ᠮᠦᠩᠬᠦᠨ ᠲᠠᠷᠬᠠᠨ ᠸᠴᠢᠷᠪᠡᠳᠣ ᠶᠢᠨ ᠪᠠᠷᠢᠮᠳᠠᠯᠠᠯ
ᠨᠡᠶᠢᠲᠡᠯᠡᠭᠰᠡᠨ ᠴᠠᠭ᠄
2024/2/29
ᠮᠦᠩᠬᠦᠨ ᠲᠠᠷᠬᠠᠨ ᠸᠴᠢᠷᠪᠡᠳᠣ ᠶᠢᠨ ᠪᠠᠷᠢᠮᠳᠠᠯᠠᠯᠬᠠᠮ ᠵᠠᠭᠤᠴᠢᠯᠠᠭᠤᠷ ᠤᠨ ᠰᠤᠷᠪᠤᠯᠵᠢᠯᠠᠭᠴᠢ  ᠳᠤᠷᠠᠨ᠎ᠠ ᠰᠢᠨᠵᠢᠯᠡᠲᠦᠬᠦᠪᠡᠬᠡᠳᠣ ᠰᠢᠷ᠎ᠡ ᠬᠤᠰᠢᠭᠤᠨ ᠤ ᠣᠩᠭᠤᠨ ᠠᠭᠤᠯᠠ ᠰᠣᠮᠣᠨ ᠤ ᠸᠴᠢᠷᠪᠠᠳᠣ ᠪᠣᠯ ᠭᠤᠴᠢ ᠬᠦᠷᠦᠬᠡ ᠦᠭᠡᠢ ᠵᠠᠯᠠᠭᠤ ᠮᠥᠩᠭᠦᠨ ᠳᠠᠷᠬᠠᠨ ᠶᠤᠮ᠃ ᠨᠠᠰᠤ ᠵᠠᠯᠠᠭᠤ ᠪᠤᠯᠪᠠᠴᠦ ᠥᠪᠡᠷ ᠤᠨ ᠰᠥᠰᠥ ᠵᠣᠷᠢᠭ ᠪᠠᠷᠢᠮᠳᠠᠯᠠᠯ ᠢᠶᠠᠷ ᠢᠶᠠᠨ ᠤᠷ᠎ᠠ ᠮᠡᠷᠭᠡᠵᠢᠯ ᠢᠶᠠᠨ ᠳᠡᠭᠡᠭᠰᠢᠯᠡᠬᠦᠯᠵᠤ᠂ ᠤᠯᠠᠮᠵᠢᠯᠠᠯᠲᠤ ᠰᠣᠶᠣᠯ ᠢᠶᠠᠨ ᠣᠯᠠᠮᠵᠢᠯᠠᠨ ᠬᠦᠭᠵᠢᠬᠦᠯᠬᠦ ᠶᠢᠨ ᠲᠦᠯᠦᠭᠡ ᠵᠢᠳᠬᠦᠨ᠂ ᠣᠳᠣᠬᠢᠴᠢᠯᠠᠭᠰᠠᠨ ᠬᠠᠷᠠᠭᠠᠰᠤ ᠪᠠ ᠪᠦᠲᠦᠭᠡᠯᠴᠢ ᠴᠢᠳᠠᠪᠤᠷᠢ ᠪᠠᠨ ᠤᠯᠠᠮᠵᠢᠯᠠᠯᠲᠦ ᠰᠤᠶᠤᠯ ᠪᠠ ᠰᠢᠨ᠎ᠡ ᠶᠢ ᠡᠭᠦᠳᠬᠦ ᠲᠠᠢ ᠤᠶᠠᠯᠳᠤᠭᠤᠯᠤᠨ᠂ ᠰᠣᠶᠣᠯ ᠤᠨ ᠵᠠᠬ᠎ᠠ ᠲᠡᠯᠬᠡᠬᠦᠷ ᠳᠤᠮᠳᠠ ᠦᠪᠡᠷ ᠤᠨ ᠭᠡᠰᠡᠨ ᠵᠠᠮ ᠨᠡᠭᠡᠭᠡᠨ ᠤᠷᠤᠭᠰᠢᠯᠠᠵᠤ ᠶᠠᠪᠣᠨ᠎ᠠ᠃ᠰᠣᠷᠪᠣᠯᠵᠢᠯᠠᠬᠴᠢ ᠰᠢᠨᠡᠪᠤᠯᠠᠭ ᠪᠠᠯᠭᠠᠰᠤᠨ ᠤ ᠦᠨᠳᠣᠰᠣᠳᠠᠨ ᠤ ᠵᠠᠩ ᠦᠢᠯᠡ ᠰᠣᠶᠣᠯ ᠤᠨ ᠵᠡᠬᠡᠯᠢ ᠶᠢᠨ ︽ᠲᠠᠷᠬᠠᠨ︾ ᠮᠦᠩᠬᠦᠨ ᠡᠳ᠋ᠯᠡᠯ ᠤᠨ ᠲᠡᠯᠬᠡᠬᠦᠷ ᠲᠤ ᠬᠦᠷᠬᠦ ᠳᠤ᠂ ᠭᠤᠴᠤ ᠰᠠᠶᠢᠬᠠᠨ ᠮᠥᠩᠭᠦᠨ ᠠᠶᠠᠭ᠎ᠠ᠂ ᠮᠥᠩᠭᠦᠨ ᠲᠣᠯᠣᠭᠠᠢ ᠎ ᠶᠢᠨ ᠵᠠᠰᠠᠯ᠂ ᠮᠥᠩᠭᠦᠨ ᠰᠣᠨᠳᠣᠷ᠂ ᠮᠣᠩᠭᠤᠯ ᠬᠢᠲᠤᠭ᠎ᠠ ᠵᠡᠷᠭᠡ ᠡᠳ᠋ᠯᠡᠯ ᠬᠡᠷᠡᠭᠰᠡᠯ ᠬᠠᠷᠠᠭᠠᠨ ᠳᠤ ᠰᠤᠳᠤᠬᠠᠨ ᠬᠢᠯᠠᠯᠵᠠᠵᠤ᠂ ᠣᠳᠣ ᠦᠶ᠎ᠡ ᠶᠢᠨ ᠮᠠᠰᠢᠨ ᠪᠠᠭᠠᠵᠢ ᠶᠢᠨ ᠳᠠᠪᠠᠭᠤᠯᠢᠭ ᠪᠠ ᠤᠯᠠᠮᠵᠢᠯᠠᠯᠲᠦ ᠭᠠᠷ ᠤᠷᠠᠯᠠᠯ ᠤᠨ ᠤᠷᠠᠨ ᠳᠡᠮ ᠢ ᠤᠶᠠᠯᠳᠤᠭᠤᠯᠤᠭᠰᠠᠨ ᠬᠢᠴᠡ ᠲᠠᠢ ᠠᠯᠲᠠ ᠮᠥᠩᠭᠦᠨ ᠪᠦᠲᠦᠭᠡᠭᠳᠡᠬᠦᠨ ᠨᠢ ᠸᠴᠢᠷᠪᠡᠳᠣ ᠶᠢᠨ ᠦᠪᠡᠷᠮᠢᠴᠡ ᠤᠨᠴᠠᠯᠢᠭ ᠲᠠᠢ ᠤᠷ᠎ᠠ ᠳᠡᠮ ᠢ ᠳᠤᠳᠤᠬᠠᠨ ᠬᠠᠷᠠᠭᠤᠯᠵᠤ ᠪᠠᠶᠢᠯ᠎ᠠ᠃ᠸᠴᠢᠷᠪᠡᠳᠣ ᠬᠠᠷᠬᠠᠨ ᠪᠠᠭ᠎ᠠ ᠠᠴᠠ ᠪᠠᠨ ᠡᠵᠢ ᠪᠠᠨ ᠲᠠᠭᠠᠨ ᠮᠣᠳᠣ ᠵᠣᠷᠭᠤᠨ ᠦᠬᠡᠷ ᠲᠡᠷᠬᠡ ᠣᠷᠠᠯᠠᠬᠤ᠂ ᠪᠢᠴᠢᠬᠠᠨ ᠭᠠᠷ ᠣᠷᠠᠯᠠᠯ ᠬᠢᠬᠦ ᠶᠢ ᠰᠤᠷᠴᠦ ᠪᠠᠶᠢᠭᠰᠠᠨ ᠠᠴᠠ ᠪᠠᠨ ᠠᠭᠠᠵᠢᠮ ᠢᠶᠠᠷ ᠳᠠᠷᠬᠠᠨ ᠬᠦᠮᠦᠨ ᠤ ᠠᠪᠢᠶᠠᠰ ᠨᠢ ᠮᠡᠳᠡᠷᠡᠭᠳᠡᠵᠤ᠂ 2009 ᠣᠨ ᠳᠤ ᠬᠦᠬᠡᠬᠤᠳᠠ ᠶᠢᠨ ᠵᠢᠷᠤᠭ ᠪᠢᠴᠢᠯᠬᠡ ᠶᠢᠨ ᠲᠡᠬᠡᠳᠣ ᠰᠣᠷᠭᠠᠭᠤᠯᠢ ᠳᠤ ᠣᠷᠠᠨ ᠪᠢᠴᠢᠯᠭᠡ ᠶᠢᠨ ᠮᠡᠷᠬᠡᠵᠢᠯ ᠰᠣᠷᠣᠯᠴᠠᠨ᠂ 2012 ᠣᠨ ᠳᠤ ᠠᠷᠠᠰᠣᠨ ᠡᠳ᠋ᠯᠡᠯ ᠤᠷᠠᠯᠠᠬᠤ ᠮᠡᠷᠬᠡᠵᠢᠯ ᠢ ᠰᠣᠷᠣᠯᠴᠠᠨ ᠬᠤᠶᠡᠷ ᠵᠢᠯ ᠠᠷᠠᠰᠣᠨ ᠡᠳ᠋ᠯᠡᠯ ᠬᠢᠵᠣ ᠪᠠᠶᠢᠵᠠᠢ᠃ ︽2014 ᠣᠨ ᠳᠤ ᠮᠦᠩᠬᠦᠨ ᠲᠠᠷᠬᠠᠨ ᠤ ᠮᠡᠷᠬᠡᠵᠢᠯ ᠢ ᠪᠠᠭᠰᠢ ᠎ ᠠᠴᠠ ᠪᠠᠨ ᠰᠣᠷᠣᠯᠴᠠᠬᠤ ᠪᠠᠷ ᠱᠠᠪᠢᠯᠠᠵᠣ ᠣᠴᠢᠬᠰᠠᠨ︔ ᠵᠢᠯ ᠭᠠᠷᠣᠢ ᠰᠣᠷᠣᠯᠴᠠᠵᠣ 2015 ᠣᠨ ᠠᠴᠠ ᠡᠬᠢᠯᠡᠨ ᠣᠳᠣ ᠪᠣᠯᠳᠠᠯ᠎ᠠ ᠲᠠᠷᠬᠠᠨ ᠤ ᠵᠠᠮ ᠢᠶᠠᠨ ᠬᠦᠬᠡᠬᠡᠵᠣ ᠪᠠᠶᠢᠨ᠎ᠠ︔ 2016 ᠤᠨ ᠳᠤ ᠡᠨᠡ ᠳᠡᠯᠭᠡᠬᠦᠷ ᠢᠶᠠᠨ ᠨᠡᠭᠡᠭᠡᠭᠰᠡᠨ︾ ᠭᠡᠵᠤ ᠸᠴᠢᠷᠪᠡᠳᠣ ᠶᠠᠷᠢᠯ᠎ᠠ᠃ᠬᠦᠰᠡᠯ ᠣᠷᠣᠯᠳᠣᠯᠭ᠎ᠠ ᠠᠴᠠ ᠠᠮᠵᠢᠯᠳᠠ ᠪᠦᠳᠣᠬᠡᠯ ᠳᠤᠳᠤᠷᠠᠳᠠᠭ ᠵᠣᠶᠢᠲᠠᠢ᠃ ︽ᠲᠠᠷᠬᠠᠨ ᠬᠦᠮᠣᠨ ᠪᠣᠷᠬᠠᠨ ᠣᠬᠠᠭᠠᠨ ᠲᠠᠢ︾ ᠬᠡᠳᠡᠭᠴᠢᠯᠡᠨ ᠸᠴᠢᠷᠪᠡᠳᠣ ᠤᠷᠠᠨ ᠨᠠᠷᠢᠨ ᠤᠷᠠᠯᠠᠯ ᠢ ᠰᠠᠨᠠᠭ᠎ᠠ ᠲᠠᠯᠪᠢᠨ ᠰᠤᠳᠤᠯᠵᠤ᠂ ᠪᠤᠰᠤᠳ ᠎ ᠤᠨ ᠰᠠᠨᠠᠭ᠎ᠠ ᠱᠠᠭᠠᠷᠳᠠᠯᠭ᠎ᠠ ᠶᠢ ᠰᠡᠳᠬᠢᠯ ᠤᠨ ᠤᠭ ᠠᠴᠠ ᠪᠠᠨ ᠬᠦᠯᠢᠶᠡᠨ ᠠᠪᠴᠦ ᠪᠦᠲᠦᠭᠡᠯ ᠳᠤ ᠪᠠᠨ ᠠᠰᠢᠭᠯᠠᠨ᠂ ᠦᠪᠡᠷ ᠤᠨ ᠮᠡᠳᠡᠬᠦ ᠦᠭᠡᠢ ᠵᠦᠢᠯ ᠢᠶᠠᠨ ᠪᠣᠰᠣᠳ ᠠᠴᠠ ᠰᠣᠷᠣᠯᠴᠠᠬᠤ ᠶᠢ ᠪᠠᠷᠢᠮᠲᠠᠯᠠᠨ ᠬᠢᠴᠢᠶᠡᠳᠡᠭ ᠪᠦᠬᠡᠳ ᠮᠡᠷᠬᠡᠵᠢᠯ ᠢᠶᠠᠨ ᠲᠡᠬᠡᠭᠰᠢᠯᠡᠬᠦᠯᠬᠦ ᠶᠢᠨ ᠲᠦᠯᠣᠬᠡ ᠴᠢᠯᠣᠬᠡ ᠵᠠᠪ ᠪᠠᠷ ᠢᠶᠠᠨ ᠲᠣᠣᠷ ᠰᠦᠯᠵᠢᠶ᠎ᠠ ᠶᠢ ᠠᠰᠢᠬᠯᠠᠨ ᠰᠤᠷᠤᠯᠴᠠᠳᠠᠭ ᠠᠴᠠ ᠲᠠᠬᠦᠨ ᠤ ᠮᠡᠷᠭᠡᠵᠢᠯ ᠴᠢᠳᠠᠪᠤᠷᠢ ᠨᠢ ᠤᠯᠠᠮ ᠢᠶᠠᠷ ᠳᠡᠭᠡᠭᠰᠢᠯᠡᠵᠤ᠂ ᠤᠷᠠᠯᠠᠯ ᠪᠦᠳᠣᠬᠡᠯ ᠨᠢ ᠬᠦᠮᠣᠰ ᠲᠤ ᠮᠠᠰᠢ ᠬᠤᠷᠳᠤᠨ ᠲᠠᠭᠠᠰᠢᠶᠠᠭᠳᠠᠵᠤ᠂ ᠠᠷᠠᠯᠵᠢᠶ᠎ᠠ ᠬᠤᠳᠠᠯᠳᠤᠭ᠎ᠠ ᠨᠢ ᠡᠳᠣᠷ ᠢᠷᠡᠬᠦᠶ᠎ᠠ ᠰᠠᠶᠢᠵᠢᠷᠠᠨ᠂ ᠬᠦᠬᠡᠬᠤᠳᠠ᠂ ᠰᠢᠯᠢ ᠶᠢᠨ ᠬᠤᠳᠠ ᠵᠡᠷᠬᠡ ᠭᠠᠵᠡᠷ ᠠᠴᠠ ᠴᠤ ᠵᠠᠬᠢᠶᠠᠯᠠᠭ᠎ᠠ ᠢᠷᠡᠳᠡᠭ ᠪᠤᠯᠤᠭᠰᠠᠨ ᠪᠠᠶᠢᠨ᠎ᠠ᠃2020 ᠣᠨ ᠳᠤ ᠲᠡᠭᠦᠨ ᠤ ᠤᠷᠠᠯᠠᠭᠰᠠᠨ ︽ᠮᠣᠩᠭᠤᠯ ᠮᠥᠩᠭᠦᠨ ᠠᠶᠠᠭ᠎ᠠ︾ ᠪᠦᠲᠦᠭᠡᠯ ᠨᠢ ᠳᠤᠮᠳᠠᠳᠦ ᠤᠯᠤᠰ ᠎ ᠤᠨ ᠭᠠᠷ ᠤᠷᠠᠯᠠᠯ ᠤᠷᠠᠨ ᠵᠢᠷᠤᠭ ᠤᠨ ᠨᠡᠶᠢᠭᠡᠮᠯᠢᠭ ᠤᠨ ᠰᠢᠨ᠎ᠡ ᠶᠢ ᠡᠭᠦᠳᠬᠦ ᠪᠦᠲᠦᠭᠡᠯ ᠤᠨ ᠤᠷᠤᠯᠳᠤᠭᠠᠨ ᠳᠤ ᠰᠣᠩᠭᠤᠭᠳᠠᠭᠰᠠᠨ ᠪᠥᠭᠡᠳ ᠮᠠᠰᠢ ᠰᠠᠶᠢᠨ ᠬᠢᠷᠢ ᠪᠦᠲᠦᠮᠵᠢ ᠤᠯᠵᠠᠢ᠃ ᠸᠴᠢᠷᠪᠠᠲᠦ ᠪᠠᠰᠠ ᠦᠪᠡᠷ ᠤᠨ ᠡᠨᠡᠬᠦ ᠣᠷ᠎ᠡ ᠮᠡᠷᠬᠡᠵᠢᠯ ᠢᠶᠠᠨ ᠣᠯᠠᠮᠵᠢᠯᠠᠨ ᠲᠦᠬᠡᠬᠡᠬᠦ ᠠᠯᠣᠰ ᠤᠨ ᠵᠣᠷᠢᠯᠭ᠎ᠠ ᠲᠠᠢ ᠪᠠᠷ ᠭᠠᠷ ᠱᠠᠪᠢ ᠬᠦᠮᠣᠵᠢᠬᠦᠯᠣᠨ ᠢᠳᠡᠬᠡᠯ ᠲᠡᠬᠦᠯᠳᠡᠷ ᠮᠡᠷᠡᠶᠢᠵᠣ ᠶᠠᠪᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号