ᠠᠵᠢᠯ ᠤᠨ ᠬᠤᠷᠠᠯᠳᠣᠭᠠᠨ
ᠨᠡᠶᠢᠲᠡᠯᠡᠭᠰᠡᠨ ᠴᠠᠭ᠄
2024/2/4
    ᠳᠤᠮᠳᠠᠳᠦ ᠤᠯᠤᠰ ᠤᠨ ᠡᠪ ᠬᠠᠮᠲᠦ ᠨᠠᠮ ᠤᠨ ᠬᠦᠪᠡᠭᠡᠲᠦ ᠰᠢᠷ᠎ᠠ ᠬᠤᠰᠢᠭᠤᠨ ᠤ       ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ        ᠪᠦᠭᠦᠳᠡ ︵ᠦᠷᠭᠡᠳᠭᠡᠭᠰᠡᠨ︶ᠬᠤᠷᠠᠯᠳᠣᠭᠠᠨ ᠵᠢᠴᠢ ᠪᠦᠭᠦ ᠬᠤᠰᠢᠭᠤᠨ ᠤ               ᠠᠵᠦ ᠠᠬᠤᠢ ᠶᠢᠨ ᠠᠵᠢᠯ ᠤᠨ ᠬᠤᠷᠠᠯᠳᠣᠭᠠᠨ ᠬᠤᠷᠠᠯᠳᠣᠪᠠᠬᠠᠮ ᠵᠠᠭᠤᠴᠢᠯᠠᠭᠤᠷ ᠤᠨ ᠲᠦᠪ ᠤᠨ ᠰᠤᠷᠪᠤᠯᠵᠢᠯᠠᠭᠴᠢ  ᠰᠣᠶᠣᠯᠴᠢᠮᠡᠭ ᠤᠷᠢᠬᠠᠨ ᠰᠢᠨᠡᠬᠦᠦ1 ᠰᠠᠷ᠎ᠠ ᠶᠢᠨ 15 ᠤ ᠡᠳᠦᠷ᠂ ᠳᠤᠮᠳᠠᠳᠦ ᠤᠯᠤᠰ ᠤᠨ ᠡᠪ ᠬᠠᠮᠲᠦ ᠨᠠᠮ ᠤᠨ ᠬᠦᠪᠡᠭᠡᠲᠦ ᠰᠢᠷ᠎ᠠ ᠬᠤᠰᠢᠭᠤᠨ ᠤ  ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ︵ᠦᠷᠭᠡᠳᠭᠡᠭᠰᠡᠨ︶ ᠬᠤᠷᠠᠯᠳᠣᠭᠠᠨ ᠵᠢᠴᠢ ᠪᠦᠭᠦ ᠬᠤᠰᠢᠭᠤᠨ ᠤ ᠠᠵᠦ ᠠᠬᠤᠢ ᠶᠢᠨ ᠠᠵᠢᠯ ᠤᠨ ᠬᠤᠷᠠᠯᠳᠣᠭᠠᠨ ᠬᠤᠷᠠᠯᠳᠤᠵᠤ᠂ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ᠂ 2023 ᠣᠨ ᠤ ᠠᠵᠤ ᠠᠬᠤᠶ ᠶᠢᠨ ᠠᠵᠢᠯ ᠢ ᠳ᠋ᠦᠩᠨᠡᠵᠦ᠂ 2024 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠬᠤᠷᠠᠯ ᠢ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠪᠢᠰᠬᠠᠯᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢ ᠵᠢᠶᠠᠨ ᠴᠢᠶᠠᠩ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ  ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ᠂ ᠬᠤᠰᠢᠭᠤᠨ ᠤ ᠨᠠᠮ ᠤᠨ  ᠬᠤᠷᠢᠶᠠᠨ ᠤ ᠭᠡᠰᠢᠭᠦᠨ ᠪᠠ ᠣᠷᠣᠯᠠᠭᠴᠢ ᠭᠡᠰᠢᠭᠦᠨ ᠪᠣᠰᠣ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠬᠢᠨᠠᠨ ᠪᠠᠶᠢᠴᠠᠭᠠᠬᠤ ᠵᠦᠪᠯᠡᠯ ᠤᠨ ᠬᠡᠰᠢᠬᠦᠨ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ ᠂ ᠠᠬᠠᠮᠠᠳ ᠺᠠᠳ᠋ᠷ ᠤᠨ ᠲᠥᠯᠥᠭᠡᠯᠡᠭᠴᠢ᠂ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ᠬᠤᠷᠠᠯ ᠠᠴᠠ᠂ 2023 ᠣᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠭᠦᠢᠴᠡᠳ ᠨᠤᠲᠠᠯᠠᠪᠠ᠃ ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠤᠯᠤᠰ ᠲᠥᠷᠥ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠠᠵᠤ ᠠᠬᠤᠶ ᠶᠢᠨ ᠠᠵᠢᠯᠯᠠᠭᠠᠨ ᠢ ᠲᠣᠭᠲᠠᠭᠤᠨ ᠪᠠᠶᠢᠯᠭᠠᠬᠤ ᠶᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢᠨ ᠠᠮᠤᠷ ᠲᠦᠪᠰᠢᠨ ᠢ ᠪᠠᠲᠤᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠡᠷᠡᠰ ᠭᠤᠶᠢᠪᠢᠰᠢ ᠥᠬᠡᠶ ᠨᠡᠮᠡᠭᠳᠡᠭᠦᠯᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠠᠯᠬᠤᠮ ᠢ ᠠᠯᠬᠤᠪᠠ ᠭᠡᠵᠦ ᠰᠠᠨᠠᠯ ᠨᠢᠭᠡᠲᠡᠶ ᠦᠵᠡᠪᠡ᠃ᠬᠤᠷᠠᠯ ᠠᠴᠠ᠂ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠪᠢᠳᠡᠨ ᠤ ᠪᠠᠶᠢᠳᠠᠯ ᠢ ᠠᠵᠢᠨ ᠠᠵᠠ ᠲᠣᠬᠢᠶᠠᠯ ᠢ ᠠᠮᠵᠢᠨ ᠤᠷᠣᠬᠰᠢᠯᠠᠬᠤ ᠴᠢᠬᠤᠯᠠ ᠨᠢᠭᠡ ᠵᠢᠯ ᠮᠥᠨ᠂ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠳᠦ ᠶᠢᠨ ᠨᠥᠯᠥᠭᠡ ᠲᠠᠢ ᠶᠤᠮ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠡᠨᠡ ᠵᠢᠯ ᠤᠨ ᠠᠵᠤ ᠠᠬᠤᠶ ᠶᠢᠨ ᠠᠵᠢᠯ ᠤᠨ ᠪᠠᠶᠢᠳᠠᠯ ᠤᠨ ᠲᠤᠬᠠᠶ ᠮᠠᠭᠠᠳᠯᠠᠯᠲᠠ᠂ ᠶᠡᠷᠦᠩᠬᠡᠶ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠰᠢᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠨ᠂ ᠣᠷᠣᠬᠰᠢᠯᠠᠯᠳᠠ ᠪᠠᠷ ᠲᠣᠬᠳᠠᠭᠤᠨ ᠢ ᠠᠭᠢᠭᠤᠯᠵᠦ᠂ ︽ᠰᠢᠨ᠎ᠡ ᠵᠠᠮ ᠢᠶᠠᠷ ᠵᠠᠮᠨᠠᠬᠤ᠂ ᠳᠤᠮᠳᠠ  ᠲᠦᠪᠰᠢᠨ ᠳᠤ  ᠣᠷᠣᠬᠤ︾ ᠲᠡᠮᠡᠴᠡᠯ ᠤᠨ ᠬᠠᠷᠠᠯᠲᠠ ᠶᠢ  ᠴᠢᠭᠯᠡᠨ᠂ ᠠᠵᠤ ᠠᠬᠤᠶ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠵᠢᠷᠭᠤᠭᠠᠨ ᠢᠨᠵᠧᠨᠧᠷᠢᠩ ᠢ ᠴᠢᠨᠠᠷ ᠰᠠᠶᠢᠳᠠᠢ ᠨᠠᠶᠢᠳᠠᠪᠣᠷᠢᠵᠢᠭᠤᠯᠬᠤ ᠪᠠᠷ ᠭᠠᠷᠳᠠᠴᠠ ᠪᠣᠯᠭᠠᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠦᠯᠦᠪᠵᠢᠭᠦᠯᠦᠨ ᠠᠬᠢᠭᠤᠯᠵᠤ᠂ ᠲᠠᠪᠤᠨ ᠶᠡᠭᠡ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠥᠯᠥᠭᠡ ᠰᠡᠳᠭᠢᠯ ᠢᠶᠠᠨ ᠨᠢᠭᠡᠳᠭᠡᠨ ᠭᠦᠴᠦ ᠪᠠᠨ ᠬᠠᠮᠳᠣᠳᠬᠠᠨ ᠣᠷᠣᠬᠰᠢᠯᠠᠵᠦ᠂ ᠣᠳᠣᠭᠢᠴᠢᠯᠠᠬᠰᠠᠨ ᠭᠦᠪᠡᠭᠡᠳᠦ ᠰᠢᠷ᠎ᠠ  ᠬᠤᠰᠢᠭᠤ ᠶᠢ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠡᠷᠡᠯᠭᠡᠭᠯᠡᠨ ᠲᠡᠮᠡᠴᠡᠭᠦ ᠬᠡᠷᠡᠭᠲᠡᠶ ᠭᠡᠵᠦ ᠵᠢᠭᠠᠵᠠᠢ᠃ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠤᠨ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠥᠪᠡᠭᠡᠲᠦ ᠰᠢᠷ᠎ᠠ ᠬᠤᠰᠢᠭᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠤᠷᠢᠶᠠᠯᠠᠪᠠ᠃ᠬᠤᠷᠠᠯ ᠠᠴᠠ᠂ ᠴᠠᠭᠠᠨ ᠰᠠᠷ᠎ᠠ ᠣᠶᠢᠷᠠᠳᠴᠤ ᠪᠠᠶᠢᠭ᠎ᠠ ᠪᠣᠯᠬᠤᠷ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠤᠷᠲᠠᠯ ᠤᠨ ᠪᠠᠶᠢᠭᠤᠯᠤᠯᠲᠠ ᠪᠣᠯᠤᠨ ᠵᠢᠵᠢᠭᠦᠷᠯᠡᠨ ᠰᠠᠬᠢᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠬᠡᠪ ᠤᠨ ᠠᠵᠢᠯᠯᠠᠭ᠎ᠠ ᠶᠢ ᠪᠠᠲᠤᠯᠠᠬᠤ ᠬᠡᠷᠡᠭᠲᠡᠢ ᠭᠡᠪᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号