ᠨᠢᠭᠡ᠂ ᠨᠣᠣᠷᠠᠭᠯᠠᠭᠰᠠᠨ ᠠᠬᠤᠢ ᠪᠠᠶᠢᠳᠠᠯ | ᠬᠡᠦᠬᠡᠳ ᠪᠣᠯ ᠭᠡᠷ ᠪᠦᠯᠢ ᠶᠢᠨ ᠬᠦᠰᠡᠯ ᠡᠷᠡᠮᠡᠯᠵᠡᠯ᠂ ᠤᠯᠤᠰ ᠪᠠ ᠦᠨᠳᠦᠰᠦᠲᠡᠨ ᠤ ᠢᠷᠡᠭᠡᠳᠦᠢ ᠮᠥᠨ᠂ | ᠬᠡᠦᠬᠡᠳ ᠤᠳ ᠬᠠᠤᠯᠢ ᠶᠣᠰᠣᠭᠠᠷ ᠡᠮᠴᠢᠯᠡᠭᠡᠨ ᠤ ᠦᠨᠳᠦᠰᠦᠨ ᠳᠠᠭᠠᠳᠬᠠᠯ ᠳᠤ ᠣᠷᠣᠯᠴᠠᠬᠤ ᠨᠢ ᠬᠡᠦᠬᠡᠳ ᠤᠳ ᠤᠨ | ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠲᠦᠭ ᠲᠦᠮᠡᠨ ᠭᠡᠷ | ᠪᠦᠯᠢ ᠶᠢᠨ ᠵᠣᠯ ᠵᠢᠷᠭᠠᠯᠲᠤ ᠠᠮᠢᠳᠤᠷᠠᠯ ᠤᠨ ᠴᠢᠬᠤᠯᠠ ᠪᠠᠲᠤᠯᠠᠭ᠎ᠠ ᠶᠤᠮ᠃ ᠮᠠᠨ ᠤ ᠤᠯᠤᠰ ᠤᠨ ᠬᠤᠲᠠ ᠬᠥᠳᠡᠭᠡᠨ ᠤ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠦᠷᠢᠮ ᠪᠠᠶᠢᠭᠤᠯᠤᠭᠳᠠᠭᠰᠠᠨ ᠠᠴᠠ ᠨᠠᠭᠠᠰᠢ᠂ ᠳᠠᠭᠠᠳᠬᠠᠯ ᠳᠤ | ᠣᠷᠣᠯᠴᠠᠭᠰᠠᠨ ᠬᠡᠦᠬᠡᠳ ᠤᠨ ᠲᠤᠭ᠎ᠠ ᠲᠣᠭᠲᠠᠭᠤᠨ ᠤ ᠳᠤᠮᠳᠠ ᠨᠡᠮᠡᠭᠳᠡᠵᠦ᠂ 2023 ᠣᠨ ᠳᠤ ᠳᠠᠭᠠᠳᠬᠠᠯ ᠳᠤ | ᠣᠷᠣᠯᠴᠠᠭᠰᠠᠨ ᠬᠡᠦᠬᠡᠳ 2.56 ᠳ᠋ᠦᠩᠰᠢᠭᠤᠷ ᠪᠣᠯᠵᠠᠢ᠃ ᠳᠠᠭᠠᠳᠬᠠᠯ ᠳᠤ ᠣᠷᠣᠯᠴᠠᠭᠰᠠᠨ ᠬᠡᠦᠬᠡᠳ ᠤᠨ ᠲᠤᠭ᠎ᠠ | ᠲᠣᠭᠲᠠᠭᠤᠨ ᠢᠶᠠᠷ ᠨᠡᠮᠡᠭᠳᠡᠭᠰᠡᠨ ᠨᠢ ᠬᠡᠦᠬᠡᠳ ᠤᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠬᠤ ᠳᠤ ᠰᠠᠭᠤᠷᠢ | ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠦᠢᠯᠡᠳᠦᠯ ᠭᠠᠷᠭᠠᠭᠰᠠᠨ ᠪᠠᠶᠢᠨ᠎ᠠ᠃ ᠭᠡᠪᠡᠴᠦ ᠡᠭᠦᠨ ᠤ ᠬᠠᠮᠲᠤ | ᠪᠠᠰᠠ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠳᠤ ᠭᠠᠷ ᠭᠦᠢᠴᠡᠳᠬᠡᠯ ᠣᠯᠠᠨ᠂ ᠶᠠᠪᠤᠴᠠ ᠤᠷᠲᠤ᠂ ᠴᠥᠭᠡᠨ | ᠲᠣᠭᠠᠨ ᠤ ᠭᠡᠷ ᠤᠨ ᠠᠬᠠᠮᠠᠳ ᠤᠨ ᠳᠠᠭᠠᠳᠬᠠᠯ ᠳᠤ ᠣᠷᠣᠯᠴᠠᠬᠤ ᠤᠬᠠᠮᠰᠠᠷ ᠳᠣᠷᠣᠢ᠂ ᠣᠨᠴᠠ ᠵᠠᠷᠢᠮ ᠬᠤᠲᠠ ᠪᠠᠶᠢᠩᠭᠤ | ᠰᠠᠭᠤᠭ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠬᠠᠷᠠᠬᠠᠨ ᠪᠦᠷᠢᠮᠦᠰᠦᠨ | ᠴᠢᠯᠦᠭᠡᠲᠡᠢ ᠪᠣᠯᠭᠠᠭᠠᠳᠤᠢ ᠵᠡᠷᠭᠡ ᠠᠰᠠᠭᠤᠳᠠᠯ ᠤᠳ ᠣᠷᠣᠰᠢᠵᠤ ᠪᠠᠶᠢᠭ᠎ᠠ ᠪᠣᠯᠬᠤᠷ ᠬᠠᠮᠲᠤ ᠶᠢᠨ ᠲᠠᠨᠢᠯᠲᠠ ᠪᠠᠨ ᠴᠢᠨᠠᠭᠰᠢᠳᠠ | ᠤᠯᠠᠮ ᠨᠢᠭᠲᠠᠷᠠᠭᠤᠯᠵᠤ᠂ ᠰᠠᠯᠠᠭ᠎ᠠ ᠮᠥᠴᠢᠷ ᠤᠳ ᠤᠨ ᠨᠡᠶᠢᠯᠡᠮᠡᠯ ᠬᠦᠴᠦᠨ ᠢ ᠪᠣᠶ ᠪᠣᠯᠭᠠᠨ᠂ ᠬᠡᠦᠬᠡᠳ ᠤᠨ ᠳᠠᠭᠠᠳᠬᠠᠯ ᠳᠤ | ᠣᠷᠣᠯᠴᠠᠬᠤ ᠲᠦᠪᠰᠢᠨ ᠢ ᠴᠢᠨᠠᠭᠰᠢᠳᠠ ᠤᠯᠠᠮ ᠳᠡᠭᠡᠭᠰᠢᠯᠡᠭᠦᠯᠬᠦ ᠶᠢ ᠠᠬᠢᠭᠤᠯᠬᠤ ᠴᠢᠬᠤᠯᠠᠲᠠᠢ ᠪᠠᠶᠢᠨ᠎ᠠ᠃ | ᠬᠡᠦᠬᠡᠳ ᠤᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠪᠢᠳᠡ ᠰᠤᠷᠭᠠᠨ | ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ | ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ᠂ | ᠪᠥᠬᠦ ᠤᠯᠤᠰ ᠤᠨ ᠡᠮᠡᠭᠲᠡᠶᠢᠴᠦᠳ ᠤᠨ ᠬᠤᠯᠪᠤᠭᠠᠨ ᠤ ᠠᠯᠪᠠᠨ ᠲᠢᠩᠬᠢᠮ ᠲᠠᠢ ᠬᠠᠮᠲᠤᠷᠠᠨ ︽ᠬᠡᠦᠬᠡᠳ ᠢ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ | ᠮᠡᠳᠡᠭᠳᠡᠯ︾ ᠭᠡᠵᠦ ᠲᠣᠪᠴᠢᠯᠠᠪᠠ︶ ᠢ ᠰᠤᠳᠤᠯᠤᠨ ᠲᠤᠭᠤᠷᠪᠢᠵᠠᠢ᠃ | ᠬᠤᠶᠠᠷ᠂ ᠶᠡᠷᠦᠩᠬᠡᠢ ᠰᠡᠳᠬᠢᠮᠵᠢ ᠪᠠ ᠭᠤᠣᠯ ᠠᠭᠤᠯᠭ᠎ᠠ | ︽ᠮᠡᠳᠡᠭᠳᠡᠯ︾ ᠳᠤ ᠳᠠᠷᠠᠭᠠᠬᠢ ᠰᠡᠳᠬᠢᠮᠵᠢ ᠶᠢ ᠵᠢᠷᠤᠮᠯᠠᠪᠠ᠄ ᠨᠢᠭᠡ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠎ᠠ᠃ ︽︿14 · 5﹀ ᠶᠢᠨ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠥᠪᠯᠡᠭᠡ︾ ᠳᠤ | ᠳᠤᠷᠠᠳᠤᠭᠰᠠᠨ ᠵᠢᠯ ᠪᠦᠷᠢ 95% ᠠᠴᠠ ᠳᠡᠭᠡᠭᠰᠢᠬᠢ ᠶᠢ ᠳᠠᠭᠠᠳᠬᠠᠯ ᠳᠤ ᠣᠷᠣᠭᠤᠯᠬᠤ ᠨᠣᠷᠮ᠎ᠠ ᠶᠢᠨ ᠬᠠᠷᠠᠯᠲᠠ ᠶᠢ | ᠪᠡᠶᠡᠯᠡᠭᠦᠯᠬᠦ ᠶᠢ ᠪᠣᠳᠣᠯᠬᠢᠯᠠᠵᠤ᠂ 2024 ᠣᠨ ᠤ ᠡᠴᠦᠰ ᠪᠣᠯᠲᠠᠯ᠎ᠠ᠂ 80% ᠠᠴᠠ ᠳᠡᠭᠡᠭᠰᠢᠬᠢ ᠨᠢᠷᠠᠢ ᠬᠡᠦᠬᠡᠳ ᠤᠳ ᠢ | ᠲᠥᠷᠥᠭᠰᠡᠨ ᠵᠢᠯ ᠳᠤ ᠨᠢ ᠳᠠᠭᠠᠳᠬᠠᠯ ᠳᠤ ᠣᠷᠣᠭᠤᠯᠬᠤ ᠪᠠᠷ ᠴᠢᠷᠮᠠᠶᠢᠨ᠎ᠠ ᠭᠡᠵᠦ ᠲᠣᠳᠣᠷᠬᠠᠢ ᠳᠤᠷᠠᠳᠪᠠ᠃ ︽14 · 5︾ | ᠶᠢᠨ ᠬᠤᠭᠤᠴᠠᠭᠠᠨ ᠤ ᠡᠴᠦᠰ ᠪᠣᠯᠬᠤ ᠳᠤ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠦᠨ᠎ᠡ᠃ ᠬᠤᠶᠠᠷ ᠲᠤ ᠦᠢᠯᠡᠴᠢᠯᠡᠭᠡ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠎ᠠ᠃ ᠬᠡᠦᠬᠡᠳ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠬᠠᠷᠢᠴᠠᠩᠭᠤᠢ ᠪᠠᠷ ᠲᠣᠭᠲᠠᠭᠤᠨ | ᠪᠠᠶᠢᠯᠭᠠᠬᠤ ᠶᠢ ᠪᠠᠲᠤᠯᠠᠭᠰᠠᠨ ᠤᠷᠢᠲᠠᠯ ᠳᠤ᠂ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠴᠤᠪᠤᠷᠠᠯ ᠢ | ᠭᠤᠣᠯᠳᠠᠯᠭ᠎ᠠ ᠲᠠᠢ ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠶᠢᠨ ᠭᠤᠭᠴᠤᠭ᠎ᠠ ᠶᠢ ᠴᠣᠮᠬᠠᠯᠠᠨ᠂ | ᠦᠢᠯᠡᠴᠢᠯᠡᠭᠡ ᠪᠠᠨ ᠰᠠᠶᠢᠵᠢᠷᠠᠭᠤᠯᠵᠤ᠂ ᠴᠢᠭᠯᠡᠯᠲᠡ ᠴᠢᠨᠠᠷᠲᠠᠢ ᠪᠠᠷ ᠠᠵᠢᠯ ᠤᠨ ᠱᠠᠭᠠᠷᠳᠠᠯᠭ᠎ᠠ ᠳᠤᠷᠠᠳᠤᠨ᠎ᠠ᠃ ᠭᠤᠷᠪᠠ ᠳᠤ | ᠲᠥᠪ ᠶᠣᠰᠣ ᠶᠢ ᠵᠢᠷᠤᠮᠯᠠᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ︽ᠮᠡᠳᠡᠭᠳᠡᠯ︾ ᠨᠢ ︽ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠯᠴᠠᠬᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠵᠢᠯᠤᠭᠤᠳᠬᠤ ᠰᠠᠨᠠᠯ︾ ︽ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠭᠠᠷᠲᠠᠨ ᠭᠦᠢᠴᠡᠳᠬᠡᠬᠦ ᠳᠦᠷᠢᠮ︾ ᠢ | ᠴᠢᠨᠠᠭᠰᠢᠳᠠ ᠤᠯᠠᠮ ᠪᠠᠬᠢᠵᠢᠭᠦᠯᠦᠨ ᠲᠡᠭᠦᠯᠳᠡᠷᠵᠢᠭᠦᠯᠬᠦ ᠶᠢᠨ ᠬᠠᠮᠲᠤ ᠣᠷᠣᠨ ᠨᠤᠲᠤᠭ ᠤᠨ ᠬᠠᠶᠢᠨ ᠰᠦᠪᠡᠭᠴᠢᠯᠡᠯᠲᠡ ᠪᠠ | ᠰᠢᠨᠡᠴᠢᠯᠡᠯᠲᠡ ᠶᠢ ᠵᠣᠷᠢᠭᠵᠢᠭᠤᠯᠤᠨ᠎ᠠ᠃ | ︽ᠮᠡᠳᠡᠭᠳᠡᠯ︾ ᠨᠢ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ ᠡᠷᠴᠢᠮᠵᠢᠭᠦᠯᠬᠦ᠂ ᠨᠢᠷᠠᠢ | ᠬᠡᠦᠬᠡᠳ ᠤᠨ ᠳᠠᠭᠠᠳᠬᠠᠯ ᠳᠤ ᠣᠷᠣᠯᠴᠠᠬᠤ ᠴᠣᠪᠤᠷᠠᠯ ᠢ ᠰᠢᠯᠢᠳᠡᠭᠵᠢᠭᠦᠯᠬᠦ᠂ ᠳᠠᠭᠠᠳᠬᠠᠯ ᠳᠤ ᠣᠷᠣᠯᠴᠠᠬᠤ ᠲᠥᠷᠥ ᠶᠢᠨ | ᠪᠣᠳᠣᠯᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ ᠰᠢᠯᠢᠳᠡᠭᠵᠢᠭᠦᠯᠬᠦ᠂ ᠰᠠᠯᠠᠭ᠎ᠠ | ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠬᠤ᠂ ᠰᠢᠮᠳᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠬᠤ ᠶᠢ | ᠴᠢᠩᠭᠠᠳᠬᠠᠬᠤ ᠵᠡᠷᠭᠡ ᠲᠠᠯ᠎ᠠ ᠪᠠᠷ ᠲᠤᠰᠬᠠᠢ ᠠᠵᠢᠯᠯᠠᠭ᠎ᠠ ᠳᠤ ᠪᠠᠶᠢᠷᠢᠯᠠᠭᠤᠯᠤᠯᠲᠠ ᠬᠢᠪᠡ᠃ ᠨᠢᠭᠡ ᠳᠤ ᠬᠡᠦᠬᠡᠳ ᠢ | ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ ᠡᠷᠴᠢᠮᠵᠢᠭᠦᠯᠦᠨ᠎ᠡ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ᠂ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠪᠠ | ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠳᠠᠭᠠᠳᠬᠠᠯ ᠳᠤ ᠣᠷᠣᠯᠴᠠᠬᠤ ᠶᠢ | ᠤᠬᠠᠭᠤᠯᠤᠨ ᠳᠠᠶᠢᠴᠢᠯᠠᠬᠤ ᠪᠠᠨ ᠦᠨᠡᠨ ᠬᠦ ᠡᠷᠴᠢᠮᠵᠢᠭᠦᠯᠦᠨ᠎ᠡ᠃ ᠬᠤᠶᠠᠷ ᠲᠤ ᠨᠢᠷᠠᠢ ᠬᠡᠦᠬᠡᠳ ᠤᠨ ᠳᠠᠭᠠᠳᠬᠠᠯ ᠳᠤ | ᠣᠷᠣᠯᠴᠠᠬᠤ ᠴᠣᠪᠤᠷᠠᠯ ᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠢ ᠱᠠᠭᠠᠷᠳᠠᠨ ︽ᠲᠥᠷᠥᠭᠰᠡᠨ ᠤ ᠳᠠᠷᠠᠭᠠᠬᠢ ᠠᠵᠢᠯ | ᠶᠠᠪᠤᠳᠠᠯ ᠤᠳ ᠢ ᠨᠢᠭᠡ ᠯᠠ ᠠᠵᠢᠯ ᠶᠠᠪᠤᠳᠠᠯ ᠪᠣᠯᠭᠠᠨ︾ ᠭᠦᠢᠴᠡᠳᠬᠡᠬᠦ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ᠂ ᠣᠷᠣᠨ | ᠨᠤᠲᠤᠭ ᠤᠨ ᠲᠥᠷᠥᠭᠰᠡᠨ ᠤ ᠠᠨᠠᠭᠠᠬᠤ ᠶᠢᠨ ᠭᠡᠷᠡᠴᠢᠯᠡᠯ ᠢᠶᠠᠷ ᠨᠢ ᠨᠢᠷᠠᠢ ᠬᠡᠦᠬᠡᠳ ᠢ ᠳᠠᠭᠠᠳᠬᠠᠯ ᠳᠤ ᠣᠷᠣᠭᠤᠯᠬᠤ ᠶᠢ | ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠭᠤᠷᠪᠠ ᠳᠤ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠪᠠ | ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ ᠰᠢᠯᠢᠳᠡᠭᠵᠢᠭᠦᠯᠦᠨ᠎ᠡ᠃ ᠭᠠᠳᠠᠷ ᠣᠷᠣᠨ ᠤ ᠡᠷᠦᠬᠡ | ᠠᠮᠠ ᠲᠠᠢ ᠬᠡᠦᠬᠡᠳ ᠤᠨ ᠪᠠᠶᠢᠩᠭᠤ ᠰᠠᠭᠤᠭ᠎ᠠ ᠭᠠᠵᠠᠷ᠂ ᠰᠤᠷᠭᠠᠭᠤᠯᠢ ᠶᠢᠨ ᠬᠠᠷᠢᠶ᠎ᠠ ᠲᠠᠢ ᠭᠠᠵᠠᠷ ᠲᠤ ᠪᠠᠨ ᠳᠠᠭᠠᠳᠬᠠᠯ ᠳᠤ | ᠣᠷᠣᠯᠴᠠᠬᠤ ᠶᠢ ᠠᠬᠢᠭᠤᠯᠤᠨ᠎ᠠ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠤᠷᠮᠠᠰᠢᠭᠤᠯᠵᠤ ᠬᠢᠵᠠᠭᠠᠷᠯᠠᠬᠤ | ᠠᠷᠭ᠎ᠠ ᠬᠡᠮᠵᠢᠶ᠎ᠡ ᠶᠢ ᠰᠤᠳᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠡᠦᠬᠡᠳ ᠤᠨ ᠰᠠᠯᠠᠭᠠᠨ ᠤ ᠡᠮᠴᠢᠯᠡᠭᠡᠨ ᠤ | ᠦᠢᠯᠡᠴᠢᠯᠡᠭᠡ ᠶᠢᠨ ᠬᠥᠭᠵᠢᠯᠲᠡ ᠶᠢ ᠳᠡᠮᠵᠢᠵᠦ᠂ ᠬᠡᠦᠬᠡᠳ ᠤᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠨ᠂ | ᠡᠮᠴᠢᠯᠡᠭᠡᠨ ᠤ ᠦᠢᠯᠡᠴᠢᠯᠡᠭᠡ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠳᠥᠷᠪᠡ ᠳᠤ ᠰᠠᠯᠠᠭ᠎ᠠ ᠮᠥᠴᠢᠷ ᠤᠳ ᠤᠨ | ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠨ᠎ᠠ᠃ ᠰᠠᠯᠠᠭ᠎ᠠ ᠮᠥᠴᠢᠷ ᠤᠳ ᠡᠯᠪᠡᠨ ᠬᠠᠮᠵᠢᠯᠴᠠᠬᠤ ᠪᠠᠷ ᠳᠠᠮᠵᠢᠭᠤᠯᠤᠨ᠂ ᠡᠯ᠎ᠡ | ᠲᠥᠷᠥᠯ ᠤᠨ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠴᠠᠭ ᠲᠤᠬᠠᠢ ᠳᠤ ᠨᠢ ᠣᠨᠣᠪᠴᠢᠲᠠᠶ ᠡᠵᠡᠮᠰᠢᠵᠦ᠂ | ᠳᠠᠭᠠᠳᠬᠠᠭᠤᠯᠬᠤ ᠶᠣᠰᠣᠲᠠᠢ ᠶᠢ ᠨᠢ ᠴᠥᠮ ᠳᠠᠭᠠᠳᠬᠠᠭᠤᠯᠬᠤ ᠬᠡᠷᠡᠭᠲᠡᠢ᠃ ᠲᠠᠪᠤ ᠳᠤ ᠰᠢᠮᠳᠠᠭᠤᠯᠤᠨ ᠵᠢᠯᠤᠭᠤᠳᠴᠤ | ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠣᠷᠣᠨ ᠤ ᠪᠠᠨ ᠬᠡᠦᠬᠡᠳ ᠢ ᠳᠠᠭᠠᠳᠬᠠᠯ ᠳᠤ | ᠣᠷᠣᠭᠤᠯᠬᠤ ᠲᠤᠰᠬᠠᠢ ᠠᠵᠢᠯᠯᠠᠭ᠎ᠠ ᠶᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠠᠵᠢᠯ ᠢ ᠲᠣᠬᠢᠷᠠᠭᠤᠯᠬᠤ ᠪᠠ | ᠰᠢᠮᠳᠠᠭᠤᠯᠬᠤ ᠶᠢ ᠰᠠᠶᠢᠲᠤᠷ ᠬᠢᠵᠦ᠂ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠨᠡᠪᠲᠡᠷᠡᠭᠦᠯᠦᠨ᠎ᠡ᠃ | ᠭᠤᠷᠪᠠ᠂ ᠲᠠᠷᠠᠭᠠᠴᠢ ᠶᠢᠨ ᠠᠵᠢᠯ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠰᠤᠷᠭᠠᠨ ᠬᠥᠮᠦᠵᠢᠯ ᠤᠨ ᠶᠠᠮᠤᠨ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ | ᠰᠠᠯᠠᠭ᠎ᠠ ᠮᠥᠴᠢᠷ ᠤᠳ ᠲᠠᠢ ᠬᠠᠮᠲᠤ ᠪᠠᠷ ᠡᠯ᠎ᠡ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠵᠢᠯᠣᠭᠤᠳᠤᠨ | ᠰᠢᠮᠳᠠᠭᠤᠯᠵᠤ ᠪᠠᠶᠢᠭᠠᠳ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠬᠡᠦᠬᠡᠳ ᠢ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠡᠦᠬᠡᠳ ᠤᠨ ᠳᠠᠭᠠᠳᠬᠠᠯ ᠳᠤ | ᠣᠷᠣᠯᠴᠠᠭᠰᠠᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠬᠡ ᠠᠰᠢᠭ ᠢ | ᠪᠠᠲᠤᠯᠠᠵᠤ᠂ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |