ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/3/19
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 3 ᠰᠠᠷ᠎ᠠ ᠶᠢᠨ 15᠎ ᠤ ᠡᠳᠦᠷ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 2 ᠰᠠᠷ᠎ᠠ ᠶᠢᠨ 29᠎ ᠤ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ︽ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠲᠦᠷᠭᠡᠳᠬᠡᠨ ᠪᠠᠶᠢᠭᠤᠯᠬᠤ ᠠᠵᠢᠯᠯᠠᠭᠠᠨ ᠤ ᠲᠥᠰᠥᠯ︾᠂ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠷᠭ᠎ᠠ︾᠎ ᠶᠢ ᠬᠢᠨᠠᠨ ᠵᠥᠪᠯᠡᠵᠦ ᠪᠠᠲᠤᠯᠠᠨ᠂ ᠠᠷᠪᠢᠴᠢ ᠭᠠᠮᠲᠠᠢ ᠠᠮᠢᠳᠤᠷᠠᠵᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ︽ᠨᠢᠭᠡ ᠪᠦᠰᠡ ᠨᠢᠭᠡ ᠵᠠᠮ︾᠎ ᠤᠨ ᠨᠠᠢᠮᠠᠨ ᠵᠦᠢᠯ ᠤᠨ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠵᠦᠢᠯ ᠢ ᠰᠤᠳᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠰᠠᠶᠢᠲᠤᠷ ᠲᠤᠭᠤᠰᠢᠯᠠᠭᠤᠯᠵᠤ᠂ ᠠᠵᠢᠯ ᠢᠶᠠᠨ ᠱᠠᠯᠠᠪᠳᠠᠨ ᠪᠣᠳᠠᠲᠠᠢ ᠪᠠᠶᠢᠷᠢᠯᠠᠭᠤᠯᠵᠤ ᠂ ︽ᠵᠢᠷᠭᠤᠭᠠᠨ ᠢᠨᠵᠧᠨᠧᠷᠢᠩ︾᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭᠠᠨ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾᠂ ᠬᠠᠪᠤᠷ ᠤᠨ ᠲᠠᠷᠢᠶᠠᠯᠠᠭ᠎ᠠ᠂ ᠠᠵᠤ ᠦᠢᠯᠡᠳᠪᠦᠷᠢ ᠶᠢᠨ ᠵᠢᠱᠢᠭᠰᠡᠨ ᠦᠢᠯᠡᠳᠪᠦᠷᠢᠯᠡᠯ ᠤᠨ ᠬᠡᠮᠵᠢᠶ᠎ᠡ ᠳᠤ ᠬᠦᠷᠬᠦ ᠵᠡᠷᠭᠡ ᠭᠤᠣᠯᠳᠠᠯᠭ᠎ᠠ ᠲᠠᠢ ᠠᠵᠢᠯ ᠢ ᠴᠠᠭ ᠢᠮᠠᠭᠲᠠ ᠰᠤᠯᠠᠷᠠᠭᠤᠯᠤᠯ ᠦᠭᠡᠢ ᠠᠬᠢᠭᠤᠯᠵᠤ᠂ ᠨᠢᠭᠡᠳᠦᠭᠡᠷ ᠤᠯᠠᠷᠢᠯ ᠤᠨ ︽ᠰᠠᠶᠢᠨ ᠡᠭᠢᠯᠡᠯᠲᠡ︾᠎ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠪᠣᠯᠣᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠷᠭᠡᠳᠬᠡᠨ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠦᠢᠯᠡᠰ ᠢ ᠪᠤᠵᠠᠭᠠᠶᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ᠂ ᠪᠡᠶ᠎ᠡ ᠶᠢᠨ ᠲᠠᠮᠢᠷ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ᠂ ᠮᠡᠳᠡᠭᠡ ᠵᠠᠩᠭᠢ ᠶᠢᠨ ᠮᠡᠷᠭᠡᠵᠢᠯ᠂ ᠰᠢᠨ᠎ᠡ ᠡᠨᠧᠷᠭᠢ ᠶᠢᠨ ᠠᠵᠢᠯᠯᠠᠭᠤᠯᠵᠤ ᠬᠠᠮᠠᠭᠠᠯᠠᠬᠤ ᠵᠡᠷᠭᠡ ᠦᠢᠯᠡᠴᠢᠯᠡᠭᠡᠨ ᠤ ᠡᠵᠡᠩᠨᠡᠯᠲᠡ ᠶᠢᠨ ᠭᠡᠯᠪᠡᠷᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠥᠩᠭᠦᠨ ᠭᠦᠢᠯᠭᠡᠭᠡᠨ ᠤ ᠡᠷᠬᠡ ᠴᠢᠯᠦᠭᠡ ᠪᠠᠨ ᠣᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠡᠷᠦᠭᠡ ᠠᠮᠠ ᠶᠢᠨ ᠲᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠦᠭᠡ ᠠᠮᠠ ᠶᠢᠨ ᠲᠠᠩᠰᠠ ᠲᠠᠢ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠬᠤᠲᠠ ᠶᠢᠨ ᠠᠷᠠᠳ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠠᠷᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠠᠳᠬᠤᠵᠤ᠂ ᠰᠠᠭᠤᠷᠢ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠨᠡᠶᠢᠭᠡᠮ ᠤᠨ ᠪᠡᠯᠡ ᠣᠷᠣᠭᠤᠯᠤᠯᠲᠠ ᠶᠢ ᠬᠥᠰᠢᠵᠦ ᠬᠥᠳᠡᠯᠭᠡᠬᠦ᠂ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠦᠷᠦᠭᠦᠯᠡᠨ ᠠᠷᠪᠢᠴᠢ ᠭᠠᠮᠲᠠᠢ ᠠᠮᠢᠳᠤᠷᠠᠵᠤ᠂ ᠠᠷᠪᠢᠴᠢ ᠭᠠᠮᠲᠠᠢ ᠠᠮᠢᠳᠤᠷᠠᠯ ᠢ ᠨᠢᠭᠡ ᠵᠦᠢᠯ ᠤᠨ ᠳᠠᠳᠬᠠᠯ᠂ ᠨᠢᠭᠡ ᠵᠦᠢᠯ ᠤᠨ ᠵᠢᠷᠤᠮᠵᠢᠯ᠂ ᠨᠢᠭᠡ ᠵᠦᠢᠯ ᠤᠨ ᠪᠣᠯᠪᠠᠰᠤᠨ ᠪᠤᠯᠭᠠᠬᠤ ᠶᠢ ᠬᠥᠲᠥᠯᠥᠨ ᠳᠠᠭᠠᠭᠤᠯᠬᠤ ᠬᠡᠷᠡᠭᠲᠡᠢ᠃ ︽ᠳᠥᠷᠪᠡᠨ ᠨᠢᠭᠡ ᠪᠦᠯᠦᠭ︾ ᠵᠡᠷᠭᠡ ᠠᠷᠭ᠎ᠠ ᠬᠡᠮᠵᠢᠶ᠎ᠡ ᠶᠢ ᠶᠡᠭᠡ ᠪᠠᠷ ᠨᠠᠶᠢᠳᠠᠪᠤᠷᠢᠵᠢᠭᠤᠯᠤᠨ ᠤᠬᠠᠭᠤᠯᠵᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠪᠦᠭᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ︽ᠨᠢᠭᠡ ᠪᠦᠰᠡ ᠨᠢᠭᠡ ᠵᠠᠮ︾᠎ ᠤᠨ ᠨᠠᠢᠮᠠᠨ ᠵᠦᠢᠯ ᠤᠨ ᠠᠵᠢᠯᠯᠠᠭ᠎ᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ︽ᠭᠠᠷ ᠲᠠᠮᠵᠢᠪᠠᠴᠤ ᠠᠰᠢᠭ ᠭᠦᠷᠳᠡᠭᠦ ᠦᠭᠡᠢ︾ ᠵᠡᠷᠭᠡ ᠠᠰᠠᠭᠤᠳᠠᠯ ᠢ ᠬᠦᠴᠦ ᠣᠷᠣᠭᠤᠯᠤᠨ ᠰᠢᠢᠳᠪᠦᠷᠢᠯᠡᠵᠦ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠰᠠᠶᠢᠲᠤᠷ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃    
 
ᠢᠷᠡᠯᠲᠡ᠄ ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号