ᠣᠶᠣᠨ ᠮᠡᠳᠡᠷᠡᠯ ᠤᠨ ᠬᠦᠨᠳᠦ ᠡᠪᠡᠳᠴᠢᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ
ᠨᠡᠶᠢᠲᠡᠯᠡᠭᠰᠡᠨ ᠴᠠᠭ᠄
2024/3/19
ᠰᠤᠷᠪᠤᠯᠵᠢᠯᠠᠭᠴᠢ ᠶᠢᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠣᠨ ᠮᠡᠳᠡᠷᠡᠯ ᠤᠨ ᠬᠦᠨᠳᠦ ᠡᠪᠡᠳᠴᠢᠨ ᠤ ᠳᠠᠭᠠᠳᠬᠠᠯ ᠳᠤ ᠣᠷᠣᠭᠰᠠᠳ ᠤᠨ ᠡᠪᠡᠳᠴᠢᠨ ᠦᠵᠡᠭᠦᠯᠵᠦ ᠡᠮ ᠵᠠᠯᠠᠬᠤ ᠵᠠᠷᠤᠳᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ ᠣᠶᠣᠨ ᠮᠡᠳᠡᠷᠡᠯ ᠤᠨ ᠬᠦᠨᠳᠦ ᠡᠪᠡᠳᠴᠢᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠣᠨᠴᠠᠭᠠᠶ ᠤᠵᠢᠭ ᠡᠪᠡᠳᠴᠢᠨ ᠤ ᠡᠪᠡᠳᠴᠢᠨ ᠤ ᠲᠥᠷᠥᠯ ᠤᠨ ᠬᠡᠪᠴᠢᠶᠡᠨ ᠳᠤ ᠣᠷᠣᠭᠤᠯᠪᠠ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠳᠠᠭᠠᠳᠬᠠᠯ ᠳᠤ ᠣᠷᠣᠭᠰᠠᠳ ᠡᠭᠦᠳᠡᠨ ᠡᠮᠨᠡᠯᠭᠡ ᠶᠢᠨ ᠣᠨᠴᠠᠭᠠᠶ ᠤᠵᠢᠭ ᠡᠪᠡᠳᠴᠢᠨ ᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠭᠠᠷᠭᠠᠪᠠᠯ᠂ ᠨᠢᠭᠡ ᠵᠢᠯ ᠤᠨ ᠳᠣᠲᠣᠷ᠎ᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠲᠥᠯᠥᠬᠦ ᠪᠠᠷᠢᠮᠵᠢᠶ᠎ᠠ ᠨᠢ 300 ᠲᠥᠭᠦᠷᠢᠭ ᠪᠣᠯᠣᠨ᠎ᠠ᠃ ᠣᠨ ᠤ ᠥᠭᠬᠦ ᠬᠢᠵᠠᠭᠠᠷ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠭᠰᠡᠨ ᠰᠠᠭᠤᠷᠢ ᠮᠥᠩᠭᠦ ᠪᠠ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠥᠯᠥᠬᠦ ᠬᠡᠪᠴᠢᠶᠡᠨ ᠳᠤ ᠨᠡᠶᠢᠯᠡᠭᠦᠯᠦᠨ ᠪᠤᠳᠤᠵᠤ᠂ ᠨᠢᠭᠡ ᠵᠢᠯ ᠤᠨ ᠳᠣᠲᠣᠷᠠᠬᠢ ᠬᠠᠮᠤᠭ ᠥᠨᠳᠥᠷ ᠲᠥᠯᠥᠬᠦ ᠬᠢᠵᠠᠭᠠᠷ ᠨᠢ 30.5 ᠲᠦᠮᠡᠨ ᠲᠥᠭᠦᠷᠢᠭ ᠪᠣᠯᠣᠨ᠎ᠠ᠃ ᠡᠬᠢᠯᠡᠵᠦ ᠲᠥᠯᠥᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠥᠨᠳᠥᠷ ᠬᠢᠵᠠᠭᠠᠷ ᠠᠴᠠ ᠳᠣᠷᠣᠭᠰᠢ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠤᠨ ᠲᠥᠯᠥᠬᠦ ᠬᠠᠷᠢᠴᠠᠯ ᠨᠢ 90% ᠪᠣᠯᠣᠨ᠎ᠠ᠃    ᠡᠭᠦᠨ ᠠᠴᠠ ᠭᠠᠳᠠᠨ᠎ᠠ᠂ ᠣᠶᠣᠨ ᠮᠡᠳᠡᠷᠡᠯ ᠤᠨ ᠬᠦᠨᠳᠦ ᠡᠪᠡᠳᠴᠢᠨ ᠤ ︵M02100︶ ᠣᠯᠭᠤᠮᠵᠢ ᠶᠢ ᠭᠤᠶᠤᠴᠢᠯᠠᠨ ᠮᠡᠳᠡᠭᠦᠯᠵᠦ ᠦᠨᠡᠮᠰᠢᠭᠦᠯᠬᠦ ᠪᠠ ᠡᠮᠴᠢᠯᠡᠬᠦ ᠲᠥᠰᠥᠯ ᠢ ᠬᠤᠪᠢᠷᠠᠭᠤᠯᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠭᠦᠢᠴᠡᠳᠬᠡᠨ᠎ᠡ᠃ ᠣᠶᠣᠨ ᠮᠡᠳᠡᠷᠡᠯ ᠤᠨ ᠬᠦᠨᠳᠦ ᠡᠪᠡᠳᠴᠢᠨ ᠲᠠᠢ ᠳᠠᠭᠠᠳᠬᠠᠯ ᠳᠤ ᠣᠷᠣᠭᠰᠠᠳ ᠪᠤᠶᠤ ᠲᠡᠭᠦᠨ ᠤ ᠣᠷᠣᠯᠠᠨ ᠭᠦᠢᠴᠡᠳᠭᠡᠭᠴᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠲᠤ ᠭᠤᠶᠤᠴᠢᠯᠠᠯ ᠢᠶᠠᠨ ᠳᠤᠷᠠᠳᠴᠤ ᠪᠣᠯᠣᠨ᠎ᠠ᠂ ᠮᠡᠳᠡᠭᠦᠯᠬᠦ ᠳᠤ ᠪᠠᠨ ᠣᠨᠣᠰᠢᠯᠠᠭᠰᠠᠨ ᠭᠡᠷᠡᠴᠢ ᠶᠢᠨ ᠡᠬᠡ ᠪᠢᠴᠢᠭ᠂ ᠮᠡᠳᠡᠭᠦᠯᠦᠭᠰᠡᠨ ᠡᠪᠡᠳᠴᠢᠨ ᠤ ᠲᠥᠷᠥᠯ ᠲᠠᠢ ᠬᠤᠯᠪᠣᠭᠳᠠᠭᠰᠠᠨ ᠡᠮᠨᠡᠯᠭᠡ ᠳᠤ ᠰᠠᠭᠤᠭᠰᠠᠨ ᠡᠪᠡᠳᠴᠢᠨ ᠤ ᠪᠦᠷᠢᠨ ᠲᠡᠦᠬᠡ᠂ ᠬᠦᠴᠦᠨ ᠪᠦᠬᠦᠢ ᠪᠡᠶ᠎ᠡ ᠶᠢᠨ ᠦᠨᠡᠮᠯᠡᠯ ᠬᠠᠩᠭᠠᠬᠤ ᠬᠡᠷᠡᠭᠲᠡᠢ᠃    ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
ᠢᠷᠡᠯᠲᠡ᠄ ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号