ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠳᠤᠨᠠᠷᠠᠲᠤ ᠡᠮᠴᠢ ᠶᠢᠨ ᠠᠵᠢᠯᠯᠠᠬᠤ ᠦᠷᠳᠡᠭᠡ ᠪᠠᠶᠢᠭᠤᠯᠤᠭ᠊
ᠨᠡᠶᠢᠲᠡᠯᠡᠭᠰᠡᠨ ᠴᠠᠭ᠄
2024/3/12
ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠳᠤᠨᠠᠷᠠᠲᠤ ᠡᠮᠴᠢ ᠶᠢᠨ ᠠᠵᠢᠯᠯᠠᠬᠤ ᠦᠷᠳᠡᠭᠡ ᠪᠠᠶᠢᠭᠤᠯᠤᠭᠳᠠᠪᠠ                        ᠰᠤᠷᠪᠤᠯᠵᠢᠯᠠᠭᠴᠢ ᠵᠤᠨ᠎ᠠ ᠦᠨᠢᠷ    3 ᠰᠠᠷ᠎ᠠ ᠶᠢᠨ 9 ᠤ ᠡᠳᠦᠷ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ︽‍ᠤᠤᠢ ᠨᠢᠩ ᠨᠠᠷᠠᠲᠤ ᠡᠮᠴᠢ ᠶᠢᠨ ᠠᠵᠢᠯᠯᠠᠬᠤ ᠥᠷᠲᠡᠭᠡ᠂ ᠳ᠋ᠣᠺᠲ᠋ᠣᠷ ᠤᠨ ᠠᠵᠢᠯᠯᠠᠬᠤ ᠥᠷᠲᠡᠭᠡ︾ ᠶᠢᠨ ᠡᠬᠢᠯᠡᠯᠲᠡ ᠶᠢᠨ ᠶᠣᠰᠣᠯᠠᠯ ᠶᠠᠪᠣᠬᠳᠠᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠨᠠᠷᠠᠲᠤ ᠡᠮᠴᠢ ᠶᠢᠨ ᠠᠵᠢᠯᠯᠠᠬᠤ  ᠦᠷᠲᠡᠭᠡ  ᠲᠠᠢ ᠪᠣᠯᠵᠦ᠂ ᠣᠯᠠᠨ ᠲᠦᠮᠡᠨ ᠳᠤ ᠰᠢᠯᠢᠳᠡᠭ ᠡᠮ ᠡᠮᠴᠢᠯᠡᠭᠡᠨ ᠤ ᠦᠢᠯᠡᠴᠢᠯᠡᠭᠡ ᠬᠠᠩᠭᠠᠬᠤ ᠳᠤ ᠤᠯᠠᠮ ᠨᠢᠭᠡ ᠠᠯᠬᠤᠮ ᠰᠠᠶᠢᠨ ᠨᠦᠬᠦᠴᠡᠯ ᠢ ᠪᠦᠷᠢᠯᠳᠦᠬᠦᠯᠦᠯ᠎ᠡ᠃    ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠢᠭᠡᠰᠦᠨ ᠰᠢᠰᠲ᠋ᠧᠮ ᠤᠨ ᠭᠠᠳᠠᠷ ᠰᠠᠯᠠᠭᠠᠨ ᠤ ᡂᠢ ᠨᠢᠩ ᠡᠷᠬᠢᠯᠡᠭᠴᠢ ᠡᠮᠴᠢ ᠪᠣᠯᠤᠨ ᠠᠮᠢᠰᠬᠤᠯ᠂ ᠬᠦᠨᠳᠦ ᠲᠦᠭᠰᠢᠭᠦᠷᠢᠲᠡᠢ ᠡᠪᠡᠳᠴᠢᠨ ᠤ ᠡᠮᠨᠡᠯᠭᠡ ᠶᠢᠨ ᠰᠠᠯᠠᠭᠠᠨ ᠤ RICU ᠳᠡᠳ᠋ ᠡᠷᠬᠢᠯᠡᠭᠴᠢ ᠡᠮᠴᠢ ᠰᠢᠶᠧ ᠵᠢᠶᠠᠨ ᠸᠧᠢ ᠠᠴᠠ ᠭᠦᠷᠦᠯᠴᠡᠨ ᠢᠷᠡᠭᠰᠡᠨ ᠣᠯᠠᠨ ᠲᠦᠮᠡᠨ ᠲᠠᠢ ᠡᠷᠡᠭᠦᠯ ᠮᠡᠨᠳᠦ ᠶᠢᠨ ᠶᠠᠷᠢᠯᠴᠠᠭ᠎ᠠ ᠬᠢᠵᠤ᠂ ᠡᠮ ᠬᠡᠷᠡᠭᠯᠡᠬᠦ ᠵᠡᠷᠭᠡ ᠲᠠᠯ᠎ᠠ ᠪᠠᠷ ᠵᠢᠯᠣᠭᠤᠳᠣᠯᠭ᠎ᠠ ᠭᠢᠭᠰᠡᠨ ᠤ ᠬᠠᠮᠳᠣ  ᠲᠡᠳᠡᠨ ᠳᠤ ᠡᠳᠦᠷ ᠲᠤᠳᠤᠮ ᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠵᠢᠴᠢ ᠦᠷᠭᠦᠯᠵᠢ ᠭᠡᠷᠡᠭᠯᠡᠭᠦ ᠡᠮ ᠤᠨ ᠵᠦᠢᠯᠡᠰ ᠤᠨ ᠭᠡᠷᠡᠭᠯᠡᠯᠳᠡ ᠵᠡᠷᠭᠡ ᠮᠡᠳᠡᠯᠭᠡ ᠶᠢ ᠲᠠᠶᠢᠯᠪᠤᠷᠢᠯᠠᠨ ᠥᠭᠴᠦ᠂ ᠡᠷᠡᠭᠦᠯ ᠮᠡᠨᠳᠦ ᠢᠳᠡᠭᠡᠨ ᠤᠮᠳᠠᠭᠠᠨ ᠤ ᠳᠠᠳᠬᠠᠯ ᠲᠠᠢ ᠪᠣᠯᠬᠤ ᠶᠢ ᠰᠠᠨᠠᠭᠠᠴᠢᠯᠠᠵᠠᠢ᠃    ᠣᠶᠢᠯᠠᠭᠠᠭᠰᠠᠨ ᠢᠶᠠᠷ᠂ ‍ᠤᠤᠢ ᠨᠢᠩ ᠡᠮᠴᠢ ᠪᠣᠯ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠠᠰᠫᠢᠷᠠᠨᠲ ᠤᠨ ᠵᠢᠯᠣᠭᠤᠳᠣᠭᠴᠢ ᠪᠠᠭᠰᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠰᠫᠢᠷᠠᠨᠲ ᠤᠨ ᠠᠵᠢᠯ ᠲᠥᠷᠥᠯ ᠤᠨ ᠵᠢᠯᠣᠭᠤᠳᠣᠭᠴᠢ ᠪᠠᠭᠰᠢ᠂ ᠰᠢᠭᠡᠰᠦᠨ ᠰᠢᠰᠲ᠋ᠧᠮ ᠤᠨ ᠭᠠᠳᠠᠷ ᠰᠠᠯᠠᠭᠠᠨ ᠤ ᠳᠡᠳ᠋ ᠡᠷᠬᠢᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ  ᠬᠤᠷᠢᠶᠠᠨ  ᠤ ᠰᠢᠭᠡᠰᠦᠨ ᠰᠢᠰᠲ᠋ᠧᠮ ᠤᠨ ᠭᠠᠳᠠᠷ ᠰᠠᠯᠠᠭᠠᠨ ᠤ ᠡᠷᠬᠢᠯᠡᠭᠴᠢ ᠡᠮᠴᠢ ᠪᠠᠶᠢᠵᠦ᠂ 20 ᠵᠢᠯ ᠰᠢᠭᠡᠰᠦᠨ ᠰᠢᠰᠲ᠋ᠧᠮ ᠤᠨ ᠭᠠᠳᠠᠷ ᠰᠠᠯᠠᠭᠠᠨ ᠤ ᠲᠤᠰᠬᠠᠶ ᠮᠡᠷᠭᠡᠵᠢᠯ ᠤᠨ ᠠᠵᠢᠯ ᠢ ᠭᠢᠵᠦ᠂  ᠰᠢᠭᠡᠰᠦᠨ ᠰᠢᠰᠲ᠋ᠧᠮ ᠤᠨ ᠡᠯ᠎ᠡ ᠲᠥᠷᠥᠯ ᠤᠨ ᠡᠪᠡᠳᠴᠢᠨ ᠢ ᠣᠨᠣᠰᠢᠯᠠᠬᠤ ᠪᠠ ᠡᠮᠨᠡᠨ ᠵᠠᠰᠠᠬᠤ ᠶᠢ ᠪᠣᠯᠪᠠᠰᠤᠷᠠᠩᠭᠤᠶ ᠡᠵᠡᠮᠰᠢᠵᠡᠢ᠃     ‍ᠤᠤᠢ ᠨᠢᠩ ᠨᠠᠷᠠᠲᠤ ᠡᠮᠴᠢ ᠶᠢᠨ ᠠᠵᠢᠯ ᠤᠨ ᠥᠷᠲᠡᠭᠡ ᠪᠠᠶᠢᠭᠤᠯᠤᠭᠳᠠᠭᠰᠠᠨ ᠨᠢ ᠬᠤᠰᠢᠭᠤᠨ ᠤ ᠡᠮᠨᠡᠯᠭᠡ ᠶᠢᠨ ᠬᠤᠷᠢᠶᠠᠨ ᠤ ᠰᠢᠭᠡᠰᠦᠨ ᠰᠢᠰᠲ᠋ᠧᠮ ᠤᠨ ᠭᠠᠳᠠᠷ ᠰᠠᠯᠠᠭᠠᠨ ᠤ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠬᠤ ᠶᠢ ᠳᠠᠶᠢᠴᠢᠯᠠᠨ᠂ ᠡᠮᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠳᠤ ᠨᠠᠩ ᠰᠢᠯᠢᠳᠡᠭ ᠡᠮᠴᠢᠯᠡᠭᠡᠨ ᠤ  ᠦᠢᠯᠡᠴᠢᠯᠡᠭᠡ ᠬᠠᠩᠭᠠᠬᠤ ᠪᠣᠯᠤᠨ᠎ᠠ᠃ ︽ᠥᠨᠥᠳᠦᠷ 70 ᠭᠠᠷᠣᠬᠰᠠᠨ ᠨᠠᠰᠤᠲᠠᠨ ᠤᠷᠢᠳᠤ ᠪᠤᠯᠴᠢᠷᠬᠠᠢ ᠶᠢᠨ ᠮᠡᠰᠡ ᠵᠠᠰᠠᠯ ᠢ ᠬᠢᠬᠦ ᠪᠠᠷ ᠪᠡᠯᠡᠳᠬᠡᠵᠦ ᠪᠠᠶᠢᠨ᠎ᠠ︔ ᠬᠤᠶᠢᠰᠢᠳᠠ ᠪᠢᠳᠡ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠤ ᠪᠦᠯᠬᠦᠮ ᠲᠠᠢ ᠬᠠᠮᠲᠤᠷᠠᠯᠴᠠᠵᠤ᠂ ᠲᠤᠬᠠᠢ ᠶᠢᠨ ᠭᠠᠵᠠᠷ ᠤᠨ ᠠᠷᠠᠳ ᠤᠯᠠᠨ ᠳᠤ ᠦᠢᠯᠡᠴᠢᠯᠡᠵᠦ᠂ ᠬᠠᠮᠤᠭ ᠤᠨ ᠣᠬᠤᠷᠬᠠᠨ ᠬᠤᠭᠤᠴᠠᠭᠠᠨ ᠳᠤ ᠡᠮᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ︾ ᠭᠡᠵᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠪᠠᠭᠠᠨ᠎ᠠ ᠶᠠᠷᠢᠯ᠎ᠠ᠃ 
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号