ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 3 ᠰᠠᠷ᠎ᠠ ᠶᠢᠨ 14 ᠤ ᠡᠳᠦᠷ ᠤᠨ ᠮᠡᠳᠡᠭᠡ | ︵ᠰᠤᠷᠪᠤᠯᠵᠢᠯᠠᠭᠴᠢ ᠯᠢᠰᠢᠶᠣᠤ ᠴᠢᠩ︶ ᠰᠤᠷᠪᠤᠯᠵᠢᠯᠠᠭᠴᠢ 14 ᠤ ᠡᠳᠦᠷ ᠤᠯᠤᠰ ᠤᠨ ᠤᠰᠤᠨ ᠤ ᠠᠮᠤᠷ | ᠲᠦᠪᠰᠢᠨ ᠤ ᠪᠠᠲᠤᠯᠠᠭ᠎ᠠ ᠶᠢᠨ ᠠᠬᠢᠯᠲᠠ ᠶᠢᠨ ᠦᠷ᠎ᠡ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠄ ᠪᠥᠬᠦ ᠤᠯᠤᠰ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠤᠰᠤ ᠬᠠᠩᠭᠠᠬᠤ ᠴᠢᠳᠠᠪᠤᠷᠢ | 9000 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠳᠠᠪᠠᠵᠤ᠂ ︽ᠡᠮᠦᠨᠡᠲᠦ ᠤᠮᠠᠷᠠᠲᠤ ᠶᠢᠨ ᠬᠢ ᠶᠢ | ᠲᠤᠬᠢᠷᠠᠭᠤᠯᠬᠤ᠂ ᠵᠡᠭᠦᠨᠰᠢ ᠪᠠᠷᠠᠭᠤᠨᠰᠢ ᠬᠠᠷᠢᠯᠴᠠᠨ ᠲᠤᠰᠠᠯᠠᠬᠤ︾ ᠤᠰᠤᠨ ᠤ ᠡᠬᠢ ᠪᠠᠶᠠᠯᠢᠭ ᠢ ᠲᠣᠬᠢᠷᠠᠭᠤᠯᠬᠤ | ᠪᠠᠶᠢᠷᠢᠰᠢᠯ ᠠᠩᠬ᠎ᠠ ᠠᠯᠬᠤᠮ ᠪᠦᠷᠢᠯᠳᠦᠪᠡ᠃ | ᠭᠤᠣᠯᠳᠠᠯᠭ᠎ᠠ ᠲᠠᠢ ᠬᠦᠷᠢᠶᠡᠨ ᠤ ᠤᠰᠤ ᠠᠷᠪᠢᠯᠠᠬᠤ ᠠᠵᠢᠯ ᠪᠣᠳᠠᠲᠤ ᠦᠷ᠎ᠡ ᠪᠦᠲᠦᠮᠵᠢ ᠣᠯᠪᠠ᠃ 2023 | ᠣᠨ ᠳ᠋ᠤ᠋ᠪᠥ᠋ᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠡᠷᠡᠭᠯᠡᠬᠦ ᠤᠰᠤ ᠶᠢᠨ | ᠳᠠᠪᠲᠠᠨ ᠠᠰᠢᠭᠯᠠᠬᠤᠨᠣᠷᠮᠠ ᠶᠢ 93% ᠠᠴᠠ ᠲᠠᠪᠠᠭᠤᠯᠵᠤ᠂ ᠬᠤᠲᠠ ᠶᠢᠨ ᠣᠯᠠᠨ ᠨᠡᠶᠢᠲᠡ ᠶᠢᠨ ᠤᠰᠤ | ᠬᠠᠩᠭᠠᠬᠤ ᠬᠤᠭᠤᠯᠠᠶ ᠶᠢᠨ ᠲᠤᠤᠷ ᠤᠨᠭᠤᠭᠤᠵᠢᠵᠤ ᠬᠤᠬᠢᠷᠠᠬᠤ ᠨᠣᠷᠮ᠎ᠠ ᠶᠢ 10% ᠠᠴᠠ ᠲᠤᠷᠤᠬᠰᠢ | ᠪᠤᠯᠭᠠᠨ ᠪᠠᠭᠤᠷᠠᠭᠤᠯᠪᠠ᠃ ᠬᠡᠪ ᠤᠨ ᠪᠤᠰᠤ ᠤᠰᠤᠨ ᠤᠠᠰᠢᠭᠯᠠᠯᠲᠠ ᠶᠢᠨ ᠬᠡᠮᠵᠢᠶ᠎ᠡ 210 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ 10 ᠵᠢᠯ ᠤᠨ ᠡᠮᠦᠨᠡᠬᠢᠠᠰᠢᠭᠯᠠᠯᠲᠠ ᠶᠢᠨ ᠬᠡᠮᠵᠢᠶᠡᠨ ᠤ 3.5 | ᠳᠠᠬᠢᠨ ᠪᠣᠯᠪᠠ᠃ | ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠪᠠ᠃ 2014 | ᠣᠨ ᠡᠴᠠᠨᠠᠭᠠᠰᠢ᠂ ᠰᠢᠨ᠎ᠡ ᠪᠠᠷ ᠨᠡᠮᠡᠭᠳᠡᠭᠦᠯᠵᠦ ᠦᠭᠡᠷᠡᠴᠢᠯᠡᠨ ᠰᠠᠶᠢᠵᠢᠷᠠᠭᠤᠯᠤᠬᠰᠠᠨ ᠤᠰᠤᠯᠠᠯᠲᠠ ᠶᠢᠨ | ᠲᠠᠯᠠᠪᠠᠶ ᠪᠠᠷᠤᠭ 3.6ᠳ᠋ᠦᠩᠰᠢᠭᠤᠷ ᠮᠥ ᠳᠤ ᠬᠦᠷᠴᠦ᠂ ᠰᠢᠨ᠎ᠡ ᠪᠠᠷ ᠨᠡᠮᠡᠭᠳᠡᠭᠦᠯᠦᠭᠰᠡᠨ ᠥᠨᠳᠥᠷ ᠪᠦᠲᠦᠮᠵᠢᠲᠡᠶ | ᠤᠰᠤ ᠠᠷᠪᠢᠯᠠᠬᠤ ᠤᠰᠤᠯᠠᠯᠲᠠ ᠵᠢᠨᠲ᠋ᠠᠯᠠᠪᠠᠶ ᠪᠠᠷᠤᠭ 1.5 ᠳ᠋ᠦᠩᠰᠢᠭᠤᠷ ᠮᠥ ᠳᠤ ᠬᠦᠷᠴᠦ᠂ ᠲᠠᠷᠢᠶᠠᠨ | ᠭᠠᠵᠠᠷ ᠤᠨ ᠤᠰᠤᠯᠠᠯᠲᠠ ᠶᠢᠨ ᠨᠣᠷᠮ᠎ᠠ 55% ᠳ᠋ᠤ᠋ᠬᠦ᠋ᠷᠴᠡᠶ︔ ᠪᠦᠬᠦ ᠤᠯᠤᠰ ᠤᠨ ᠲᠠᠷᠢᠶᠠᠨ ᠭᠠᠵᠠᠷ ᠤᠨ | ᠤᠰᠤᠯᠠᠯᠲᠠ ᠶᠢᠨ ᠲᠠᠯᠠᠪᠠᠶ 9.68 ᠳ᠋ᠦᠩᠰᠢᠭᠤᠷ ᠮᠦ ᠠᠴᠠ ᠪᠠᠨᠨᠡᠮᠡᠭᠳᠡᠭᠡᠳ 10.55 ᠳ᠋ᠦᠩᠰᠢᠭᠤᠷ ᠮᠦ ᠳᠤ | ᠬᠦᠷᠴᠡᠶ᠃ ᠲᠠᠷᠠᠭᠠᠴᠢ ᠶᠢᠨ ᠠᠯᠬᠤᠮ ᠳᠤ᠂ ᠨᠢᠭᠡ ᠪᠦᠯᠦᠭ ᠤᠰᠤ ᠠᠷᠪᠢᠯᠠᠬᠤᠬᠡᠯᠪᠡᠷᠢ ᠶᠢᠨ᠂ ᠠᠮᠢ ᠠᠬᠤᠶ ᠶᠢᠨ | ᠬᠡᠯᠪᠡᠷᠢ ᠶᠢᠨ ᠤᠰᠤᠯᠠᠯᠲᠠ ᠶᠢᠨ ᠣᠷᠣᠨ ᠢ ᠲᠥᠰᠦᠪᠯᠡᠨ ᠪᠠᠶᠢᠭᠤᠯᠵᠤ ᠥᠭᠡᠷᠡᠴᠢᠯᠡᠨᠪᠠᠶᠢᠭᠤᠯᠤᠨᠠ᠃ | ᠬᠥᠳᠡᠭᠡ ᠲᠣᠰᠬᠤᠨ ᠤ ᠤᠰᠤ ᠬᠠᠩᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ | ᠬᠥᠳᠡᠭᠡᠲ᠋ᠣᠰᠬᠤᠨ ᠤ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ ᠨᠣᠷᠮ᠎ᠠ ᠶᠢ 90% ᠳᠤ ᠬᠦᠷᠭᠡᠪᠡ᠃ ᠡᠨᠡ | ᠵᠢᠯ ᠤᠨ ᠡᠴᠦᠰᠪᠣᠯᠬᠤ ᠳᠤ᠂ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ | ᠨᠣᠷᠮ᠎ᠠ ᠶᠢ 92% ᠪᠣᠯᠲᠠᠯᠠᠲ᠋ᠡᠭᠡᠭᠰᠢᠯᠡᠭᠦᠯᠵᠦ᠂ ᠬᠡᠪᠴᠢᠶᠡᠵᠢᠭᠦᠯᠦᠭᠰᠡᠨ ᠤᠰᠤ ᠬᠠᠩᠭᠠᠬᠤ ᠢᠨᠵᠧᠨᠧᠷᠢᠩ ᠤᠨ | ᠬᠥᠳᠡᠭᠡ ᠲᠣᠰᠬᠤᠨ ᠤ ᠬᠥᠮᠦᠨ ᠠᠮᠠ ᠵᠢᠬᠠᠮᠤᠷᠬᠤ ᠬᠠᠷᠢᠴᠠᠯ ᠢ 63% ᠪᠣᠯᠲᠠᠯ᠎ᠠ ᠳᠡᠭᠡᠭᠰᠢᠯᠡᠭᠦᠯᠬᠦ ᠪᠠᠷ | ᠲᠥᠯᠥᠪᠯᠡᠵᠦ ᠪᠠᠶᠢᠨ᠎ᠠ᠃ | ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠪᠠ᠃ ᠭᠤᠣᠯ ᠮᠥᠷᠡᠨ | ᠨᠠᠭᠤᠷᠴᠥ᠋ᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠶᠢ ᠲᠦᠯᠬᠢᠨ ᠠᠬᠢᠭᠤᠯᠵᠤ᠂ | 133 ᠲᠦᠮᠡᠨᠺᠢᠯᠣᠮᠧᠲᠷ ᠤᠨ ᠭᠤᠣᠯ ᠮᠥᠷᠡᠨ᠂ 2057 ᠨᠠᠭᠤᠷ ᠴᠥᠭᠦᠷᠥᠮ ᠤᠨ ᠬᠠᠮᠢᠶᠠᠷᠤᠨ ᠡᠵᠡᠮᠳᠡᠬᠦ ᠵᠠᠭᠠᠭ ᠢ | ᠵᠠᠭᠠᠭᠯᠠᠨ ᠲᠣᠭᠲᠠᠭᠠᠪᠠ᠃ᠳᠣᠯᠣᠭᠠᠨ ᠶᠡᠭᠡ ᠰᠠᠪᠠ ᠭᠠᠵᠠᠷ ᠤᠨ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ | ᠡᠷᠭᠢ ᠶᠢᠨ ᠱᠤᠭᠤᠮ ᠢ ᠬᠠᠮᠠᠭᠠᠯᠠᠬᠤ ᠪᠠᠠᠰᠢᠭᠯᠠᠬᠤ ᠲᠥᠯᠥᠪᠵᠢᠭᠦᠯᠭᠡ ᠶᠢ ᠪᠦᠬᠦᠨ ᠢ ᠴᠤᠬᠤᠯᠠᠪᠤᠷᠢᠯᠠᠨ | ᠬᠡᠷᠡᠭᠵᠢᠭᠦᠯᠪᠡ᠃ 7280 ᠭᠤᠤᠯ ᠮᠥᠷᠡᠨ ᠨᠠᠭᠤᠷᠴᠥ᠋ᠭᠦᠷᠥᠮ ᠤᠨ ᠡᠷᠡᠭᠦᠯ ᠮᠡᠨᠳᠦ ᠶᠢᠨ ᠦᠨᠡᠯᠡᠯᠲᠡ ᠶᠢ | ᠪᠡᠶᠡᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠳᠠᠷᠠᠭᠠᠯᠠᠨ ᠡᠷᠡᠭᠦᠯᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ | ︽ᠨᠢᠭᠡ ᠭᠤᠤᠯ ᠳᠤ ᠨᠢᠭᠡ ᠠᠷᠭ᠎ᠠ ᠪᠣᠳᠣᠯᠭ᠎ᠠ ᠠᠪᠬᠤ︾ ᠲᠥᠰᠦᠯ ᠢ 7 ᠲᠦᠮᠡᠭᠠᠷᠤᠶ ᠨᠠᠶᠢᠷᠠᠭᠤᠯᠤᠨ ᠵᠣᠬᠢᠶᠠᠵᠤ | ᠬᠡᠷᠡᠭᠵᠢᠭᠦᠯᠪᠡ᠃ | ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ ᠡᠯ᠎ᠡ ᠭᠠᠵᠠᠷ ᠢ ᠵᠣᠬᠢᠶᠠᠨ ᠪᠠᠶᠢᠭᠤᠯᠵᠤ | ᠬᠥᠳᠡᠭᠡᠲ᠋ᠣᠰᠬᠤᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠲᠤᠭᠤᠷᠪᠢᠨ᠎ᠠ︔ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠪᠡᠯᠡ ᠲᠤᠬᠢᠷᠠᠭᠤᠯᠭ᠎ᠠ ᠶᠢᠨ | ᠥᠭᠡᠷᠡᠴᠢᠯᠡᠯᠲᠡ ᠶᠢ ᠭᠦᠨᠵᠡᠭᠡᠢ ᠲᠦᠯᠬᠢᠨᠠᠬᠢᠭᠤᠯᠵᠤ᠂ ᠤᠰᠤᠨ ᠤ ᠦᠨ᠎ᠡ᠂ ᠤᠰᠤ ᠬᠡᠷᠡᠭᠯᠡᠬᠦ ᠡᠷᠬᠡ ᠶᠢ | ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ᠂ ᠤᠰᠤᠨᠠᠰᠢᠭᠯᠠᠯᠲᠠ ᠶᠢᠨ ᠪᠠᠷᠢᠯᠭ᠎ᠠ ᠶᠢᠨ ᠬᠠᠮᠢᠶᠠᠷᠤᠯᠲᠠ ᠶᠢᠨ | ᠪᠠᠶᠢᠭᠤᠯᠤᠯ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠬᠠᠮᠵᠢᠯᠴᠠᠵᠤᠪᠠᠶᠢᠭᠠᠳ ᠲᠦᠯᠬᠢᠨ ᠠᠬᠢᠭᠤᠯᠤᠨ᠎ᠠ︔ ᠭᠠᠵᠠᠷ | ᠳᠤᠤᠷᠠᠬᠢ ᠤᠰᠤ ᠶᠢ ᠬᠡᠲᠦᠷᠡᠲᠡᠯ᠎ᠡ ᠬᠡᠷᠡᠭᠯᠡᠬᠦ ᠶᠢ ᠵᠠᠰᠠᠬᠤ ᠪᠠ ᠬᠠᠮᠢᠶᠠᠷᠴᠤᠬᠠᠮᠠᠭᠠᠯᠠᠬᠤ ᠣᠷᠳᠣ | ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠪᠠᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | | |