ᠬᠦᠪᠡᠭᠡᠲᠦ ᠰᠢᠷ᠎ᠠ ᠬᠤᠰᠢᠭᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪ᠊
ᠨᠡᠶᠢᠲᠡᠯᠡᠭᠰᠡᠨ ᠴᠠᠭ᠄
2024/3/12
               ᠬᠦᠪᠡᠭᠡᠲᠦ ᠰᠢᠷ᠎ᠠ ᠬᠤᠰᠢᠭᠤ ᠤᠯᠠᠮᠵᠢᠯᠠᠯᠲᠤ ᠴᠠᠭᠠᠨ ᠢᠳᠡᠭᠡᠨ ᠤ ᠠᠵᠤ              ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ                                           ᠬᠠᠮ ᠵᠠᠭᠤᠴᠢᠯᠠᠭᠤᠷ ᠤᠨ ᠰᠤᠷᠪᠤᠯᠵᠢᠯᠠᠭᠴᠢ                                                        ᠵᠤᠨ᠎ᠠ  ᠲᠠᠩᠭᠢᠰ  ᠬᠠᠰᠪᠢᠯᠢᠭ᠌      ᠣᠶᠢᠷ᠎ᠠ ᠶᠢᠨ ᠵᠢᠯ ᠳᠤ᠂ ᠮᠠᠨ ᠤ ᠬᠤᠰᠢᠭᠤ ᠤᠯᠤᠰ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠠ ᠲᠣᠬᠢᠶᠠᠯ ᠢ ᠠᠳᠬᠤᠨ᠂ ᠥᠪᠡᠷᠲᠡᠭᠡᠨ ᠵᠠᠰᠠᠬᠤ ᠣᠷᠣᠨ ᠪᠠ ᠰᠢᠯᠢ ᠶᠢᠨ ᠭᠤᠤᠯ ᠠᠶᠢᠮᠠᠭ ᠤᠨ ᠰᠦ ᠶᠢᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠤᠨᠴᠠᠯᠢᠬᠳᠤ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠬᠦ ᠲᠤᠬᠠᠶ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠡᠷᠡᠰ ᠲᠤᠤᠱᠯᠠᠭᠤᠯᠵᠤ᠂ ︽ᠰᠢᠯᠢ ᠶᠢᠨ ᠭᠤᠤᠯ ᠤᠨ ᠴᠠᠭᠠᠨ ᠢᠳᠡᠭᠡᠨ︾ ᠤ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠳᠤ ᠲᠦᠰᠢᠭᠯᠡᠨ᠂ ᠤᠯᠠᠮᠵᠢᠯᠠᠯᠲᠤ ᠴᠠᠭᠠᠨ ᠢᠳᠡᠭᠡᠨ ᠢ ᠠᠷᠠᠳ ᠢ ᠪᠠᠶᠠᠵᠢᠭᠤᠯᠬᠤ ᠠᠵᠤ ᠦᠢᠯᠡᠰ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠯᠠᠬᠤ ᠠᠵᠤ ᠦᠢᠯᠡᠰ ᠪᠣᠯᠭᠠᠨ ᠠᠬᠢᠭᠤᠯᠵᠤ᠂ ᠴᠠᠭᠠᠨ ᠢᠳᠡᠭᠡᠨ ᠤ ᠠᠵᠤ ᠦᠢᠯᠡᠰ ᠥᠷᠨᠢᠩᠭᠦᠶ ᠬᠦᠭᠵᠢᠵᠡᠢ᠃      ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ ᠴᠠᠭᠠᠨ ᠢᠳᠡᠭᠡᠨ ᠤ ᠭᠠᠷ ᠦᠢᠯᠡᠳᠪᠦᠷᠢ ᠶᠢᠨ ᠦᠢᠯᠡᠳᠬᠡᠯ ᠤᠨ ᠠᠵᠢᠯᠲᠠᠳ ᠠᠵᠢᠯ ᠤᠨ ᠬᠤᠪᠴᠠᠰᠤ ᠪᠠᠨ ᠡᠮᠦᠰᠴᠦ᠂ ᠠᠮᠠᠪᠴᠢ ᠵᠡᠭᠦᠵᠥ ᠴᠠᠭᠠᠨ ᠢᠳᠡᠭᠡᠨ ᠪᠤᠯᠪᠠᠰᠤᠷᠠᠭᠤᠯᠵᠤ ᠪᠠᠶᠢᠯ᠎ᠠ᠃ ᠬᠥᠪᠡᠭᠡᠲᠦ ᠰᠢᠷ᠎ᠠ ᠬᠤᠰᠢᠭᠤᠨ ᠤ ︽ᠪᠠᠶᠠᠵᠢᠨ᠎ᠠ︾ ᠴᠠᠭᠠᠨ ᠢᠳᠡᠭᠡᠨ ᠤ ᠬᠢᠵᠠᠭᠠᠷᠲᠤ ᠺᠣᠮᠫᠠᠨᠢ 2020 ᠣᠨ ᠳᠤ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ ᠰᠠᠭᠤᠷᠢᠰᠢᠵᠠᠢ᠃ ᠲᠤᠰ ᠺᠤᠮᠫᠠᠨᠢ ᠶᠢᠨ ᠦᠢᠯᠡᠳᠪᠦᠷᠢᠯᠡᠵᠦ ᠪᠣᠯᠪᠠᠰᠤᠷᠠᠭᠤᠯᠬᠤ ᠨᠥᠬᠦᠴᠡᠯ ᠰᠠᠶᠢᠵᠢᠷᠠᠬᠤ ᠶᠢ ᠲᠠᠭᠠᠯᠳᠤᠨ᠂ ᠣᠳᠣᠬᠠᠨ ᠳᠤ ᠡᠳᠦᠷ ᠪᠦᠷᠢ 3000 ᠭᠠᠷᠤᠢ ᠵᠢᠩ ᠰᠢᠨ᠎ᠡ ᠰᠣᠷᠭᠤᠭ ᠦᠨᠢᠶᠡᠨ ᠰᠦ ᠠᠪᠴᠦ ᠬᠤᠷᠣᠳ᠂ ᠪᠢᠰᠢᠯᠠᠭ᠂ ᠰᠢᠷᠠᠰᠤ ᠶᠢᠨ ᠰᠢᠬᠢᠷ ᠵᠡᠷᠭᠡ 10 ᠭᠠᠷᠤᠢ ᠵᠦᠢᠯ ᠤᠨ ᠴᠠᠭᠠᠨ ᠢᠳᠡᠭᠡᠨ ᠤ ᠪᠦᠲᠦᠭᠡᠭᠳᠡᠬᠦᠨ ᠢ ᠪᠤᠯᠪᠠᠰᠤᠷᠠᠭᠤᠯᠵᠤ᠂ ᠴᠠᠭᠠᠨ ᠢᠳᠡᠭᠡᠨ ᠦᠢᠯᠡᠳᠪᠦᠷᠢᠯᠡᠬᠦ ᠲᠠᠰᠤᠭ ᠲᠤ ᠪᠠᠨ ᠡᠯ᠎ᠡ ᠵᠦᠢᠯ ᠤᠨ ᠲᠣᠨᠤᠭ ᠲᠥᠬᠦᠭᠡᠷᠦᠮᠵᠢ ᠶᠢ ᠢᠵᠢ ᠪᠦᠷᠢᠳᠦᠬᠦᠯᠦᠭᠰᠡᠨ ᠪᠠᠶᠢᠯ᠎ᠠ᠃ ︽ᠮᠠᠨ ᠤ ᠺᠣᠮᠫᠠᠨᠢ ᠭᠤᠣᠯᠳᠠᠭᠤ ᠤᠯᠠᠮᠵᠢᠯᠠᠯᠲᠤ ᠴᠠᠭᠠᠨ ᠢᠳᠡᠭᠡᠨ ᠬᠢᠬᠦ ᠪᠠᠷ ᠭᠤᠣᠯ ᠪᠣᠯᠭᠠᠬᠤ ᠶᠢᠨ ᠬᠠᠮᠲᠤ ᠰᠢᠷᠠᠰᠤᠨ ᠤ ᠰᠢᠬᠢᠷ ᠬᠢᠵᠦ ᠣᠷᠣᠯᠭ᠎ᠠ ᠪᠠᠨ ᠨᠡᠮᠡᠭᠳᠡᠭᠦᠯᠳᠡᠭ︔ ᠬᠤᠶᠢᠰᠢᠲᠠ ᠪᠢᠳᠡ ᠪᠦᠲᠦᠭᠡᠭᠳᠡᠬᠦᠨ ᠤ ᠴᠢᠨᠠᠷ ᠢ ᠪᠠᠲᠤᠯᠠᠬᠤ ᠶᠢᠨ ᠬᠠᠮᠲᠤ ᠲᠦᠷᠦᠯ ᠵᠦᠢᠯ ᠢ ᠨᠡᠮᠡᠭᠳᠡᠭᠦᠯᠵᠦ᠂ ᠴᠠᠭᠠᠨ ᠢᠳᠡᠭᠡᠨ ᠢᠶᠠᠨ ᠨᠡᠩ ᠤᠯᠠᠨ ᠬᠥᠮᠦᠰ ᠲᠤ ᠲᠠᠨᠢᠭᠤᠯᠤᠨ᠎ᠠ︾ ᠭᠡᠵᠤ ︽ᠪᠠᠶᠠᠵᠢᠨ᠎ᠠ︾ ᠴᠠᠭᠠᠨ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠶᠡᠷᠡᠨᠲᠤᠶᠠᠭ᠎ᠠ ᠶᠠᠷᠢᠯ᠎ᠠ᠃     ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ ᠴᠠᠭᠠᠨ ᠢᠳᠡᠭᠡᠨ ᠡᠳ᠋ᠰᠢᠭᠦᠯᠬᠦ 32 ᠦᠢᠯᠡᠳᠪᠦᠷᠢ ᠶᠢᠨ ᠲᠠᠰᠤᠭ ᠳᠣᠭᠢᠷᠠᠭᠤᠯᠵᠤ᠂ SC ᠭᠡᠷᠡᠴᠢ ᠲᠡᠮᠳᠡᠭ ᠲᠠᠢ ᠠᠵᠤ ᠠᠬᠤᠶᠢᠯᠠᠯ 2᠂ ᠵᠢᠵᠢᠭ ᠦᠢᠯᠡᠳᠬᠡᠯ ᠤᠨ ᠳᠡᠯᠭᠡᠭᠦᠷ 30 ᠪᠠᠶᠢᠵᠤ᠂ ᠲᠠᠰᠤᠷᠠᠯᠲᠠ ᠥᠬᠡᠶ ᠰᠦᠪᠡᠭᠴᠢᠯᠡᠨ ᠬᠥᠭᠵᠢᠭᠦᠯᠬᠦ ᠪᠠᠷ ᠳᠡᠮᠵᠢᠨ ᠂ ᠰᠦ ᠶᠢᠨ ᠢᠷᠡᠯᠲᠡ᠂ ᠴᠠᠭᠠᠨ ᠢᠳᠡᠭᠡᠨ ᠤ ᠦᠢᠯᠡᠳᠪᠦᠷᠢᠯᠡᠵᠥ ᠡᠳ᠋ᠰᠢᠭᠦᠯᠬᠦ ᠨᠥᠬᠦᠴᠡᠯ ᠪᠠ ᠴᠠᠭᠠᠨ ᠢᠳᠡᠭᠡᠨ ᠪᠤᠯᠪᠠᠰᠤᠷᠠᠭᠤᠯᠬᠤ ᠮᠡᠷᠭᠡᠵᠢᠯ ᠴᠥᠮ ᠢᠯᠡᠳᠲᠡ ᠳᠡᠭᠡᠭᠰᠢᠯᠡᠵᠡᠢ᠃ ᠣᠳᠣ ︽ᠳᠥᠷᠪᠡᠨ ᠲᠣᠭᠤᠷᠢᠭ ᠨᠢᠭᠡ  ᠳᠠᠰᠤᠭ︾ ᠤᠨ ᠵᠠᠭᠪᠤᠷ ᠢᠶᠠᠷ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ  ᠤᠨ ᠭᠠᠳᠠᠨ᠎ᠠ᠂ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠵᠢᠵᠢᠭ ᠦᠢᠯᠡᠳᠬᠡᠯ ᠢ ᠨᠡᠶᠢᠲᠡ 21 ᠶᠢ ᠥᠭᠡᠷᠡᠴᠢᠯᠡᠨ ᠪᠠᠶᠢᠭᠤᠯᠵᠤ᠂ ︽  ᠲᠠᠩᠰᠤᠭ ᠴᠠᠭᠠᠨ ᠢᠳᠡᠭᠡᠨ ᠤ ᠳᠡᠯᠭᠡᠭᠦᠷ︾᠂ ︽ᠲᠠᠯ᠎ᠠ ᠨᠤᠲᠤᠭ ᠤᠨ ᠦᠨᠦᠷ ᠠᠮᠲᠠᠲᠤ ᠴᠠᠭᠠᠨ ᠢᠳᠡᠭᠡᠨ ᠤ ᠺᠤᠮᠫᠠᠨᠢ︾ ᠵᠡᠷᠭᠡ ᠴᠠᠭᠠᠨ ᠢᠳᠡᠭᠡᠨ ᠤ ᠲᠠᠸᠠᠷ ᠤᠨ ᠲᠡᠮᠳᠡᠭ ᠢ 27 ᠬᠤᠪᠢ ᠲᠠᠩᠰᠠᠯᠠᠭᠤᠯᠵᠠᠢ᠃ ᠣᠶᠢᠷ᠎ᠠ ᠶᠢᠨ ᠵᠢᠯ ᠳᠤ᠂ ᠮᠠᠨ ᠤ ᠬᠤᠰᠢᠭᠤᠨ ᠤ ᠬᠢᠨ ᠤᠯᠠᠮᠵᠢᠯᠠᠯᠲᠤ ᠴᠠᠭᠠᠨ ᠢᠳᠡᠭᠡᠨ ᠤ ᠦᠢᠯᠡᠳᠬᠦᠨ ᠢᠶᠠᠨ ᠤᠯᠠᠮᠵᠢᠯᠠᠨ ᠵᠠᠯᠭᠠᠮᠵᠢᠯᠠᠭᠰᠠᠨ ᠰᠠᠭᠤᠷᠢᠨ ᠳᠡᠭᠡᠷ᠎ᠡ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠰᠢᠷ᠎ᠠ ᠤᠰᠤᠨ ᠤ ᠤᠮᠳᠠᠭᠠᠨ᠂ ᠡᠭᠡᠳᠡᠩ ᠵᠡᠷᠭᠡ 38 ᠵᠦᠢᠯ ᠤᠨ ᠰᠢᠨ᠎ᠡ ᠦᠢᠯᠡᠳᠬᠦᠨ ᠦᠢᠯᠡᠳᠪᠦᠷᠢᠯᠡᠵᠡᠢ᠃ ︽ᠬᠥᠪᠡᠭᠡᠲᠦ ᠰᠢᠷ᠎ᠠ ᠬᠤᠰᠢᠭᠤᠨ ᠤ ᠰᠢᠷ᠎ᠠ ᠲᠣᠰᠣ︾ ᠶᠢᠨ ᠦᠢᠯᠡᠳᠬᠦᠨ ᠢ 2023 ᠣᠨ ᠤ ᠬᠤᠶᠠᠳᠤᠭᠠᠷ ᠪᠦᠯᠦᠭ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠪᠥᠭᠡᠳ ᠦᠨᠡᠮᠯᠡᠯ ᠤᠯᠭᠤᠵᠠᠢ᠃ ︽ᠴᠠᠭᠠᠨ ᠢᠳᠡᠭᠡᠨ ᠤ ᠨᠤᠲᠤᠭ︾ ᠤᠨ ᠨᠠᠷᠠᠲᠤ ᠲᠡᠮᠳᠡᠭ ᠤᠨ ᠠᠯᠳᠠᠷᠰᠢᠯ ᠤᠯᠠᠮ ᠨᠢᠭᠡ ᠠᠯᠬᠤᠮ ᠥᠷᠭᠡᠳᠴᠦ᠂ ᠦᠢᠯᠡᠳᠬᠦᠨ ᠨᠢ ᠪᠡᠭᠡᠵᠢᠩ᠂ ᠭᠤᠸᠠᠩᠵᠧᠦ ᠵᠡᠷᠭᠡ ᠣᠷᠣᠨ ᠤ ᠳᠣᠲᠣᠨ᠎ᠠ ᠭᠠᠳᠠᠨᠠᠬᠢ ᠲᠣᠮᠣ ᠳᠤᠮᠳᠠ ᠬᠤᠲᠠ ᠳᠤ ᠪᠣᠷᠣᠯᠠᠭᠤᠯᠤᠭᠳᠠᠵᠤ ᠪᠠᠶᠢᠨ᠎ᠠ᠃ ᠣᠳᠣᠬᠠᠨ ᠳᠤ᠂ ᠮᠠᠨ ᠤ ᠬᠤᠰᠢᠭᠤᠨ ᠤ ᠰᠠᠭᠠᠯᠢ ᠶᠢᠨ ᠦᠨᠢᠶ᠎ᠡ 2.06 ᠲᠦᠮᠡ ᠪᠠᠶᠢᠵᠤ᠂ ᠵᠢᠯ ᠳᠤ 5.3 ᠲᠦᠮᠡᠨ ᠲᠣᠨ ᠰᠦ ᠡᠳ᠋ᠰᠢᠬᠦᠯᠵᠤ᠂ 3 ᠴᠠᠭᠠᠨ ᠢᠳᠡᠭᠡᠨ ᠤ ᠠᠵᠤ ᠠᠬᠤᠶᠢᠯᠠᠯ᠂ 170 ᠭᠠᠷᠤᠶ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠲᠠᠢ ᠪᠠᠶᠢᠵᠤ᠂ ᠵᠢᠯ ᠳᠤ 7000 ᠲᠣᠨ ᠴᠠᠭᠠᠨ ᠢᠳᠡᠭᠡᠨ ᠤ ᠭᠠᠷᠤᠯᠲᠠ ᠶᠢ ᠪᠠᠶᠡᠯᠡᠬᠦᠯᠦᠨ ᠂ ᠪᠥᠬᠦ ᠠᠵᠤ ᠦᠢᠯᠡᠰ ᠤᠨ ᠬᠡᠯᠬᠢᠶᠡᠨ ᠤ ᠵᠢᠯ ᠤᠨ ᠦᠢᠯᠡᠳᠬᠦᠨ ᠤ ᠥᠷᠲᠡᠭ ᠨᠢ 1 ᠳ᠋ᠦᠩᠰᠢᠭᠤᠷ ᠲᠥᠭᠦᠷᠢᠭ ᠢ ᠳᠠᠪᠠᠵᠤ᠂ 3000 ᠭᠠᠷᠤᠶ ᠬᠥᠮᠦᠨ ᠴᠠᠭᠠᠨ ᠢᠳᠡᠭᠡᠨ ᠤ ᠠᠵᠢᠯ ᠲᠦᠷᠦᠯ ᠢᠶᠠᠷ ᠠᠵᠢᠯᠯᠠᠵᠤ᠂ ︽ᠪᠤᠶᠢᠵᠢᠭᠤᠯᠬᠤ᠂ ᠲᠡᠵᠢᠭᠡᠬᠦ᠂ ᠬᠠᠩᠭᠠᠬᠤ᠂ ᠨᠡᠮᠡᠬᠦ᠂ ᠪᠠᠶᠢᠴᠠᠭᠠᠬᠤ᠂ ᠪᠣᠷᠣᠯᠠᠭᠤᠯᠬᠤ︾ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠠᠯᠬᠤᠮ ᠠᠯᠬᠤᠮ ᠢᠶᠠᠷ ᠪᠦᠷᠢᠯᠳᠦᠵᠡᠢ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠨᠢ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠠᠰᠢᠭᠯᠠᠨ᠂ ᠰᠦᠨ ᠤ ᠬᠠᠩᠭᠠᠯᠭ᠎ᠠ ᠶᠢ ᠪᠠᠲᠤᠯᠠᠵᠤ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠬᠤ ᠶᠢᠨ ᠬᠠᠮᠲᠤ ᠪᠠᠯᠠ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠲᠥᠯᠥᠪᠵᠢᠭᠦᠯᠭᠡ ᠶᠢ ᠲᠡᠭᠦᠯᠳᠡᠷᠵᠢᠭᠦᠯᠬᠦ ᠂ ᠲᠥᠷᠥ ᠶᠢᠨ ᠪᠣᠳᠣᠯᠭ᠎ᠠ ᠲᠣᠭᠲᠠᠭᠠᠬᠤ᠂ ᠤᠬᠠᠭᠤᠯᠭ᠎ᠠ ᠶᠢ ᠴᠢᠩᠭᠠᠳᠬᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠴᠠᠭᠠᠨ ᠢᠳᠡᠭᠡᠨ ᠤ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ︽ᠴᠠᠭᠠᠨ ᠢᠳᠡᠭᠡᠨ ᠤ ᠨᠤᠲᠤᠭ︾ ᠤᠨ ᠨᠠᠷᠠᠲᠤ ᠲᠡᠮᠳᠡᠭᠲᠦ ᠶᠢ ᠠᠯᠳᠠᠷᠰᠢᠭᠤᠯᠵᠤ᠂ ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡᠨ ᠤ ᠪᠥᠬᠦ ᠤᠯᠤᠰ ᠵᠦᠭ ᠬᠥᠭᠵᠢᠬᠦ ᠶᠢ ᠠᠬᠢᠭᠤᠯᠬᠤ ᠪᠠᠷ ᠪᠤᠢ᠃
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号