2024 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠶᠠᠪᠤᠭ᠊
ᠨᠡᠶᠢᠲᠡᠯᠡᠭᠰᠡᠨ ᠴᠠᠭ᠄
2024/2/29
2024 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠶᠠᠪᠤᠭᠳᠠᠪᠠ                                                    ᠰᠤᠷᠪᠤᠯᠵᠢᠯᠠᠭᠴᠢ ᠵᠤᠨ᠎ᠠ ᠬᠠᠰᠪᠢᠯᠢᠭ᠌2 ᠰᠠᠷ᠎ᠠ ᠶᠢᠨ 23 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠡᠬᠢᠯᠡᠵᠥ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠦᠨ ᠤ ᠴᠡᠷᠢᠭ ᠲᠤ ᠡᠯᠰᠡᠭᠳᠡᠭᠰᠡᠨ 16 ᠵᠠᠯᠠᠭᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ  ᠪᠡᠶ᠎ᠡ ᠶᠢᠨ ᠪᠠᠶᠢᠴᠠᠭᠠᠯᠲᠠ  ᠬᠢᠯᠭᠡᠵᠦ ᠴᠡᠷᠢᠭ ᠤᠨ ᠬᠤᠸᠠᠷᠠᠨ ᠳᠤ ᠣᠷᠣᠬᠤ ᠠᠩᠬᠠᠨ ᠤ ᠠᠯᠬᠤᠮ ᠢᠶᠠᠨ ᠠᠯᠬᠤᠵᠠᠢ᠃ᠲᠤᠬᠠᠢ ᠶᠢᠨ ᠲᠠᠯᠠᠪᠠᠢ ᠳᠤ᠂ ᠴᠡᠷᠢᠭ ᠲᠤ ᠡᠯᠰᠡᠭᠳᠡᠭᠰᠡᠨ ᠵᠠᠯᠠᠭᠤᠴᠤᠳ ᠲᠡᠷᠢ ᠲᠡᠭᠰᠢ ᠮᠥᠷᠯᠡᠨ ᠵᠢᠭᠰᠠᠵᠤ᠂ ᠠᠵᠢᠯᠲᠠᠳ ᠤᠨ ᠵᠢᠯᠤᠭᠤᠳᠤᠯᠭ᠎ᠠ ᠳᠣᠣᠷ᠎ᠠ᠂ ᠳᠣᠲᠣᠷ ᠭᠠᠳᠠᠷ ᠰᠠᠯᠠᠭ᠎ᠠ᠂ ᠴᠢᠬᠢ ᠬᠠᠮᠠᠷ ᠬᠤᠭᠤᠯᠠᠢ ᠶᠢᠨ ᠰᠠᠯᠠᠭ᠎ᠠ᠂  ᠨᠢᠳᠦᠨ ᠤ  ᠰᠠᠯᠠᠭᠠᠨ ᠳᠤ ᠵᠢᠷᠦᠬᠡᠨ ᠤ ᠴᠠᠬᠢᠯᠭᠠᠨ ᠵᠢᠷᠤᠭ᠂ ᠬᠡᠪᠡᠯᠢ ᠶᠢᠨ ᠬᠡᠰᠡᠭ ᠤᠨ ᠪᠤᠳᠤᠭᠲᠤ ᠬᠡᠳᠤ ᠳᠣᠯᠭᠢᠶᠠᠨ ᠵᠡᠷᠭᠡ ᠪᠠᠶᠢᠴᠠᠭᠠᠯᠲᠠ ᠶᠢ ᠬᠢᠵᠡᠢ᠃ ᠡᠮᠨᠡᠯᠭᠡ ᠶᠢᠨ ᠠᠵᠢᠯᠲᠠᠳ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠵᠠᠯᠠᠭᠤᠴᠤᠳ ᠳᠤ ᠨᠠᠷᠢᠨ ᠪᠠᠶᠢᠴᠠᠭᠠᠯᠲᠠ ᠬᠢᠵᠦ᠂ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠡᠷᠬᠡ ᠲᠡᠭᠰᠢ ᠲᠥᠪ ᠭᠤᠤᠯᠴᠢ ᠶᠢ ᠪᠠᠲᠤᠯᠠᠵᠠᠢ᠃ ︽ᠪᠢ ᠬᠠᠷᠠᠬᠠᠨ ᠪᠠᠭ᠎ᠠ ᠠᠴᠠ ᠪᠠᠨ ᠴᠡᠷᠢᠭ ᠲᠤ ᠣᠷᠤᠵᠤ᠂ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠦᠢᠯᠡᠰ ᠲᠤ ᠥᠪᠡᠷ ᠤᠨ ᠬᠦᠴᠥᠨ ᠢᠶᠠᠨ ᠡᠷᠭᠦᠬᠦ ᠶᠢ ᠬᠦᠰᠡᠳᠡᠭ︾ ᠭᠡᠵᠦ ᠰᠢᠨ᠎ᠡ ᠴᠡᠷᠢᠭ ᠹᠧᠩ ᠴᠢᠶᠠᠩ ᠶᠠᠷᠢᠯ᠎ᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠴᠡᠷᠢᠭ ᠡᠯᠰᠡᠬᠦ ᠨᠡᠷ᠎ᠡ ᠮᠡᠳᠡᠭᠦᠯᠬᠦ ᠬᠤᠭᠤᠴᠠᠭ᠎ᠠ ᠨᠢ 2 ᠰᠠᠷ᠎ᠠ ᠶᠢᠨ 18 ᠤ ᠡᠳᠦᠷ ᠪᠠᠶᠢᠵᠦ᠂ 3 ᠰᠠᠷ᠎ᠠ ᠶᠢᠨ ᠳᠤᠮᠳᠠᠴᠢ ᠠᠴᠠ ᠡᠬᠢᠯᠡᠨ ᠰᠢᠨ᠎ᠡ ᠴᠡᠷᠢᠭ ᠢ ᠴᠡᠷᠢᠭ ᠠᠩᠭᠢ ᠳᠤ ᠨᠢ ᠬᠦᠷᠭᠡᠬᠦ ᠪᠠᠷ ᠪᠤᠢ᠃ ᠴᠡᠷᠢᠭ ᠡᠯᠰᠡᠬᠦ ᠠᠯᠪᠠᠨ ᠬᠡᠷ ᠤᠨ ᠠᠵᠢᠯᠲᠠᠨ ᠵᠢᠩ ᠰᠢᠶᠤᠤ ᠯᠧ᠄ ︽2024 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠳᠤ ᠨᠡᠶᠢᠲᠡ 16 ᠬᠦᠮᠦᠨ ᠤᠷᠣᠯᠴᠠᠵᠤ᠂ ᠡᠭᠦᠨ ᠳᠤ ᠶᠡᠭᠡ ᠰᠤᠷᠭᠠᠭᠤᠯᠢ ᠠᠴᠠ ᠲᠡᠭᠦᠰᠦᠭᠰᠡᠨ 6 ᠰᠣᠷᠣᠭᠴᠢ᠂ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ 6 ᠰᠣᠷᠣᠭᠴᠢ ᠂ ᠥᠨᠳᠥᠷ ᠳᠤᠮᠳᠠᠳᠤ ᠲᠡᠭᠦᠰᠦᠭᠰᠡᠨ 4 ᠰᠣᠷᠣᠭᠴᠢ ᠪᠣᠶ᠂ ᠲᠥᠪ ᠭᠤᠣᠯᠴᠢ ᠪᠠᠷ ᠴᠡᠷᠢᠭ ᠡᠯᠰᠡᠬᠦ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠠᠯᠪᠠᠨ ᠬᠡᠷ ᠠᠴᠠ ᠪᠡᠶ᠎ᠡ ᠶᠢᠨ ᠪᠠᠶᠢᠴᠠᠭᠠᠯᠲᠠ ᠬᠢᠬᠦ ᠠᠴᠠ ᠡᠮᠦᠨ᠎ᠡ ᠬᠠᠮᠢᠶᠠᠲᠠᠢ ᠡᠮᠴᠢ ᠶᠢ ᠵᠣᠬᠢᠶᠠᠨ ᠪᠠᠶᠢᠭᠤᠯᠵᠤ ᠲᠥᠪ ᠭᠤᠣᠯᠴᠢ ᠪᠠᠷ ᠴᠡᠷᠢᠭ ᠡᠯᠰᠡᠬᠦ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠭᠤᠯᠵᠤ ᠴᠡᠷᠢᠭ ᠡᠯᠰᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠥᠭᠡᠳ ᠪᠡᠶ᠎ᠡ ᠶᠢᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠢ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠲᠣᠰ ᠤᠳᠠᠭᠠᠨ ᠤ ᠪᠡᠶ᠎ᠡ ᠶᠢᠨ ᠪᠠᠶᠢᠴᠠᠭᠠᠯᠲᠠ ᠶᠢᠨ ᠡᠷᠬᠡ ᠲᠡᠭᠰᠢ ᠲᠥᠪ ᠭᠤᠤᠯᠴᠢ ᠢᠯᠡ ᠲᠣᠳᠣ ᠪᠠᠶᠢᠬᠤ ᠶᠢ ᠪᠠᠲᠤᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠠᠯᠪᠠᠨ ᠭᠡᠷ ᠨᠢ ᠤᠯᠤᠰ ᠲᠥᠷᠥ ᠶᠢᠨ ᠬᠢᠨᠠᠨ ᠰᠢᠯᠭᠠᠯᠲᠠ ᠵᠢᠴᠢ ᠴᠡᠷᠢᠭ ᠲᠤ ᠣᠷᠤᠬᠤ ᠠᠴᠠ ᠡᠮᠦᠨᠡᠬᠢ ᠰᠤᠷᠭᠠᠨ ᠬᠥᠮᠦᠵᠢᠯ ᠢ ᠵᠣᠬᠢᠶᠠᠨ ᠪᠠᠶᠢᠭᠤᠯᠵᠤ᠂ ᠵᠢᠱᠢᠯᠲᠡ ᠪᠠᠷ 3 ᠰᠠᠷ᠎ᠠ ᠶᠢᠨ ᠳᠤᠮᠳᠠᠴᠢ ᠪᠠᠷ ᠲᠣᠰ ᠤᠳᠠᠭᠠᠨ ᠤ ᠰᠢᠨ᠎ᠡ ᠴᠡᠷᠢᠭ ᠢ ᠴᠡᠷᠢᠭ ᠠᠩᠭᠢ ᠳᠤ ᠨᠢ ᠬᠦᠷᠭᠡᠬᠦ ᠪᠠᠷ ᠪᠤᠢ︾ ᠭᠡᠵᠦ ᠶᠠᠷᠢᠯ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号