ᠬᠥᠪᠡᠭᠡᠲᠦ ᠰᠢᠷ᠎ᠠ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯ ᠢ ᠰᠠᠶᠢᠳᠦᠷ ᠦᠷᠨᠢᠬᠦᠯᠵᠦ
ᠨᠡᠶᠢᠲᠡᠯᠡᠭᠰᠡᠨ ᠴᠠᠭ᠄
2024/3/19
 ᠬᠥᠪᠡᠭᠡᠲᠦ ᠰᠢᠷ᠎ᠠ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯ ᠢ ᠰᠠᠶᠢᠳᠦᠷ ᠦᠷᠨᠢᠬᠦᠯᠵᠦ ᠪᠤᠢ                                       ᠬᠠᠮ ᠵᠠᠭᠤᠴᠢᠯᠠᠭᠤᠷ ᠤᠨ ᠰᠤᠷᠪᠤᠯᠵᠢᠯᠠᠭᠴᠢ                                         ᠲᠣᠷᠠᠨ᠎ᠠ          ᠬᠠᠰᠪᠢᠯᠢᠭ᠌     ᠤᠶᠢᠷ᠎ᠠ ᠶᠢᠨ ᠵᠢᠯ ᠠᠴᠠ ᠨᠠᠰᠢ᠂ ᠬᠦᠪᠡᠭᠡᠲᠦ ᠰᠢᠷ᠎ᠠ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠳᠤ ᠴᠡᠬᠡᠵᠢᠯᠡᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠤᠨ ᠰᠦᠨᠦᠭᠡᠯᠳᠡ ᠶᠢᠨ ᠲᠠᠶᠢᠯᠠᠯᠳᠤᠭᠠᠨ ᠎ ᠤ ᠢᠯᠠᠯᠳᠠ ᠶᠢ ᠡᠷᠡᠰ ᠲᠡᠮᠡᠴᠡᠨ ᠤᠯᠵᠤ᠂ ᠡᠬᠡ ᠤᠯᠤᠰ ᠤᠨ ᠤᠮᠠᠷᠠᠳᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ ᠎ ᠶᠢ ᠠᠬᠢᠭᠤᠯᠵᠤ ᠪᠤᠢ᠃ ᠣᠶᠢᠷ᠎ᠡ ᠶᠢᠨ ᠡᠳᠣᠷ᠂ ᠬᠥᠪᠡᠭᠡᠲᠦ ᠰᠢᠷ᠎ᠠ ᠬᠤᠰᠢᠭᠤ ᠺᠠᠳ᠋ᠷ ᠠᠵᠢᠯᠳᠠᠨ ᠢᠶᠠᠨ ᠵᠤᠬᠢᠶᠠᠨ ᠪᠠᠶᠢᠭᠤᠯᠵᠤ ᠤᠩᠭᠤᠨ ᠠᠭᠤᠯᠠ ᠰᠣᠮᠣᠨ ᠤ ᠪᠦᠷᠢᠳᠦ ᠨᠠᠭᠤᠷ ᠭᠠᠴᠠᠭᠠᠨ ᠤ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠵᠠᠰᠠᠬᠤ ᠵᠠᠰᠠᠯᠲᠠ ᠶᠢᠨ ᠴᠡᠭ ᠲᠤ ᠠᠯᠪᠠᠨ ᠵᠢᠷᠤᠮ ᠤᠨ ᠡᠯᠡᠰᠦ ᠶᠢ ᠲᠣᠭᠲᠠᠪᠤᠷᠢᠵᠢᠭᠤᠯᠬᠤ ᠠᠵᠢᠯᠯᠠᠭ᠎ᠠ ᠥᠷᠨᠢᠭᠦᠯᠪᠡ᠃    ᠲᠤᠬᠠᠢ ᠶᠢᠨ ᠲᠠᠯᠠᠪᠠᠢ ᠳᠤ᠂ ᠥᠩᠭᠡᠲᠦ ᠲᠤᠭ ᠨᠠᠮᠢᠷᠠᠨ᠂ ᠪᠦᠬᠦ ᠬᠤᠰᠢᠭᠤᠨ ᠤ ᠵᠠᠭᠤ ᠭᠠᠷᠤᠢ ᠺᠠᠳ᠋ᠷ ᠠᠵᠢᠯᠳᠠᠨ ᠲᠣᠭᠤᠷᠢᠭ ᠬᠤᠪᠢᠶᠠᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠠᠵᠢᠯᠳᠠᠨ ᠤ ᠵᠢᠯᠤᠭᠤᠳᠤᠯᠭ᠎ᠠ ᠳᠣᠣᠷ᠎ᠠ᠂ ᠡᠪᠡᠰᠦᠨ ᠰᠦᠷᠡᠯ ᠢᠶᠠᠷ ᠲᠣᠣᠷᠵᠢᠭᠤᠯᠤᠭᠰᠠᠨ ᠡᠯᠡᠰᠦᠨ ᠬᠠᠰᠢᠯᠭ᠎ᠠ ᠪᠤᠰᠬᠠᠵᠤ᠂ ᠬᠤᠯᠠᠨ ᠰᠢᠷᠭ᠎ᠠ ᠳᠠᠭ᠎ᠠ ᠶᠢᠨ  ᠡᠯᠡᠰᠦ ᠶᠢ ᠵᠠᠰᠠᠬᠤ ᠠᠵᠢᠯ ᠢᠶᠠᠨ ᠠᠬᠢᠭᠤᠯᠤᠭᠰᠠᠨ ᠪᠠᠶᠢᠨ᠎ᠠ᠃ ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠵᠠᠩ ᠹᠸᠢ᠄ ︽ᠥᠨᠥᠳᠥᠷ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠡᠯ᠎ᠡ ᠪᠠᠶᠢᠭᠤᠯᠭ᠎ᠠ ᠨᠢᠭᠡᠴᠡ ᠶᠢᠨ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠤᠨ ᠵᠠᠰᠠᠯᠳᠠ ᠶᠢᠨ ᠠᠵᠢᠯ ᠢ ᠦᠷᠨᠢᠬᠦᠯᠪᠡ︔ ᠮᠠᠨ ᠤ ᠥᠨᠥᠳᠦᠷ ᠤᠨ ᠬᠡᠷᠡᠭᠵᠢᠭᠦᠯᠵᠦ ᠪᠠᠶᠢᠭ᠎ᠠ ᠲᠥᠷᠥᠯ ᠵᠦᠢᠯ ᠨᠢ ᠭᠤᠣᠯᠳᠠᠭᠤ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠪᠠᠷ ᠲᠦᠷᠪᠡᠯᠵᠢᠨ ᠪᠦᠷᠢ 2×2 ᠲᠡᠭᠰᠢ ᠳᠥᠷᠪᠡᠯᠵᠢᠨ ᠮᠧᠲᠷ ᠤᠨ ᠵᠠᠢ ᠪᠠᠷ ᠡᠯᠡᠰᠦ ᠶᠢ ᠲᠣᠭᠲᠠᠪᠤᠷᠢᠵᠢᠭᠤᠯᠬᠤ ᠶᠢ ᠵᠤᠷᠢᠭᠰᠠᠨ ᠪᠠᠶᠢᠨ᠎ᠠ︔ ᠡᠬᠦᠨ ᠤ ᠲᠠᠭᠠᠤ᠂  ᠬᠥᠮᠦᠨ ᠤ ᠬᠦᠴᠦ ᠪᠠᠷ ᠡᠪᠡᠰᠦ ᠲᠠᠷᠢᠵᠤ᠂ ︿ᠡᠯᠡᠰᠦ ᠤᠷᠤᠭᠰᠢᠯᠠᠵᠤ ᠬᠥᠮᠦᠨ ᠤᠬᠤᠷᠢᠬᠤ﹀᠂ ︿ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ ﹀ ᠎ ᠶᠢ ᠪᠡᠶᠡᠯᠡᠬᠦᠯᠬᠦ ᠪᠠᠷ ᠪᠤᠢ︾ ᠭᠡᠵᠦ ᠶᠠᠷᠢᠯ᠎ᠠ᠃     ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠤᠨ ᠰᠦᠨᠦᠭᠡᠯᠳᠡ ᠶᠢᠨ ᠲᠠᠶᠢᠯᠠᠯᠳᠣᠭᠠᠨ ᠪᠤᠯ ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠤᠮᠠᠷᠠᠳᠤ︾᠎ ᠶᠢᠨ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠣᠭᠠᠨ ᠎ ᠤ ᠨᠢᠭᠡ ᠪᠤᠯᠤᠨ᠎ᠠ᠂ ᠰᠢᠯᠢ ᠶᠢᠨ ᠭᠤᠤᠯ ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠶᠡᠷᠦᠩᠬᠡᠢ ᠲᠠᠯᠠᠪᠠᠢ ᠎ ᠨᠢ 8600 ᠭᠠᠷᠤᠢ ᠲᠦᠮᠡᠨ ᠮᠤ᠋ ᠳᠤ ᠬᠦᠷᠴᠣ᠂ ᠡᠬᠦᠨ ᠳᠤ ᠬᠦᠪᠡᠭᠡᠲᠦ ᠰᠢᠷ᠎ᠠ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠲᠠᠯᠠᠪᠠᠢ 74.66 ᠲᠦᠮᠡᠨ ᠮᠤ᠋ ᠳᠤ ᠬᠦᠷᠴᠦ᠂ ᠬᠦᠪᠡᠬᠡᠳᠣ ᠰᠢᠷ᠎ᠡ ᠬᠤᠰᠢᠭᠤ ᠨᠢ  ᠳᠡᠭᠡᠳᠤ ᠱᠠᠳᠤᠨ ᠤ ᠱᠠᠭᠠᠷᠳᠠᠯᠭ᠎ᠠ ᠶᠤᠰᠤᠭᠠᠷ᠂ 20.9 ᠲᠦᠮᠡᠨ ᠮᠦ ᠨᠡᠬᠦᠳᠡᠯ ᠡᠯᠡᠰᠦ᠂ ᠬᠠᠭᠠᠰ ᠲᠣᠭᠲᠠᠪᠤᠷᠢᠵᠢᠭᠰᠠᠨ   ᠡᠯᠡᠰᠦ᠂ ᠲᠣᠭᠲᠠᠪᠤᠷᠢᠵᠢᠭᠰᠠᠨ ᠡᠯᠡᠰᠦᠨ ᠳᠤ ᠵᠠᠰᠠᠨ ᠴᠡᠭᠴᠡᠯᠡᠯᠳᠡ ᠬᠢᠵᠦ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ  ᠠᠪᠤᠭᠰᠠᠨ ᠢᠶᠠᠷ᠂ ᠭᠠᠵᠠᠷ ᠰᠢᠷᠣᠶ ᠶᠢᠨ ᠡᠯᠡᠰᠦᠷᠬᠡᠭᠵᠢᠭᠰᠡᠨ ᠲᠠᠯᠠᠪᠠᠶ ᠦᠷᠭᠦᠯᠵᠢᠯᠡᠨ ᠪᠠᠭᠠᠰᠴᠤ᠂ ᠣᠶ ᠰᠢᠭᠤᠶ ᠡᠪᠡᠰᠦ ᠪᠡᠯᠴᠢᠭᠡᠷ ᠤᠨ ᠪᠦᠷᠬᠦᠴᠡ ᠶᠢᠨ ᠬᠡᠮᠵᠢᠶ᠎ᠡ ᠤᠯᠠᠮ ᠳᠡᠭᠡᠭᠰᠢᠯᠡᠨ᠂ ᠡᠯᠡᠰᠦᠷᠬᠡᠭ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢᠯᠡᠳᠳᠡ ᠰᠠᠶᠢᠵᠢᠷᠠᠪᠠ᠃    2024 ᠤᠨ ᠤ 3 ᠰᠠᠷ᠎ᠠ ᠶᠢᠨ 13᠎ ᠤ ᠡᠳᠦᠷ ᠠᠴᠠ ᠡᠬᠢᠯᠡᠨ᠂ ᠬᠦᠪᠡᠭᠡᠳᠦ ᠰᠢᠷ᠎ᠠ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠤᠨ ᠰᠦᠨᠦᠭᠡᠯᠳᠡ ᠶᠢᠨ ᠳᠠᠶᠢᠯᠠᠯᠳᠤᠭᠠᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠪᠥᠬᠦ ᠲᠠᠯ᠎ᠠ ᠪᠠᠷ ᠡᠬᠢᠯᠡᠵᠡᠢ᠃ 14᠎ ᠤ ᠡᠳᠦᠷ᠂ ᠡᠯᠡᠰᠣᠷᠬᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠭᠤᠤᠯᠳᠠᠯᠭ᠎ᠠ ᠲᠠᠢ ᠢᠨᠵᠧᠨᠧᠷᠢᠩ ᠨᠢ ᠤᠩᠭᠤᠨ ᠠᠭᠤᠯᠠ ᠰᠤᠮᠤᠨ ᠤ ᠪᠠᠶᠠᠨᠴᠠᠭᠠᠨ ᠭᠠᠴᠠᠭᠠᠨ ᠳᠤ ᠶᠠᠪᠤᠭᠳᠠᠵᠤ᠂ ᠣᠶ ᠰᠢᠭᠤᠶ ᠪᠠ ᠨᠣᠳᠤᠭ ᠪᠡᠯᠴᠢᠭᠡᠷ ᠤᠨ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠠᠩᠭᠢ ᠪᠣᠯᠤᠨ ᠮᠠᠯᠴᠢᠳ ᠬᠠᠮᠲᠤᠷᠠᠨ ᠡᠯᠡᠰᠦᠷᠬᠡᠭ ᠭᠠᠵᠠᠷ ᠲᠤ ᠪᠣᠳᠠ ᠮᠣᠳᠣ ᠶᠢ ᠲᠡᠭᠰᠢᠯᠡᠨ ᠵᠠᠰᠠᠬᠤ ᠠᠵᠢᠯ ᠢᠶᠠᠨ ᠡᠬᠢᠯᠡᠭᠦᠯᠪᠡ᠃    ᠣᠶᠢᠯᠠᠭᠠᠭᠰᠠᠨ ᠢᠶᠠᠷ᠂ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠦᠭᠰᠡᠨ ᠤ ᠳᠠᠷᠠᠭ᠎ᠠ᠂  ᠬᠦᠪᠡᠭᠡᠳᠦ ᠰᠢᠷ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠤᠳᠤᠷᠢᠳᠬᠤ ᠳᠤᠭᠤᠶᠢᠯᠠᠩ ᠢ ᠵᠣᠬᠢᠶᠠᠨ ᠪᠠᠶᠢᠭᠤᠯᠣᠨ᠂ ᠬᠤᠯᠪᠣᠭᠳᠠᠭᠰᠠᠨ ᠤᠩᠭᠤᠨ ᠠᠭᠤᠯᠠ ᠰᠤᠮᠤᠨ ᠤ 11 ᠭᠠᠴᠠᠭᠠᠨ ᠤ ᠡᠯᠡᠰᠦᠷᠬᠡᠭ ᠭᠠᠵᠠᠷ ᠤᠨ ᠲᠠᠯᠠᠪᠠᠶ ᠶᠢ ᠬᠡᠮᠵᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠬᠥᠪᠡᠭᠡᠲᠦ ᠰᠢᠷ᠎ᠠ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠶᠡᠷᠦᠩᠬᠡᠶᠢᠯᠡᠨ ᠵᠠᠰᠠᠬᠤ ᠲᠥᠰᠦᠯ ︵2024 - 2026︶︾᠎ ᠢ ᠨᠠᠶᠢᠷᠠᠭᠤᠯᠤᠨ ᠵᠣᠬᠢᠶᠠᠪᠠ᠃  ᠲᠤᠬᠠᠶᠢᠯᠠᠪᠠᠯ᠂ 2024 - 2026 ᠣᠨ ᠳᠤ᠂  ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠠᠲᠠᠷ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ ᠪᠠ ᠪᠠᠷᠠᠭᠤᠨ ᠣᠷᠣᠨ ᠤ ᠳᠣᠲᠣᠷ᠎ᠠ ᠭᠠᠵᠠᠷ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 7192 ᠲᠦᠮᠡᠨ ᠲᠥᠭᠦᠷᠢᠭ᠂ ᠵᠠᠰᠠᠯᠲᠠ ᠶᠢᠨ ᠲᠠᠯᠠᠪᠠᠶ ᠨᠢ 20.9 ᠲᠦᠮᠡᠨ ᠮᠥ ᠪᠠᠶᠢᠵᠦ᠂ ᠵᠢᠯ ᠤᠨ ᠳᠣᠲᠣᠷ᠎ᠠ ᠰᠢᠯᠢ ᠶᠢᠨ ᠭᠤᠤᠯ ᠠᠶᠢᠮᠠᠭ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠨᠤᠲᠤᠭ ᠪᠡᠯᠴᠢᠭᠡᠷ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ  ᠵᠦᠢᠯ ︵ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠳᠠᠶᠢᠯᠠᠯᠳᠤᠭᠠᠨ ᠤ ᠭᠤᠤᠯᠳᠠᠯᠭ᠎ᠠ ᠲᠠᠢ ᠢᠨᠵᠧᠨᠧᠷᠢᠩ︶᠎ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 312.5 ᠲᠦᠮᠡᠨ ᠲᠥᠭᠦᠷᠢᠭ᠂ ᠵᠠᠰᠠᠯᠲᠠ ᠶᠢᠨ ᠲᠠᠯᠠᠪᠠᠶ ᠨᠢ 1.2 ᠲᠦᠮᠡᠨ ᠮᠥ ᠪᠠᠷ ᠲᠦᠯᠦᠪᠯᠡᠵᠦ ᠪᠤᠢ᠃ ᠨᠡᠭᠦᠳᠡᠯ ᠡᠯᠡᠰᠣ ᠳᠤ ︽ᠲᠠᠷᠢᠮᠠᠯ ᠡᠪᠡᠰᠦ ᠲᠠᠷᠢᠬᠤ + ᠡᠯᠡᠰᠦ ᠶᠢ ᠪᠢᠲᠡᠭᠦᠮᠵᠢᠯᠡᠨ ᠡᠪᠡᠰᠦ ᠲᠠᠷᠢᠬᠤ︾ ᠵᠠᠰᠠᠯᠲᠠ ᠶᠢᠨ ᠵᠠᠭᠪᠤᠷ ᠢ ᠬᠡᠷᠡᠭᠯᠡᠵᠣ᠂ ᠬᠠᠭᠠᠰ ᠲᠣᠭᠲᠠᠪᠤᠷᠢᠵᠢᠭᠰᠠᠨ ᠡᠯᠡᠰᠦᠷᠬᠡᠭ ᠭᠠᠵᠠᠷ ᠲᠤ ︽ᠲᠠᠷᠢᠮᠠᠯ ᠡᠪᠡᠰᠦ ᠲᠠᠷᠢᠬᠤ + ᠡᠯᠡᠰᠦ ᠶᠢ ᠪᠢᠲᠡᠭᠦᠮᠵᠢᠯᠡᠨ ᠡᠪᠡᠰᠦ ᠲᠠᠷᠢᠬᠤ︾᠂ ︽ᠲᠠᠷᠢᠮᠠᠯ ᠡᠪᠡᠰᠦ ᠲᠠᠷᠢᠬᠤ + ᠡᠯᠡᠰᠦ ᠶᠢ ᠪᠢᠲᠡᠭᠦᠮᠵᠢᠯᠡᠨ ᠡᠪᠡᠰᠦ ᠲᠠᠷᠢᠬᠤ + ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ︾ ᠵᠠᠰᠠᠯᠲᠠ ᠶᠢᠨ ᠵᠠᠭᠪᠤᠷ ᠢ ᠬᠡᠷᠡᠭᠯᠡᠵᠣ᠂ ᠲᠣᠭᠲᠠᠪᠤᠷᠢᠵᠢᠭᠰᠠᠨ ᠡᠯᠡᠰᠦᠷᠬᠡᠭ ᠭᠠᠵᠠᠷ ᠢ ᠠᠶᠠᠨᠳᠠᠭᠠᠨ ᠰᠡᠷᠭᠦᠭᠡᠭᠰᠡᠨ ᠰᠠᠭᠤᠷᠢᠨ ᠳᠡᠭᠡᠷ᠎ᠡ ᠪᠤᠲᠠᠯᠢᠭ ᠮᠣᠳᠣ ᠶᠢ ᠲᠡᠭᠰᠢᠯᠡᠬᠦ᠂ ᠡᠯᠡᠰᠦ ᠶᠢ ᠪᠢᠲᠡᠭᠦᠮᠵᠢᠯᠡᠨ ᠡᠪᠡᠰᠦ ᠪᠤᠶᠢᠵᠢᠭᠤᠯᠬᠤ᠂ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ ᠵᠡᠷᠭᠡ ᠲᠦᠷᠦᠯ ᠵᠦᠢᠯ ᠢ  ᠬᠡᠷᠡᠭᠵᠢᠬᠦᠯᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠤᠨ ᠰᠦᠨᠦᠭᠡᠯᠳᠡ ᠶᠢᠨ ᠲᠠᠶᠢᠯᠠᠯᠳᠤᠭᠠᠨ ᠎ ᠤ ᠢᠯᠠᠯᠳᠠ ᠶᠢ ᠲᠡᠮᠡᠴᠡᠨ ᠤᠯᠬᠤ ᠪᠠᠷ ᠴᠢᠷᠮᠠᠶᠢᠵᠦ ᠪᠤᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号