ᠪᠦᠭᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠲᠠᠶᠢᠴᠢᠨ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/3/19
3 ᠰᠠᠷ᠎ᠠ ᠶᠢᠨ 11᠎ ᠤ ᠡᠳᠦᠷ᠂ ᠪᠦᠭᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠲᠠᠶᠢᠴᠢᠨ ᠬᠤᠷᠠᠯ ᠢ ᠡᠷᠭᠢᠯᠡᠪᠡ᠃    ᠬᠤᠸᠠᠩ ᡁᠢ ᠴᠢᠶᠠᠩ᠂ ᠬᠠᠪᠤᠷ ᠤᠨ ᠤᠯᠠᠷᠢᠯ ᠳᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠡᠭᠦᠰᠬᠦ ᠰᠢᠯᠲᠠᠭᠠᠨ ᠣᠯᠠᠨ᠂ ᠠᠶᠤᠯ ᠲᠦᠭᠰᠢᠭᠦᠷᠢ ᠶᠡᠭᠡ ᠪᠠᠶᠢᠵᠤ᠂ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠳᠠᠭ᠃ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠡᠷᠡᠭ ᠶᠠᠪᠤᠳᠠᠯ ᠢ ᠬᠠᠮᠢᠶᠠᠷᠬᠤ ᠬᠥᠮᠥᠨ ᠲᠠᠢ᠂ ᠲᠦᠢᠮᠡᠷ ᠢ ᠰᠡᠷᠭᠡᠶᠢᠯᠡᠬᠦ ᠬᠥᠮᠥᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠥᠨ ᠲᠠᠢ ᠪᠠᠶᠢᠬᠤ ᠶᠢ ᠪᠡᠶᠡᠯᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ︽ᠰᠡᠷᠭᠡᠶᠢᠯᠡᠬᠦ︾᠎ ᠶᠢ ᠲᠣᠪᠤᠶᠢᠯᠭᠠᠨ ᠰᠠᠶᠢᠲᠤᠷ ᠠᠳᠬᠤᠵᠤ᠂ ᠣᠨᠴᠠᠭᠠᠶᠢᠯᠠᠨ ᠬᠠᠩᠰᠢ᠂ ︽5 · 1︾ ᠵᠡᠷᠭᠡ ᠠᠶᠤᠯ ᠲᠦᠭᠰᠢᠭᠦᠷᠢ ᠶᠡᠬᠡᠲᠡᠢ ᠴᠠᠭ ᠬᠤᠭᠤᠴᠠᠭ᠎ᠠ ᠶᠢ ᠲᠣᠪᠤᠶᠢᠯᠭᠠᠨ ᠰᠠᠶᠢᠲᠤᠷ ᠠᠳᠬᠤᠵᠤ᠂ ᠲᠦᠢᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ︽ᠬᠠᠮ ᠠᠷᠭ᠎ᠠ ᠬᠡᠮᠵᠢᠶ᠎ᠡ︾᠎ ᠶᠢ ᠰᠠᠶᠢᠲᠤᠷ ᠠᠪᠴᠤ᠂ ᠠᠭᠤᠯᠠ ᠶᠢ ᠪᠠᠲᠤ ᠰᠠᠬᠢᠵᠤ᠂ ᠬᠥᠮᠥᠨ ᠢ ᠰᠠᠶᠢᠲᠤᠷ ᠬᠠᠷᠠᠵᠤ᠂ ᠭᠠᠯ ᠢ ᠰᠠᠶᠢᠲᠤᠷ ᠬᠠᠮᠢᠶᠠᠷᠬᠤ ᠬᠡᠷᠡᠭᠲᠡᠢ᠃ ︽ᠤᠨᠲᠠᠷᠠᠭᠠᠬᠤ︾᠎ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠵᠢᠵᠢᠭᠦᠷᠯᠡᠨ ᠰᠠᠬᠢᠬᠤ ᠵᠡᠷᠭᠡ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠥᠮᠥᠨ ᠤ ᠬᠦᠴᠦᠨ ᠢ ᠰᠢᠯᠢᠳᠡᠭᠵᠢᠭᠦᠯᠵᠦ᠂ ᠲᠦᠢᠮᠡᠷ ᠢ ᠤᠨᠲᠠᠷᠠᠭᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ︽ᠡᠷᠲᠡ ᠤᠨᠲᠠᠷᠠᠭᠠᠬᠤ᠂ ᠪᠠᠭ᠎ᠠ ᠳᠤᠨᠢ ᠤᠨᠲᠠᠷᠠᠭᠠᠬᠤ᠂ ᠤᠨᠲᠠᠷᠠᠭᠠᠵᠤ ᠳᠡᠶᠢᠯᠭᠦ︾᠎ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号