ᠬᠡᠦᠬᠡᠳ ᠨᠢ ᠡᠵᠢ ᠶᠢᠨ ᠢᠶᠠᠨ ᠭᠠᠷ ᠤᠲᠠᠰᠤ ᠪᠠᠷ ᠨᠠᠭᠠᠳᠤᠭᠠᠳ 17 ᠲᠦᠮᠡ ᠭᠠᠷᠤᠢ ᠲᠥᠭᠦᠷᠢᠭ ᠮᠡᠬᠡᠯᠡᠭᠳᠡᠪᠡ
ᠨᠡᠶᠢᠲᠡᠯᠡᠭᠰᠡᠨ ᠴᠠᠭ᠄
2024/3/20
      ᠣᠶᠢᠷ᠎ᠠ ᠳᠤ᠂ ᠰᠥᠨᠢᠳ ᠪᠠᠷᠠᠭᠤᠨ  ᠬᠤᠰᠢᠭᠤᠨ ᠤ  ᠳᠣᠲᠣᠭᠠᠳᠤ ᠶᠢ  ᠬᠠᠮᠠᠭᠠᠯᠠᠬᠤ  ᠲᠣᠪᠴᠢᠶ᠎ᠠ ᠶᠢᠨ  ᠡᠷᠡᠭᠦᠦ ᠵᠢᠨ‌‍ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠴᠠᠬᠢᠯᠭᠠᠨ  ᠬᠤᠯᠪᠣᠭ᠎ᠠ  ᠰᠦᠯᠵᠢᠶ᠎ᠡ ᠪᠠᠷ  ᠮᠡᠬᠡᠯᠡᠭᠰᠡᠨ  ᠪᠠᠰᠠ  ᠨᠢᠭᠡᠨ  ᠬᠡᠷᠡᠭ ᠢ‌ᠠᠮᠵᠢᠯᠲᠠᠲᠠᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠨᠢᠭᠡᠨ ᠰᠡᠵᠢᠭᠲᠡᠨ ᠢ ᠪᠠᠷᠢᠪᠴᠢᠯᠠᠪᠠ᠃               2024 ᠣᠨ ᠤ 1 ᠰᠠᠷ᠎ᠠ ᠶᠢᠨ 19᠎ ᠤ ᠡᠳᠦᠷ᠂ ᠨᠠᠰᠤᠨ ᠳᠤ ᠬᠦᠷᠦᠭᠡ ᠦᠭᠡᠢ ᠎ ᠶᠢᠨ ᠣᠪᠣᠭᠲᠤ ︵ᠪᠦᠬᠦᠯᠢ  10ᠨᠠᠰᠤ︶ ᠭᠠᠷ ᠤᠲᠠᠰᠤ ᠪᠠᠷ ᠨᠠᠭᠠᠳᠴᠤ ᠪᠠᠶᠢᠬᠤ ᠳᠤ ᠎ ᠪᠠᠨ ᠮᠡᠬᠡᠯᠡᠭᠴᠢ ᠶᠢᠨ ᠲᠣᠭᠯᠠᠭᠠᠮ ᠤᠨ  ᠵᠣᠭᠤᠰ  ᠬᠦᠷᠭᠡᠬᠦ  ᠥᠭᠶᠦᠭᠡ ᠳ᠋ᠦ‌ᠬᠠᠭᠤᠷᠲᠠᠭᠳᠠᠵᠤ᠂ ᠎ ᠶᠢᠨ ᠣᠪᠣᠭᠲᠤ ᠶᠢ ᠮᠡᠬᠡᠯᠡᠵᠦ ᠪᠠᠶᠢᠭᠠᠳ ᠡᠵᠢ ᠶᠢᠨ ᠎ ᠬᠢᠨ ᠭᠠᠷ ᠤᠲᠠᠰᠤᠨ ᠳᠣᠲᠣᠷᠠᠬᠢ  ᠮᠡᠳᠡᠭᠡ  ᠵᠠᠩᠭᠢ ᠵᠢ‌‍ᠸᠢᠳᠢᠤ᠋ ᠶᠢᠨ ᠬᠡᠯᠪᠡᠷᠢ ᠪᠠᠷ ᠢᠯᠡᠭᠡᠭᠦᠯᠵᠦ᠂ ᠎ ᠶᠢᠨ ᠣᠪᠣᠭᠲᠤ ᠶᠢᠨ ᠡᠵᠢ ᠶᠢᠨ ᠭᠠᠷ ᠤᠲᠠᠰᠤᠨ  ᠳᠡᠭᠡᠷᠡᠬᠢ  17  ᠲᠦᠮᠡ  ᠭᠠᠷᠤᠢ‌‍ᠲ᠋ᠥ᠋ᠭᠦᠷᠢᠭ ᠢ ᠮᠡᠬᠡᠯᠡᠵᠡᠢ᠃             ᠬᠡᠷᠡᠭ ᠤᠨ  ᠮᠡᠳᠡᠭᠦᠯᠦᠯᠲᠡ ᠶᠢ  ᠣᠯᠣᠭᠰᠠᠨ ᠤ  ᠳᠠᠷᠠᠭ᠎ᠠ᠂  ᠰᠥᠨᠢᠳ  ᠪᠠᠷᠠᠭᠤᠨ  ᠬᠤᠰᠢᠭᠤᠨ ᠤ  ᠳᠣᠲᠣᠭᠠᠳᠤ ᠵᠢ‌ᠬᠠᠮᠠᠭᠠᠯᠠᠬᠤ ᠲᠣᠪᠴᠢᠶ᠎ᠠ ᠳᠡᠭᠡᠳᠦ  ᠬᠡᠮᠵᠢᠶ᠎ᠡ ᠪᠠᠷ  ᠴᠢᠬᠤᠯᠠᠴᠢᠯᠠᠨ  ᠦᠵᠡᠵᠦ᠂  ᠲᠡᠷᠡ  ᠳᠠᠷᠤᠢ  ᠎ ᠳᠤᠨᠢ  ᠲᠤᠰᠬᠠᠢ  ᠬᠡᠷᠡᠭ ‍ᠦᠨ‌‍ᠲ᠋ᠤᠭᠤᠶᠢᠯᠠᠩ ᠪᠠᠶᠢᠭᠤᠯᠵᠤ᠂ ᠬᠡᠷᠡᠭ ᠢ ᠲᠠᠩᠨᠠᠨ ᠢᠯᠡᠷᠡᠭᠦᠯᠬᠦ ᠠᠵᠢᠯ ᠢ  ᠪᠥᠬᠦ  ᠬᠦᠴᠦᠨ ᠢᠶᠠᠷ ᠢᠶᠠᠨ  ᠥᠷᠨᠢᠭᠦᠯᠪᠡ᠃  ᠲᠤᠰᠬᠠᠢ‌‍ᠬᠡᠷᠡᠭ ᠤᠨ ᠠᠷᠠᠳ ᠤᠨ ᠴᠠᠭᠳᠠᠭ᠎ᠠ ᠶᠠᠯ᠎ᠠ ᠬᠢᠭᠰᠡᠨ ᠰᠡᠵᠢᠭᠲᠡᠨ ᠾᠧ ᠣᠪᠣᠭᠲᠤ ᠎ ᠶᠢ ᠭᠦᠨᠵᠡᠭᠡᠢ  ᠰᠤᠳᠤᠯᠤᠨ  ᠮᠠᠭᠠᠳᠯᠠᠬᠤ  ᠪᠠ‌ᠨᠠᠷᠢᠨ ᠨᠢᠮᠪᠠᠢ ᠲᠠᠩᠨᠠᠨ ᠪᠠᠶᠢᠴᠠᠭᠠᠬᠤ ᠪᠠᠷ ᠳᠠᠮᠵᠢᠭᠤᠯᠤᠨ ᠲᠡᠭᠦᠨ ᠤ ᠬᠤᠪᠧᠢ ᠮᠤᠵᠢ ᠎ ᠶᠢᠨ ᠬᠤᠸᠠᠩᠱᠢ ᠬᠤᠲᠠ ᠳᠠᠬᠢ ᠠᠵᠢᠯᠯᠠᠭ᠎ᠠ‌‍ᠶᠢᠨ ᠵᠠᠮ ᠎ ᠢ ᠣᠯᠵᠤ ᠮᠡᠳᠡᠭᠡᠳ ᠲᠡᠷᠡ ᠳᠠᠷᠤᠢ ᠎ ᠳᠤᠨᠢ ᠬᠤᠪᠧᠢ ᠮᠤᠵᠢ ᠎ ᠶᠢᠨ ᠬᠤᠸᠠᠩᠱᠢ ᠬᠤᠲᠠ ᠳᠤ ᠬᠦᠷᠴᠦ ᠪᠠᠶᠢᠴᠠᠭᠠᠨ ᠭᠡᠷᠡᠴᠢ‌ᠠᠪᠬᠤ  ᠠᠵᠢᠯ  ᠎ ᠢ  ᠬᠢᠭᠰᠡᠨ  ᠪᠠᠶᠢᠨ᠎ᠠ᠃  2024  ᠣᠨ ᠤ  2  ᠰᠠᠷ᠎ᠠ ᠶᠢᠨ  23᠎ ᠤ  ᠡᠳᠦᠷ᠂  ᠲᠤᠰᠬᠠᠢ  ᠬᠡᠷᠡᠭ ‍ᠦᠨ‌‍ᠲ᠋ᠤᠭᠤᠶᠢᠯᠠᠩ ᠤᠨ ᠡᠮᠦᠨᠡᠬᠢ  ᠬᠤᠭᠤᠴᠠᠭᠠᠨ ᠤ  ᠶᠡᠭᠡ  ᠬᠡᠮᠵᠢᠶᠡᠨ ᠤ  ᠪᠠᠶᠢᠴᠠᠭᠠᠯᠲᠠ  ᠬᠢᠵᠦ  ᠭᠡᠷᠡᠴᠢ  ᠴᠤᠭᠯᠠᠭᠤᠯᠪᠠ᠂  ᠶᠡᠭᠡ‌‍ᠬᠡᠮᠵᠢᠶᠡᠨ ᠤ ᠭᠡᠷᠡᠴᠢ ᠪᠠᠷᠢᠮᠲᠠ ᠶᠢᠨ ᠡᠮᠦᠨ᠎ᠡ᠂ ᠶᠠᠯ᠎ᠠ ᠬᠢᠭᠰᠡᠨ ᠰᠡᠵᠢᠭᠲᠡᠨ ᠾᠧ ᠣᠪᠣᠭᠲᠤ ᠳᠠᠷᠤᠯᠲᠠ ᠠᠴᠠ  ᠪᠣᠯᠵᠤ  ᠰᠥᠨᠢᠳ‌‍ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠶᠠᠯ᠎ᠠ ᠪᠠᠨ ᠮᠡᠳᠡᠷᠡᠵᠦ ᠪᠡᠶ᠎ᠡ ᠪᠠᠨ ᠲᠤᠰᠢᠶᠠᠵᠠᠢ᠃ᠰᠢᠭᠦᠨ  ᠠᠰᠠᠭᠤᠬᠤ ᠪᠠᠷ  ᠳᠠᠮᠵᠢᠭᠠᠳ᠂  ᠶᠠᠯ᠎ᠠ  ᠬᠢᠭᠰᠡᠨ  ᠰᠡᠵᠢᠭᠲᠡᠨ  ᠾᠧ  ᠣᠪᠣᠭᠲᠤ  ᠥᠪᠡᠷ ᠤᠨ  ᠬᠢᠭᠰᠡᠨ   ᠶᠠᠯᠠᠲᠤ‌ᠠᠵᠢᠯᠯᠠᠭ᠎ᠠ ᠪᠠᠨ ᠥᠴᠢᠭᠯᠡᠨ ᠮᠡᠳᠡᠷᠡᠵᠡᠢ᠃             ᠣᠳᠣᠬᠠᠨ ᠳᠤ᠂ ᠶᠠᠯ᠎ᠠ ᠬᠢᠭᠰᠡᠨ ᠰᠡᠵᠢᠭᠲᠡᠨ ᠾᠧ ᠣᠪᠣᠭᠲᠤ ᠶᠢ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠵᠢ‌ᠬᠠᠮᠠᠭᠠᠯᠠᠬᠤ ᠲᠣᠪᠴᠢᠶ᠎ᠠ ᠨᠢᠭᠡᠨᠲᠡ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ  ᠲᠦᠷ  ᠬᠤᠷᠢᠵᠤ᠂  ᠬᠡᠷᠡᠭ ᠢ  ᠤᠯᠠᠮ  ᠨᠢᠭᠡ‌ᠠᠯᠬᠤᠮ ᠳᠡᠩᠨᠡᠨ ᠪᠠᠶᠢᠴᠠᠭᠠᠵᠤ ᠪᠣᠶ᠃      ᠠᠷᠠᠳ ᠤᠨ ᠰᠦᠯᠵᠢᠶ᠎ᠡ     
 
ᠢᠷᠡᠯᠲᠡ᠄ ᠠᠷᠠᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号