ᠥᠪᠥᠷ ᠮᠣᠩᠭᠤᠯ ︽ᠬᠤᠵᠢᠷᠯᠢᠭ ᠭᠠᠵᠠᠷ ᠤᠨ ᠶᠡᠷᠦᠩᠬᠡᠶᠢᠯᠡᠭᠰᠡᠨ ᠠᠰᠢᠭᠯᠠᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/3/19
 ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠬᠤᠵᠢᠷᠯᠢᠭ ᠭᠠᠵᠠᠷ ᠤᠨ ᠶᠡᠷᠦᠩᠬᠡᠶᠢᠯᠡᠭᠰᠡᠨ ᠠᠰᠢᠭᠯᠠᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠪᠠ᠃    ︽ᠬᠡᠷᠡᠭᠵᠢᠭᠦᠯᠬᠦ ᠲᠥᠰᠥᠯ︾ ᠨᠢ ᠮᠠᠨ ᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠢᠯᠠᠩᠭᠤᠶ᠎ᠠ ᠤᠰᠤᠨ ᠤ ᠡᠬᠢ ᠪᠠᠶᠠᠯᠢᠭ ᠤᠨ ᠨᠥᠬᠦᠴᠡᠯ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠢ ᠨᠠᠶᠢᠳᠠᠪᠤᠷᠢᠵᠢᠭᠤᠯᠤᠨ ᠠᠬᠢᠭᠤᠯᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠣᠷᠭᠠᠨᠢᠭ ᠢᠶᠠᠷ ᠬᠤᠯᠪᠣᠭᠳᠠᠭᠤᠯᠵᠤ᠂ ᠨᠢᠭᠲᠠ ᠤᠶᠠᠯᠳᠤᠭᠤᠯᠤᠨ᠂ ᠭᠤᠣᠯ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠳᠤᠷᠠᠳᠴᠤ᠂ ᠭᠤᠣᠯᠳᠠᠯᠭ᠎ᠠ ᠲᠠᠢ ᠡᠭᠦᠷᠭᠡ ᠨᠦᠭᠦᠳ ᠢ ᠪᠥᠬᠦᠨ ᠢ ᠪᠠᠭᠲᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠬᠤᠵᠢᠷᠯᠢᠭ ᠭᠠᠵᠠᠷ ᠤᠨ ᠶᠡᠷᠦᠩᠬᠡᠶᠢᠯᠡᠭᠰᠡᠨ ᠠᠰᠢᠭᠯᠠᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠭᠡᠵᠡᠢ᠃    ︽ᠬᠡᠷᠡᠭᠵᠢᠭᠦᠯᠬᠦ ᠲᠥᠰᠥᠯ︾ ᠳᠤ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ︽ᠲᠠᠪᠤᠨ ᠶᠡᠭᠡ ᠡᠭᠦᠷᠭᠡ︾ ᠶᠢ ᠠᠬᠢᠭᠤᠯᠬᠤ ᠦᠨᠳᠦᠷᠴᠡ ᠠᠴᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠠᠰᠠᠭᠤᠳᠠᠯ ᠢ ᠵᠠᠳᠠᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠠᠯᠠᠮᠵᠢ ᠭᠡᠬᠦ ︽ᠵᠠᠩᠭᠢᠯᠠᠭ᠎ᠠ︾ ᠶᠢ ᠠᠳᠬᠤᠨ᠂ ᠦᠷ᠎ᠡ ᠡᠳ᠋ ᠤᠨ ᠡᠬᠢ ᠪᠠᠶᠠᠯᠢᠭ᠂ ᠲᠠᠷᠢᠶᠠᠨ ᠭᠠᠵᠠᠷ ᠢ ᠬᠠᠮᠠᠭᠠᠯᠠᠬᠤ ᠪᠠ ᠤᠰᠤ ᠶᠢ ᠵᠠᠰᠠᠬᠤ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠦᠷ᠎ᠡ ᠡᠭᠦᠯᠳᠡᠷ ᠶᠢ ᠰᠠᠶᠢᠵᠢᠷᠠᠭᠤᠯᠬᠤ ᠶᠢ ᠵᠣᠬᠢᠴᠠᠯᠳᠤᠭᠤᠯᠤᠨ ᠠᠬᠢᠭᠤᠯᠵᠤ᠂ ᠡᠯ᠎ᠡ ᠲᠥᠷᠥᠯ ᠤᠨ ᠲᠠᠷᠢᠶᠠᠯᠠᠩ᠂ ᠤᠰᠤᠨ ᠠᠰᠢᠭᠯᠠᠯᠲᠠ᠂ ᠠᠮᠢ ᠠᠬᠤᠢ ᠶᠢᠨ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ ᠬᠠᠮᠵᠢᠯᠴᠠᠭᠤᠯᠵᠤ᠂ ᠭᠤᠷᠪᠠᠨ ᠶᠡᠭᠡ ᠬᠡᠰᠡᠭ ᠣᠷᠣᠨ ᠤ ᠪᠠᠶᠢᠳᠠᠯ ᠳᠤ ᠲᠣᠬᠢᠷᠠᠭᠤᠯᠤᠨ ᠪᠣᠳᠠᠲᠠᠢ ᠠᠷᠭ᠎ᠠ ᠬᠡᠮᠵᠢᠶ᠎ᠡ ᠲᠣᠭᠲᠠᠭᠠᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ ᠭᠡᠵᠡᠢ᠃    ᠠᠵᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ᠂ ︽ᠬᠡᠷᠡᠭᠵᠢᠭᠦᠯᠬᠦ ᠲᠥᠰᠥᠯ︾ ᠨᠢ ︽ᠡᠮᠬᠢ ᠵᠢᠷᠤᠮ ᠲᠠᠢ︾ ᠪᠠᠶᠢᠬᠤ ᠶᠢ ᠴᠢᠩᠭᠠᠳᠬᠠᠬᠤ ᠶᠢᠨ ᠬᠠᠮᠲᠤ ︽ᠬᠦᠴᠦᠲᠡᠢ︾ ᠪᠠ ︽ᠪᠦᠲᠦᠮᠵᠢᠲᠡᠶ︾ ᠶᠢ ᠤᠯᠠᠮ ᠨᠢᠭᠡ ᠠᠯᠬᠤᠮ ᠳᠣᠪᠤᠶᠢᠯᠭᠠᠵᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠵᠢᠯ ᠤᠨ ᠰᠠᠭᠤᠷᠢ ᠳᠤ ᠰᠠᠭᠤᠷᠢᠯᠠᠨ᠂ ᠡᠬᠢᠯᠡᠯᠲᠡ ᠶᠢᠨ ᠵᠢᠯ ᠳᠤ ᠡᠬᠢᠯᠡᠯᠲᠡ ᠶᠢᠨ ᠬᠠᠨᠳᠤᠰᠢ ᠲᠠᠢ ᠪᠠᠶᠢᠬᠤ ᠶᠢ ᠪᠠᠷᠢᠮᠲᠠᠯᠠᠵᠤ᠂ ᠡᠭᠦᠷᠭᠡ ᠶᠢ ᠨᠠᠩ ᠲᠥᠪᠯᠡᠷᠡᠭᠦᠯᠦᠨ᠂ ᠠᠷᠭ᠎ᠠ ᠬᠡᠮᠵᠢᠶ᠎ᠡ ᠶᠢ ᠨᠠᠩ ᠣᠨᠣᠪᠴᠢᠲᠠᠶ᠂ ᠬᠠᠷᠠᠯᠲᠠ ᠶᠢ ᠨᠠᠩ ᠪᠣᠳᠠᠲᠠᠢ ᠪᠣᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠢ ᠬᠡᠷᠡᠭᠵᠢᠭᠦᠯᠬᠦ ᠶᠠᠪᠤᠴᠠ ᠳᠤ ᠪᠠᠨ ᠠᠵᠢᠯᠯᠠᠵᠤ ᠪᠣᠯᠬᠤ᠂ ᠪᠤᠲᠠᠲᠠᠶᠢᠵᠢᠭᠤᠯᠵᠤ ᠳᠡᠶᠢᠯᠬᠦ ᠪᠠ ᠨᠢᠭᠡᠳᠦᠭᠡᠷ ᠵᠢᠯ ᠳᠤ ᠳᠠᠷᠤᠢ ᠪᠣᠳᠠᠲᠤ ᠦᠷ᠎ᠡ ᠪᠦᠲᠦᠮᠵᠢ ᠣᠯᠵᠤ᠂ ᠦᠷ᠎ᠡ ᠪᠦᠲᠦᠮᠵᠢ ᠲᠠᠢ ᠪᠣᠯᠭᠠᠬᠤ ᠪᠠᠷ ᠴᠢᠷᠮᠠᠶᠢᠨ᠎ᠠ ᠭᠡᠵᠡᠢ᠃    
 
ᠢᠷᠡᠯᠲᠡ᠄ ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号