ᠬᠠᠨᠳᠠᠨ ᠬᠤᠲᠠ ᠶᠢᠨ ᠹᠸᠢ ᠰᠢᠶᠠᠩ ᠲᠣᠭᠤᠷᠢᠭ ᠤᠨ ᠬᠢᠨ ᠠᠩᠬ᠎ᠠ ᠳᠤᠮᠳᠠᠳᠤ ᠶᠢᠨ  ᠰᠤᠷᠤᠭᠴᠢ  ᠬᠦᠨᠦᠭᠡᠭᠲᠡᠭᠰᠡᠨ  ᠬᠡᠷᠡᠭ ᠎ ᠤᠨ ᠲᠤᠬᠠᠢ ᠵᠠᠷᠯᠠᠯ ᠨᠡᠶᠢᠲᠡᠯᠡᠪᠡ
ᠨᠡᠶᠢᠲᠡᠯᠡᠭᠰᠡᠨ ᠴᠠᠭ᠄
2024/3/20
      ᠬᠠᠨᠳᠠᠨ ᠬᠤᠲᠠ ᠶᠢᠨ ᠹᠸᠢ ᠰᠢᠶᠠᠩ ᠲᠣᠭᠤᠷᠢᠭ ᠤᠨ  ᠨᠠᠮ ᠤᠨ  ᠬᠤᠷᠢᠶᠠᠨ ᠤ  ᠤᠬᠠᠭᠤᠯᠬᠤ  ᠬᠡᠯᠲᠡᠰ ᠤᠨ  ᠠᠯᠪᠠᠨ‌‍ᠲ᠋ᠠᠯ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ︽ᠹᠸᠢ ᠰᠢᠶᠠᠩ ᠎ ᠤᠨ ᠪᠢᠴᠢᠯ ᠬᠠᠷᠠᠭ᠎ᠠ︾ ᠎ ᠳᠤ 17᠎ ᠤ ᠣᠷᠣᠶ ᠵᠠᠷᠯᠠᠯ ᠨᠡᠶᠢᠲᠡᠯᠡᠵᠦ‌‍ᠬᠡᠯᠡᠬᠦ ᠎ ᠳᠡᠭᠡᠨ᠄ 2024 ᠣᠨ ᠤ 3 ᠰᠠᠷ᠎ᠠ ᠶᠢᠨ 10᠎ ᠤ ᠡᠳᠦᠷ᠂  ᠬᠠᠨᠳᠠᠨ  ᠬᠤᠲᠠ ᠶᠢᠨ  ᠹᠸᠢ  ᠰᠢᠶᠠᠩ  ᠲᠣᠭᠤᠷᠢᠭ ‍ᠤᠨ‌ᠠᠩᠬ᠎ᠠ ᠳᠤᠮᠳᠠᠳᠤ ᠶᠢᠨ ᠨᠢᠭᠡᠳᠦᠭᠡᠷ ᠣᠨ ᠤ ᠰᠣᠷᠣᠭᠴᠢ ᠸᠠᠩ ᠣᠪᠣᠭᠲᠤ ᠬᠦᠨᠦᠭᠡᠭᠲᠡᠪᠡ᠃ ᠬᠡᠷᠡᠭ ᠭᠠᠷᠤᠭᠰᠠᠨ ᠤ ᠳᠠᠷᠠᠭ᠎ᠠ ᠹᠸᠢ‌‍ᠰᠢᠶᠠᠩ ᠲᠣᠭᠤᠷᠢᠭ ᠎ ᠤᠨ ᠎ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ  ᠦᠵᠡᠵᠦ᠂  ᠳᠣᠲᠣᠭᠠᠳᠤ ᠶᠢ  ᠬᠠᠮᠠᠭᠠᠯᠠᠬᠤ  ᠪᠠᠶᠢᠭᠤᠯᠭ᠎ᠠ‌‍ᠲ᠋ᠡᠷᠡ  ᠳᠠᠷᠤᠶ ᠳᠤᠨᠢ  ᠳᠡᠩᠨᠡᠨ  ᠪᠠᠶᠢᠴᠠᠭᠠᠬᠤ  ᠠᠵᠢᠯ  ᠦᠷᠨᠢᠬᠦᠯᠪᠡ᠃        3  ᠰᠠᠷ᠎ᠠ ᠶᠢᠨ 11᠎ ᠤ ᠡᠳᠦᠷ᠂   ᠬᠡᠷᠡᠭ ᠲᠤ᠋‌ᠬᠤᠯᠪᠣᠭᠳᠠᠭᠰᠠᠨ ᠶᠠᠯ᠎ᠠ ᠬᠢᠭᠰᠡᠨ ᠰᠡᠵᠢᠭᠳᠡᠨ ᠢ ᠪᠦᠬᠦᠨ ᠢ ᠪᠠᠷᠢᠪᠴᠢᠯᠠᠵᠤ᠂ ᠣᠳᠣ  ᠨᠢᠭᠡᠨᠲᠡ  ᠬᠠᠤᠯᠢ  ᠶᠣᠰᠣᠭᠠᠷ  ᠡᠷᠡᠭᠦᠦ ᠵᠢᠨ‌‍ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠬᠠᠤᠯᠢ ᠪᠠᠷᠢᠬᠤ ᠪᠠᠶᠢᠭᠤᠯᠭ᠎ᠠ ᠎ ᠨᠢ ᠶᠠᠯᠠᠲᠤ  ᠠᠵᠢᠯᠯᠠᠭ᠎ᠠ ᠵᠢ‌ᠬᠠᠤᠯᠢ ᠶᠣᠰᠣᠭᠠᠷ ᠵᠠᠯᠬᠠᠭᠠᠨ ᠰᠢᠢᠳᠭᠡᠬᠦ ᠪᠤᠯᠤᠨ᠎ᠠ᠃ ᠬᠡᠷᠡᠭ ᠭᠠᠷᠤᠬᠰᠠᠨ ᠠᠴᠠ ᠨᠠᠭᠠᠰᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ‌ᠨᠢ ᠬᠦᠨᠦᠭᠡᠭᠲᠡᠭᠴᠢ ᠎ ᠶᠢᠨ ᠭᠡᠷ ᠪᠦᠯᠢ ᠶᠢᠨ ᠬᠢᠨ ᠢ ᠪᠤᠯᠭᠤᠭᠠᠨ ᠲᠣᠬᠤᠨᠢᠭᠤᠯᠬᠤ  ᠪᠠ  ᠬᠤᠶᠢᠲᠤᠬᠢ  ᠶᠠᠪᠤᠳᠠᠯ ᠢ  ᠰᠢᠢᠳᠪᠦᠷᠢᠯᠡᠬᠦ‌ᠠᠵᠢᠯ ᠢ ᠪᠦᠬᠦ ᠬᠦᠴᠦ ᠎ ᠪᠠᠷ ᠢᠶᠠᠨ ᠰᠠᠶᠢᠲᠤᠷ ᠬᠢᠵᠦ᠂ ᠡᠯ᠎ᠡ ᠲᠠᠯ᠎ᠠ ᠶᠢᠨ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃           ᠲᠤᠰ ᠬᠡᠷᠡᠭ ᠎ ᠲᠤ ᠨᠠᠰᠤᠨ ᠳᠤ ᠦᠯᠦ ᠬᠦᠷᠦᠭᠰᠡᠳ ᠬᠤᠯᠪᠣᠭᠳᠠᠪᠠ᠂ ᠬᠦᠨᠦᠭᠡᠭᠲᠡᠭᠴᠢ ᠎ ᠶᠢᠨ ᠬᠤᠪᠢ ᠶᠢᠨ ᠨᠢᠭᠤᠴᠠ ᠵᠢ‌ᠬᠠᠮᠠᠭᠠᠯᠠᠬᠤ ᠶᠢᠨ ᠲᠥᠯᠥᠭᠡ᠂ ᠣᠯᠠᠨ ᠢᠶᠠᠷ ᠢᠶᠠᠨ ᠴᠤᠤᠷᠬᠠᠯ ᠢ ᠢᠲᠡᠭᠡᠬᠦ ᠦᠭᠡᠶ᠂  ᠴᠤᠤᠷᠬᠠᠯ  ᠲᠠᠷᠬᠠᠭᠠᠬᠤ  ᠦᠭᠡᠶ  ᠪᠠᠶᠢᠵᠤ᠂ᠲᠡᠭᠦᠨ ᠤ ᠭᠡᠷ ᠪᠦᠯᠢ ᠎ ᠶᠢᠨ ᠎ ᠬᠢᠨ ᠎ ᠤ ᠰᠡᠳᠬᠢᠯ ᠰᠠᠨᠠᠭ᠎ᠠ ᠎ ᠶᠢ ᠴᠢᠨᠠᠬᠰᠢᠳᠠ ᠰᠡᠪᠳᠦᠭᠡᠬᠦ ᠦᠭᠡᠢ ᠪᠠᠶᠢᠬᠤ ᠎ ᠶᠢ ᠬᠢᠴᠢᠶᠡᠭᠡᠷᠡᠢ ᠬᠡᠪᠡ      
 
ᠢᠷᠡᠯᠲᠡ᠄ ᠠᠷᠠᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号