ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠠᠠᠴᠠᠯᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠵᠢᠴᠢ ᠨᠠᠮ ᠤᠨ ᠰᠤᠷᠭᠠᠭᠤᠯᠢ ᠶᠢᠨ 2024ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/3/19
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠠᠠᠴᠠᠯᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠵᠢᠴᠢ ᠨᠠᠮ ᠤᠨ ᠰᠤᠷᠭᠠᠭᠤᠯᠢ ᠶᠢᠨ 2024ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠶᠠᠪᠤᠭᠳᠠᠪᠠ                          ᠰᠤᠷᠪᠤᠯᠵᠢᠯᠠᠭᠴᠢ ᠬᠠᠰᠭᠤᠸ᠎ᠠ ᠬᠠᠰᠪᠢᠯᠢᠭ᠌    3 ᠰᠠᠷ᠎ᠠ ᠶᠢᠨ 12᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠠᠴᠠ ᠵᠣᠬᠢᠶᠠᠨ ᠪᠠᠶᠢᠭᠤᠯᠵᠤ ᠡᠷᠭᠢᠯᠡᠭᠰᠡᠨ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠠᠠᠴᠠᠯᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠵᠢᠴᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠮᠡᠳᠡᠭᠡ ᠵᠠᠩᠭᠢᠵᠢᠯᠲᠠ ᠶᠢᠨ ᠲᠥᠪ ᠲᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠨᠠᠮ ᠤᠨ ᠰᠤᠷᠭᠠᠭᠤᠯᠢ ᠶᠢᠨ ᠵᠠᠬᠢᠷᠤᠯ ᠸᠠᠩ ᠱᠦ ᠲᠠᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠬᠡᠯᠲᠡᠰ ᠤᠨ ᠳᠠᠷᠤᠭ᠎ᠠ ᠯᠢ ᠬᠠᠶ ᠯᠦᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃    ᠸᠠᠩ ᠱᠦ ᠲᠠᠢ ᠠᠴᠠ᠂ ᠦᠵᠡᠯ ᠰᠠᠨᠠᠭ᠎ᠠ ᠪᠠᠨ ᠨᠢᠭᠡᠳᠬᠡᠨ᠂ ᠠᠵᠠ ᠲᠣᠬᠢᠶᠠᠯ ᠢ ᠨᠠᠨᠳᠢᠩᠨᠠᠵᠤ᠂ ᠲᠤᠰ ᠤᠳᠠᠭᠠᠨ ᠤ ᠪᠣᠯᠪᠠᠰᠤᠷᠠᠯ ᠤᠨ ᠠᠩᠭᠢ ᠶᠢ ᠡᠷᠬᠢᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ ᠬᠡᠷᠡᠭᠲᠡᠶ︔ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠤᠯ ᠱᠤᠭᠤᠮ ᠢ ᠪᠥᠬᠦ ᠲᠠᠯ᠎ᠠ ᠪᠠᠷ ᠲᠤᠤᠱᠯᠠᠭᠤᠯᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠢ ᠡᠯ᠎ᠡ ᠵᠦᠢᠯ ᠤᠨ ᠠᠵᠢᠯ ᠤᠨ ᠳᠤᠮᠳᠠ ᠪᠥᠬᠦ ᠲᠠᠯ᠎ᠠ ᠪᠠᠷ ᠭᠦᠨᠵᠡᠭᠡᠶ ᠪᠣᠳᠠᠲᠠᠶ ᠲᠤᠤᠱᠯᠠᠭᠤᠯᠵᠤ᠂ ᠣᠨᠣᠯ ᠤᠨ ᠬᠢᠷᠢ ᠲᠦᠪᠰᠢᠨ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠪᠠ ᠵᠢᠷᠭᠤᠭᠠᠨ ᠢᠨᠵᠧᠨᠧᠷᠢᠩ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠡᠷᠡᠭᠳᠡᠢ ᠴᠢᠬᠤᠯᠠᠴᠢᠯᠠᠪᠠ᠃    ᠪᠣᠯᠪᠠᠰᠤᠷᠠᠯ ᠲᠡᠭᠡᠷ᠎ᠡ᠂ ᠸᠠᠩ ᠱᠦ ᠲᠠᠢ ᠠᠴᠠ ︽ᠵᠢᠷᠭᠤᠭᠠᠨ ᠢᠨᠵᠧᠨᠧᠷᠢᠩ︾᠎ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠭᠤᠤᠯ ᠰᠡᠳᠦᠪ ᠪᠣᠯᠭᠠᠵᠤ᠂ ︽ᠵᠢᠷᠭᠤᠭᠠᠨ ᠢᠨᠵᠧᠨᠧᠷᠢᠩ︾᠎ ᠢ ᠳᠤᠷᠠᠳᠤᠭᠰᠠᠨ ᠠᠬᠤᠶ ᠪᠠᠶᠢᠳᠠᠯ ᠪᠠ ᠴᠢᠬᠤᠯᠠ ᠶᠡᠭᠡ ᠠᠴᠢ ᠬᠤᠯᠪᠣᠭᠳᠠᠯ ᠪᠠ ᠭᠤᠤᠯ ᠠᠭᠤᠯᠭ᠎ᠠ ᠵᠢᠴᠢ ᠮᠠᠨ ᠤ ᠬᠤᠰᠢᠭᠤᠨ ᠤ ᠠᠵᠢᠯ ᠤᠨ ᠪᠠᠶᠢᠳᠠᠯ ᠤᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾᠎ ᠤᠨ ᠠᠵᠢᠯ ᠢ ᠰᠠᠶᠢᠲᠤᠷ ᠬᠢᠵᠦ᠂ 2024 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠵᠡᠷᠭᠡ ᠲᠠᠯ᠎ᠠ ᠪᠠᠷ ᠬᠢᠴᠢᠶᠡᠯ ᠣᠷᠣᠪᠠ᠃ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠥᠷᠪᠡᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢᠶᠠᠷ ᠬᠢᠭᠦ ᠪᠥᠭᠡᠳ ᠨᠢᠭᠡ ᠤᠳᠠᠭᠠᠨ ᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠪᠠ ᠣᠨᠣᠯ ᠤᠨ ᠰᠢᠯᠭᠠᠯᠲᠠ ᠬᠢᠵᠦ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠢ ᠤᠷᠢᠵᠤ ᠲᠤᠰᠬᠠᠶ ᠰᠡᠳᠦᠪ ᠢᠶᠠᠷ ᠬᠢᠴᠢᠶᠡᠯᠯᠡᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠪᠠ ᠣᠨᠴᠠ ᠤᠷᠢᠭᠰᠠᠨ ᠪᠠᠭᠰᠢ ᠶᠢ ᠤᠷᠢᠵᠤ ᠲᠥᠪᠯᠡᠷᠡᠭᠦᠯᠦᠨ ᠬᠢᠴᠢᠶᠡᠯ ᠤᠷᠤᠨ᠎ᠠ᠃ ᠬᠢᠴᠢᠶᠡᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠰᠢ ᠶᠢᠨ ᠫᠢᠩ ᠨᠠᠮ ᠤᠨ ᠪᠠᠶᠢᠭᠤᠯᠤᠯᠳᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ︽ᠵᠢᠷᠭᠤᠭᠠᠨ ᠦᠭᠡ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠵᠡᠷᠭᠡ ᠠᠭᠤᠯᠭ᠎ᠠ ᠶᠢ ᠬᠠᠮᠤᠷᠴᠤ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠢ ᠬᠥᠮᠦᠵᠢᠭᠦᠯᠬᠦ᠂ ᠥᠨᠳᠥᠷ ᠪᠠᠷᠢᠮᠵᠢᠶ᠎ᠠ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠤᠯᠤᠨ᠎ᠠ᠃ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ᠂ 2023 ᠣᠨ ᠳᠤ ᠰᠢᠯᠢᠨ ᠳᠡᠪᠰᠢᠬᠦᠯᠦᠭᠰᠡᠨ ᠺᠠᠳ᠋ᠷ ᠂ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠭᠡᠰᠢᠭᠦᠡ ᠵᠡᠷᠭᠡ 129 ᠭᠦᠮᠥᠡ ᠪᠣᠯᠪᠠᠰᠤᠷᠠᠯ ᠳᠤ ᠣᠷᠣᠯᠴᠠᠪᠠ᠃ 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号