ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠡᠨᠡ ᠵᠢᠯ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠴᠠᠬᠢᠯᠭᠠᠨ | ᠴᠡᠨᠡᠭᠯᠡᠬᠦ ᠱᠣᠩ 3000᠂ ᠴᠠᠬᠢᠯᠭᠠᠨ ᠴᠡᠨᠡᠭᠯᠡᠬᠦ ᠲᠡᠷᠭᠡᠨ ᠵᠣᠭᠰᠣᠭᠠᠯ ᠢ 5000 ᠰᠢᠨ᠎ᠡ ᠪᠠᠷ ᠨᠡᠮᠡᠭᠳᠡᠭᠦᠯᠬᠦ ᠪᠠᠷ | ᠲᠥᠯᠥᠪᠯᠡᠵᠦ᠂ ᠦᠢᠯᠡᠴᠢᠯᠡᠭᠡᠨ ᠤ ᠲᠣᠭᠤᠷᠢᠭ ᠲᠤ ᠬᠡᠲᠦ ᠲᠦᠷᠭᠡᠨ ᠴᠡᠨᠡᠭᠯᠡᠬᠦ᠂ ᠴᠢᠳᠠᠯ ᠶᠡᠬᠡᠲᠡᠢ ᠴᠠᠬᠢᠯᠭᠠᠨ ᠴᠡᠨᠡᠭᠯᠡᠬᠦ | ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠳᠡᠳ᠋ ᠰᠠᠶᠢᠳ ᠸᠠᠩ | ᠭᠠᠩ 29 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠬᠢᠯᠡᠭᠰᠡᠨ | ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯᠲᠤ ᠬᠤᠷᠠᠯ ᠳᠡᠭᠡᠷ᠎ᠡ ᠲᠠᠨᠢᠯᠴᠠᠭᠤᠯᠪᠠ᠃ | | ᠸᠠᠩ ᠭᠠᠩ ᠬᠡᠯᠡᠬᠦ ᠳᠤ ᠪᠠᠨ᠂ ᠣᠶᠢᠷ᠎ᠠ ᠶᠢᠨ ᠵᠢᠯ ᠤᠳ ᠲᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠠᠰᠠᠮᠠᠯ ᠵᠠᠮ | ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ ᠪᠠᠶᠢᠨ᠎ᠠ᠃ 2023 ᠣᠨ ᠤ ᠡᠴᠦᠰ ᠪᠣᠯᠲᠠᠯ᠎ᠠ᠂ ᠨᠡᠶᠢᠲᠡ 2.1 ᠲᠦᠮᠡᠨ ᠴᠠᠬᠢᠯᠭᠠᠨ ᠴᠡᠨᠡᠭᠯᠡᠬᠦ | ᠱᠣᠩ ᠢ ᠪᠠᠶᠢᠭᠤᠯᠵᠤ᠂ ᠲᠦᠷᠭᠡᠨ ᠤ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ | ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ ᠭᠡᠵᠡᠢ᠃ | ᠰᠢᠨ᠎ᠡ ᠡᠨᠧᠷᠭᠢ ᠶᠢᠨ ᠮᠠᠰᠢᠨ ᠲᠡᠷᠭᠡ ᠪᠠᠷ ᠭᠠᠳᠠᠭᠰᠢ ᠭᠠᠷᠬᠤ ᠬᠦᠮᠦᠨ ᠤᠯᠠᠮ ᠠᠷᠪᠢᠳᠬᠤ ᠶᠢ ᠳᠠᠭᠠᠯᠳᠤᠨ᠂ ︽ | ᠲᠦᠷᠭᠡᠨ ᠤ ᠵᠠᠰᠠᠮᠠᠯ ᠵᠠᠮ ᠢᠶᠠᠷ ᠶᠠᠪᠤᠬᠤ ᠳᠤ ᠴᠠᠬᠢᠯᠭᠠᠨ ᠴᠡᠨᠡᠭᠯᠡᠬᠦ ᠳᠤ ᠬᠦᠴᠢᠷᠳᠡᠬᠦ︾ ᠨᠢ ᠮᠠᠰᠢ ᠣᠯᠠᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠡᠵᠡᠳ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠣᠯᠵᠠᠢ᠃ 2024 ᠣᠨ ᠤ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠪᠦᠬᠦ ᠤᠯᠤᠰ ᠤᠨ ᠲᠦᠷᠭᠡᠨ ᠤ ᠵᠠᠰᠠᠮᠠᠯ ᠵᠠᠮ ᠤᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠡᠳᠦᠷ ᠳᠤᠮᠳᠠᠴᠢ ᠶᠢᠨ ᠤᠷᠤᠰᠬᠠᠯ 593.92 ᠲᠦᠮᠡ ᠳᠤ ᠬᠦᠷᠴᠦ᠂ ᠡᠳᠦᠷ | ᠳᠤᠮᠳᠠᠴᠢ ᠶᠢᠨ ᠶᠡᠷᠦᠩᠬᠡᠢ ᠤᠷᠤᠰᠬᠠᠯ ᠤᠨ ᠬᠡᠮᠵᠢᠶᠡᠨ ᠤ 10.04% ᠶᠢ ᠡᠵᠡᠯᠡᠵᠦ᠂ 2023 ᠣᠨ ᠤ ᠠᠳᠠᠯᠢ | ᠬᠤᠭᠤᠴᠠᠭᠠᠨ ᠤ ᠬᠢ ᠠᠴᠠ ᠮᠡᠳᠡᠭᠳᠡᠮ᠎ᠡ ᠨᠡᠮᠡᠭᠳᠡᠵᠡᠢ᠃ | ᠸᠠᠩ ᠭᠠᠩ ᠢᠯᠡᠷᠬᠡᠶᠢᠯᠡᠬᠦ ᠳᠤ ᠪᠠᠨ᠂ ᠡᠨᠡ ᠵᠢᠯ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠡᠯ᠎ᠡ ᠭᠠᠵᠠᠷ ᠪᠠ | ᠬᠠᠮᠢᠶ᠎ᠠ ᠪᠦᠬᠦᠢ ᠠᠵᠤ ᠠᠬᠤᠶᠢᠯᠠᠯ ᠤᠳ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠨᠢ ᠦᠷᠭᠦᠯᠵᠢᠯᠡᠨ ᠵᠢᠯᠤᠭᠤᠳᠴᠤ᠂ | ᠪᠦᠲᠦᠭᠡᠨ ᠪᠠᠶᠢᠭᠤᠯᠤᠯᠲᠠ ᠪᠠᠨ ᠡᠷᠴᠢᠮᠵᠢᠭᠦᠯᠦᠨ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠪᠠᠶᠢᠷᠢᠯᠠᠭᠤᠯᠤᠯᠲᠠ ᠪᠠᠨ | ᠨᠢᠭᠤᠴᠠᠯᠠᠵᠤ᠂ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠤᠨ᠎ᠠ᠃ ᠡᠭᠦᠨ ᠤ ᠬᠠᠮᠲᠤ᠂ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠠᠬᠢ ᠠᠳᠠᠯᠢ ᠪᠤᠰᠤ | ᠭᠠᠵᠠᠷ ᠣᠷᠣᠨ᠂ ᠠᠳᠠᠯᠢ ᠪᠤᠰᠤ ᠴᠠᠭ ᠬᠤᠭᠤᠴᠠᠭᠠᠨ ᠳᠠᠬᠢ ᠲᠡᠷᠭᠡᠨ ᠤ ᠤᠷᠤᠰᠬᠠᠯ ᠤᠨ ᠣᠨᠴᠠᠯᠢᠭ ᠢ ᠦᠨᠳᠦᠰᠦᠯᠡᠨ᠂ ᠡᠯ᠎ᠡ | ᠭᠠᠵᠠᠷ ᠤᠨ ᠴᠢᠭᠯᠡᠯᠲᠡ ᠴᠢᠨᠠᠷᠲᠠᠢ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠬᠠᠩᠭᠠᠬᠤ ᠶᠢ ᠵᠢᠯᠣᠭᠤᠳᠤᠨ᠎ᠠ ᠭᠡᠵᠡᠢ | ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |