ᠬᠦᠪᠡᠭᠡᠲᠦ ᠰᠢᠷ᠎ᠠ ᠬᠤᠰᠢᠭᠤᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠰᠠᠶᠢᠨ ᠭᠡᠷ ᠤᠨ ᠰᠤᠷᠲᠠᠯ ᠢ ᠪᠤᠶᠢᠵᠢᠭᠤᠯᠬᠤ︾ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠠᠮᠵᠢᠯᠲᠠ ᠲᠠᠢ ᠶ᠊
ᠨᠡᠶᠢᠲᠡᠯᠡᠭᠰᠡᠨ ᠴᠠᠭ᠄
2024/3/12
ᠬᠦᠪᠡᠭᠡᠲᠦ ᠰᠢᠷ᠎ᠠ ᠬᠤᠰᠢᠭᠤᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠰᠠᠶᠢᠨ ᠭᠡᠷ ᠤᠨ ᠰᠤᠷᠲᠠᠯ ᠢ ᠪᠤᠶᠢᠵᠢᠭᠤᠯᠬᠤ︾ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠪᠠ                                       ᠬᠠᠮ ᠵᠠᠭᠤᠴᠢᠯᠠᠭᠤᠷ ᠤᠨ ᠰᠤᠷᠪᠤᠯᠵᠢᠯᠠᠭᠴᠢ                                                      ᠵᠤᠨ᠎ᠠ   ᠬᠠᠰᠪᠢᠯᠢᠭ᠌      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠬᠡᠷ ᠪᠦᠯᠢ ᠶᠢᠨ ᠰᠤᠷᠭᠠᠯ ᠬᠡᠷ ᠪᠦᠯᠢ ᠶᠢᠨ ᠰᠤᠷᠲᠠᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠷᠭᠡᠨ ᠣᠯᠠᠨ ᠬᠡᠷ ᠪᠦᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠠᠨᠢᠯᠳᠠ ᠶᠢ ᠲᠠᠰᠤᠷᠠᠯᠲᠠ ᠥᠬᠡᠶ ᠨᠡᠮᠡᠭᠳᠡᠭᠦᠯᠬᠦ ᠶᠢᠨ ᠲᠥᠯᠥᠭᠡ᠂ 3 ᠰᠠᠷ᠎ᠠ ᠶᠢᠨ 8 ᠤ ᠡᠳᠦᠷ᠂  ᠮᠠᠨ ᠤ ᠬᠤᠰᠢᠭᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠰᠠᠶᠢᠨ ᠭᠡᠷ ᠤᠨ ᠰᠤᠷᠲᠠᠯ ᠢ ᠪᠤᠶᠢᠵᠢᠭᠤᠯᠬᠤ︾ ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ  ᠢ ᠶᠠᠪᠤᠭᠳᠠᠭᠤᠯᠵᠠᠢ᠃     ᠲᠣᠰ ᠣᠳᠠᠭᠠᠨ ᠤ ᠣᠷᠣᠯᠳᠣᠭᠠᠨ ᠢ  ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠭᠤᠤᠯᠯᠠᠨ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠠᠵᠢᠯᠴᠢᠨ ᠤ ᠶᠡᠷᠦᠩᠬᠡᠶ ᠡᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠣᠷᠣᠯᠳᠣᠭᠠᠨ ᠨᠢ ᠳᠠᠭᠤᠤ᠂ ᠪᠥᠵᠢᠭ᠂ ᠰᠢᠯᠦᠭ᠂ ᠤᠷᠠᠨ ᠤᠩᠰᠢᠯᠭ᠎ᠠ᠂ ᠦᠵᠡᠭᠳᠡᠯᠲᠦ ᠵᠦᠴᠦᠭᠡ ᠵᠡᠷᠭᠡ  ᠪᠠᠶᠠᠯᠢᠭ ᠠᠭᠤᠯᠭ᠎ᠠ ᠪᠠᠷ ᠶᠠᠪᠣᠬᠳᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠳᠣ ᠴᠣᠬᠴᠠᠯᠠᠬᠤ ᠭᠤᠣᠯ ᠰᠡᠳᠦᠪ ᠲᠠᠢ ᠨᠢᠭᠲᠠ ᠠᠪᠴᠠᠯᠳᠣᠵᠦ᠂ ᠤᠯᠤᠰ ᠢᠶᠠᠨ ᠬᠠᠶᠢᠷᠠᠯᠠᠬᠤ ᠦᠵᠡᠯ᠂ ᠪᠦᠯᠬᠦᠮᠳᠡᠨ ᠲᠡᠮᠡᠴᠡᠬᠦ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠶᠢᠨ ᠲᠣᠭᠤᠷᠢᠨ ᠳᠤ ᠰᠠᠶᠢᠨ ᠰᠠᠶᠢᠬᠠᠨ ᠭᠡᠷ ᠤᠨ ᠰᠤᠷᠲᠠᠯ᠂ ᠭᠡᠷ ᠤᠨ ᠰᠤᠷᠭᠠᠯ ᠢ ᠢᠯᠡᠷᠡᠭᠦᠯᠵᠦ᠂ ᠪᠣᠯᠪᠠᠰᠤᠨ ᠭᠡᠷ ᠪᠦᠯᠢ ᠶᠢᠨ ᠢᠳᠡᠪᠬᠢ ᠬᠦᠴᠦᠨ ᠢ ᠤᠯᠠᠮᠵᠢᠯᠠᠵᠠᠢ᠃       ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠳᠤᠮᠳᠠ ᠮᠠᠨᠳᠤᠯ᠎ᠠ ᠨᠡᠶᠢᠭᠡᠮ ᠲᠣᠭᠤᠷᠢᠭ ᠤᠨ ᠵᠦ ᠶᠦᠨ ᠯᠠᠨ ᠰᠢᠨ ᠮᠣᠳᠧᠯ ᠤᠨ ᠠᠩᠬᠢ᠂ ᠤᠯᠠᠭᠠᠨᠮᠥ᠋ᠴᠢᠷ ᠤᠨ ᠲᠣᠭᠯᠠᠭᠴᠢᠳ ᠪᠣᠯᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠲᠠᠳ ᠤᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠨᠢ ᠠᠬᠤᠢ ᠲᠠᠯᠠᠪᠠᠢ ᠶᠢ ᠨᠡᠩ ᠭᠦᠭᠵᠢᠭᠡᠵᠦ᠂ ᠬᠠᠰᠢᠶᠠᠲᠤ ᠨᠡᠶᠢᠭᠡᠮ ᠲᠣᠭᠤᠷᠢᠭ ᠤᠨ ᠢᠰᠡᠭᠡᠶ ᠤᠷᠠᠯᠢᠭ ᠤᠨ ᠠᠵᠢᠯ ᠤᠨ ᠲᠠᠰᠤᠭ ᠤᠨ ᠨᠠᠰᠤᠲᠠᠳ  ᠠᠴᠠ ᠬᠡᠦᠬᠡᠳ ᠤᠨ ᠴᠡᠴᠡᠷᠯᠢᠭ ᠤᠨ ᠪᠢᠴᠢᠬᠠᠨ ᠨᠠᠶᠢᠵᠠ ᠨᠠᠷ ᠲᠤ ᠢᠰᠡᠭᠡᠶ ᠣᠷᠠᠯᠠᠯ ᠤᠨ ᠪᠦᠲᠦᠭᠡᠯ ᠢᠶᠠᠨ ᠪᠡᠯᠭᠡᠯᠡᠵᠥ᠂ ᠪᠢᠴᠢᠬᠠᠨ ᠵᠢᠭᠠᠯ ᠤᠳ ᠴᠤ ᠨᠠᠰᠤᠲᠠᠳ ᠲᠤ ᠪᠠᠨ ᠪᠠᠶᠠᠷ ᠤᠨ ᠡᠳᠦᠷ ᠤᠨ ᠪᠡᠯᠡᠭ ᠬᠦᠷᠭᠡᠵᠥ᠂ ᠬᠠᠯᠠᠭᠤᠨ ᠲᠣᠳᠣᠨᠣ  ᠠᠭᠤᠷ ᠠᠮᠢᠰᠬᠤᠯ ᠢ ᠪᠣᠢ ᠪᠣᠯᠭᠠᠯ᠎ᠠ᠃ ᠣᠶᠢᠯᠠᠭᠠᠭᠰᠠᠨ ᠢᠶᠠᠷ᠂ ᠡᠨᠡ ᠤᠳᠠᠭ᠎ᠠ ᠨᠡᠶᠢᠲᠡ 16 ᠬᠡᠷ ᠪᠦᠯᠢ ᠤᠷᠤᠯᠳᠤᠭᠠᠨ ᠳᠤ ᠤᠷᠤᠯᠴᠠᠵᠤ᠂  ᠣᠷᠣᠯᠳᠣᠭᠠᠨ  ᠤ ᠡᠴᠦᠰ  ᠲᠤ᠂ ᠨᠢᠭᠡᠳᠦᠭᠡᠷ ᠳᠡᠰ ᠲᠤ 1 ᠨᠡᠷ᠎ᠡ᠂ ᠬᠤᠶᠠᠳᠤᠭᠠᠷ ᠳᠡᠰ ᠲᠤ 2 ᠨᠡᠷ᠎ᠡ᠂ ᠭᠤᠷᠪᠠᠳᠤᠭᠠᠷ ᠳᠡᠰ ᠲᠤ 3 ᠨᠡᠷ᠎ᠡ  ᠪᠠ  ᠬᠠᠮᠤᠭ ᠰᠢᠯᠢᠳᠡᠭ  ᠵᠣᠭᠢᠶᠠᠨ ᠪᠦᠳᠦᠭᠡᠯᠭᠡ ᠶᠢᠨ ᠱᠠᠩᠨᠠᠯ 5 ᠨᠡᠷ᠎ᠡ᠂ ᠬᠠᠮᠤᠭ ᠰᠢᠯᠢᠳᠡᠭ ᠬᠡᠷ ᠪᠦᠯᠢ ᠶᠢᠨ  ᠱᠠᠩᠨᠠᠯ 5 ᠨᠡᠷ᠎ᠡ ᠶᠢ ᠲᠣᠳᠣᠷᠠᠭᠤᠯᠣᠨ ᠱᠠᠩᠨᠠᠨ ᠭᠦᠭᠢᠭᠦᠯᠵᠡᠢ᠃     ᠬᠤᠰᠢᠭᠤ ᠡᠮᠡᠭᠲᠡᠶᠢᠴᠦᠳ ᠤᠨ ᠬᠤᠯᠪᠣᠭᠠᠳᠣ ᠬᠤᠷᠠᠯ ᠤᠨ ᠲᠡᠷᠢᠭᠦᠯᠡᠭᠴᠢ ᠰᠡᠴᠡᠩᠭᠤᠸ᠎ᠠ ᠰᠤᠷᠪᠤᠯᠵᠢᠯᠠᠭ᠎ᠠ ᠭᠦᠯᠢᠶᠡᠭᠦ ᠳᠡᠭᠡᠨ᠄ ︽ᠥᠨᠥᠳᠦᠷ ᠪᠦᠬᠦ ᠬᠤᠰᠢᠭᠤᠨ ᠤ ᠭᠡᠷ ᠪᠦᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠪᠡ︔ ᠳᠠᠷᠠᠭᠠᠴᠢ ᠶᠢᠨ ᠠᠯᠬᠤᠮ ᠳᠤ ᠬᠤᠰᠢᠭᠤ ᠡᠮᠡᠭᠲᠡᠶᠢᠴᠦᠳ ᠤᠨ ᠬᠤᠯᠪᠣᠭᠠᠳᠣ ᠬᠤᠷᠠᠯ ᠨᠢ  ᠦᠷᠭᠦᠯᠵᠢᠯᠡᠨ ᠡᠮᠡᠭᠲᠡᠶᠢᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠴᠢᠯᠡᠭᠡ ᠳᠤ ᠰᠠᠭᠤᠷᠢᠯᠠᠵᠤ᠂ ᠥᠷᠭᠡᠨ ᠤᠯᠠᠨ ᠡᠮᠡᠭᠲᠡᠶᠢᠴᠦᠳ ᠤᠯᠠᠨ ᠲᠦᠮᠡᠨ ᠲᠠᠢ ᠬᠠᠷᠢᠯᠴᠠᠵᠤ᠂ ᠶᠡᠭᠡ ᠲᠠᠯ᠎ᠠ ᠳᠤ ᠦᠢᠯᠡᠴᠢᠯᠡᠵᠦ᠂ ᠤᠯᠠᠨ ᠶᠠᠩᠵᠤ ᠶᠢᠨ ᠬᠡᠯᠪᠡᠷᠢ ᠶᠢᠨ ︿ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ﹀ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠰᠢᠯᠢᠳᠡᠭ ᠰᠠᠶᠢᠨ ᠭᠡᠷ ᠤᠨ ᠰᠤᠷᠲᠠᠯ ᠢ ᠪᠠᠳᠠᠷᠠᠭᠤᠯᠵᠤ᠂ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠤᠨ᠎ᠠ︾ ᠭᠡᠯ᠎ᠡ᠃  
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号