ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠬᠤᠷᠢᠶ᠎ᠠ ᠶᠢᠨ ᠬᠢᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠠᠵᠢᠯ ᠶᠠᠪᠤᠳᠠᠯ ᠬᠢᠵᠦ ᠦᠢᠯᠡᠰ ᠪᠣᠰᠬᠠᠬᠤ ᠡᠷᠴᠢ ᠵᠣᠷᠢᠭ ᠢᠶᠠᠨ ᠬᠦᠪᠴᠢᠯᠡᠪᠡ ᠪᠠᠢ ᠴᠢᠩ ᠶᠤᠸᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/3/19
3 ᠳ᠋ᠤᠭᠠᠷ ᠰᠠᠷ᠎ᠠ ᠶᠢᠨ 14 ᠤ ᠡᠳᠦᠷ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠬᠤᠷᠢᠶ᠎ᠠ ᠬᠤᠷᠠᠯ ᠬᠤᠷᠠᠯᠳᠤᠭᠤᠯᠵᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠬᠤᠷᠢᠶ᠎ᠠ ᠶᠢᠨ ᠡᠷᠬᠢᠯᠡᠭᠴᠢ ᠭᠡᠰᠢᠭᠦᠨ ᠪᠠᠢ ᠴᠢᠩ ᠶᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠪᠠᠢ ᠴᠢᠩ ᠶᠤᠸᠠᠨ ᠬᠡᠯᠡᠬᠦ ᠳᠤ ᠪᠠᠨ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠬᠠᠶᠢᠯᠠᠭᠰᠠᠨ ᠠᠵᠢᠯ ᠳᠤ ᠪᠠᠨ ᠨᠠᠶᠢᠳᠠᠪᠤᠷᠢᠵᠢᠭᠤᠯᠵᠤ᠂ ᠲᠠᠶᠢᠸᠠᠨ ᠤ ᠠᠵᠢᠯ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠵᠡᠷᠭᠡ ᠬᠦᠷᠢᠶᠡᠨ ᠳᠤ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠦᠷᠦ ᠶᠢᠨ ᠶᠠᠪᠤᠳᠠᠯ ᠳᠤ ᠣᠷᠣᠯᠴᠠᠬᠤ ᠨᠠᠮ ᠤᠨ ᠡᠭᠦᠷᠭᠡ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠦᠯᠦᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号