ᠬᠦᠭᠵᠢᠨ ᠳᠠᠪᠰᠢᠭ᠎ᠠ ᠬᠦᠪᠡᠬᠡᠳᠣ ᠰᠢᠷ᠎ᠡ ᠬᠤᠰᠢᠭᠤᠨ ᠤᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦ᠊
ᠨᠡᠶᠢᠲᠡᠯᠡᠭᠰᠡᠨ ᠴᠠᠭ᠄
2024/3/19
ᠬᠦᠭᠵᠢᠨ ᠳᠠᠪᠰᠢᠭ᠎ᠠ ᠬᠦᠪᠡᠬᠡᠳᠣ ᠰᠢᠷ᠎ᠡ ᠬᠤᠰᠢᠭᠤᠨ ᠤᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ                     ᠰᠤᠷᠪᠤᠯᠵᠢᠯᠠᠭᠴᠢ ᠲᠣᠷᠠᠨ᠎ᠠ    2023 ᠣᠨ ᠳᠤ᠂ ᠬᠥᠪᠡᠭᠡᠲᠦ ᠰᠢᠷ᠎ᠠ ᠬᠤᠰᠢᠭᠤ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠨᠢᠭᠡᠳᠦᠯᠲᠡᠶ ᠲᠥᠯᠥᠪᠵᠢᠭᠦᠯᠦᠨ ᠪᠦᠷᠢᠨᠰᠢᠬᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠦᠭᠰᠡᠨ ᠢᠶᠠᠷ ᠠᠷᠠᠳ ᠲᠦᠮᠡᠨ ᠤ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠴᠢᠨᠠᠷ ᠰᠠᠶᠢᠳᠠᠢ ᠭᠦᠭᠵᠢᠪᠡ᠃ ᠰᠤᠷᠪᠤᠯᠵᠢᠯᠠᠭᠴᠢ ᠬᠥᠪᠡᠭᠡᠲᠦ ᠰᠢᠷ᠎ᠠ ᠬᠤᠰᠢᠭᠤᠨ ᠤ ᠣᠩᠭᠤᠨ ᠠᠭᠤᠯᠠ ᠰᠣᠮᠣᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠮᠣᠩᠭᠤᠯ ᠡᠮᠨᠡᠯᠬᠡ ᠶᠢᠨ ᠣᠯᠠᠮᠵᠢᠯᠯᠠᠳᠣ ᠵᠠᠰᠠᠯ ᠤᠨ ᠲᠠᠰᠤᠭ ᠲᠤ ᠬᠦᠷᠬᠦ ᠳᠤ᠂ ᠡᠮᠴᠢ ᠠᠴᠠ ᠡᠪᠡᠳᠴᠢᠲᠡᠨ ᠳᠤ ᠵᠡᠭᠦᠦ ᠲᠥᠭᠡᠨᠡᠯᠭᠡ᠂ ᠭᠠᠯ ᠲᠦᠬᠡᠨᠡᠯᠬᠡ ᠵᠡᠷᠬᠡ ᠡᠮᠴᠢᠯᠡᠭᠡ ᠶᠢ ᠬᠢᠵᠣ ᠪᠠᠶᠢᠯ᠎ᠠ᠃ ︽ᠮᠠᠨ ᠤ ᠰᠣᠮᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ 2023 ᠣᠨ ᠤ 6 ᠰᠡᠷ᠎ᠡ ᠳᠤ ︿ᠮᠤᠩᠭᠤᠯ ᠡᠮᠨᠡᠯᠬᠡ ᠶᠢᠨ ᠣᠷᠳᠣᠨ﹀᠎ ᠢ ᠪᠠᠶᠢᠭᠤᠯᠵᠠᠢ᠂ ᠡᠬᠦᠨ ᠳᠤ ᠣᠯᠠᠮᠵᠢᠯᠠᠯᠳᠣ ᠲᠠᠪᠣᠨ ᠵᠠᠰᠠᠯ᠂ ᠷᠠᠰᠢᠶᠠᠨ ᠵᠠᠰᠠᠯ᠂ ᠴᠡᠬᠡᠨ ᠵᠠᠰᠠᠯ᠂ ᠡᠯᠡᠰᠣᠨ ᠵᠠᠰᠠᠯ ᠵᠡᠷᠬᠡ ᠶᠢ ᠪᠠᠭᠳᠠᠭᠠᠵᠤ᠂ ᠦᠷᠭᠡᠨ ᠤᠯᠠᠨ ᠦᠨᠳᠦᠰᠦᠨ ᠱᠠᠳᠤᠨ ᠤ ᠮᠠᠯᠴᠢᠳ ᠲᠤ ᠲᠦᠬᠦᠮ ᠦᠵᠡᠬᠦᠯᠵᠦ ᠪᠠᠶᠢᠨ᠎ᠠ︾ ᠬᠡᠵᠣ ᠬᠦᠪᠡᠬᠡᠳᠣ ᠰᠢᠷ᠎ᠡ ᠬᠤᠰᠢᠭᠤᠨ ᠤ ᠤᠩᠭᠤᠨ ᠠᠭᠤᠯᠠ ᠰᠣᠮᠣᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠤᠷᠢᠶᠠᠨ ᠳᠠᠷᠤᠭ᠎ᠠ ᠮᠦᠩᠭᠦᠨᠬᠤᠸᠠᠷ ᠶᠠᠷᠢᠯ᠎ᠠ᠃ᠬᠥᠪᠡᠭᠡᠲᠦ ᠰᠢᠷ᠎ᠡ ᠬᠤᠰᠢᠭᠤᠨ ᠤ ᠡᠷᠡᠭᠦᠯ ᠬᠠᠮᠠᠭᠠᠯᠠᠯ ᠡᠷᠡᠬᠦᠯ ᠮᠡᠨᠳᠣ ᠶᠢᠨ ᠵᠦᠪᠯᠡᠯ ᠨᠢ ᠦᠨᠳᠦᠰᠦᠨ ᠱᠠᠲᠤᠨ ᠳᠤ ᠦᠢᠯᠡᠴᠢᠯᠡᠬᠦ ᠳᠠᠪᠠᠭᠤᠯᠢᠭ ᠢᠶᠠᠨ ᠪᠠᠳᠠᠷᠠᠭᠤᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠪᠠᠶᠢᠭᠤᠯᠣᠯᠳᠠ ᠶᠢ ᠲᠠᠰᠤᠷᠠᠯᠲᠠ ᠦᠭᠡᠢ ᠴᠢᠩᠭᠠᠳᠬᠠᠵᠣ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠬᠦ ᠶᠢ ᠴᠢᠬᠤᠯᠠᠴᠢᠯᠠᠭᠰᠠᠨ ᠢᠶᠠᠷ᠂ ᠪᠠᠶᠠᠨᠲᠠᠯ᠎ᠠ ᠪᠠᠯᠭᠠᠰᠤᠨ ᠤ ᠭᠤᠣᠯᠳᠠᠯᠭᠠᠳᠣ ᠡᠮᠨᠡᠯᠭᠡ ᠶᠢᠨ ᠬᠤᠷᠢᠶ᠎ᠠ ᠪᠣᠯᠣᠨ ᠪᠣᠭᠳᠠ ᠶᠢᠨ ᠭᠤᠤᠯ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠦᠨᠳᠦᠰᠦᠨ ᠱᠠᠲᠤᠨ ᠤ ᠴᠢᠨᠠᠷ ᠰᠠᠶᠢᠲᠠᠶ ᠦᠢᠯᠡᠴᠢᠯᠡᠬᠡᠨ ᠤ ᠪᠠᠷᠢᠮᠵᠢᠶᠠᠨ ᠳᠤ ᠬᠦᠷᠦᠭᠰᠡᠨ ᠡᠷᠡᠭᠦᠯ ᠬᠠᠮᠠᠭᠠᠯᠠᠯ ᠤᠨ ᠬᠤᠷᠢᠶ᠎ᠠ ᠪᠤᠯᠵᠦ᠂ ᠠᠷᠠᠳ ᠤᠯᠠᠨ ᠳᠤ ᠠᠰᠢᠭ ᠬᠦᠷᠳᠡᠭᠡᠵᠦ ᠪᠤᠢ᠂ ᠪᠦᠬᠦ ᠬᠤᠰᠢᠭᠤᠨ ᠤ ᠲᠦᠷᠪᠠᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠢ ᠴᠥᠮ ᠮᠣᠩᠭᠤᠯ ᠡᠮᠨᠡᠯᠭᠡ ᠶᠢᠨ ᠣᠷᠳᠣᠨ ᠢ ᠨᠡᠬᠡᠬᠡᠵᠣ᠂ 42 ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠨᠢ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ᠂ 5 ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠨᠢ ᠮᠣᠩᠭᠤᠯ ᠡᠮᠨᠡᠯᠭᠡ ᠶᠢᠨ ᠦᠷᠣᠬᠡ ᠎ ᠶᠢ ᠪᠠᠶᠢᠭᠤᠯᠪᠠ᠃ ᠪᠦᠷᠢᠳᠭᠡᠯ ᠢ ᠦᠨᠳᠦᠰᠦᠯᠡᠪᠡᠯ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠬᠢᠲᠠᠳ ᠮᠣᠩᠭᠤᠯ ᠡᠮ ᠡᠮᠨᠡᠯᠭᠡ  ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠣᠷᠮ᠎ᠠ 74.11%᠎ ᠳᠤ ᠬᠦᠷᠴᠦ᠂ 0 - 36 ᠰᠠᠷ᠎ᠠ ᠲᠠᠢ ᠬᠡᠦᠬᠡᠳ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠣᠷᠮ᠎ᠠ 84.11%᠎ ᠳᠤ ᠬᠦᠷᠴᠠᠢ᠃     ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠬᠦᠪᠡᠭᠡᠲᠦ ᠰᠢᠷ᠎ᠠ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠨᠢ ︽ᠭᠤᠷᠪᠠᠨ ᠢᠯᠠ︾ ᠡᠮ ᠡᠮᠨᠡᠯᠬᠡ ᠶᠢᠨ ᠦᠭᠡᠷᠡᠴᠢᠯᠡᠯᠳᠡ ᠶᠢᠨ ᠳᠤᠷᠰᠢᠯᠭ᠎ᠠ ᠶᠢ ᠬᠦᠨᠵᠡᠬᠡᠢ ᠳᠡᠯᠭᠡᠷᠡᠬᠦᠯᠵᠦ᠂ ᠬᠦᠪᠡᠭᠡᠲᠦ ᠰᠢᠷ᠎ᠠ ᠬᠤᠰᠢᠭᠤᠨ ᠤ ᠡᠮᠴᠢᠯᠡᠭᠡᠨ ᠤ ᠬᠠᠮᠳᠤ ᠶᠢᠨ ᠴᠤᠭᠴᠠ ᠶᠢᠨ ᠬᠠᠮᠢᠶᠠᠷᠤᠯᠳᠠ ᠶᠢᠨ ᠬᠡᠰᠢᠬᠦᠳ ᠢ ᠪᠠᠶᠢᠭᠤᠯᠤᠨ᠂ ︽ᠬᠦᠪᠡᠭᠡᠲᠦ ᠰᠢᠷ᠎ᠠ ᠬᠤᠰᠢᠭᠤᠨ ᠤ ᠡᠮᠴᠢᠯᠡᠭᠡᠨ ᠤ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢᠨ ᠬᠡᠷᠡᠭᠵᠢᠬᠦᠯᠦᠯᠳᠡ ᠶᠢᠨ ᠲᠦᠰᠦᠯ︾᠎ ᠢ ᠳᠤᠭᠳᠠᠭᠠᠵᠦ᠂ ᠡᠮᠴᠢᠯᠡᠭᠡᠨ ᠤ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠪᠠ᠃ ᠬᠥᠪᠡᠭᠡᠲᠦ ᠰᠢᠷ᠎ᠡ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠶᠢ ᠫᠠᠶᠢᠰᠠ ᠡᠯᠭᠦᠨ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ᠂ ᠨᠢᠭᠡᠳᠦᠯᠲᠡᠢ ᠤᠷᠢᠵᠤ ᠬᠡᠷᠡᠭᠯᠡᠬᠦ᠂ ᠪᠣᠯᠪᠠᠰᠤᠷᠠᠭᠤᠯᠤᠨ ᠬᠠᠮᠢᠶᠠᠷᠬᠤ ᠡᠷᠬᠡ ᠶᠢ ᠣᠯᠭᠤᠪᠠ᠃ ᠣᠳᠣᠬᠠᠨ ᠳᠤ᠂ ᠬᠦᠪᠡᠭᠡᠳᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠲᠠᠰ ᠤᠨ ᠬᠥᠬᠡᠭᠴᠢᠨ ᠳᠡᠰ ᠤᠨ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠳᠤ ᠬᠦᠷᠴᠦ᠂ ᠬᠦᠪᠡᠭᠡᠳᠦ ᠰᠢᠷ᠎ᠠ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠳᠡᠰ ᠤᠨ ᠬᠥᠬᠡ ᠲᠠᠰ ᠤᠨ ᠦᠨᠳᠦᠰᠦᠲᠡᠨ ᠤ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠳᠤ ᠬᠦᠷᠴᠦ᠂ ᠬᠦᠪᠡᠭᠡᠳᠦ ᠰᠢᠷ᠎ᠠ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠨᠢ ᠬᠥᠬᠡᠭᠴᠢᠨ ᠲᠠᠰ ᠤᠨ B ᠲᠠᠰ ᠤᠨ ᠪᠠᠷᠢᠮᠵᠢᠶ᠎ᠠ ᠳᠤ ᠬᠦᠷᠴᠡᠶ᠃ᠬᠥᠪᠡᠭᠡᠲᠦ ᠰᠢᠷ᠎ᠡ ᠬᠤᠰᠢᠭᠤ ᠡᠮ ᠡᠮᠨᠡᠯᠭᠡ ᠶᠢᠨ ᠦᠢᠯᠡᠴᠢᠯᠡᠭᠡᠨ ᠤ ᠨᠥᠬᠦᠴᠡᠯ ᠢᠶᠠᠨ ᠦᠷᠭᠦᠯᠵᠢᠯᠡᠨ ᠰᠠᠶᠢᠵᠢᠷᠠᠭᠤᠯᠪᠠ ᠃ ᠡᠬᠦᠨ ᠳᠤ᠂ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠰᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠢᠭᠡᠨᠲᠡ ᠳᠠᠭᠤᠰᠬᠠᠵᠤ᠂ ᠪᠦᠬᠦᠯᠢ ᠴᠣᠭᠴᠠ ᠪᠠᠷ ᠨᠡᠭᠦᠯᠭᠡᠨ ᠠᠰᠢᠭᠯᠠᠯᠲᠠ ᠳᠤ ᠣᠷᠣᠭᠤᠯᠪᠠ᠃ ᠮᠤᠩᠭᠤᠯ ᠡᠮᠨᠡᠯᠬᠡ ᠶᠢᠨ ᠬᠤᠷᠢᠶ᠎ᠠ᠂ ᠠᠷᠠᠳ ᠤᠨ ᠡᠮᠨᠡᠯᠬᠡ ᠶᠢᠨ ᠬᠤᠷᠢᠶ᠎ᠠ᠂ ᠡᠬᠡ ᠨᠢᠯᠬᠠᠰ ᠤᠨ ᠡᠷᠡᠬᠦᠯᠵᠢᠯ ᠲᠦᠯᠣᠪᠯᠡᠬᠡᠳᠣ ᠦᠷᠡᠵᠢᠯ ᠤᠨ ᠦᠢᠯᠡᠴᠢᠯᠡᠬᠡᠨ ᠤ ᠲᠦᠪ ᠨᠢ ᠲᠤᠰᠪᠤᠷᠢ ᠨᠠᠰᠣᠳᠠᠶᠢᠴᠣᠳ ᠤᠨ ᠡᠪᠡᠳᠴᠢᠨ ᠤ ᠰᠠᠯᠠᠭ᠎ᠠ᠂ ᠬᠢᠳᠡᠳ ᠡᠮᠨᠡᠯᠬᠡ ᠶᠢᠨ ᠰᠠᠯᠠᠭ᠎ᠠ ︵ᠮᠣᠩᠭᠤᠯ ᠡᠮᠨᠡᠯᠬᠡ ᠶᠢᠨ ᠰᠠᠯᠠᠭ᠎ᠠ︶᠎ ᠶᠢ ᠨᠡᠮᠡᠨ ᠪᠠᠶᠢᠭᠤᠯᠵᠠᠢ᠃ ᠡᠬᠦᠨ ᠤ ᠲᠠᠭᠠᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠡ 16 ᠡᠮᠨᠡᠯᠭᠡ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠣᠷᠢᠨ ᠭᠡᠷᠡᠭᠯᠡᠬᠦ ᠶᠢᠨ ᠬᠠᠮᠳᠦ᠂ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠤᠨ ᠡᠪᠡᠳᠴᠢᠳᠡᠨ ᠢ ᠡᠮᠨᠡᠬᠦ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠲᠦᠮᠡᠨ ᠳᠤ ᠥᠨᠳᠥᠷ ᠪᠦᠲᠦᠮᠵᠢᠲᠡᠶ᠂ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠠᠩᠭᠠᠪᠠ᠃     ᠡᠷᠡᠭᠦᠯ ᠡᠩᠬᠡ ᠬᠥᠪᠡᠭᠡᠲᠦ ᠰᠢᠷ᠎ᠡ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠬᠥᠪᠡᠭᠡᠲᠦ ᠰᠢᠷ᠎ᠠ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠬᠠᠪᠤᠷ ᠨᠠᠮᠤᠷ ᠤᠨ ᠤᠯᠠᠷᠢᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠠ ᠬᠠᠮᠠᠭᠠᠯᠠᠯᠲᠠ ᠶᠢᠨ ᠴᠢᠨᠠᠷᠲᠠᠶ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 579 ᠲᠡᠷᠭᠡ ᠂ 4865 ᠬᠥᠮᠦᠨ ᠤᠳᠠᠭ᠎ᠠ ᠶᠢ ᠬᠥᠳᠡᠯᠭᠡᠵᠦ᠂ 3302 ᠺᠢᠯᠣᠭ᠍ᠷᠠᠮ ᠬᠤᠭ ᠨᠣᠪᠰᠢ ᠶᠢ ᠴᠡᠪᠡᠷᠯᠡᠨ᠂ 2023 ᠤᠨ ᠤ 11 ᠰᠠᠷ᠎ᠠ ᠳᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠎ ᠶᠢᠨ ᠲᠠᠬᠢᠨ ᠬᠢᠨᠠᠨᠯᠳᠠ ᠳᠤ ᠬᠢᠷᠢ ᠲᠠᠩᠴᠡᠪᠡ᠃ ︽ᠬᠤᠶᠠᠷ ᠥᠮᠡᠨ︾᠎ ᠢ ᠰᠢᠭᠰᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ 1147 ᠬᠥᠮᠦᠨ ᠳᠤ ᠬᠥᠬᠦᠨ ᠪᠤᠯᠴᠢᠷᠬᠠᠶ ᠶᠢᠨ ᠥᠮᠡᠨ ᠤ ᠪᠠᠶᠢᠴᠠᠭᠠᠯᠲᠠ ᠬᠢᠵᠤ᠂ 1104 ᠬᠥᠮᠦᠨ ᠳᠤ ᠰᠠᠪᠠᠨ ᠤ ᠥᠮᠡᠨ ᠤ ᠪᠠᠶᠢᠴᠠᠭᠠᠯᠲᠠ ᠬᠢᠵᠠᠢ᠃ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ 1461 ᠬᠥᠮᠦᠨ᠂ ᠮᠠᠯᠵᠢᠬᠤ ᠣᠷᠣᠨ ᠤ ᠣᠷᠣᠯᠭ᠎ᠠ ᠪᠠᠭ᠎ᠠ ᠲᠠᠢ 1495 ᠬᠥᠮᠦᠨ᠂ ᠣᠨᠴᠠ ᠬᠦᠴᠢᠷᠳᠡᠯᠲᠡᠶ 30 ᠬᠦᠮᠦᠨ ᠳᠤ ᠬᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠬᠡᠯᠡᠯᠴᠡᠭᠡᠷ ᠢ ᠲᠤᠭᠳᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯ ᠢ ᠠᠬᠢᠭᠤᠯᠵᠤ ᠪᠤᠢ᠃ 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号