠳ ᠤᠳ ᠲᠤ ᠱᠠᠩᠨᠠᠯ ᠤᠨ ᠨᠤᠮ ᠪᠠ ᠦᠨᠳᠦᠰᠦᠲᠡᠨ ᠤ ᠤᠨᠴᠠᠯᠢᠭᠲᠤ ᠪᠦᠬᠦᠢ ᠪᠡᠯᠡᠭ ᠬᠦᠷᠭᠡᠵᠡᠢ᠃ ︽ᠥᠨᠥᠳᠦᠷ ᠤᠨ ᠬᠥᠳᠡᠯᠭᠡᠭᠡᠨ ᠳᠤ ᠤᠷᠤᠯᠴᠠᠵᠤ ᠮᠣᠷᠢᠨ ᠤ ᠰᠢᠳᠦ ᠪᠠᠷ ᠨᠠᠰᠤ ᠶᠢ ᠨᠢ ᠮᠡᠳᠡᠬᠦ ᠪᠠ ᠠᠳᠤᠭᠤᠨ ᠤ ᠲᠤᠬᠠᠶ ᠨᠡᠩ ᠤᠯᠠᠨ ᠮᠡᠳᠡᠯᠭᠡ ᠶᠢ ᠡᠵᠡᠮᠰᠢᠭᠰᠡᠨ ᠳᠡᠭᠡᠨ ᠪᠢ ᠶᠡᠭᠡ ᠪᠠᠶᠠᠷᠲᠠᠢ ᠪᠠᠶᠢᠨ᠎ᠠ  ︾ ᠭᠡᠵᠦ  ᠤᠷᠤᠯᠴᠠᠭᠴᠢ ᠪᠤᠯᠤᠷᠮ᠎ᠠ ᠶᠠᠷᠢᠯ᠎ᠠ᠃                  ᠲᠣᠰ ᠣᠳᠠᠭᠠᠨ ᠤ ︽ᠰᠢᠨ᠎ᠡ ᠵᠢᠯ ᠢᠶᠠᠨ ᠤᠭᠲᠤᠬᠤ︾ ᠪᠠᠭᠠᠴᠤᠳ ᠬᠡᠥᠬᠡᠳ ᠤᠨ ᠮᠡᠳᠡᠯᠭᠡ ᠶᠢᠨ ᠤᠷᠤᠯᠳᠤᠭᠠᠨ ᠨᠢ ᠬᠡᠦᠬᠡᠳ ᠤᠳ ᠲᠤ ᠠᠳᠤᠭᠤᠨ ᠤ ᠰᠣᠶᠣᠯ ᠤᠨ ᠮᠡᠳᠡᠯᠭᠡ ᠶᠢ ᠣᠶᠢᠯᠠᠭᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠦᠴᠦᠨ ᠴᠢᠳᠠᠯ ᠢ ᠣᠯᠭᠤᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号