ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠᠨᠠᠷᠠᠲᠤ ᠡᠮᠴᠢ ᠶᠢᠨ ᠠᠵᠢᠯᠯᠠᠬᠤ ᠲᠠᠰᠤᠭ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠭ᠋᠊
ᠨᠡᠶᠢᠲᠡᠯᠡᠭᠰᠡᠨ ᠴᠠᠭ᠄
2024/3/19
     ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ     ᠨᠠᠷᠠᠲᠤ ᠡᠮᠴᠢ ᠶᠢᠨ ᠠᠵᠢᠯᠯᠠᠬᠤ ᠲᠠᠰᠤᠭ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠭᠤᠯᠪᠠ                                    ᠬᠠᠮ ᠵᠠᠭᠤᠴᠢᠯᠠᠭᠤᠷ ᠤᠨ ᠰᠤᠷᠪᠤᠯᠵᠢᠯᠠᠭᠴᠢ  ᠲᠣᠷᠠᠨ᠎ᠠ  ᠰᠢᠨᠵᠢᠯᠡᠳᠣ3 ᠰᠠᠷ᠎ᠠ ᠶᠢᠨ 16᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠶᠠᠩ ᠶᠢᠩ ᠬᠠᠶ ᠨᠠᠷᠠᠲᠤ ᠡᠮᠴᠢ ᠪᠣᠯᠤᠨ ᠯᠢ ᠹᠸᠢ ᠹᠸᠢ ᠨᠠᠷᠠᠲᠤ ᠡᠮᠴᠢ ᠶᠢᠨ ᠠᠵᠢᠯᠯᠠᠬᠤ ᠲᠠᠰᠤᠭ ᠤᠨ ᠫᠠᠶᠢᠰᠠ ᠰᠡᠬᠦᠬᠦ ᠶᠣᠰᠣᠯᠠᠯ ᠢ ᠶᠠᠪᠣᠬᠳᠠᠭᠤᠯᠵᠣ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃ᠠᠬᠤᠶ ᠲᠠᠯᠠᠪᠠᠶ ᠳᠤ᠂ ᠰᠢᠯᠢ ᠶᠢᠨ ᠭᠤᠤᠯ ᠠᠶᠢᠮᠠᠭ ᠤᠨ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠭᠠᠳᠠᠷ ᠰᠠᠯᠠᠭᠠᠨ ᠤ ᠡᠷᠬᠢᠯᠡᠭᠴᠢ ᠶᠠᠩ ᠶᠢᠩ ᠬᠠᠶ ᠪᠣᠯᠤᠨ ᠰᠢᠯᠢ ᠶᠢᠨ ᠭᠤᠤᠯ ᠠᠶᠢᠮᠠᠭ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠬᠥᠩᠭᠡᠵᠢᠭᠦᠯᠬᠦ ᠰᠠᠯᠠᠭᠠᠨ ᠤ ᠡᠷᠬᠢᠯᠡᠭᠴᠢ ᠯᠢ ᠹᠸᠢ ᠹᠸᠢ ᠵᠡᠷᠭᠡ ᠡᠮᠴᠢ  ᠎ ᠠᠴᠠ ᠣᠯᠠᠨ ᠳᠤ ᠡᠷᠡᠭᠦᠯ ᠮᠡᠨᠳᠦ ᠶᠢᠨ ᠠᠰᠠᠭᠤᠯᠲᠠ᠂ ᠡᠮ ᠬᠡᠷᠡᠭᠯᠡᠬᠦ ᠵᠢᠯᠣᠭᠤᠳᠣᠯᠭ᠎ᠠ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠡᠳᠦᠷ ᠲᠤᠲᠤᠮ ᠤᠨ ᠡᠷᠡᠭᠦᠯᠵᠢᠯ ᠤᠨ ᠰᠡᠷᠭᠡᠶᠢᠯᠡᠯᠲᠡ ᠪᠣᠯᠤᠨ ᠪᠠᠶᠢᠩᠭᠤ ᠬᠡᠷᠡᠭᠯᠡᠬᠦ ᠡᠮ ᠢ ᠤᠤᠭᠤᠬᠤ ᠡᠷᠡᠭᠦᠯ ᠮᠡᠨᠳᠦ ᠶᠢᠨ ᠮᠡᠳᠡᠯᠭᠡ ᠶᠢ ᠲᠠᠶᠢᠯᠪᠤᠷᠢᠯᠠᠵᠠᠢ᠃ ᠡᠬᠦᠨ ᠤ ᠲᠠᠭᠠᠤ᠂ ᠶᠠᠩ ᠶᠢᠩ ᠬᠠᠶ ᠡᠷᠬᠢᠯᠡᠭᠴᠢ ᠡᠮᠴᠢ ᠪᠣᠯᠤᠨ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ ᠶᠢᠨ ᠬᠠᠮᠲᠤ ᠶᠢᠨ ᠴᠢᠷᠮᠠᠶᠢᠯᠭ᠎ᠠ ᠪᠠᠷ᠂ 2 ᠡᠪᠡᠳᠴᠢᠳᠡᠨ ᠳᠤ ᠬᠡᠪᠡᠯᠢ ᠶᠢᠨ ᠬᠥᠨᠳᠡᠶ ᠶᠢᠨ ᠲᠣᠷᠠᠨ ᠎ ᠢᠶᠠᠷ ᠰᠥᠰᠥᠨ ᠤ ᠮᠡᠰᠡ ᠵᠠᠰᠠᠯ ᠬᠢᠵᠠᠢ᠃ ᠬᠡᠪᠡᠯᠢ ᠶᠢᠨ ᠬᠥᠨᠳᠡᠢ ᠶᠢᠨ ᠲᠣᠷᠠᠨ ᠢᠶᠠᠷ ᠮᠡᠰᠡ ᠵᠠᠰᠠᠯ ᠬᠢᠬᠦ ᠨᠢ ᠡᠪᠡᠳᠴᠢᠲᠡᠨ ᠤ ᠡᠪᠡᠷᠰᠢᠶᠡᠯ ᠪᠠᠭ᠎ᠠ᠂ ᠰᠣᠪᠢᠯᠠᠯᠳᠠ ᠬᠦᠩᠬᠡᠨ᠂ ᠮᠡᠰᠡ ᠵᠠᠰᠠᠯ ᠤᠨ ᠰᠢᠷᠬ᠎ᠠ ᠰᠣᠷᠪᠢ ᠪᠠᠭ᠎ᠠ ᠵᠡᠷᠬᠡ ᠳᠠᠪᠠᠭᠤᠯᠢᠭ ᠣᠨᠴᠠᠯᠢᠭ ᠲᠠᠢ ᠤᠴᠢᠷ ᠠᠴᠠ ᠮᠡᠰᠡ ᠵᠠᠰᠠᠯ ᠎ ᠤᠨ ᠤᠷᠤᠭᠰᠢᠲᠠᠶ ᠶᠠᠪᠤᠭᠳᠠᠭᠰᠠᠨ ᠨᠢ ᠮᠠᠨ ᠤ ᠬᠤᠰᠢᠭᠤᠨ ᠤ ᠠᠷᠠᠳ ᠤᠯᠠᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠳᠡᠬᠦ ᠳᠤ ᠲᠦᠬᠦᠮ ᠪᠤᠯᠤᠭᠰᠠᠨ ᠢ ᠬᠠᠷᠠᠭᠤᠯᠵᠤ ᠪᠤᠢ᠃ ᠶᠠᠩ ᠶᠢᠩ ᠬᠠᠶ ᠨᠠᠷᠠᠲᠤ ᠡᠮᠴᠢ ᠶᠢᠨ ᠠᠵᠢᠯᠯᠠᠬᠤ ᠲᠠᠰᠤᠭ ᠪᠡ ᠯᠢ ᠹᠸᠢ ᠹᠸᠢ ᠨᠠᠷᠠᠲᠤ ᠡᠮᠴᠢ ᠶᠢᠨ ᠠᠵᠢᠯᠯᠠᠬᠤ ᠲᠠᠰᠤᠭ ᠤᠨ ᠪᠠᠶᠢᠭᠤᠯᠤᠭᠳᠠᠭᠰᠠᠨ ᠨᠢ ᠬᠦᠪᠡᠬᠡᠳᠣ ᠰᠢᠷ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠰᠠᠯᠠᠭ᠎ᠠ ᠶᠢ ᠤᠯᠠᠮ ᠪᠤᠵᠠᠭᠠᠶᠢᠷᠠᠭᠤᠯᠵᠤ᠂ ᠠᠷᠠᠳ ᠣᠯᠠᠨ ᠳᠤ ᠨᠠᠩ ᠴᠢᠨᠠᠷ ᠰᠠᠶᠢᠲᠠᠶ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠣ᠂ ᠪᠤᠳᠠᠳᠦ ᠠᠰᠢᠭ ᠬᠦᠷᠳᠡᠭᠡᠬᠦ ᠪᠣᠯᠣᠨ᠎ᠠ᠃ 
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号