ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/3/20
     ᠲᠥᠪ ᠤᠨ ᠷᠠᠳᠢᠣ᠋ ᠲᠧᠯᠸᠢᠰ ᠎ ᠤᠨ ᠶᠡᠷᠦᠩᠬᠡᠢ  ᠬᠤᠷᠢᠶᠠᠨ  ᠎ ᠤ  ︽3  ᠰᠠᠷ᠎ᠠ  ᠎ ᠶᠢᠨ  15︾  ᠎ ᠤ  ᠦᠳᠡᠰᠢᠯᠡᠭᠡ  ᠳ᠋ᠥ‌ᠢᠯᠡᠴᠢᠯᠡᠭᠰᠡᠨ ᠬᠡᠷᠡᠭᠯᠡᠭᠴᠢᠳ ᠎ ᠤᠨ ᠡᠷᠬᠡ ᠠᠰᠢᠭ ᠎ ᠢ ᠬᠤᠬᠢᠷᠠᠭᠤᠯᠤᠭᠰᠠᠨ ᠣᠯᠠᠨ ᠬᠡᠷᠡᠭ ᠎ ᠲᠤ ᠴᠢᠭᠯᠡᠭᠦᠯᠦᠨ ᠵᠠᠬ᠎ᠠ  ᠳᠡᠯᠭᠡᠭᠦᠷ  ᠲᠥ‌‍ᠬᠢᠨᠠᠯᠲᠠ ᠲᠠᠯᠪᠢᠵᠤ ᠬᠠᠮᠢᠶᠠᠷᠬᠤ ᠶᠡᠷᠦᠩᠬᠡᠢ ᠲᠣᠪᠴᠢᠶ᠎ᠠ ᠳᠡᠭᠡᠳᠦ ᠬᠡᠮᠵᠢᠶ᠎ᠡ  ᠎ ᠪᠠᠷ  ᠴᠢᠬᠤᠯᠠᠴᠢᠯᠠᠵᠤ᠂  ᠡᠯ᠎ᠡ  ᠭᠠᠵᠠᠷ  ᠎ ᠤᠨ  ᠵᠠᠬ᠎ᠠ‌‍ᠲ᠋ᠡᠯᠭᠡᠭᠦᠷ ᠎ ᠲᠤ ᠬᠢᠨᠠᠯᠲᠠ ᠲᠠᠯᠪᠢᠵᠤ ᠬᠠᠮᠢᠶᠠᠷᠬᠤ ᠲᠣᠪᠴᠢᠶ᠎ᠠ  ᠳᠠᠷᠤᠶᠢᠬᠠᠨ  ᠬᠥᠳᠡᠯᠦᠯᠴᠡᠨ  ᠬᠠᠤᠯᠢ  ᠬᠡᠷᠡᠭᠵᠢᠭᠦᠯᠬᠦ  ᠠᠵᠢᠯᠯᠠᠭ᠎ᠠ ᠥᠷᠨᠢᠭᠦᠯᠵᠦ᠂ ᠥᠪᠡᠷ ᠥᠪᠡᠷᠰᠡᠳ ᠎ ᠤᠨ  ᠬᠠᠮᠢᠶᠠᠷᠤᠯᠲᠠ  ᠎ ᠶᠢᠨ  ᠴᠠᠷ  ᠬᠦᠷᠢᠶᠡᠨ  ᠎ ᠳᠤ  ᠣᠷᠣᠰᠢᠵᠤ  ᠪᠠᠶᠢᠭ᠎ᠠ  ᠬᠠᠤᠯᠢ  ᠎ ᠶᠢ ᠵᠥᠷᠢᠴᠡᠭᠰᠡᠨ ᠠᠵᠢᠯᠯᠠᠭ᠎ᠠ ᠎ ᠨᠤᠭᠤᠳ ᠎ ᠢ ᠬᠠᠷᠭᠤᠭᠤᠯᠤᠨ ᠪᠠᠶᠢᠴᠠᠭᠠᠨ ᠰᠢᠢᠳᠪᠦᠷᠢᠯᠡᠵᠦ ᠪᠠᠶᠢᠨ᠎ᠠ᠃                             ᠣᠳᠣ ᠵᠠᠬ᠎ᠠ ᠳᠡᠯᠭᠡᠭᠦᠷ ᠎ ᠲᠤ ᠬᠢᠨᠠᠯᠲᠠ ᠲᠠᠯᠪᠢᠵᠤ ᠬᠠᠮᠢᠶᠠᠷᠬᠤ ᠪᠠ  ᠳᠣᠲᠣᠭᠠᠳᠤ  ᠎ ᠶᠢ  ᠬᠠᠮᠠᠭᠠᠯᠠᠬᠤ  ᠵᠡᠷᠭᠡ  ᠰᠠᠯᠠᠭ᠎ᠠ ᠮᠥᠴᠢᠷ ᠬᠡᠷᠡᠭ ᠎ ᠲᠤ ᠬᠤᠯᠪᠣᠭᠳᠠᠭᠰᠠᠨ ᠡᠳᠡᠭᠡᠷ ᠠᠵᠤ ᠠᠬᠤᠶᠢᠯᠠᠯ ᠎ ᠢ ᠭᠦᠨᠵᠡᠭᠡᠢ ᠪᠠᠶᠢᠴᠠᠭᠠᠵᠤ ᠪᠠᠶᠢᠨ᠎ᠠ᠃ ᠳᠠᠷᠠᠭ᠎ᠠ ᠠᠯᠬᠤᠮ ᠎ ᠳᠤ᠂ᠵᠠᠬ᠎ᠠ ᠳᠡᠯᠭᠡᠭᠦᠷ ᠎ ᠲᠤ ᠬᠢᠨᠠᠯᠲᠠ ᠲᠠᠯᠪᠢᠵᠤ ᠬᠠᠮᠢᠶᠠᠷᠬᠤ ᠶᠡᠷᠦᠩᠬᠡᠢ ᠲᠣᠪᠴᠢᠶ᠎ᠠ᠂ ᠬᠠᠮᠢᠶᠠᠲᠠᠢ ᠭᠠᠵᠠᠷ  ᠎ ᠤᠨ  ᠵᠠᠬ᠎ᠠ  ᠳᠡᠯᠭᠡᠭᠦᠷ  ᠲᠥ‌‍ᠬᠢᠨᠠᠯᠲᠠ ᠲᠠᠯᠪᠢᠵᠤ ᠬᠠᠮᠢᠶᠠᠷᠬᠤ ᠰᠠᠯᠠᠭ᠎ᠠ ᠮᠥᠴᠢᠷ  ᠎ ᠢ  ᠱᠠᠭᠠᠷᠳᠠᠨ  ︽3  ᠰᠠᠷ᠎ᠠ  ᠎ ᠶᠢᠨ  15︾  ᠎ ᠤ  ᠦᠳᠡᠰᠢᠯᠡᠭᠡ  ᠳᠡᠭᠡᠷ᠎ᠡ ᠢᠯᠡᠴᠢᠯᠡᠭᠰᠡᠨ ᠬᠠᠤᠯᠢ ᠪᠤᠰᠤ ᠠᠵᠢᠯᠯᠠᠭ᠎ᠠ ᠎ ᠶᠢ ᠲᠤᠶᠢᠯᠪᠤᠷᠢᠲᠠᠢ ᠪᠠᠶᠢᠴᠠᠭᠠᠵᠤ᠂ ᠴᠢᠩᠭ᠎ᠠ ᠴᠣᠬᠢᠯᠲᠠ ᠥᠭᠬᠦ᠂  ᠬᠡᠷᠡᠭᠯᠡᠭᠴᠢᠳ ᠎ ᠤᠨ ᠡᠷᠬᠡ ᠠᠰᠢᠭ ᠎ ᠢ ᠬᠠᠮᠠᠭᠠᠯᠠᠬᠤ᠂ ᠮᠢᠬᠠᠨ ᠎ ᠤ ᠪᠦᠲᠦᠭᠡᠭᠳᠡᠬᠦᠨ ᠎ ᠢ ᠬᠠᠤᠯᠢ  ᠪᠤᠰᠤ  ᠎ ᠪᠠᠷ  ᠦᠢᠯᠡᠳᠪᠦᠷᠢᠯᠡᠨ  ᠪᠣᠷᠣᠯᠠᠭᠤᠯᠬᠤ  ᠶᠠᠯᠠᠲᠤ ᠠᠵᠢᠯᠯᠠᠭ᠎ᠠ ᠎ ᠶᠢ ᠲᠤᠰᠬᠠᠶᠢᠯᠠᠨ ᠴᠡᠭᠴᠡᠯᠡᠨ ᠵᠠᠰᠠᠬᠤ ᠵᠡᠷᠭᠡ ᠲᠤᠰᠬᠠᠢ ᠲᠥᠷᠥᠯ ᠎ ᠤᠨ  ᠠᠵᠢᠯᠯᠠᠭ᠎ᠠ  ᠎ ᠶᠢ  ᠭᠦᠨᠵᠡᠭᠡᠢ  ᠥᠷᠨᠢᠭᠦᠯᠵᠦ᠂ ᠬᠡᠷᠡᠭᠯᠡᠭᠴᠢᠳ ᠎ ᠤᠨ ᠬᠠᠤᠯᠢ ᠶᠣᠰᠣᠨ ᠎ ᠤ ᠡᠷᠬᠡ ᠠᠰᠢᠭ ᠎ ᠢ ᠦᠨᠡᠨ ᠬᠦ ᠬᠠᠮᠠᠭᠠᠯᠠᠬᠤ ᠪᠠᠷ ᠪᠠᠶᠢᠨ᠎ᠠ᠃          
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号