ᠬᠦᠪᠡᠭᠡᠲᠦ ᠰᠢᠷ᠎ᠠ ᠬᠤᠰᠢᠭᠤᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠵᠤ ᠰᠠᠶᠢᠨ ᠭᠡᠷ ᠤᠨ ᠰᠤᠷᠲᠠᠯ ᠢ ᠪᠤᠶᠢᠵᠢᠭᠤᠯᠬᠤ︾ | ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠪᠠ | ᠬᠠᠮ ᠵᠠᠭᠤᠴᠢᠯᠠᠭᠤᠷ ᠤᠨ ᠰᠤᠷᠪᠤᠯᠵᠢᠯᠠᠭᠴᠢ | ᠵᠤᠨ᠎ᠠ ᠬᠠᠰᠪᠢᠯᠢᠭ᠌ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠬᠡᠷ ᠪᠦᠯᠢ ᠶᠢᠨ | ᠰᠤᠷᠭᠠᠯ ᠬᠡᠷ ᠪᠦᠯᠢ ᠶᠢᠨ ᠰᠤᠷᠲᠠᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠥᠷᠭᠡᠨ ᠣᠯᠠᠨ ᠬᠡᠷ ᠪᠦᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠲᠠᠨᠢᠯᠳᠠ ᠶᠢ ᠲᠠᠰᠤᠷᠠᠯᠲᠠ ᠥᠬᠡᠶ ᠨᠡᠮᠡᠭᠳᠡᠭᠦᠯᠬᠦ ᠶᠢᠨ ᠲᠥᠯᠥᠭᠡ᠂ 3 ᠰᠠᠷ᠎ᠠ ᠶᠢᠨ 8 ᠤ | ᠡᠳᠦᠷ᠂ ᠮᠠᠨ ᠤ ᠬᠤᠰᠢᠭᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠵᠤ ᠰᠠᠶᠢᠨ ᠭᠡᠷ ᠤᠨ ᠰᠤᠷᠲᠠᠯ ᠢ ᠪᠤᠶᠢᠵᠢᠭᠤᠯᠬᠤ︾ ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ | ᠢ ᠶᠠᠪᠤᠭᠳᠠᠭᠤᠯᠵᠠᠢ᠃ | ᠲᠣᠰ ᠣᠳᠠᠭᠠᠨ ᠤ ᠣᠷᠣᠯᠳᠣᠭᠠᠨ ᠢ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠭᠤᠤᠯᠯᠠᠨ | ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ | ᠠᠵᠢᠯᠴᠢᠨ ᠤ ᠶᠡᠷᠦᠩᠬᠡᠶ ᠡᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ | ᠣᠷᠣᠯᠳᠣᠭᠠᠨ ᠨᠢ ᠳᠠᠭᠤᠤ᠂ ᠪᠥᠵᠢᠭ᠂ ᠰᠢᠯᠦᠭ᠂ ᠤᠷᠠᠨ ᠤᠩᠰᠢᠯᠭ᠎ᠠ᠂ ᠦᠵᠡᠭᠳᠡᠯᠲᠦ ᠵᠦᠴᠦᠭᠡ ᠵᠡᠷᠭᠡ ᠪᠠᠶᠠᠯᠢᠭ | ᠠᠭᠤᠯᠭ᠎ᠠ ᠪᠠᠷ ᠶᠠᠪᠣᠬᠳᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣ | ᠴᠣᠬᠴᠠᠯᠠᠬᠤ ᠭᠤᠣᠯ ᠰᠡᠳᠦᠪ ᠲᠠᠢ ᠨᠢᠭᠲᠠ ᠠᠪᠴᠠᠯᠳᠣᠵᠦ᠂ ᠤᠯᠤᠰ ᠢᠶᠠᠨ ᠬᠠᠶᠢᠷᠠᠯᠠᠬᠤ ᠦᠵᠡᠯ᠂ ᠪᠦᠯᠬᠦᠮᠳᠡᠨ | ᠲᠡᠮᠡᠴᠡᠬᠦ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠶᠢᠨ ᠲᠣᠭᠤᠷᠢᠨ ᠳᠤ ᠰᠠᠶᠢᠨ ᠰᠠᠶᠢᠬᠠᠨ ᠭᠡᠷ ᠤᠨ ᠰᠤᠷᠲᠠᠯ᠂ | ᠭᠡᠷ ᠤᠨ ᠰᠤᠷᠭᠠᠯ ᠢ ᠢᠯᠡᠷᠡᠭᠦᠯᠵᠦ᠂ ᠪᠣᠯᠪᠠᠰᠤᠨ ᠭᠡᠷ ᠪᠦᠯᠢ ᠶᠢᠨ ᠢᠳᠡᠪᠬᠢ ᠬᠦᠴᠦᠨ ᠢ ᠤᠯᠠᠮᠵᠢᠯᠠᠵᠠᠢ᠃ | ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠳᠤᠮᠳᠠ ᠮᠠᠨᠳᠤᠯ᠎ᠠ ᠨᠡᠶᠢᠭᠡᠮ ᠲᠣᠭᠤᠷᠢᠭ ᠤᠨ ᠵᠦ | ᠶᠦᠨ ᠯᠠᠨ ᠰᠢᠨ ᠮᠣᠳᠧᠯ ᠤᠨ ᠠᠩᠬᠢ᠂ ᠤᠯᠠᠭᠠᠨᠮᠥ᠋ᠴᠢᠷ ᠤᠨ ᠲᠣᠭᠯᠠᠭᠴᠢᠳ ᠪᠣᠯᠤᠨ ᠰᠤᠷᠭᠠᠨ ᠬᠥᠮᠦᠵᠢᠯ ᠤᠨ | ᠰᠢᠰᠲ᠋ᠧᠮ ᠤᠨ ᠠᠵᠢᠯᠲᠠᠳ ᠤᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠨᠢ ᠠᠬᠤᠢ ᠲᠠᠯᠠᠪᠠᠢ ᠶᠢ ᠨᠡᠩ | ᠭᠦᠭᠵᠢᠭᠡᠵᠦ᠂ ᠬᠠᠰᠢᠶᠠᠲᠤ ᠨᠡᠶᠢᠭᠡᠮ ᠲᠣᠭᠤᠷᠢᠭ ᠤᠨ ᠢᠰᠡᠭᠡᠶ ᠤᠷᠠᠯᠢᠭ ᠤᠨ ᠠᠵᠢᠯ ᠤᠨ ᠲᠠᠰᠤᠭ ᠤᠨ ᠨᠠᠰᠤᠲᠠᠳ | ᠠᠴᠠ ᠬᠡᠦᠬᠡᠳ ᠤᠨ ᠴᠡᠴᠡᠷᠯᠢᠭ ᠤᠨ ᠪᠢᠴᠢᠬᠠᠨ ᠨᠠᠶᠢᠵᠠ ᠨᠠᠷ ᠲᠤ ᠢᠰᠡᠭᠡᠶ ᠣᠷᠠᠯᠠᠯ ᠤᠨ ᠪᠦᠲᠦᠭᠡᠯ ᠢᠶᠠᠨ ᠪᠡᠯᠭᠡᠯᠡᠵᠥ᠂ | ᠪᠢᠴᠢᠬᠠᠨ ᠵᠢᠭᠠᠯ ᠤᠳ ᠴᠤ ᠨᠠᠰᠤᠲᠠᠳ ᠲᠤ ᠪᠠᠨ ᠪᠠᠶᠠᠷ ᠤᠨ ᠡᠳᠦᠷ ᠤᠨ ᠪᠡᠯᠡᠭ ᠬᠦᠷᠭᠡᠵᠥ᠂ ᠬᠠᠯᠠᠭᠤᠨ ᠲᠣᠳᠣᠨᠣ | ᠠᠭᠤᠷ ᠠᠮᠢᠰᠬᠤᠯ ᠢ ᠪᠣᠢ ᠪᠣᠯᠭᠠᠯ᠎ᠠ᠃ | ᠣᠶᠢᠯᠠᠭᠠᠭᠰᠠᠨ ᠢᠶᠠᠷ᠂ ᠡᠨᠡ ᠤᠳᠠᠭ᠎ᠠ ᠨᠡᠶᠢᠲᠡ 16 ᠬᠡᠷ ᠪᠦᠯᠢ ᠤᠷᠤᠯᠳᠤᠭᠠᠨ ᠳᠤ ᠤᠷᠤᠯᠴᠠᠵᠤ᠂ ᠣᠷᠣᠯᠳᠣᠭᠠᠨ | ᠤ ᠡᠴᠦᠰ ᠲᠤ᠂ ᠨᠢᠭᠡᠳᠦᠭᠡᠷ ᠳᠡᠰ ᠲᠤ 1 ᠨᠡᠷ᠎ᠡ᠂ ᠬᠤᠶᠠᠳᠤᠭᠠᠷ ᠳᠡᠰ ᠲᠤ 2 ᠨᠡᠷ᠎ᠡ᠂ ᠭᠤᠷᠪᠠᠳᠤᠭᠠᠷ ᠳᠡᠰ ᠲᠤ | 3 ᠨᠡᠷ᠎ᠡ ᠪᠠ ᠬᠠᠮᠤᠭ ᠰᠢᠯᠢᠳᠡᠭ ᠵᠣᠭᠢᠶᠠᠨ ᠪᠦᠳᠦᠭᠡᠯᠭᠡ ᠶᠢᠨ ᠱᠠᠩᠨᠠᠯ 5 ᠨᠡᠷ᠎ᠡ᠂ ᠬᠠᠮᠤᠭ ᠰᠢᠯᠢᠳᠡᠭ ᠬᠡᠷ | ᠪᠦᠯᠢ ᠶᠢᠨ ᠱᠠᠩᠨᠠᠯ 5 ᠨᠡᠷ᠎ᠡ ᠶᠢ ᠲᠣᠳᠣᠷᠠᠭᠤᠯᠣᠨ ᠱᠠᠩᠨᠠᠨ ᠭᠦᠭᠢᠭᠦᠯᠵᠡᠢ᠃ | ᠬᠤᠰᠢᠭᠤ ᠡᠮᠡᠭᠲᠡᠶᠢᠴᠦᠳ ᠤᠨ ᠬᠤᠯᠪᠣᠭᠠᠳᠣ ᠬᠤᠷᠠᠯ ᠤᠨ ᠲᠡᠷᠢᠭᠦᠯᠡᠭᠴᠢ ᠰᠡᠴᠡᠩᠭᠤᠸ᠎ᠠ ᠰᠤᠷᠪᠤᠯᠵᠢᠯᠠᠭ᠎ᠠ | ᠭᠦᠯᠢᠶᠡᠭᠦ ᠳᠡᠭᠡᠨ᠄ ︽ᠥᠨᠥᠳᠦᠷ ᠪᠦᠬᠦ ᠬᠤᠰᠢᠭᠤᠨ ᠤ ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ | ᠲᠡᠭᠦᠰ ᠠᠮᠵᠢᠯᠲᠠ ᠲᠠᠢ ᠲᠡᠭᠦᠰᠪᠡ︔ ᠳᠠᠷᠠᠭᠠᠴᠢ ᠶᠢᠨ ᠠᠯᠬᠤᠮ ᠳᠤ ᠬᠤᠰᠢᠭᠤ ᠡᠮᠡᠭᠲᠡᠶᠢᠴᠦᠳ ᠤᠨ ᠬᠤᠯᠪᠣᠭᠠᠳᠣ | ᠬᠤᠷᠠᠯ ᠨᠢ ᠦᠷᠭᠦᠯᠵᠢᠯᠡᠨ ᠡᠮᠡᠭᠲᠡᠶᠢᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠶᠢᠨ | ᠬᠦᠳᠦᠯᠦᠨ ᠳᠠᠭᠠᠭᠤᠯᠬᠤ ᠦᠢᠯᠡᠴᠢᠯᠡᠭᠡ ᠳᠤ ᠰᠠᠭᠤᠷᠢᠯᠠᠵᠤ᠂ ᠥᠷᠭᠡᠨ ᠤᠯᠠᠨ ᠡᠮᠡᠭᠲᠡᠶᠢᠴᠦᠳ ᠤᠯᠠᠨ ᠲᠦᠮᠡᠨ ᠲᠠᠢ | ᠬᠠᠷᠢᠯᠴᠠᠵᠤ᠂ ᠶᠡᠭᠡ ᠲᠠᠯ᠎ᠠ ᠳᠤ ᠦᠢᠯᠡᠴᠢᠯᠡᠵᠦ᠂ ᠤᠯᠠᠨ ᠶᠠᠩᠵᠤ ᠶᠢᠨ ᠬᠡᠯᠪᠡᠷᠢ ᠶᠢᠨ ︿ᠨᠠᠮ ᠤᠨ ᠦᠭᠡ ᠶᠢ | ᠰᠣᠨᠣᠰᠴᠤ ᠨᠠᠮ ᠢᠶᠠᠨ ᠳᠠᠭᠠᠬᠤ ﹀ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠰᠢᠯᠢᠳᠡᠭ ᠰᠠᠶᠢᠨ | ᠭᠡᠷ ᠤᠨ ᠰᠤᠷᠲᠠᠯ ᠢ ᠪᠠᠳᠠᠷᠠᠭᠤᠯᠵᠤ᠂ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠤᠨ᠎ᠠ︾ ᠭᠡᠯᠡ᠃ | | |