ᠠᠶᠢᠮᠠᠭ ᠤᠨ ᠬᠤᠰᠢᠭᠤ ᠱᠠᠳᠤᠠ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠠᠵᠢᠯ ᠤᠨ ᠬᠢᠨᠠᠠ ᠵᠢᠯᠣᠭᠤᠳᠬᠤ ᠳᠤᠭᠤᠶᠢᠯᠠᠩ ᠳᠤ ᠬᠠᠷᠢᠭᠤ ᠮᠡᠳᠡᠭᠦᠯᠬᠦ ᠬᠤᠷᠠᠯ ᠢ ᠬᠤᠷᠠᠯᠳᠤᠭ᠋᠊
ᠨᠡᠶᠢᠲᠡᠯᠡᠭᠰᠡᠨ ᠴᠠᠭ᠄
2024/3/19
          ᠠᠶᠢᠮᠠᠭ ᠤᠨ ᠬᠤᠰᠢᠭᠤ ᠱᠠᠳᠤᠠ ᠤ ᠰᠤᠷᠬᠤ ᠨᠠᠰᠤᠨ ᠠᠴᠠ ᠡᠮᠦᠨᠡᠬᠢ ᠰᠤᠷᠭᠠᠨ          ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠠᠵᠢᠯ ᠤᠨ           ᠬᠢᠨᠠᠠ ᠵᠢᠯᠣᠭᠤᠳᠬᠤ ᠳᠤᠭᠤᠶᠢᠯᠠᠩ ᠳᠤ ᠬᠠᠷᠢᠭᠤ ᠮᠡᠳᠡᠭᠦᠯᠬᠦ ᠬᠤᠷᠠᠯ ᠢ ᠬᠤᠷᠠᠯᠳᠤᠭᠤᠯᠪᠠ                                           ᠬᠠᠮ ᠵᠠᠭᠤᠴᠢᠯᠠᠭᠤᠷ ᠤᠨ ᠰᠤᠷᠪᠤᠯᠵᠢᠯᠠᠭᠴᠢ                                                  ᠬᠠᠰᠭᠤᠸ᠎ᠠ ᠲᠠᠩᠬᠢᠰ    3 ᠰᠠᠷ᠎ᠠ ᠶᠢᠨ 15᠎ ᠤ ᠡᠳᠦᠷ᠂ ᠬᠥᠪᠡᠭᠡᠲᠦ ᠰᠢᠷ᠎ᠠ ᠬᠤᠰᠢᠭᠤ ᠠᠶᠢᠮᠠᠭ ᠤᠨ ᠬᠤᠰᠢᠭᠤ ᠱᠠᠳᠤᠠ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠠᠵᠢᠯ ᠤᠨ ᠬᠢᠨᠠᠠ ᠵᠢᠯᠣᠭᠤᠳᠬᠤ ᠳᠤᠭᠤᠶᠢᠯᠠᠩ ᠳᠤ ᠬᠠᠷᠢᠭᠤ ᠮᠡᠳᠡᠭᠦᠯᠬᠦ ᠬᠤᠷᠠᠯ ᠢ ᠬᠤᠷᠠᠯᠳᠤᠭᠤᠯᠪᠠ᠃ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠶᠡᠷᠦᠩᠬᠡᠶ ᠬᠢᠨᠠᠨ ᠵᠢᠯᠤᠭᠤᠳᠤᠭᠴᠢ᠂ ᠬᠢᠨᠠᠠ  ᠵᠢᠯᠣᠭᠤᠳᠬᠤ ᠲᠠᠰᠤᠭ ᠤᠨ ᠡᠷᠬᠢᠯᠡᠭᠴᠢ ᠷᠧᠨ ᠸᠧᠨ ᠼᠠᠢ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠤᠶᠤᠨᠳᠤ ᠬᠤᠷᠠᠯ ᠳᠤ ᠣᠷᠣᠯᠴᠠᠪᠠ᠃    ᠬᠤᠷᠠᠯ ᠠᠴᠠ ᠮᠠᠨ ᠤ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠠᠵᠢᠯ ᠤᠨ ᠪᠠᠶᠢᠳᠠᠯ ᠢ ᠰᠤᠨᠤᠰᠴᠦ᠂ ᠬᠢᠨᠠᠠ ᠵᠢᠯᠣᠭᠤᠳᠴᠤ ᠳᠤᠭᠤᠶᠢᠯᠠᠩ ᠤᠨ ᠬᠢᠨ ᠰᠠᠨᠠᠯ ᠢᠶᠠᠨ ᠰᠣᠯᠢᠯᠴᠠᠵᠤ᠂ ᠰᠠᠨᠠᠯ ᠰᠠᠨᠠᠭᠤᠯᠭ᠎ᠠ ᠳᠤᠷᠠᠳᠴᠠᠢ᠃    ᠬᠢᠨᠠᠨ ᠵᠢᠯᠣᠭᠤᠳᠬᠤ ᠳᠤᠭᠤᠶᠢᠯᠠᠩ ᠠᠴᠠ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠵᠤ ᠨᠡᠶᠢᠳᠡᠮ ᠠᠰᠢᠭ ᠬᠦᠷᠲᠡᠭᠡᠨ ᠡᠭᠦᠳᠦᠨ ᠪᠠᠶᠢᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠶᠢᠳᠡᠮ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ︔ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠ ᠪᠣᠯᠪᠠᠰᠤᠷᠠᠯ ᠤᠨ ᠡᠷᠴᠢᠮ ᠢᠶᠠᠨ ᠴᠢᠩᠭᠠᠳᠬᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠡᠦᠬᠡᠳ ᠤᠨ ᠴᠡᠴᠡᠷᠯᠢᠭ ᠤᠨ ᠲᠤᠰᠬᠠᠶᠢᠵᠢᠭᠰᠠᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠡᠭᠦ ᠪᠠᠲᠤᠯᠠᠬᠤ ᠬᠡᠷᠡᠭᠲᠡᠶ ᠬᠡᠵᠥ ᠴᠢᠬᠤᠯᠠᠴᠢᠯᠠᠪᠠ᠃    ᠤᠶᠤᠨᠳᠤ᠂ ᠲᠤᠰ ᠤᠳᠠᠭᠠᠨ ᠤ ᠬᠢᠨᠡᠡ ᠵᠢᠯᠤᠭᠤᠳᠬᠤ ᠲᠤᠭᠤᠶᠢᠯᠠᠩ ᠬᠦᠪᠡᠭᠡᠲᠦ ᠰᠢᠷ᠎ᠠ ᠬᠤᠰᠢᠭᠤᠨ ᠤ  ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠲᠦᠭᠡᠮᠡᠯᠵᠢᠬᠦᠯᠬᠦ ᠠᠵᠢᠯ ᠢ ᠪᠦᠬᠦ ᠲᠠᠯ᠎ᠠ ᠪᠠᠷ ᠬᠢᠨᠠᠨ ᠦᠨᠡᠯᠡᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠠᠵᠢᠯ ᠤᠨ ᠤᠯᠤᠭᠰᠠᠨ ᠠᠮᠵᠢᠯᠳᠠ ᠶᠢ ᠨᠤᠳᠠᠯᠠᠵᠤ᠂ ᠠᠰᠠᠭᠤᠳᠠᠯ ᠪᠤᠯᠤᠨ ᠬᠦᠷᠦᠯᠴᠡᠬᠦ ᠦᠭᠡᠢ ᠲᠠᠯ᠎ᠠ ᠶᠢ ᠲᠤᠳᠤᠷᠬᠠᠢ ᠵᠢᠭᠠᠨ ᠭᠠᠷᠭᠠᠵᠠᠢ ᠭᠡᠰᠡᠨ ᠪᠦᠭᠡᠳ ᠲᠠᠷᠠᠭᠠᠴᠢ ᠶᠢᠨ ᠠᠯᠬᠤᠮ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠴᠡᠭᠴᠡᠯᠡᠨ ᠰᠠᠶᠢᠵᠢᠷᠠᠭᠤᠯᠬᠤ᠂ ᠡᠭᠦᠳᠦᠨ ᠪᠠᠶᠢᠭᠤᠯᠬᠤ ᠶᠢ ᠠᠳᠬᠤᠵᠤ᠂ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠬᠦᠯᠬᠦ ᠶᠢ ᠠᠳᠬᠤᠵᠤ᠂ ᠳᠤᠳᠠᠭᠳᠠᠯ ᠢᠶᠠᠨ ᠤᠯᠠᠮ ᠨᠢᠭᠡ ᠠᠯᠬᠤᠮ ᠨᠥᠬᠦᠪᠥᠷᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠦᠨᠡᠡᠭᠦ ᠰᠠᠶᠢᠲᠤᠷ ᠡᠷᠬᠢᠯᠡᠨ᠎ᠡ ᠭᠡᠵᠠᠢ᠃    ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠲᠤᠭᠠᠨ ᠤ ᠠᠯᠪᠠᠨ ᠬᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号