ᠴᠠᠬᠠᠷ ᠬᠤᠪᠴᠠᠰᠣ ᠵᠠᠰᠠᠯ ᠢᠶᠠᠷ ᠦᠢᠯᠡᠰ ᠢᠶᠠᠨ ᠭᠤᠶᠤᠭᠰᠠᠨ ᠪᠦᠰᠡᠬᠦᠢ
ᠨᠡᠶᠢᠲᠡᠯᠡᠭᠰᠡᠨ ᠴᠠᠭ᠄
2024/3/12
ᠴᠠᠬᠠᠷ ᠬᠤᠪᠴᠠᠰᠣ ᠵᠠᠰᠠᠯ ᠢᠶᠠᠷ ᠦᠢᠯᠡᠰ ᠢᠶᠠᠨ ᠭᠤᠶᠤᠭᠰᠠᠨ ᠪᠦᠰᠡᠬᠦᠢ     — ᠴᠠᠬᠠᠷ ᠬᠤᠪᠴᠠᠰᠤ ᠵᠠᠰᠠᠯ ᠤᠨ ᠪᠣᠳᠠᠰ ᠤᠨ ᠪᠣᠰᠣ ᠰᠣᠶᠣᠯ ᠤᠨ     ᠦᠪ ᠤᠨ ᠦᠪᠯᠡᠨ ᠤᠯᠠᠮᠵᠢᠯᠠᠭᠴᠢ ᠡᠷᠳᠡᠨᠢᠴᠢᠮᠡᠭ ᠢ ᠲᠡᠮᠳᠡᠭᠯᠡᠪᠡ                      ᠰᠤᠷᠪᠤᠯᠵᠢᠯᠠᠭᠴᠢ   ᠲᠣᠷᠠᠨ᠎ᠠ  ᠬᠠᠰᠪᠢᠯᠢᠭ᠌ᠴᠠᠬᠠᠷ ᠬᠤᠪᠴᠠᠰᠤ ᠵᠠᠰᠠᠯ ᠨᠢ ᠮᠤᠩᠭᠤᠯ ᠬᠤᠪᠴᠠᠰᠤ ᠵᠠᠰᠠᠯ ᠤᠨ ᠶᠡᠬᠡᠮᠰᠦᠭ ᠭᠤᠸ᠎ᠠ ᠰᠢᠨᠵᠢ ᠬᠡᠯᠪᠡᠷᠢ ᠶᠢ ᠬᠠᠳᠠᠭᠠᠯᠠᠭᠰᠠᠨ ᠪᠦᠭᠡᠳ ᠴᠡᠪᠡᠷ ᠴᠡᠮᠴᠡᠭᠡᠷ ᠥᠪᠡᠷᠮᠢᠴᠡ ᠬᠡᠪ ᠨᠠᠮᠪᠠ ᠲᠠᠢ ᠪᠠᠶᠢᠳᠠᠭ ᠠᠴᠠ ᠬᠡᠷᠡᠭᠯᠡᠭᠴᠢᠳ ᠤᠨ ᠲᠠᠭᠠᠰᠢᠶᠠᠯ ᠳᠤ ᠬᠦᠷᠴᠦ᠂ ᠤᠷᠴᠢᠮ ᠤᠨ ᠵᠢᠯ ᠠᠴᠠ ᠤᠶᠤᠵᠤ ᠤᠷᠠᠯᠠᠬᠤ ᠤᠶᠤᠳᠠᠯᠴᠢᠨ ᠴᠤ ᠤᠯᠠᠰᠢᠷᠠᠭᠰᠠᠨ ᠪᠠᠶᠢᠨ᠎ᠠ᠃ ᠤᠶᠤᠳᠠᠯᠴᠢᠨ ᠪᠦᠰᠡᠬᠦᠢ ᠡᠷᠳᠡᠨᠢᠴᠢᠮᠡᠭ ᠪᠣᠯ ᠬᠦᠪᠡᠬᠡᠳᠣ ᠰᠢᠷ᠎ᠡ ᠬᠤᠰᠢᠭᠤᠨ ᠤ ᠪᠣᠬᠳᠠ ᠶᠢᠨ ᠭᠤᠣᠯ ᠰᠣᠮᠣᠨ ᠤ ᠡᠬᠢᠨ ᠣᠰᠣ ᠭᠠᠴᠠᠭᠠᠨ ᠤ ᠮᠠᠯᠴᠢᠨ᠂ ︽ᠨᠣᠭᠤᠭᠠᠨ ᠪᠣᠯᠠᠭ︾ ᠺᠣᠮᠫᠠᠨᠢ ᠶᠢᠨ ᠵᠠᠬᠢᠷᠤᠯ᠂ ᠮᠦᠨ ᠴᠤ ᠴᠠᠬᠠᠷ ᠬᠤᠪᠴᠠᠰᠤ ᠵᠠᠰᠠᠯ ᠤᠨ ᠣᠷᠣᠨ ᠤ ᠲᠠᠰ ᠤᠨ ᠪᠣᠳᠠᠰ ᠤᠨ ᠪᠣᠰᠣ ᠰᠣᠶᠣᠯ ᠤᠨ ᠦᠪ ᠤᠨ ᠦᠪᠯᠡᠨ ᠣᠯᠠᠮᠵᠢᠯᠠᠬᠴᠢ ᠪᠣᠯᠣᠨ᠎ᠠ᠃ᠰᠣᠷᠪᠣᠯᠵᠢᠯᠠᠬᠴᠢ ᠰᠢᠨᠡᠪᠤᠯᠠᠭ ᠪᠠᠯᠭᠠᠰᠤᠨ ᠤ ᠦᠨᠳᠣᠰᠣᠳᠠᠨ ᠤ ᠣᠨᠴᠠᠯᠢᠬᠳᠣ ᠵᠠᠩ ᠦᠢᠯᠡ ᠶᠢᠨ ᠵᠠᠬᠡᠯᠢ ᠳᠤ ᠪᠠᠶᠢᠷᠢᠯᠠᠭ᠎ᠠ ︽ᠨᠣᠭᠤᠭᠠᠨ ᠪᠣᠯᠠᠭ︾ ᠺᠣᠮᠫᠠᠨᠢ ᠳᠤ ᠬᠦᠷᠬᠦ ᠳᠤ ᠡᠷᠳᠡᠨᠢᠴᠢᠮᠡᠭ ᠬᠡᠷᠡᠭᠯᠡᠭᠴᠢ ᠶᠢᠨ ᠵᠠᠬᠢᠶᠠᠯᠠᠬᠰᠠᠨ ᠴᠠᠬᠠᠷ ᠳᠡᠪᠡᠯ ᠢᠶᠠᠨ ᠣᠶᠣᠵᠣ ᠡᠰᠬᠡᠭᠡᠳ ᠶᠠᠭᠠᠷᠠᠵᠤ ᠪᠠᠶᠢᠯ᠎ᠠ᠃ ᠡᠷᠳᠡᠨᠢᠴᠢᠮᠡᠭ ᠮᠠᠯᠵᠢᠬᠤ ᠣᠷᠣᠨ ᠳᠤ ᠦᠰᠴᠣ ᠲᠤᠷᠨᠢᠭᠰᠠᠨ ᠪᠤᠯᠬᠤᠷ ᠡᠵᠢ ᠠᠴᠠ ᠪᠠᠨ ᠴᠠᠬᠠᠷ ᠬᠤᠪᠴᠠᠰᠣ ᠵᠠᠰᠠᠯ ᠣᠶᠣᠬᠤ ᠮᠡᠷᠭᠡᠵᠢᠯ ᠰᠣᠷᠴᠣ ᠡᠵᠡᠮᠰᠢᠨ᠂ ᠤᠯᠠᠮ  ᠢᠶᠠᠷ ᠲᠣᠷ᠎ᠠ ᠰᠣᠨᠢᠷᠬᠠᠯ ᠲᠠᠢ ᠪᠤᠯᠵᠠᠢ᠃ 2004 ᠣᠨ ᠳᠤ ᠲᠡᠷᠡ ᠬᠥᠬᠡᠬᠤᠲᠠ ᠶᠢᠨ ᠦᠨᠳᠦᠰᠦᠲᠡᠨ ᠤ ᠬᠤᠪᠴᠠᠰᠤ ᠵᠠᠰᠠᠯ ᠤᠨ ᠦᠢᠯᠡᠳᠪᠦᠷᠢ ᠳᠤ ᠠᠵᠢᠯᠯᠠᠵᠤ ᠰᠤᠷᠤᠯᠴᠠᠬᠤ ᠶᠢᠨ ᠳᠠᠭᠠᠤ᠂ ᠦᠨᠳᠦᠰᠦᠲᠡᠨ ᠤ ᠬᠤᠪᠴᠠᠰᠤ ᠵᠠᠰᠠᠯ ᠤᠨ ᠲᠤᠬᠠᠢ ᠮᠠᠰᠢ ᠣᠯᠠᠨ ᠮᠡᠳᠡᠯᠭᠡ ᠮᠡᠷᠭᠡᠵᠢᠯ ᠢ ᠡᠵᠡᠮᠰᠢᠵᠦ᠂ 2006 ᠣᠨ ᠳᠤ ᠬᠥᠬᠡᠬᠤᠲᠠ ᠳᠤ ᠦᠨᠳᠣᠰᠣᠳᠠᠨ ᠤ ᠬᠤᠪᠴᠠᠰᠤ ᠵᠠᠰᠠᠯ ᠣᠶᠣᠬᠤ ᠭᠠᠵᠠᠷ ᠢᠶᠠᠨ ᠡᠵᠡᠩᠨᠡᠵᠦ᠂ ᠠᠳᠠᠯ ᠦᠢᠯᠡᠰ ᠴᠣᠭᠴᠠᠯᠠᠬᠤ ᠵᠠᠮ ᠢᠶᠠᠷ ᠵᠠᠮᠨᠠᠬᠰᠠᠨ ᠪᠠᠶᠢᠨ᠎ᠠ᠃ᠬᠡᠳᠣᠨ ᠵᠢᠯ ᠤᠨ ᠲᠠᠷᠠᠭ᠎ᠠ᠂ ᠬᠦᠪᠡᠬᠡᠳᠣ ᠰᠢᠷ᠎ᠡ ᠬᠤᠰᠢᠭᠤᠨ ᠠᠴᠠ ᠦᠨᠳᠦᠰᠦᠲᠡᠨ ᠤ ᠤᠯᠠᠮᠵᠢᠯᠠᠯᠲᠤ ᠴᠠᠬᠠᠷ ᠬᠤᠪᠴᠠᠰᠤ ᠵᠠᠰᠠᠯ ᠤᠨ ᠠᠵᠤ ᠦᠢᠯᠡᠰ ᠢ ᠬᠦᠭᠵᠢᠬᠦᠯᠬᠦ ᠠᠷᠭ᠎ᠠ ᠪᠣᠳᠣᠯᠭ᠎ᠠ ᠳᠤᠷᠠᠳᠴᠦ᠂ ᠪᠡᠯᠡ ᠮᠥᠩᠭᠦ ᠶᠢᠨ ᠲᠠᠯ᠎ᠠ ᠪᠠᠷ ᠳᠡᠮᠵᠢᠯᠭᠡ ᠦᠵᠡᠬᠦᠯᠣᠭ᠍ᠰᠠᠨ ᠠᠴᠠ ᠡᠷᠳᠡᠨᠢᠴᠢᠮᠡᠭ ᠨᠣᠳᠤᠭ ᠲᠤ ᠪᠠᠨ ᠪᠣᠴᠠᠨ ᠦᠢᠯᠡᠰ ᠪᠣᠰᠬᠠᠵᠤ᠂ ᠬᠡᠳᠣᠨ ᠵᠢᠯ ᠤᠨ ᠬᠠᠳᠠᠭᠤᠵᠢᠯᠲᠠᠢ ᠴᠢᠷᠮᠠᠶᠢᠯᠭ᠎ᠠ ᠪᠠᠷ ᠲᠠᠮᠵᠢᠨ 2009 ᠣᠨ ᠳᠤ  ᠬᠥᠪᠡᠭᠡᠲᠦ ᠰᠢᠷ᠎ᠠ ᠬᠤᠰᠢᠭᠤᠨ  ᠤ ᠰᠢᠨᠡᠪᠤᠯᠠᠭ ᠪᠠᠯᠭᠠᠰᠤᠨ ᠳᠤ ︽ᠨᠣᠭᠤᠭᠠᠨ ᠪᠤᠯᠠᠭ︾ ᠬᠤᠪᠴᠠᠰᠤ ᠵᠠᠰᠠᠯ ᠤᠨ ᠦᠢᠯᠡᠳᠪᠦᠷᠢ ᠪᠠᠨ ᠡᠷᠬᠢᠯᠡᠨ ᠪᠠᠶᠢᠭᠤᠯᠪᠠ᠃ᠠᠮᠢᠳᠤᠷᠠᠯ ᠤᠨ ᠨᠦᠬᠦᠴᠡᠯ ᠪᠤᠯᠤᠯᠴᠠᠭ᠎ᠠ ᠲᠡᠬᠡᠭᠰᠢᠯᠡᠬᠦ ᠶᠢ ᠳᠠᠭᠠᠯᠳᠤᠨ᠂ ᠬᠥᠮᠦᠰ ᠬᠤᠪᠴᠠᠰᠤ ᠵᠠᠰᠠᠯ ᠤᠨ ᠶᠠᠰᠤ ᠴᠢᠨᠠᠷ ᠢ ᠬᠦᠬᠡᠬᠡᠴᠠᠯᠳᠣᠬᠦ ᠪᠠᠷ ᠪᠠᠷᠠᠬᠤ ᠦᠭᠡᠢ᠂ ᠬᠡᠯᠪᠡᠷᠢ ᠮᠠᠶ᠋ᠢᠭ᠂ ᠤᠨᠴᠠᠯᠢᠭ ᠰᠢᠨᠵᠢ ᠶᠢᠨ ᠲᠠᠯ᠎ᠠ ᠪᠠᠷ ᠴᠣ᠋ ᠦᠨᠳᠦᠷ ᠱᠠᠭᠠᠷᠳᠠᠯᠭ᠎ᠠ ᠲᠠᠢ ᠪᠣᠯᠵᠤ᠂ ᠡᠨᠡ ᠨᠢ ᠡᠷᠳᠡᠨᠢᠴᠢᠮᠡᠭ ᠳᠤ ᠠᠪᠴᠤ ᠬᠡᠯᠡᠪᠡᠯ ᠥᠷᠢᠰᠦᠯᠳᠦᠭᠡᠨ ᠪᠥᠭᠡᠳ ᠠᠵᠠ ᠲᠣᠬᠢᠶᠠᠯ ᠪᠤᠯᠵᠠᠢ᠃ ᠡᠷᠳᠡᠨᠢᠴᠢᠮᠡᠭ ᠡᠯ᠎ᠡ ᠵᠦᠢᠯ ᠤᠨ ᠮᠣᠩᠭᠤᠯ ᠬᠤᠪᠴᠠᠰᠤ ᠵᠠᠰᠠᠯ ᠤᠨ ᠨᠣᠮ ᠪᠢᠴᠢᠭ ᠢ ᠰᠤᠷᠤᠯᠴᠠᠨ᠂ ᠵᠢᠷᠤᠭ ᠮᠠᠲ᠋ᠧᠷᠢᠶᠠᠯ ᠴᠤᠭᠯᠠᠭᠤᠯᠬᠤ ᠪᠠᠷ ᠳᠠᠮᠵᠢᠨ᠂ ᠥᠪᠡᠷ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ ᠲᠠᠰᠤᠷᠠᠯᠲᠠ ᠦᠭᠡᠢ ᠰᠡᠳᠬᠢᠨ ᠰᠢᠨᠡᠴᠢᠯᠡᠵᠤ᠂ ᠣᠯᠠᠨ ᠲᠦᠷᠦᠯ ᠤᠨ ᠭᠤᠶᠤ ᠰᠠᠶᠢᠬᠠᠨ ᠮᠣᠩᠭᠤᠯ ᠲᠡᠷᠯᠢᠭ᠂ ᠵᠠᠰᠠᠯ ᠴᠢᠮᠡᠭᠯᠡᠯ ᠵᠡᠷᠭᠡ ᠦᠨᠳᠦᠰᠦᠲᠡᠨ ᠤ ᠬᠤᠪᠴᠠᠰᠤ ᠵᠠᠰᠠᠯ ᠤᠨ ᠪᠦᠲᠦᠭᠡᠭᠳᠡᠬᠦᠨ ᠢ ᠲᠥᠯᠥᠪᠯᠡᠨ ᠤᠶᠤᠵᠤ᠂ ᠣᠯᠠᠨ ᠤ ᠲᠠᠭᠠᠰᠢᠶᠠᠯ ᠢ ᠣᠯᠣᠬᠰᠠᠨ ᠠᠴᠠ 2018 ᠣᠨ ᠳᠤ᠂ ᠡᠷᠳᠡᠨᠢᠴᠢᠮᠡᠭ ᠦᠢᠯᠡᠳᠪᠦᠷᠢ ᠪᠠᠨ ︽ᠨᠣᠭᠤᠭᠠᠨ ᠪᠣᠯᠠᠭ ᠰᠣᠶᠣᠯ ᠵᠠᠭᠤᠴᠢᠯᠠᠭᠤᠷ ᠤᠨ ᠬᠢᠵᠠᠭᠠᠷᠳᠣ ᠺᠣᠮᠫᠠᠨᠢ︾ ᠪᠤᠯᠭᠠᠨ ᠦᠷᠭᠡᠳᠬᠡᠨ ᠪᠠᠶᠢᠭᠤᠯᠵᠦ᠂ ᠡᠬᠦᠨ  ᠤ ᠲᠠᠭᠠᠣ ᠦᠪᠡᠷ ᠢᠶᠠᠨ ᠪᠡᠯᠡ ᠮᠦᠩᠬᠦ ᠭᠠᠷᠭᠠᠵᠦ ︽ᠠᠩᠬᠠᠳᠣᠭᠠᠷ ᠬᠤᠭᠤᠴᠠᠭᠠᠨ ᠤ ᠨᠣᠭᠤᠭᠠᠨ ᠪᠣᠯᠠᠭ ᠴᠠᠬᠠᠷ ᠮᠣᠩᠭᠤᠯ ᠬᠤᠪᠴᠠᠰᠣ ᠵᠠᠰᠠᠯ ᠤᠨ ᠦᠵᠡᠬᠦᠯᠦᠯᠭᠡ︾᠂ ᠴᠠᠬᠠᠷ ᠬᠤᠪᠴᠠᠰᠤ ᠵᠠᠰᠠᠯ ᠤᠶᠤᠵᠤ ᠤᠷᠠᠯᠠᠬᠤ ᠪᠤᠯᠪᠠᠰᠤᠷᠠᠯ  ᠢ ᠠᠮᠵᠢᠯᠲᠠ ᠲᠠᠢ ᠡᠷᠬᠢᠯᠡᠨ ᠶᠠᠪᠣᠬᠳᠠᠭᠤᠯᠵᠣ᠂ ᠦᠨᠳᠦᠰᠦᠲᠡᠨ ᠤ ᠬᠤᠪᠴᠠᠰᠤ ᠵᠠᠰᠠᠯ ᠤᠨ ᠦᠪ ᠢ ᠨᠡᠩ ᠤᠯᠠᠨ ᠬᠦᠮᠦᠨ ᠳᠤ ᠦᠪᠯᠡᠬᠦᠯᠵᠤ᠂ ᠰᠤᠶᠤᠯ ᠤᠷᠠᠯᠢᠭ ᠤᠨ ᠬᠢᠨᠢ ᠭᠠᠶᠢᠬᠠᠮᠰᠢᠭ ᠢ ᠤᠯᠠᠨ ᠳᠤ ᠲᠤᠯᠢᠯᠠᠭᠤᠯᠤᠨ ᠰᠤᠷᠲᠠᠯᠴᠢᠯᠠᠭᠰᠠᠨ ᠪᠠᠶᠢᠨ᠎ᠠ᠃ᠡᠷᠳᠡᠨᠢᠴᠢᠮᠡᠭ ᠴᠠᠭ ᠦᠶ᠎ᠡ ᠶᠢᠨ ᠬᠡᠪ ᠨᠠᠮᠪᠠ ᠪᠡ ᠦᠨᠳᠣᠰᠣᠳᠠᠨ ᠤ ᠣᠯᠠᠮᠵᠢᠯᠠᠯᠳᠣ ᠬᠡᠪ ᠨᠠᠮᠪᠠ ᠶᠢ ᠪᠦᠷᠢᠨ ᠲᠡᠬᠦᠯᠳᠡᠷ ᠣᠶᠠᠯᠳᠣᠭᠤᠯᠵᠣ᠂ ᠴᠠᠬᠠᠷ ᠬᠤᠪᠴᠠᠰᠤ ᠵᠠᠰᠠᠯ ᠢᠶᠠᠨ ᠰᠢᠨᠡᠴᠢᠯᠡᠬᠦ ᠶᠢᠨ ᠳᠠᠭᠠᠤ ᠤᠯᠠᠮᠵᠢᠯᠠᠨ ᠵᠠᠯᠭᠠᠮᠵᠢᠯᠠᠬᠤ  ᠶᠢ ᠵᠤᠷᠢᠵᠤ᠂ ᠪᠠᠰᠠ ᠪᠤᠳᠠᠳᠦ ᠦᠢᠯᠡ ᠠᠵᠢᠯᠯᠠᠭ᠎ᠠ ᠪᠠᠷ ᠢᠶᠠᠨ ᠬᠤᠪᠴᠠᠰᠤ ᠵᠠᠰᠠᠯ ᠤᠨ ᠦᠢᠯᠡᠰ ᠢ ᠠᠬᠢᠭᠤᠯᠤᠨ ᠬᠦᠭᠵᠢᠬᠦᠯᠵᠤ ᠶᠠᠪᠤᠭᠰᠠᠨ ᠠᠴᠠ 2011 ᠣᠨ ᠳᠤ ᠠᠶᠢᠮᠠᠭ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ︽ᠴᠠᠬᠠᠷ ᠬᠤᠪᠴᠠᠰᠣ ᠵᠠᠰᠠᠯ︾ ᠤᠨ ᠦᠪᠯᠡᠨ ᠤᠯᠠᠮᠵᠢᠯᠠᠭᠴᠢ ᠪᠠᠷ ᠦᠨᠡᠯᠡᠭᠳᠡᠵᠣ᠂ 2014 ᠣᠨ ᠳᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ︽ᠴᠠᠬᠠᠷ ᠬᠤᠪᠴᠠᠰᠣ ᠵᠠᠰᠠᠯ︾   ᠤᠨ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠪᠠᠷ ᠦᠨᠡᠯᠡᠭᠳᠡᠭᠰᠠᠨ ᠪᠠᠶᠢᠨ᠎ᠠ᠃ ︽ᠴᠠᠬᠠᠷ ᠬᠤᠪᠴᠡᠰᠣ ᠵᠠᠰᠡᠯ ᠢ ᠤᠶᠤᠵᠤ ᠡᠬᠢᠯᠡᠭᠰᠡᠨ ᠤ ᠲᠠᠷᠠᠭ᠎ᠠ ᠠᠷᠪᠢᠨ ᠰᠠᠶᠢᠬᠠᠨ ᠪᠠᠭᠰᠢ ᠨᠠᠷ ᠪᠣᠯᠣᠨ ᠣᠷᠣᠨ ᠨᠣᠳᠤᠭ ᠤᠨ ᠲᠣᠮᠣᠴᠣᠣᠯ ᠠᠴᠠ ᠰᠠᠨᠠᠯ ᠵᠦᠪᠯᠡᠯᠭᠡ ᠠᠪᠣᠬᠰᠠᠨ︔ ᠮᠠᠨ ᠤ ᠴᠠᠬᠠᠷ ᠬᠤᠪᠴᠠᠰᠣ ᠵᠠᠰᠠᠯ ᠢᠶᠠᠨ ᠣᠯᠠᠮᠵᠢᠯᠠᠵᠣ ᠦᠯᠡᠳᠡᠬᠡᠵᠣ ᠲᠡᠯᠬᠡᠷᠡᠬᠦᠯᠵᠣ ᠶᠠᠪᠣᠬᠤ ᠴᠢᠬᠤᠯᠠᠲᠠᠢ ᠬᠡᠰᠠᠨ ᠢ ᠪᠠᠭᠰᠢ ᠨᠠᠷ ᠠᠴᠠ ᠪᠠᠨ ᠮᠡᠳᠡᠭᠰᠠᠨ︔ ᠦᠪᠯᠡᠨ ᠣᠯᠠᠮᠵᠢᠯᠠᠬᠴᠢ ᠪᠣᠯᠣᠬᠰᠠᠨ ᠤ ᠬᠤᠪᠢ ᠳᠤ ᠦᠷᠬᠦᠯᠵᠢᠯᠠᠨ ᠪᠣᠯᠪᠠᠰᠣᠷᠠᠯ ᠤᠨ ᠠᠩᠬᠢ ᠡᠷᠬᠢᠯᠡᠵᠣ᠂ ᠱᠠᠪᠢ ᠰᠣᠷᠣᠬᠴᠢ ᠲᠠᠭᠠᠭᠤᠯᠬᠤ ᠠᠵᠢᠯ ᠢ ᠠᠷᠪᠢᠨ ᠬᠢᠪᠠᠯ ᠲᠠᠭᠠᠷᠠᠨ᠎ᠠ ᠬᠡᠵᠣ ᠪᠣᠳᠣᠵᠣ ᠪᠠᠶᠢᠨ᠎ᠠ︾ ᠭᠡᠵᠤ ᠡᠷᠳᠡᠨᠢᠴᠢᠮᠡᠭ ᠶᠠᠷᠢᠯ᠎ᠠ᠃ᠡᠷᠳᠡᠨᠢᠴᠢᠮᠡᠭ ᠤᠨ ᠤᠶᠤᠳᠠᠯ ᠤᠨ ᠪᠦᠳᠣᠬᠡᠯ ᠨᠢ ᠣᠷᠢᠳ ᠬᠤᠵᠢᠳ ᠣᠯᠠᠨ ᠣᠳᠠᠭ᠎ᠠ ᠬᠤᠰᠢᠭᠤ᠂ ᠠᠶᠢᠮᠠᠭ ᠤᠨ ᠲᠠᠰ ᠤᠨ ᠬᠤᠪᠴᠠᠰᠣ ᠵᠠᠰᠠᠯ ᠤᠨ ᠣᠷᠣᠯᠳᠣᠭᠠᠨ ᠪᠣᠯᠣᠨ ᠤᠯᠠᠮᠵᠢᠯᠠᠯᠲᠤ ᠬᠤᠪᠴᠠᠰᠤ ᠵᠠᠰᠠᠯ ᠤᠨ ᠦᠵᠡᠭᠦᠯᠦᠯᠭᠡ ᠳᠡᠭᠡᠷ᠎ᠡ ᠦᠨᠳᠣᠷ ᠬᠢᠷᠢ ᠪᠦᠳᠣᠮᠵᠢ ᠣᠯᠵᠠᠢ᠃ ᠲᠡᠷᠡ ᠴᠠᠬᠠᠷ ᠮᠣᠩᠭᠤᠯ ᠬᠤᠪᠴᠠᠰᠤ ᠵᠠᠰᠠᠯ ᠤᠨ ᠰᠣᠶᠣᠯ ᠤᠷᠠᠯᠠᠯ ᠢ ᠬᠦᠭᠵᠢᠬᠦᠯᠬᠦ ᠳᠤ ᠦᠪᠡᠷ ᠤᠨ ᠭᠡᠰᠡᠨ ᠬᠤᠪᠢ ᠨᠡᠮᠡᠷᠢ ᠦᠵᠡᠬᠦᠯᠣᠭ᠍ᠰᠠᠨ ᠢᠶᠠᠷ ᠪᠠᠷᠠᠬᠤ ᠦᠬᠡᠢ᠂ ᠡᠮᠡᠭᠲᠠᠶᠢᠴᠤᠳ ᠤᠨ ᠠᠵᠢᠯ ᠤᠯᠭᠤᠯᠲᠠ᠂ ᠤᠷᠤᠨ ᠨᠤᠲᠤᠭ ᠤᠨ ᠰᠤᠶᠤᠯ ᠤᠨ ᠨᠡᠷᠡᠲᠦ ᠲᠡᠮᠳᠡᠭᠲᠦ ᠶᠢ ᠠᠯᠳᠠᠷᠰᠢᠭᠤᠯᠬᠤ ᠵᠡᠷᠭᠡ ᠤᠯᠠᠨ ᠠᠵᠢᠯ ᠲᠦᠷᠦᠯ ᠤᠨ ᠲᠠᠯ᠎ᠠ ᠪᠠᠷ ᠬᠦᠴᠦ ᠬᠦᠯᠦᠰᠦ ᠪᠠᠨ ᠤᠷᠤᠰᠬᠠᠵᠤ᠂ ᠰᠢᠨ᠎ᠡ ᠴᠠᠭ ᠦᠶ᠎ᠡ ᠶᠢᠨ ᠡᠮᠡᠭᠲᠠᠶᠢᠴᠤᠳ  ᠤᠨ ᠴᠤᠭ ᠵᠤᠯᠪᠤᠭ᠎ᠠ ᠶᠢ ᠪᠠᠳᠠᠷᠠᠭᠤᠯᠤᠨ᠂ ᠬᠠᠶᠢᠷ᠎ᠠ ᠲᠠᠢ ᠦᠢᠯᠡᠰ ᠤᠨ ᠢᠶᠠᠨ ᠲᠦᠯᠦᠭᠡ ᠮᠡᠷᠡᠶᠢᠨ ᠤᠷᠤᠭᠰᠢᠯᠠᠭᠰᠠᠭᠠᠷ ᠪᠠᠶᠢᠨ᠎ᠠ᠃
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号