ᠰᠦᠯᠵᠢᠶᠡᠨ ᠤ ᠵᠠᠮᠪᠠᠷᠠᠭ᠎ᠠ ᠦᠭᠡᠢ ᠦᠵᠡᠭᠳᠡᠯ ᠢ ᠴᠡᠭᠴᠡᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2024/3/20
   2024 ᠣᠨ ᠳᠤ ᠰᠦᠯᠵᠢᠶᠡᠨ  ᠳᠡᠭᠡᠷ᠎ᠡ ᠣᠷᠤᠰᠢᠵᠤ ᠪᠠᠶᠢᠭ᠎ᠠ 10 ᠵᠦᠢᠯ ᠤᠨ ᠵᠠᠮᠪᠠᠷᠠᠭ᠎ᠠ ᠦᠭᠡᠢ  ᠠᠰᠠᠭᠤᠳᠠᠯ ᠢ‌‍ᠲ᠋ᠥ᠋ᠪᠯᠡᠷᠡᠭᠦᠯᠦᠨ ᠵᠠᠰᠠᠨ ᠴᠡᠭᠴᠡᠯᠡᠬᠦ  ᠲᠤᠰᠬᠠᠢ ᠠᠵᠢᠯᠯᠠᠭ᠎ᠠ ᠥᠷᠨᠢᠭᠦᠯᠬᠦ ᠎ ᠪᠠᠷ ᠪᠠᠶᠢᠨ᠎ᠠ᠃       ⒈2024 ᠣᠨ ᠤ ᠴᠠᠭᠠᠨ ᠰᠠᠷ᠎ᠠ ᠶᠢᠨ ᠬᠤᠭᠤᠴᠠᠭᠠᠨ ᠤ ᠰᠦᠯᠵᠢᠶᠡᠨ ᠤ ᠣᠷᠴᠢᠨ ᠢ ᠵᠠᠰᠠᠨ ᠴᠡᠭᠴᠡᠯᠡᠬᠦ ᠲᠤᠰᠬᠠᠢ‌ᠠᠵᠢᠯᠯᠠᠭ᠎ᠠ ᠥᠷᠨᠢᠭᠦᠯᠦᠨ᠎ᠡ᠃          ⒉ᠰᠦᠯᠵᠢᠶᠡᠨ ᠤ ᠡᠵᠡᠩᠨᠡᠯᠲᠡ  ᠬᠢᠬᠦ  ᠣᠷᠴᠢᠨ ᠢ  ᠰᠠᠶᠢᠵᠢᠷᠠᠭᠤᠯᠵᠤ᠂  ᠡᠮᠬᠢ  ᠵᠠᠮᠪᠠᠷᠠᠭ᠎ᠠ  ᠦᠭᠡᠢ  ᠪᠣᠯᠣᠭᠰᠠᠨ‌ᠡᠵᠡᠩᠨᠡᠯᠲᠡ ᠶᠢᠨ ᠪᠠᠶᠢᠳᠠᠯ ᠢ ᠵᠠᠰᠠᠨ ᠴᠡᠭᠴᠡᠯᠡᠬᠦ ᠲᠤᠰᠬᠠᠢ ᠠᠵᠢᠯᠯᠠᠭ᠎ᠠ  ᠥᠷᠨᠢᠭᠦᠯᠦᠨ᠎ᠡ᠃          ⒊ᠬᠠᠤᠯᠢ ᠶᠢ ᠵᠥᠷᠢᠴᠡᠵᠦ ᠴᠢᠮᠡᠭᠡ ᠵᠠᠩᠭᠢ ᠶᠢ  ᠭᠠᠳᠠᠭᠰᠢ  ᠯᠡᠪᠡᠷᠡᠭᠦᠯᠦᠭᠰᠡᠨ  ᠠᠵᠢᠯᠯᠠᠭ᠎ᠠ ᠳᠤ  ᠴᠣᠬᠢᠯᠲᠠ  ᠥᠭᠬᠦ‌‍ᠲ᠋ᠤᠰᠬᠠᠢ ᠠᠵᠢᠯᠯᠠᠭ᠎ᠠ ᠥᠷᠨᠢᠭᠦᠯᠦᠨ᠎ᠡ᠃          ⒋ᠬᠤᠪᠢ ᠶᠢᠨ ᠬᠡᠪᠯᠡᠯ ᠮᠡᠳᠡᠭᠡᠯᠡᠯ ᠤᠨ ᠶᠠᠮᠠᠷᠴᠦ ᠪᠠᠷᠢᠮᠵᠢᠶ᠎ᠠ᠂ ᠶᠤᠰᠤ ᠵᠠᠶᠠᠭ  ᠦᠭᠡᠢ ᠪᠠᠷ  ᠮᠡᠳᠡᠭᠡ  ᠨᠡᠶᠢᠲᠡᠯᠡᠬᠦ ᠵᠢ‌‍ᠴᠡᠭᠴᠡᠯᠡᠬᠦ ᠲᠤᠰᠬᠠᠢ ᠠᠵᠢᠯᠯᠠᠭ᠎ᠠ ᠥᠷᠨᠢᠭᠦᠯᠦᠨ᠎ᠡ᠃          ⒌ᠰᠦᠯᠵᠢᠶᠡᠨ ᠤ ᠰᠢᠭᠤᠤᠨ ᠨᠡᠪᠲᠡᠷᠡᠭᠦᠯᠭᠡ  ᠎ ᠶᠢᠨ ᠬᠤᠳᠠᠯ ᠬᠠᠭᠤᠷᠮᠠᠭ ᠪᠣᠯᠬᠢ ᠪᠦᠳᠦᠭᠦᠯᠢᠭ ᠦᠵᠡᠭᠳᠡᠯ  ᠎ ᠢ  ᠵᠠᠰᠠᠨ‌‍ᠴᠡᠭᠴᠡᠯᠡᠬᠦ ᠲᠤᠰᠬᠠᠢ ᠠᠵᠢᠯᠯᠠᠭ᠎ᠠ ᠥᠷᠨᠢᠭᠦᠯᠦᠨ᠎ᠡ᠃          ⒍ ︽ᠡᠪᠯᠡᠭᠦᠯᠵᠦ ᠵᠣᠬᠢᠶᠠᠭᠰᠠᠨ ᠠᠭᠤᠯᠭ᠎ᠠ ᠲᠡᠮᠳᠡᠭ ︾ ᠎ ᠢ ᠳᠥᠷᠢᠮᠵᠢᠭᠦᠯᠬᠦ ᠲᠤᠰᠬᠠᠢ ᠠᠵᠢᠯᠯᠠᠭ᠎ᠠ ᠥᠷᠨᠢᠭᠦᠯᠦᠨ᠎ᠡ᠃        ⒎2024 ᠣᠨ ᠤ ᠵᠣᠨ ᠤ ᠠᠮᠠᠷᠠᠯᠲᠠ  ᠎ ᠳᠤ ᠨᠠᠰᠤᠨ ᠳᠤ ᠦᠯᠦ ᠬᠦᠷᠦᠭᠰᠡᠦᠨ ᠤᠨ ᠰᠦᠯᠵᠢᠶᠡᠨ ᠎ ᠤ  ᠣᠷᠴᠢᠨ ᠢ‌‍ᠴᠡᠭᠴᠡᠯᠡᠬᠦ ᠲᠤᠰᠬᠠᠢ ᠠᠵᠢᠯᠯᠠᠭ᠎ᠠ ᠥᠷᠨᠢᠭᠦᠯᠦᠨ᠎ᠡ᠃          ⒏ ᠰᠦᠯᠵᠢᠶᠡᠨ ᠤ ︽ᠦᠭᠡ ᠬᠡᠯᠡ ᠦᠰᠦᠭ  ᠪᠢᠴᠢᠭ︾  ᠬᠡᠷᠡᠭᠯᠡᠬᠦ ᠶᠢ  ᠳᠥᠷᠢᠮᠵᠢᠭᠦᠯᠬᠦ  ᠲᠤᠰᠬᠠᠢ  ᠠᠵᠢᠯᠯᠠᠭ᠎ᠠ‌ᠥᠷᠨᠢᠭᠦᠯᠦᠨ᠎ᠡ᠃          ⒐ᠢᠨᠲ᠋ᠧᠷ  ᠰᠦᠯᠵᠢᠶᠡᠨ ᠤ  ᠰᠣᠨᠢᠨ  ᠮᠡᠳᠡᠭᠡ  ᠴᠢᠮᠡᠭᠡ  ᠵᠠᠩᠭᠢ ᠶᠢᠨ  ᠦᠢᠯᠡᠴᠢᠯᠡᠭᠡ ᠶᠢ  ᠴᠡᠭᠴᠡᠯᠡᠨ   ᠵᠠᠰᠠᠵᠤ‌‍ᠲ᠋ᠥ᠋ᠷᠢᠮᠵᠢᠭᠦᠯᠬᠦ ᠲᠤᠰᠬᠠᠢ ᠠᠵᠢᠯᠯᠠᠭ᠎ᠠ ᠥᠷᠨᠢᠭᠦᠯᠦᠨ᠎ᠡ᠃          ⒑ ᠪᠠᠶᠢᠭ᠎ᠠ ᠬᠤᠲᠠ ᠳᠠᠬᠢ ᠪᠠᠭᠴᠠᠯᠠᠭᠰᠠᠨ ᠴᠢᠮᠡᠭᠡ ᠵᠠᠩᠭᠢ ᠎ ᠶᠢᠨ  ᠠᠰᠠᠭᠤᠳᠠᠯ ᠢ  ᠴᠡᠭᠴᠡᠯᠡᠨ  ᠵᠠᠰᠠᠬᠤ  ᠲᠤᠰᠬᠠᠢ‌ᠠᠵᠢᠯᠯᠠᠭ᠎ᠠ ᠥᠷᠨᠢᠭᠦᠯᠦᠨ᠎ᠡ᠃    ᠲᠤᠷᠤᠨ᠎ᠠ     
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号