ᠬᠤᠲᠠ ᠪᠠᠯᠭᠠᠰᠤᠨ ᠤ 1200 ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠵᠤ᠂ ᠬᠤᠲᠠ ᠪᠠᠯᠭᠠᠰᠤᠨ ᠤ | ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠣᠯᠭᠠᠨ᠎ᠠ — ᠡᠨᠡ ᠪᠣᠯ 5 ᠤ ᠡᠳᠦᠷ ᠤᠨ | ᠬᠢᠨᠠᠨ ᠵᠦᠪᠯᠡᠭᠦᠯᠬᠦ ᠪᠠᠷ ᠳᠡᠪᠰᠢᠭᠦᠯᠦᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠬᠢᠷᠠᠭᠤᠯᠤᠭᠰᠠᠨ 2024 | ᠣᠨ ᠤ ᠠᠵᠢᠯ ᠣᠯᠭᠤᠯᠲᠠ ᠶᠢᠨ ᠵᠢᠱᠢᠭᠰᠡᠨ ᠬᠠᠷᠠᠯᠲᠠ ᠪᠣᠯᠣᠨ᠎ᠠ᠃ | ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠶᠢᠨ ᠬᠡᠪᠴᠢᠶ᠎ᠡ ᠶᠢ ᠨᠢᠳᠤᠨᠤᠨ ᠤ ︽1200 | ᠲᠦᠮᠡ ᠣᠷᠴᠢᠮ︾ ᠪᠠᠶᠢᠭᠰᠠᠨ ᠠᠴᠠ ᠡᠨᠡ ᠵᠢᠯ ᠤᠨ ︽1200 ᠲᠦᠮᠡ ᠠᠴᠠ ᠳᠡᠭᠡᠭᠰᠢ︾ ᠪᠣᠯᠭᠠᠨ ᠲᠣᠬᠢᠷᠠᠭᠤᠯᠵᠤ᠂ | ᠨᠡᠩ ᠢᠳᠡᠪᠬᠢᠲᠡᠢ ᠠᠵᠢᠯ ᠣᠯᠭᠤᠯᠲᠠ ᠶᠢᠨ ᠬᠠᠷᠠᠯᠲᠠ ᠶᠢ ᠳᠤᠷᠠᠳᠤᠨ ᠭᠠᠷᠭᠠᠭᠰᠠᠨ ᠨᠢ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠢᠲᠡᠭᠡᠯ ᠵᠣᠷᠢᠭ ᠢ ᠬᠦᠪᠴᠢᠯᠡᠬᠦ ᠨᠡᠩ ᠶᠡᠭᠡ ᠡᠷᠴᠢᠮ ᠲᠠᠢ ᠳᠣᠬᠢᠶ᠎ᠠ ᠶᠢ ᠳᠠᠮᠵᠢᠭᠤᠯᠪᠠ᠃ | ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠪᠠᠰᠠ ᠴᠤ ᠠᠵᠤ ᠠᠬᠤᠢ ᠶᠢᠨ | ᠬᠥᠭᠵᠢᠯᠲᠡ ᠶᠢᠨ ᠬᠠᠮᠤᠭ ᠤᠨ ᠦᠨᠳᠦᠰᠦᠨ ᠲᠤᠯᠭᠠᠭᠤᠷᠢ ᠪᠣᠯᠣᠨ᠎ᠠ᠃ ᠡᠨᠡ ᠵᠢᠯ ᠤᠨ ᠬᠠᠷᠠᠯᠲᠠ ᠪᠠᠨ ᠶᠠᠭᠤᠨ ᠳᠤ ᠢᠩᠭᠢᠵᠦ | ᠲᠣᠭᠲᠠᠭᠠᠭᠰᠠᠨ ᠪᠤᠢ︖ | ︽ᠡᠨᠡ ᠨᠢ ᠠᠷᠠᠳ ᠤᠨ ᠠᠮᠢᠳᠤᠷᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠶᠢ ᠬᠠᠷᠠᠭᠤᠯᠬᠤ ᠪᠥᠭᠡᠳ ᠪᠣᠳᠠᠲᠤ | ᠪᠠᠶᠢᠳᠠᠯ ᠳᠤ ᠰᠠᠭᠤᠷᠢᠯᠠᠨ ᠪᠣᠳᠣᠯᠬᠢᠯᠠᠭᠰᠠᠨ ᠶᠠᠪᠤᠳᠠᠯ ᠮᠥᠨ᠃︾ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠮᠦᠸᠧ ᠷᠦᠩ ᠢᠯᠡᠷᠬᠡᠶᠢᠯᠡᠬᠦ ᠳᠤ ᠪᠠᠨ᠂ 2024 ᠣᠨ ᠤ ᠠᠵᠤ ᠠᠬᠤᠢ ᠶᠢᠨ ᠠᠵᠢᠯᠯᠠᠭᠠᠨ ᠤ | ᠲᠦᠭᠰᠢᠭᠦᠷᠢ ᠪᠠ ᠥᠷᠢᠰᠦᠯᠳᠦᠭᠡᠨ ᠨᠡᠮᠡᠭᠳᠡᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠳᠠᠷᠤᠭᠠᠰᠤ ᠨᠡᠯᠢᠶᠡᠳ | ᠶᠡᠭᠡ ᠪᠠᠶᠢᠭ᠎ᠠ ᠪᠠᠶᠢᠳᠠᠯ ᠳᠣᠣᠷ᠎ᠠ᠂ ᠡᠷᠬᠡᠪᠰᠢ ᠣᠯᠠᠨ ᠲᠦᠮᠡᠨ ᠤ ᠠᠵᠢᠯ ᠣᠯᠬᠤ ᠠᠰᠠᠭᠤᠳᠠᠯ ᠢ ᠰᠢᠢᠳᠪᠦᠷᠢᠯᠡᠬᠦ ᠶᠢ ᠨᠠᠩ | ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢ ᠢᠯᠡᠷᠡᠭᠦᠯᠬᠦ ᠬᠡᠷᠡᠭᠲᠡᠢ ᠭᠡᠵᠡᠢ᠃ | ᠡᠨᠡ ᠵᠢᠯ ᠬᠤᠳᠠ ᠪᠠᠯᠭᠠᠰᠤᠨ ᠳᠤ ᠠᠵᠢᠯ ᠣᠯᠬᠤ ᠴᠢᠬᠤᠯᠠᠲᠠᠢ ᠰᠢᠨ᠎ᠡ ᠪᠠᠷ ᠦᠰᠦᠨ ᠪᠤᠶᠢᠵᠢᠭᠰᠠᠨ ᠬᠥᠳᠡᠯᠮᠦᠷᠢ | ᠬᠦᠴᠦᠨ ᠦᠷᠭᠦᠯᠵᠢᠯᠡᠨ ᠥᠨᠳᠥᠷ ᠪᠠᠶᠢᠷᠢᠨ ᠳᠤ ᠪᠠᠶᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠪᠴᠢᠶ᠎ᠡ | ᠵᠢᠱᠢᠯᠲᠡ ᠪᠠᠷ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 1170 ᠲᠦᠮᠡᠨ ᠬᠥᠮᠥᠨ ᠢ ᠳᠠᠪᠠᠭ᠋ᠤ ᠶᠢᠨ ᠬᠠᠮᠲᠤ ᠪᠠᠰᠠ | ᠦᠯᠡᠮᠵᠢ ᠤᠯᠠᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠬᠤ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ | ᠡᠶᠢᠮᠦ ᠠᠴᠠ ᠠᠵᠢᠯ ᠣᠯᠭᠤᠯᠲᠠ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠨᠢ ᠲᠦᠢᠯ ᠤᠨ ᠵᠠᠩᠭᠢᠯᠠᠭ᠎ᠠ ᠪᠣᠯᠣᠨ᠎ᠠ᠃ | ᠡᠨᠡ ᠬᠦ ᠬᠠᠷᠠᠯᠲᠠ ᠶᠢ ᠪᠡᠶᠡᠯᠡᠭᠦᠯᠵᠦ ᠴᠢᠳᠠᠨ᠎ᠠ ᠦᠦ︖ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠵᠤ ᠠᠬᠤᠢ ᠶᠢᠨ ᠨᠡᠮᠡᠭᠳᠡᠯ ᠤᠨ ᠵᠢᠱᠢᠯᠲᠡ ᠶᠢᠨ ᠬᠠᠷᠠᠯᠲᠠ ᠶᠢ | 5% ᠣᠷᠴᠢᠮ ᠪᠠᠶᠢᠯᠭᠠᠨ᠎ᠠ ᠭᠡᠵᠦ ᠳᠤᠷᠠᠳᠪᠠ᠃ ᠡᠨᠡ ᠨᠢ ᠶᠠᠭ ᠠᠵᠢᠯ ᠣᠯᠭᠤᠯᠲᠠ ᠶᠢ ᠠᠬᠢᠭᠤᠯᠵᠤ ᠣᠷᠣᠯᠭ᠎ᠠ ᠶᠢ | ᠨᠡᠮᠡᠭᠳᠡᠭᠦᠯᠬᠦ ᠵᠡᠷᠭᠡ ᠲᠠᠯ᠎ᠠ ᠪᠠᠷ ᠬᠢ ᠬᠡᠷᠡᠭᠴᠡᠭᠡ ᠶᠢ ᠪᠣᠳᠣᠯᠬᠢᠯᠠᠭᠰᠠᠨ ᠶᠤᠮ᠃ | ︽ᠠᠵᠤ ᠠᠬᠤᠢ ᠶᠢᠨ ᠨᠡᠮᠡᠭᠳᠡᠯ ᠬᠢᠭᠡᠳ ᠠᠵᠢᠯ ᠣᠯᠭᠤᠯᠲᠠ ᠶᠢᠨ ᠬᠤᠯᠪᠣᠯᠳᠤᠨ ᠳᠠᠶᠢᠴᠢᠯᠠᠬᠤ ᠦᠢᠯᠡᠳᠦᠯ ᠠᠴᠠ | ᠦᠵᠡᠪᠡᠯ᠂ ᠠᠵᠤ ᠠᠬᠤᠢ ᠶᠢᠨ ᠨᠡᠮᠡᠭᠳᠡᠯ ᠤᠨ 1 ᠵᠠᠭᠤᠨ ᠤ ᠴᠡᠭ ᠨᠢ 200 ᠭᠠᠷᠤᠢ ᠲᠦᠮᠡᠨ ᠬᠥᠮᠥᠨ ᠤ ᠠᠵᠢᠯ | ᠣᠯᠭᠤᠯᠲᠠ ᠶᠢ ᠳᠠᠶᠢᠴᠢᠯᠠᠵᠤ ᠳᠡᠶᠢᠯᠦᠨ᠎ᠡ᠃︾ ᠭᠡᠰᠢᠭᠦᠨ ᠮᠦᠸᠧ ᠷᠦᠩ ᠬᠡᠯᠡᠭᠰᠡᠨ ᠨᠢ᠂ ᠡᠨᠡ ᠬᠡᠳᠦᠨ ᠵᠢᠯ ᠤᠨ ᠠᠵᠤ | ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠢᠯᠠᠩᠭᠤᠶ᠎ᠠ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢᠨ | ᠳᠡᠭᠡᠷ᠎ᠡ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠨᠠᠷᠢᠯᠢᠭᠵᠢᠭᠤᠯᠤᠭᠰᠠᠨ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠣᠯᠭᠤᠯᠲᠠ ᠶᠢ | ᠳᠠᠶᠢᠴᠢᠯᠠᠬᠤ ᠬᠦᠴᠦᠨ ᠲᠣᠭᠲᠠᠭᠤᠨ ᠢᠶᠠᠷ ᠴᠢᠩᠭᠠᠷᠠᠵᠠᠢ ᠭᠡᠪᠡ᠃ | ᠠᠵᠢᠯ ᠣᠯᠭᠤᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠡᠷᠭᠢᠴᠡᠭᠦᠯᠵᠦ ᠦᠵᠡᠪᠡᠯ᠂ ᠥᠩᠭᠡᠷᠡᠭᠰᠡᠨ 3 | ᠵᠢᠯ ᠳᠤ᠂ ᠮᠠᠨ ᠤ ᠤᠯᠤᠰ ᠤᠨ ᠵᠢᠯ ᠪᠦᠷᠢ ᠶᠢᠨ ᠪᠡᠶᠡᠯᠡᠭᠦᠯᠦᠭᠰᠡᠨ ᠬᠤᠳᠠ ᠪᠠᠯᠭᠠᠰᠤᠨ ᠤ ᠰᠢᠨ᠎ᠡ ᠪᠠᠷ ᠠᠵᠢᠯ ᠣᠯᠣᠭᠰᠠᠨ | ᠬᠥᠮᠥᠨ 1200 ᠲᠦᠮᠡ ᠶᠢ ᠳᠠᠪᠠᠵᠠᠢ᠃ 2023 ᠣᠨ ᠳᠤ GDP 5.2% ᠢᠶᠠᠷ ᠨᠡᠮᠡᠭᠳᠡᠵᠦ᠂ ᠪᠥᠬᠦ ᠤᠯᠤᠰ ᠤᠨ | 1244 ᠲᠦᠮᠡᠨ ᠬᠥᠮᠥᠨ ᠳᠤ ᠬᠤᠲᠠ ᠪᠠᠯᠭᠠᠰᠤᠨ ᠳᠤ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ | ᠬᠦᠴᠦᠨ ᠤ ᠭᠠᠳᠠᠭᠰᠢ ᠭᠠᠷᠴᠤ ᠠᠵᠢᠯ ᠬᠢᠬᠦ ᠬᠡᠪᠴᠢᠶ᠎ᠡ ᠦᠷᠭᠦᠯᠵᠢᠯᠡᠨ ᠨᠡᠮᠡᠭᠳᠡᠵᠦ᠂ ᠶᠠᠳᠠᠭᠤ ᠠᠴᠠ ᠠᠩᠭᠢᠵᠢᠷᠠᠭᠰᠠᠨ | ᠬᠥᠮᠥᠨ ᠠᠮᠠ ᠶᠢᠨ ᠠᠵᠢᠯ ᠬᠢᠬᠦ ᠬᠡᠪᠴᠢᠶ᠎ᠡ 3397 ᠲᠦᠮᠡᠨ ᠬᠥᠮᠥᠨ ᠳᠤ ᠬᠦᠷᠴᠡᠢ᠃ | 2024 ᠣᠨ ᠤ ᠠᠵᠢᠯ ᠣᠯᠭᠤᠯᠲᠠ ᠶᠢᠨ ᠬᠠᠷᠠᠯᠲᠠ ᠶᠢ ᠬᠡᠷᠬᠢᠨ ᠪᠡᠶᠡᠯᠡᠭᠦᠯᠬᠦ ᠪᠤᠢ︖ | — ᠡᠩ ᠲᠡᠷᠢᠭᠦᠨ ᠳᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠬᠤ | ᠬᠡᠷᠡᠭᠲᠡᠢ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ | ᠲᠥᠷᠥ ᠶᠢᠨ ᠪᠣᠳᠣᠯᠭ᠎ᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠦᠵᠡᠭᠦᠯᠬᠦ ᠳᠡᠮᠵᠢᠯᠭᠡ ᠶᠢ ᠴᠢᠩᠭᠠᠳᠬᠠᠵᠤ᠂ | ᠠᠵᠢᠯ ᠣᠯᠭᠤᠯᠲᠠ ᠶᠢ ᠠᠬᠢᠭᠤᠯᠬᠤ ᠲᠤᠰᠬᠠᠢ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ᠎ᠠ ᠭᠡᠵᠦ ᠳᠤᠷᠠᠳᠪᠠ | ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ᠂ ᠲᠤᠰᠬᠠᠢ ᠵᠢᠭᠡᠯᠡᠯᠭᠡ᠂ ᠠᠵᠢᠯ ᠣᠯᠭᠤᠯᠲᠠ ᠪᠠ | ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠵᠡᠷᠭᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ | ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠠᠵᠢᠯ ᠲᠦᠷᠦᠯ ᠤᠨ ᠠᠵᠤ ᠠᠬᠤᠶᠢᠯᠠᠯ ᠢ ᠳᠡᠮᠵᠢᠬᠦ ᠪᠠᠨ ᠴᠢᠩᠭᠠᠳᠬᠠᠨ᠎ᠠ᠃ | — ᠳᠠᠷᠠᠭᠠᠯᠠᠪᠠᠯ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠬᠤ ᠶᠢ ᠬᠠᠪᠰᠤᠷᠤᠨ ᠲᠡᠳᠬᠦᠬᠦ ᠶᠢ ᠳᠣᠪᠤᠶᠢᠯᠭᠠᠬᠤ | ᠬᠡᠷᠡᠭᠲᠡᠢ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠵᠠᠯᠠᠭᠤᠴᠤᠳ ᠤᠨ ᠠᠵᠢᠯ ᠣᠯᠬᠤ ᠶᠢ ᠠᠬᠢᠭᠤᠯᠬᠤ ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠢᠯ ᠣᠯᠵᠤ ᠦᠢᠯᠡᠰ ᠪᠣᠰᠬᠠᠬᠤ ᠶᠢ ᠵᠢᠯᠤᠭᠤᠳᠬᠤ | ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃ ᠲᠥᠯᠥᠪᠯᠡᠭᠡ ᠶᠢᠨ ᠮᠡᠳᠡᠭᠦᠯᠦᠯᠲᠡ ᠳᠤ᠂ | ᠲᠡᠷᠢᠭᠦᠨ ᠤ ᠦᠢᠯᠡᠳᠬᠦ ᠦᠢᠯᠡᠰ ᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠢᠯ | ᠣᠯᠭᠤᠯᠲᠠ ᠶᠢᠨ ᠨᠡᠮᠡᠭᠳᠡᠯ ᠤᠨ ᠴᠡᠭ ᠢ ᠥᠷᠭᠡᠳᠬᠡᠨ᠎ᠡ᠃ ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠬᠤ ᠭᠤᠷᠪᠠᠨ | ᠵᠢᠯ ᠤᠨ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ | ᠦᠮᠴᠢᠯᠡᠯᠲᠦ ᠠᠵᠤ ᠠᠬᠤᠶᠢᠯᠠᠯ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ︵ | ᠡᠯᠰᠡᠬᠦ︶ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ ᠭᠡᠵᠦ ᠳᠤᠷᠠᠳᠪᠠ᠃ | ᠲᠥᠰᠥᠪ ᠤᠨ ᠮᠡᠳᠡᠭᠦᠯᠦᠯᠲᠡ ᠶᠢ ᠦᠨᠳᠦᠰᠦᠯᠡᠪᠡᠯ᠂ 2024 ᠣᠨ ᠳᠤ᠂ ᠲᠥᠪ ᠤᠨ ᠡᠳ᠋ ᠤᠨ ᠵᠠᠰᠠᠭ 667 | ᠳ᠋ᠦᠩᠰᠢᠭᠤᠷ ᠲᠥᠭᠦᠷᠢᠭ ᠤᠨ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠲᠣᠬᠢᠷᠠᠭᠤᠯᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠢ ᠬᠦᠮᠦᠰ ᠵᠡᠷᠭᠡ ᠶᠢᠨ | ᠠᠵᠢᠯ ᠣᠯᠵᠤ ᠦᠢᠯᠡᠰ ᠪᠤᠰᠬᠠᠬᠤ ᠶᠢ ᠭᠤᠣᠯᠳᠠᠯᠭ᠎ᠠ ᠲᠠᠢ ᠳᠡᠮᠵᠢᠬᠦ ᠪᠠᠷ ᠲᠥᠯᠥᠪᠯᠡᠵᠦ ᠪᠤᠢ᠃ | — ᠡᠭᠦᠨ ᠠᠴᠠ ᠭᠠᠳᠠᠨ᠎ᠠ᠂ ᠬᠠᠩᠭᠠᠯᠭ᠎ᠠ ᠬᠡᠷᠡᠭᠴᠡᠭᠡ ᠶᠢᠨ ᠵᠣᠬᠢᠴᠠᠯ ᠢ ᠴᠢᠩᠭᠠᠳᠬᠠᠵᠤ᠂ ᠠᠵᠢᠯ ᠣᠯᠭᠤᠯᠲᠠ ᠶᠢᠨ | ᠣᠷᠣᠨ ᠵᠠᠢ ᠶᠢ ᠥᠷᠭᠡᠳᠬᠡᠬᠦ ᠬᠡᠷᠡᠭᠲᠡᠢ᠃ | ᠲᠥᠯᠥᠪᠯᠡᠭᠡ ᠶᠢᠨ ᠮᠡᠳᠡᠭᠦᠯᠦᠯᠲᠡ ᠳᠤ᠂ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ | ᠴᠢᠩᠭᠠᠳᠬᠠᠵᠤ᠂ ᠠᠮᠢᠳᠤᠯᠢᠭ ᠢᠶᠠᠷ ᠠᠵᠢᠯ ᠣᠯᠬᠤ ᠶᠢ ᠣᠯᠠᠨ ᠠᠷᠭ᠎ᠠ ᠵᠠᠮ ᠢᠶᠠᠷ ᠠᠬᠢᠭᠤᠯᠤᠨ᠎ᠠ᠃ ᠶᠡᠭᠡ ᠳᠡᠭᠡᠳᠦ | ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠪᠠᠶᠢᠷᠢᠰᠢᠭᠤᠯᠤᠯᠲᠠ ᠶᠢᠨ ᠪᠦᠲᠦᠴᠡ ᠶᠢ ᠲᠣᠬᠢᠷᠠᠭᠤᠯᠬᠤ ᠶᠢ | ᠲᠦᠷᠭᠡᠳᠬᠡᠵᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠲᠣᠬᠢᠷᠠᠭᠤᠯᠤᠯᠲᠠ ᠪᠠ | ᠴᠢᠳᠠᠪᠤᠷᠢᠲᠠᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠡᠩ ᠵᠣᠬᠢᠴᠠᠭᠤᠯᠬᠤ ᠶᠢ ᠠᠬᠢᠭᠤᠯᠵᠤ᠂ ᠵᠠᠭᠤᠨ ᠲᠦᠮᠡᠨ | ᠵᠠᠯᠠᠭᠤᠴᠤᠳ ᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠦᠷᠨᠢᠭᠦᠯᠦᠨ᠎ᠡ ᠭᠡᠵᠦ ᠳᠤᠷᠠᠳᠪᠠ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |