ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠭᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/3/19
3 ᠰᠠᠷ᠎ᠠ ᠶᠢᠨ 12᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠭᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠭᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠤᠯᠤᠰ ᠪᠣᠯᠣᠨ ᠴᠡᠷᠢᠭ ᠠᠩᠭᠢ ᠶᠢᠨ ᠬᠥᠭᠵᠢᠯᠲᠡ ᠳᠤ ᠬᠤᠯᠪᠣᠭᠳᠠᠬᠤ ᠠᠯᠢ ᠣᠯᠠᠨ ᠴᠢᠬᠤᠯᠠ ᠶᠡᠭᠡ ᠠᠰᠠᠭᠤᠳᠠᠯ ᠤᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠣᠭᠤᠳᠤᠯᠭ᠎ᠠ ᠬᠠᠩᠭᠠᠪᠠ᠂ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠬᠤᠷᠢᠭ᠎ᠠ ᠴᠡᠭ ᠢ ᠨᠡᠪᠲᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠨ ᠨᠡᠭᠡᠭᠡᠯᠲᠡ ᠶᠢ ᠪᠦᠭᠦ ᠲᠠᠯ᠎ᠠ ᠪᠠᠷ ᠥᠷᠭᠡᠳᠬᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠰᠢᠪᠲᠤᠯᠤᠯᠲᠠ ᠪᠣᠯᠭᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠵᠡᠷᠭᠡ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠳᠤ ᠭᠦᠨᠵᠡᠭᠡᠢ ᠠᠭᠤᠰᠤᠯᠴᠠᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠪᠣᠯᠣᠨ ᠬᠥᠬᠡ ᠣᠭᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠡᠯ᠎ᠡ ᠵᠦᠢᠯ ᠤᠨ ᠠᠵᠢᠯ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠰᠢᠨ᠎ᠡ ᠪᠠᠷ ᠮᠠᠨᠳᠤᠭᠰᠠᠨ ᠬᠦᠷᠢᠶᠡᠨ ᠤ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠦᠭᠦ ᠬᠦᠴᠦ ᠪᠠᠷ ᠢᠶᠠᠨ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠠᠭ ᠢ ᠠᠮᠵᠢᠨ ᠲᠦᠷᠭᠡᠨ ᠠᠵᠢᠯᠯᠠᠵᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨ᠎ᠡ ᠡᠨᠧᠷᠭᠢ ᠶᠢ ᠰᠢᠩᠭᠡᠭᠡᠬᠦ ᠣᠷᠣᠨ ᠵᠠᠢ ᠶᠢ ᠥᠷᠭᠡᠳᠬᠡᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠨᠠᠩ ᠰᠠᠶᠢᠲᠤᠷ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠨᠡᠭᠦᠷᠡᠰᠦ ᠴᠠᠭᠢᠯᠭᠠᠨ ᠤ ᠠᠵᠤ ᠠᠬᠤᠶᠢᠯᠠᠯ ᠤᠨ ︽ᠭᠤᠷᠪᠠ ᠶᠢ ᠥᠭᠡᠷᠡᠴᠢᠯᠡᠬᠦ︾ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠰᠢᠨ᠎ᠡ ᠡᠨᠧᠷᠭᠢ ᠶᠢᠨ ᠰᠠᠭᠤᠷᠢ ᠲᠥᠬᠦᠭᠡᠷᠦᠮᠵᠢ ᠶᠢᠨ ᠲᠣᠣᠷ ᠢ ᠰᠠᠶᠢᠲᠤᠷ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢ ᠶᠡᠭᠡ ᠪᠠᠷ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠬᠢᠯᠡᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠯᠠᠭᠤ ᠺᠠᠳ᠋ᠷᠴᠤᠳ ᠢ ᠬᠥᠮᠥᠵᠢᠭᠦᠯᠬᠦ᠂ ᠬᠡᠷᠡᠭᠯᠡᠬᠦ᠂ ᠬᠠᠮᠢᠶᠠᠷᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠷᠭᠡᠨ ᠣᠯᠠᠨ ᠵᠠᠯᠠᠭᠤ ᠺᠠᠳ᠋ᠷ ᠤᠨ ︽ᠲᠠᠪᠤᠨ ᠤᠬᠠᠮᠰᠠᠷ︾᠎ ᠤᠨ ᠱᠠᠭᠠᠷᠳᠠᠯᠭ᠎ᠠ ᠶᠣᠰᠣᠭᠠᠷ ᠪᠡᠶ᠎ᠡ ᠪᠠᠨ ᠱᠠᠭᠠᠷᠳᠠᠵᠤ᠂ ᠦᠰᠦᠨ ᠪᠤᠶᠢᠵᠢᠵᠤ ᠴᠢᠳᠠᠪᠤᠷᠢᠲᠠᠨ ᠪᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠵᠠᠯᠠᠭᠤ ᠺᠠᠳ᠋ᠷᠴᠤᠳ ᠤᠨ ︽ᠦᠵᠡᠯ ᠰᠠᠨᠠᠭ᠎ᠠ ᠶᠢ ᠰᠤᠷᠤᠯᠴᠠᠬᠤ︾᠎ ᠶᠢ ᠬᠠᠮᠤᠭ ᠤᠨ ᠲᠡᠷᠢᠭᠦᠨ ᠤ ᠵᠠᠪᠠᠯ ᠰᠤᠷᠬᠤ ᠬᠢᠴᠢᠶᠡᠯ ᠪᠤᠯᠭᠠᠬᠤ ᠶᠢ ᠠᠬᠢᠭᠤᠯᠵᠤ᠂ ᠤᠨᠤᠯ ᠤᠨ ᠬᠡᠪ ᠪᠣᠯᠪᠠᠰᠤᠷᠠᠯ ᠢ ᠨᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠱᠠᠲᠤᠨ ᠤ ᠡᠮᠦᠨ᠎ᠡ ᠹᠷᠣᠨᠲ ᠢ ᠺᠠᠳ᠋ᠷ ᠢ ᠬᠥᠮᠥᠵᠢᠭᠦᠯᠦᠨ ᠪᠤᠯᠪᠠᠰᠤᠷᠠᠭᠤᠯᠬᠤ ᠰᠠᠭᠤᠷᠢ ᠵᠢᠭᠰᠠᠭᠠᠯ ᠤᠨ ᠭᠠᠵᠠᠷ ᠪᠤᠯᠭᠠᠵᠤ᠂ ᠵᠠᠯᠠᠭᠤ ᠺᠠᠳ᠋ᠷᠴᠤᠳ ᠢ ᠦᠢᠯᠡᠳᠦᠯᠭᠡ ᠶᠢᠨ ᠳᠤᠮᠳᠠ ᠳᠠᠪᠲᠠᠨ ᠪᠤᠯᠪᠠᠰᠤᠷᠠᠭᠤᠯᠵᠤ᠂ ᠡᠷᠳᠡᠮ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠭᠠᠮᠨᠠᠵᠤ ᠡᠷᠴᠢᠮᠵᠢᠭᠦᠯᠬᠦ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠭᠠᠮᠨᠠᠵᠤ ᠡᠷᠴᠢᠮᠵᠢᠭᠦᠯᠬᠦ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠦᠷ᠎ᠡ ᠳ᠋ᠦᠩ ᠤᠨ ᠤᠬᠠᠮᠰᠠᠷ ᠢᠶᠠᠨ ᠴᠢᠩᠭᠠᠳᠬᠠᠵᠤ᠂ ᠤᠷᠮᠠᠰᠢᠭᠤᠯᠤᠨ ᠬᠢᠵᠠᠭᠠᠷᠯᠠᠬᠤ ᠳᠦᠷᠢᠮ ᠢ ᠪᠦᠷᠢᠨᠰᠢᠭᠦᠯᠵᠦ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠡᠯ᠎ᠡ ᠲᠥᠷᠥᠯ ᠤᠨ ᠡᠬᠢ ᠪᠠᠶᠠᠯᠢᠭ ᠢ ᠠᠷᠪᠢᠯᠠᠨ ᠭᠠᠮᠨᠠᠵᠤ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠬᠤ ᠬᠡᠷᠡᠭᠲᠡᠢ᠃ ᠪᠦᠭᠦ ᠨᠡᠶᠢᠭᠡᠮ ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠭᠦ ᠠᠷᠠᠳ ᠤᠨ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠠᠵᠢᠯ ᠤᠨ ᠲᠣᠭᠲᠠᠴᠠ ᠪᠠᠨ ᠴᠢᠨᠠᠭᠰᠢᠳᠠ ᠰᠢᠯᠢᠳᠡᠭᠵᠢᠭᠦᠯᠵᠦ᠂ ᠳᠡᠭᠡᠳᠦ ᠳᠣᠣᠷᠠᠳᠤ ᠱᠠᠲᠤ ᠪᠠᠷ ᠢᠶᠠᠨ ᠨᠡᠪᠲᠡᠷᠡᠯᠴᠡᠭᠰᠡᠨ᠂ ᠵᠡᠭᠦᠨ ᠪᠠᠷᠠᠭᠤᠨ ᠲᠠᠯ᠎ᠠ ᠪᠠᠷ ᠢᠶᠠᠨ ᠵᠣᠬᠢᠴᠠᠯᠳᠤᠭᠰᠠᠨ ᠬᠢᠨᠠᠯᠲᠠ ᠲᠠᠯᠪᠢᠬᠤ ᠲᠣᠣᠷ ᠢ ᠲᠦᠷᠭᠡᠳᠬᠡᠨ ᠪᠠᠶᠢᠭᠤᠯᠵᠤ᠂ ᠮᠡᠳᠡᠭᠡ ᠵᠠᠩᠭᠢ ᠶᠢ ᠬᠤᠷᠠᠮᠳᠤᠭᠤᠯᠬᠤ ᠠᠷᠭ᠎ᠠ ᠵᠠᠮ ᠢ ᠰᠢᠯᠤᠭᠤᠳᠬᠠᠵᠤ᠂ ᠶᠡᠭᠡ ᠶᠠᠪᠤᠳᠠᠯ ᠴᠢᠬᠤᠯᠠ ᠶᠠᠪᠤᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠶᠢ ᠳᠤᠪᠤᠶᠢᠯᠭᠠᠵᠥ᠂ ᠬᠢᠨᠠᠯᠲᠠ ᠲᠠᠯᠪᠢᠭᠰᠠᠨ ᠦᠷ᠎ᠡ ᠳ᠋ᠦᠩ ᠢ ᠰᠠᠶᠢᠲᠤᠷ ᠬᠡᠷᠡᠭᠯᠡᠵᠦ᠂ ᠠᠰᠠᠭᠤᠳᠠᠯ ᠢ ᠡᠷᠲᠡᠬᠡᠨ ᠢᠯᠡᠷᠡᠭᠦᠯᠵᠦ᠂ ᠡᠷᠲᠡᠬᠡᠨ ᠰᠢᠢᠳᠪᠦᠷᠢᠯᠡᠬᠦ ᠶᠢ ᠠᠬᠢᠭᠤᠯᠵᠤ᠂ ᠠᠵᠢᠯ ᠤᠨ ᠳᠤᠮᠳᠠ ᠴᠥᠭᠡᠨ ᠪᠤᠷᠤᠭᠤ ᠭᠠᠷᠭᠠᠵᠤ᠂ ᠺᠠᠳ᠋ᠷ ᠳᠤᠲᠠᠭᠤ ᠠᠯᠳᠠᠭ᠎ᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号