ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠨ ᠤᠨᠲᠠᠷᠠᠭᠠᠬᠤ ᠠᠵᠢᠯ ᠵᠢᠴᠢ ᠪᠦᠬᠦ ᠬᠤᠰᠢᠭᠤᠨ ᠤᠠᠶᠤᠯᠬᠦᠢ ᠦᠢᠯᠡᠳᠪᠦᠷᠢᠯᠡᠯ ᠤᠨ ᠵᠦᠪᠯᠡᠯ ᠤᠨ ᠭᠤᠷᠪᠠᠳᠤᠭᠠᠷ ᠤᠳᠠᠭᠠᠨ ᠤ ᠳᠤᠭᠲᠠᠮᠠᠯ ᠬᠤᠷᠠᠯ ᠬᠤᠷᠠᠯ᠊
ᠨᠡᠶᠢᠲᠡᠯᠡᠭᠰᠡᠨ ᠴᠠᠭ᠄
2024/3/19
ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠨ ᠤᠨᠲᠠᠷᠠᠭᠠᠬᠤ ᠠᠵᠢᠯ ᠵᠢᠴᠢ ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠵᠦᠪᠯᠡᠯ ᠤᠨ ᠭᠤᠷᠪᠠᠳᠤᠭᠠᠷ ᠤᠳᠠᠭᠠᠨ ᠤ ᠳᠤᠭᠲᠠᠮᠠᠯ ᠬᠤᠷᠠᠯ ᠬᠤᠷᠠᠯᠳᠤᠪᠠ       ᠰᠤᠷᠪᠤᠯᠵᠢᠯᠠᠭᠴᠢ ᠰᠢᠨᠡᠬᠦᠦ ᠰᠢᠨᠵᠢᠯᠲᠦ    3 ᠰᠠᠷ᠎ᠠ ᠶᠢᠨ 15᠎ ᠤ ᠡᠳᠦᠷ᠂ ᠮᠠᠨ ᠤ ᠬᠤᠰᠢᠭᠤ ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠨ ᠤᠨᠲᠠᠷᠠᠭᠠᠬᠤ ᠠᠵᠢᠯ ᠵᠢᠴᠢ ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠵᠦᠪᠯᠡᠯ ᠤᠨ 2024 ᠤᠨ ᠤ ᠭᠤᠷᠪᠠᠳᠤᠭᠠᠷ ᠤᠳᠠᠭᠠᠨ ᠤ ᠳᠤᠭᠲᠠᠮᠠᠯ ᠬᠤᠷᠠᠯ ᠢ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠭᠡᠨᠡᠳᠲᠡ ᠶᠢᠨ ᠬᠡᠷᠡᠭ ᠤᠴᠢᠷ ᠢ ᠠᠷᠭᠠᠴᠠᠭᠠᠬᠤ ᠳᠦᠰᠦᠪ ᠤᠨ ᠬᠠᠮᠢᠶᠠᠷᠤᠯᠲᠠ ᠶᠢᠨ ᠠᠷᠭ᠎ᠠ︾ ᠂ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠨ ᠤᠨᠲᠠᠷᠠᠭᠠᠬᠤ ᠵᠢᠯᠤᠭᠤᠳᠬᠤ ᠭᠡᠯᠲᠡᠰ ᠎ ᠤᠨ ᠠᠯᠪᠠᠨ ᠭᠡᠷ ᠤᠨ ︽ᠤᠳᠤᠬᠠᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠨ ᠤᠨᠳᠠᠷᠠᠭᠠᠬᠤ ᠠᠵᠢᠯ ᠢ ᠦᠨᠡᠨᠬᠦ ᠴᠢᠩᠭᠠᠳᠬᠠᠬᠤ ᠠᠵᠢᠯ ᠤᠨ ᠳᠤᠬᠠᠢ ᠮᠡᠳᠡᠭᠳᠡᠯ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠨ ᠤᠨᠲᠠᠷᠠᠭᠠᠬᠤ ᠵᠡᠷᠭᠡ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠰᠦᠯᠳᠡ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠬᠤᠰᠢᠭᠤ ᠤᠳᠤᠷᠢᠳᠤᠯᠭ᠎ᠠ ᠶᠠᠨ ᠱᠧᠩ᠂ ᠲᠡᠷᠭᠡᠯ ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ᠬᠤᠷᠠᠯ ᠠᠴᠠ᠂ ᠡᠯ᠎ᠡ ᠰᠤᠮᠤ ᠪᠠᠯᠭᠠᠰᠤ ᠵᠢᠴᠢ ᠤᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠦᠴᠢᠷ ᠨᠢ ᠲᠦᠢᠮᠡᠷ ᠎ ᠢ ᠰᠡᠷᠬᠡᠶᠢᠯᠡᠬᠦ ᠳᠦᠰᠦᠪ ᠢᠶᠠᠨ ᠤᠯᠠᠮ ᠨᠢᠭᠡ ᠠᠯᠬᠤᠮ ᠲᠡᠬᠦᠯᠳᠡᠷᠵᠢᠬᠦᠯᠦᠨ ᠳᠤᠭᠳᠠᠭᠠᠵᠤ᠂ ᠬᠠᠷᠢᠶ᠎ᠠ ᠤᠷᠤᠨ ᠤ ᠡᠬᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠲᠦᠢᠮᠡᠷ ᠢ ᠰᠡᠷᠬᠡᠶᠢᠯᠡᠬᠦ ᠴᠢᠳᠠᠪᠤᠷᠢ ᠪᠠᠨ ᠳᠡᠭᠡᠭᠰᠢᠯᠡᠬᠦᠯᠬᠦ ᠬᠡᠷᠡᠭᠲᠠᠢ︔ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠨ ᠤᠨᠲᠠᠷᠠᠭᠠᠬᠤ ᠤᠬᠠᠭᠤᠯᠭ᠎ᠠ ᠵᠢᠯᠤᠭᠤᠳᠤᠯᠭ᠎ᠠ ᠶᠢᠨ ᠠᠵᠢᠯ ᠢ ᠴᠢᠩᠭᠠᠳᠬᠠᠵᠤ᠂ ᠤᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠬᠦᠯᠦᠨ᠂ ᠵᠢᠵᠢᠬᠦᠷ ᠮᠠᠨᠠᠭᠠᠨ ᠤ ᠬᠦᠮᠦᠰ ᠬᠠᠷᠢᠭᠤᠴᠠᠯᠭ᠎ᠠ ᠪᠠᠨ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠳᠦᠪᠰᠢᠨ ᠢ ᠪᠠᠲᠤᠯᠠᠬᠤ ᠬᠡᠷᠡᠭᠲᠠᠢ︔ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠎ ᠠᠴᠠ ᠡᠯ᠎ᠡ ᠢᠨᠵᠧᠨᠧᠷᠢᠩ ᠤᠨ ᠲᠦᠷᠦᠯ ᠵᠦᠢᠯ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠠᠯ ᠰᠡᠷᠬᠡᠶᠢᠯᠡᠬᠦ ᠠᠵᠢᠯ ᠳᠤ ᠤᠷᠤᠰᠢᠵᠤ ᠪᠠᠶᠢᠭ᠎ᠠ ᠭᠡᠮ ᠰᠤᠭᠤᠭ ᠢ ᠰᠢᠰᠲ᠋ᠧᠮ ᠲᠠᠢ ᠪᠠᠷ ᠪᠠᠶᠢᠴᠠᠭᠠᠬᠤ ᠬᠡᠷᠡᠭᠲᠠᠢ ᠭᠡᠵᠤ ᠱᠠᠭᠠᠷᠳᠠᠵᠠᠢ᠃    ᠬᠤᠷᠠᠯ ᠳᠡᠭᠡᠷ᠎ᠡ᠂ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠳᠦᠷᠪᠡᠨ ᠰᠤᠮᠤ ᠪᠠᠯᠭᠠᠰᠤ ᠵᠢᠴᠢ ᠤᠢ ᠰᠢᠭᠤᠢ᠂ ᠨᠤᠲᠤᠭ ᠪᠡᠯᠴᠢᠭᠡᠷ ᠤᠨ ᠳᠤᠪᠴᠢᠶ᠎ᠠ ᠲᠠᠢ ᠭᠠᠯ ᠰᠡᠷᠬᠡᠶᠢᠯᠡᠬᠦ ᠬᠠᠷᠢᠭᠤᠴᠠᠯᠭ᠎ᠠ ᠶᠢ ᠪᠢᠴᠢᠭ ᠢ ᠳᠤᠭᠳᠠᠭᠰᠠᠨ ᠪᠠᠶᠢᠨ᠎ᠠ᠃
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号