2024 ᠣᠨ ᠤ ︽ᠤᠮᠠᠷᠠᠲᠤ ᠶᠢᠨ ᠭᠤᠷᠪᠠᠨ ᠤᠷᠤᠨ︾᠎ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠪᠠᠷ ᠪᠤᠢ
ᠨᠡᠶᠢᠲᠡᠯᠡᠭᠰᠡᠨ ᠴᠠᠭ᠄
2024/3/20
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ  ᠰᠢᠭᠤᠶ  ᠪᠠ  ᠨᠤᠲᠤᠭ  ᠪᠡᠯᠴᠢᠭᠡᠷ ᠤᠨ  ᠲᠣᠪᠴᠢᠶ᠎ᠠ 2024 ᠣᠨ ᠤ ︽ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠤᠨ ᠪᠣᠭᠤᠮᠲᠠ  ᠰᠢᠪᠲᠤᠯᠬᠤ  ᠳᠠᠶᠢᠯᠠᠯᠳᠤᠭᠠᠨ  ᠪᠠ‌ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ  ᠬᠦᠴᠦᠨ  ᠴᠠᠬᠢᠯᠭᠠᠨ ᠭᠡᠷᠡᠯ ᠢ  ᠨᠢᠭᠡ  ᠴᠣᠭᠴᠠᠵᠢᠭᠤᠯᠬᠤ  ᠢᠨᠵᠧᠨᠧᠷᠢᠩ ᠤᠨ  ᠡᠳ᠋  ᠪᠠᠷᠠᠭ᠎ᠠ ᠶᠢᠨ  ᠪᠠᠲᠤᠯᠠᠭ᠎ᠠ ᠶᠢᠨ  ᠠᠵᠢᠯ ᠢ  ᠰᠠᠶᠢᠲᠤᠷ  ᠬᠢᠵᠦ᠂ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ  ᠬᠤᠭᠤᠴᠠᠭᠠᠨ ᠤ  ᠳᠣᠯᠣᠳᠤᠭᠠᠷ  ᠬᠤᠷᠠᠯ ᠡᠴᠠ‌‍ᠲ᠋ᠤᠷᠠᠳᠤᠭᠰᠠᠨ ︽ᠲᠥᠷᠥ ᠶᠢᠨ  ᠪᠣᠳᠣᠯᠭ᠎ᠠ ᠶᠢ  ᠨᠠᠶᠢᠳᠠᠪᠤᠷᠢᠵᠢᠭᠤᠯᠬᠤ  ᠢᠨᠵᠧᠨᠧᠷᠢᠩ︾᠎ ᠢ  ᠪᠥᠬᠦ  ᠲᠠᠯ᠎ᠠ ᠪᠠᠷ  ᠲᠤᠤᠱᠯᠠᠭᠤᠯᠤᠨ‌ᠨᠠᠶᠢᠳᠠᠪᠤᠷᠢᠵᠢᠭᠤᠯᠵᠤ᠂ ᠮᠠᠨ ᠤ ᠣᠷᠣᠨ ᠤ ᠡᠪᠡᠰᠦᠨ ᠤ ᠠᠵᠤ ᠦᠢᠯᠡᠰ ᠢ ᠤᠯᠠᠮ ᠴᠢᠨᠠᠭᠰᠢᠳᠠ  ᠬᠦᠭᠵᠢᠬᠦᠯᠬᠦ ᠶᠢᠨ  ᠲᠦᠯᠦᠭᠡ᠂3 ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ  ᠬᠢᠭᠡᠳ9 ᠠᠶᠢᠮᠠᠭ ᠬᠤᠲᠠ ᠶᠢᠨ ᠣᠶ ᠰᠢᠭᠤᠶ ᠪᠠ  ᠨᠤᠲᠤᠭ  ᠪᠡᠯᠴᠢᠭᠡᠷ ᠤᠨ  ᠲᠣᠪᠴᠢᠶ᠎ᠠ᠂  2024  ᠣᠨ ᠤ  ᠡᠪᠡᠰᠦᠨ  ᠦᠷ᠎ᠡ‌ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠭᠤᠶᠤᠴᠢᠯᠠᠨ  ᠭᠥᠷᠳᠡᠭᠰᠡᠨ36 ᠠᠵᠤ ᠠᠬᠤᠶᠢᠯᠠᠯ ︽2024  ᠣᠨ ᠤ  ᠡᠪᠡᠰᠦᠨ  ᠦᠷ᠎ᠡ  ᠦᠷᠡᠵᠢᠭᠦᠯᠦᠨ  ᠪᠤᠶᠢᠵᠢᠭᠤᠯᠬᠤ  ᠰᠠᠭᠤᠷᠢᠨ  ᠭᠠᠵᠠᠷ ‍ᠤᠨ‌ᠨᠥ᠋ᠬᠦᠪᠥᠷᠢ ᠶᠢᠨ   ᠲᠥᠷᠥ ᠶᠢᠨ   ᠪᠣᠳᠣᠯᠭ᠎ᠠ ᠶᠢ   ᠨᠠᠶᠢᠳᠠᠪᠤᠷᠢᠵᠢᠭᠤᠯᠵᠤ   ᠡᠪᠡᠰᠦᠨ   ᠦᠷ᠎ᠡ   ᠬᠠᠩᠭᠠᠬᠤ ᠶᠢ   ᠪᠠᠲᠤᠯᠠᠬᠤ‌ᠬᠠᠷᠢᠭᠤᠴᠠᠯᠭ᠎ᠠ ᠶᠢᠨ ᠪᠢᠴᠢᠭ︾ ᠲᠣᠭᠲᠠᠪᠠ᠂ ᠨᠡᠶᠢᠲᠡ ᠡᠪᠡᠰᠦᠨ  ᠦᠷ᠎ᠡ  ᠦᠷᠡᠵᠢᠭᠦᠯᠦᠨ  ᠪᠤᠶᠢᠵᠢᠭᠤᠯᠬᠤ  ᠰᠠᠭᠤᠷᠢᠨ  ᠭᠠᠵᠠᠷ22.7 ᠲᠦᠮᠡᠨ ᠮᠦ ᠪᠠ 300 ᠲᠦᠮᠡᠨ ᠺᠢᠯᠣᠭ᠍ᠷᠠᠮ ᠤᠨ ᠡᠯ᠎ᠡ  ᠲᠥᠷᠥᠯ ᠤᠨ  ᠰᠠᠶᠢᠨ  ᠡᠭᠦᠯᠳᠡᠷ ᠤᠨ  ᠦᠢᠯᠡᠳᠪᠦᠷᠢᠯᠡᠯ ᠳ᠋ᠤ᠋‌ᠬᠤᠯᠪᠣᠭᠳᠠᠨ᠎ᠠ᠃             ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠪᠠᠷ ᠳᠠᠮᠵᠢᠭᠤᠯᠤᠨ᠂ ᠬᠠᠷᠢᠭᠤᠴᠠᠯᠭ᠎ᠠ ᠶᠢᠨ  ᠪᠢᠴᠢᠭ ᠢ‌‍ᠲ᠋ᠤᠭᠲᠠᠬᠤ ᠪᠠᠷ ᠳᠠᠮᠵᠢᠨ᠂ ᠭᠤᠷᠪᠠᠨ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ  ᠬᠥᠬᠡ  ᠲᠠᠯ᠎ᠠ  ︵ᠠᠶᠢᠮᠠᠭ‌ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ︶᠂ ᠤᠯᠠᠭᠠᠨ ᠲᠠᠯ᠎ᠠ ︵ᠥᠪᠡᠷᠲᠡᠭᠡᠨ ᠵᠠᠰᠠᠬᠤ ᠣᠷᠣᠨ ᠤ ᠣᠶ‌‍ᠰᠢᠭᠤᠶ  ᠪᠠ  ᠨᠤᠲᠤᠭ  ᠪᠡᠯᠴᠢᠭᠡᠷ ᠤᠨ  ᠲᠣᠪᠴᠢᠶ᠎ᠠ︶᠎ ᠨᠤᠭᠤᠳ  ᠬᠠᠮᠵᠢᠯᠴᠠᠵᠤ᠂  ᠬᠥᠬᠡᠭᠴᠢᠨ  ᠲᠠᠯ᠎ᠠ  ︵ᠡᠪᠡᠰᠦᠨ   ᠦᠷ᠎ᠡ‌ᠦᠢᠯᠡᠳᠪᠦᠷᠢᠯᠡᠬᠦ ᠠᠵᠤ ᠠᠬᠤᠶᠢᠯᠠᠯ︶᠎ ᠶᠢ  ᠪᠠᠷᠢᠮᠵᠢᠶ᠎ᠠ ᠳᠤ  ᠬᠦᠷᠦᠭᠦᠯᠦᠭᠰᠡᠨ ᠤ  ᠳᠠᠷᠠᠭ᠎ᠠ᠂  ᠠᠵᠤ  ᠠᠬᠤᠶᠢᠯᠠᠯ ᠢ  ᠬᠠᠪᠰᠤᠷᠤᠨ‌ᠡᠪᠡᠰᠦᠨ  ᠦᠷ᠎ᠡ  ᠦᠷᠡᠵᠢᠭᠦᠯᠦᠨ  ᠪᠤᠶᠢᠵᠢᠭᠤᠯᠬᠤ  ᠰᠠᠭᠤᠷᠢᠨ  ᠭᠠᠵᠠᠷ ᠤᠨ  ᠨᠥᠬᠦᠪᠥᠷᠢ ᠶᠢᠨ  ᠲᠥᠷᠥ ᠶᠢᠨ  ᠪᠣᠳᠣᠯᠭ᠎ᠠ ᠵᠢ‌‍ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠨᠥᠬᠦᠪᠥᠷᠢ ᠪᠡᠯᠡ ᠮᠥᠩᠭᠦ ᠶᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ᠡᠪᠡᠰᠦᠨ ᠦᠷ᠎ᠡ ᠶᠢᠨ ᠠᠵᠤ ᠠᠬᠤᠶᠢᠯᠠᠯ ᠢ ᠰᠢᠯᠢᠳᠡᠭ ᠰᠠᠶᠢᠨ ᠠᠵᠤ ᠦᠢᠯᠡᠰ ᠤᠨ ᠣᠷᠴᠢᠨ ᠳᠤ  ᠬᠥᠭᠵᠢᠯᠲᠡ ᠶᠢ  ᠡᠷᠢᠯᠬᠢᠯᠡᠨ᠂ᠰᠢᠨ᠎ᠡ ᠵᠠᠮ ᠨᠡᠭᠡᠭᠡᠵᠦ᠂ ᠰᠢᠨ᠎ᠡ  ᠭᠠᠪᠢᠶ᠎ᠠ  ᠪᠠᠶᠢᠭᠤᠯᠵᠤ᠂  ᠲᠥᠷᠥ ᠶᠢᠨ  ᠪᠣᠳᠣᠯᠭ᠎ᠠ ᠶᠢᠨ  ᠴᠡᠪᠡᠷ  ᠠᠰᠢᠭ ᠢ  ᠦᠨᠡᠨᠬᠦ  ᠠᠵᠤ‌ᠦᠢᠯᠡᠰ ᠤᠨ  ᠬᠥᠭᠵᠢᠯᠲᠡ ᠶᠢᠨ  ᠬᠥᠳᠡᠯᠭᠡᠬᠦ  ᠬᠦᠴᠦᠨ  ᠪᠣᠯᠭᠠᠨ  ᠬᠤᠪᠢᠷᠠᠭᠤᠯᠵᠤ᠂  ᠲᠥᠷᠥ ᠶᠢᠨ  ᠪᠣᠳᠣᠯᠭ᠎ᠠ ᠶᠢ  ᠦᠨᠡᠨᠬᠦ‌‍ᠪᠤᠳᠠᠳᠠᠶᠢᠵᠢᠭᠤᠯᠤᠨ᠎ᠠ᠃             ᠭᠡᠷ᠎ᠡ ᠲᠣᠭᠲᠠᠬᠤ ᠶᠠᠪᠤᠴᠠ ᠳᠤ᠂ ᠥᠪᠡᠷᠲᠡᠭᠡᠨ ᠵᠠᠰᠠᠬᠤ  ᠣᠷᠣᠨ ᠤ  ᠣᠶ  ᠰᠢᠭᠤᠶ  ᠪᠠ  ᠨᠤᠲᠤᠭ  ᠪᠡᠯᠴᠢᠭᠡᠷ ‍ᠤᠨ‌‍ᠲ᠋ᠣᠪᠴᠢᠶ᠎ᠠ ᠶᠢᠨ  ᠳᠡᠳ᠋  ᠲᠤᠪᠴᠢᠶᠠᠨ  ᠳᠠᠷᠤᠭ᠎ᠠ  ᠴᠧᠨ  ᠶᠦᠩ  ᠴᠢᠤᠸᠠᠨ  ᠠᠵᠤ  ᠠᠬᠤᠶᠢᠯᠠᠯ ᠤᠨ  ᠲᠥᠯᠥᠭᠡᠯᠡᠭᠴᠢᠳ ᠲᠤ᠋‌ᠣᠳᠣᠬᠠᠨ ᠤ ᠮᠠᠨ ᠤ ᠣᠷᠣᠨ ᠤ ᠡᠪᠡᠰᠦᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠪᠠ ᠠᠮᠢ  ᠠᠬᠤᠶ ᠵᠢᠨ‌ᠦᠢᠯᠡᠳᠪᠦᠷᠢᠯᠡᠯ ᠳᠤ ᠬᠡᠷᠡᠭᠯᠡᠬᠦ ᠦᠷ᠎ᠡ ᠶᠢᠨ ᠪᠠᠲᠤᠯᠠᠭ᠎ᠠ ᠶᠢᠨ  ᠰᠢᠨ᠎ᠡ  ᠪᠠᠶᠢᠳᠠᠯ ᠢ  ᠲᠠᠨᠢᠯᠴᠠᠭᠤᠯᠪᠠ᠃  ᠥᠪᠡᠷᠲᠡᠭᠡᠨ  ᠵᠠᠰᠠᠬᠤ‌ᠣᠷᠣᠨ ᠤ ᠲᠥᠷᠥ ᠶᠢᠨ  ᠪᠣᠳᠣᠯᠭ᠎ᠠ ᠶᠢᠨ  ᠳᠡᠮᠵᠢᠯᠭᠡ ᠶᠢᠨ  ᠡᠷᠴᠢᠮ ᠢᠶᠠᠨ  ᠲᠠᠰᠤᠷᠠᠯᠲᠠ  ᠦᠭᠡᠶ  ᠴᠢᠩᠭᠠᠷᠠᠭᠤᠯᠵᠤ᠂  ᠬᠦᠴᠢᠷ‌ᠠᠰᠠᠭᠤᠳᠠᠯ ᠢ ᠰᠢᠢᠳᠪᠦᠷᠢᠯᠡᠬᠦ᠂ ᠳᠤᠲᠠᠭᠤᠳᠠᠯ ᠢ ᠨᠥᠬᠦᠪᠥᠷᠢᠯᠡᠬᠦ᠂ ᠳᠠᠪᠠᠭᠤᠯᠢᠭ ᠢᠶᠠᠨ  ᠪᠠᠳᠠᠷᠠᠭᠤᠯᠬᠤ᠂  ᠠᠶᠤᠯ  ᠲᠦᠭᠰᠢᠭᠦᠷᠢ ᠵᠢ‌ᠡᠵᠡᠮᠳᠡᠬᠦ᠂ ᠨᠢᠭᠡ ᠪᠦᠯᠦᠭ ᠭᠤᠤᠯᠳᠠᠯᠭ᠎ᠠ ᠲᠠᠢ ᠡᠭᠦᠯᠳᠡᠷ ᠢ ᠪᠤᠶᠢᠵᠢᠭᠤᠯᠤᠨ᠂ ᠨᠢᠭᠡ ᠪᠦᠯᠦᠭ ᠴᠢᠨᠠᠷ ᠰᠠᠶᠢᠲᠠᠶ ᠡᠪᠡᠰᠦᠨ ᠦᠷ᠎ᠡ ᠵᠢ‌ᠦᠷᠡᠵᠢᠭᠦᠯᠦᠨ ᠪᠤᠶᠢᠵᠢᠭᠤᠯᠬᠤ  ᠰᠠᠭᠤᠷᠢᠨ  ᠭᠠᠵᠠᠷ ᠢ  ᠪᠦᠲᠦᠭᠡᠨ  ᠪᠠᠶᠢᠭᠤᠯᠵᠤ᠂  ᠨᠢᠭᠡ  ᠪᠦᠯᠦᠭ  ᠲᠣᠯᠣᠭᠠᠶᠢᠯᠠᠭᠴᠢ  ᠠᠵᠤ‌ᠠᠬᠤᠶᠢᠯᠠᠯ ᠢ ᠪᠤᠶ ᠪᠣᠯᠭᠠᠵᠤ᠂ ᠲᠡᠷᠡᠴᠢᠯᠡᠨ 2024 ᠣᠨ ᠳᠤ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠤᠢ ᠰᠢᠭᠤᠢ‌ᠨᠤᠲᠤᠭ ᠪᠡᠯᠴᠢᠭᠡᠷ ᠤᠨ  ᠰᠠᠯᠠᠭ᠎ᠠ  ᠮᠥᠴᠢᠷ  ᠪᠣᠯᠤᠨ  ᠠᠵᠤ  ᠠᠬᠤᠶᠢᠯᠠᠯᠲᠠᠳ  ᠬᠠᠮᠵᠢᠯᠴᠠᠵᠤ᠂  ︽ᠤᠮᠠᠷᠠᠲᠤ ᠶᠢᠨ  ᠭᠤᠷᠪᠠᠨ‌ᠣᠷᠣᠨ︾᠎ ᠢ ᠰᠠᠶᠢᠲᠤᠷ ᠪᠦᠲᠦᠭᠡᠨ ᠪᠠᠶᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ  ᠲᠥᠪᠯᠡᠷᠡᠭᠦᠯᠦᠨ  ᠬᠥᠭᠵᠢᠯᠲᠡ ᠵᠢ‌ᠡᠷᠢᠯᠬᠢᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ ᠰᠢᠨ᠎ᠡ ᠪᠠᠶᠢᠳᠠᠯ ᠢ ᠨᠡᠭᠡᠭᠡᠵᠦ᠂ ︽ᠤᠮᠠᠷᠠᠲᠤ ᠶᠢᠨ ᠭᠤᠷᠪᠠᠨ ᠣᠷᠣᠨ︾ ‍ᠤ‌ᠢᠨᠵᠧᠨᠧᠷᠢᠩ ᠤᠨ ᠪᠣᠭᠤᠮᠲᠠ  ᠰᠢᠪᠲᠤᠯᠬᠤ  ᠳᠠᠶᠢᠯᠠᠯᠳᠤᠭᠠᠨ ᠤ  ᠢᠯᠠᠯᠲᠠ ᠶᠢ  ᠤᠯᠬᠤ᠂  ᠥᠪᠡᠷᠲᠡᠭᠡᠨ  ᠵᠠᠰᠠᠬᠤ  ᠣᠷᠣᠨ ‍ᠤ‌ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠢ ᠨᠢᠭᠡ ᠴᠤᠬᠴᠠᠵᠢᠭᠤᠯᠬᠤ ᠢᠨᠵᠧᠨᠧᠷᠢᠩ ᠢ ᠰᠠᠶᠢᠲᠤᠷ‌‍ᠬᠡᠷᠡᠭᠵᠢᠭᠦᠯᠬᠦ ᠶᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃                 
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ‍ᠤᠨ‌‍ᠲ᠋ᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号