2023 ᠣᠨ ᠪᠣᠯᠲᠠᠯ᠎ᠠ ᠮᠠᠨ ᠤ ᠤᠯᠤᠰ ᠲᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠡᠶᠢᠲᠡ 49.83 ᠲᠦᠮᠡ ᠪᠤᠯᠪᠠ ︵ᠰᠢᠨ᠎ᠡ ᠲᠤᠭ᠎ᠠ ᠪᠠᠷᠢᠮᠲᠠ ᠰᠢᠨ᠎ᠡ ᠬᠢᠯᠠᠰᠵᠢᠯ︶
ᠨᠡᠶᠢᠲᠡᠯᠡᠭᠰᠡᠨ ᠴᠠᠭ᠄
2024/3/20
    ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 3 ᠰᠠᠷ᠎ᠠ ᠶᠢᠨ 19᠎ ᠤ  ᠡᠳᠦᠷ ᠤᠨ  ᠮᠡᠳᠡᠭᠡ  ︵ᠰᠤᠷᠪᠤᠯᠵᠢᠯᠠᠭᠴᠢ    ᠶᠠᠨ ᠢ ᠴᠢᠶᠣᠤ︶ ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ 2023 ᠣᠨ ᠤ ᠪᠥᠬᠦ ᠤᠯᠤᠰ ᠤᠨ ᠰᠤᠷᠭᠠᠨ ᠬᠥᠮᠦᠵᠢᠯ ᠤᠨ    ᠦᠢᠯᠡᠰ ᠤᠨ  ᠬᠥᠭᠵᠢᠯᠲᠡ ᠶᠢᠨ  ᠦᠨᠳᠦᠰᠦᠨ  ᠪᠠᠶᠢᠳᠠᠯ ᠢ  ᠨᠡᠶᠢᠲᠡᠯᠡᠪᠡ᠃  ᠮᠠᠨ ᠤ  ᠤᠯᠤᠰ ᠲᠤ  ᠡᠯ᠎ᠡ  ᠱᠠᠲᠤᠨ ᠤ  ᠡᠯ᠎ᠡ    ᠲᠥᠷᠥᠯ ᠤᠨ ᠰᠤᠷᠭᠠᠭᠤᠯᠢ ᠨᠡᠶᠢᠲᠡ 49.83  ᠲᠦᠮᠡ  ᠪᠠᠶᠢᠵᠤ᠂  ᠰᠤᠷᠤᠯᠭ᠎ᠠ ᠶᠢᠨ  ᠨᠠᠮᠲᠠᠷ ᠤᠨ  ᠰᠤᠷᠭᠠᠨ  ᠬᠥᠮᠦᠵᠢᠯ ᠤᠨ    ᠰᠤᠷᠭᠠᠭᠤᠯᠢ ᠳᠤ ᠪᠠᠶᠢᠭ᠎ᠠ ᠰᠣᠷᠣᠭᠴᠢ 2.91 ᠳ᠋ᠦᠩᠰᠢᠭᠤᠷ᠂ ᠲᠤᠰᠬᠠᠶ ᠪᠠᠭᠰᠢ 1891.78 ᠲᠦᠮᠨ ᠪᠠᠶᠢᠨ᠎ᠠ᠃             ᠰᠤᠷᠭᠠᠭᠤᠯᠢ ᠎ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠪᠰᠢᠨ ᠢ ᠤᠯᠠᠮ ᠴᠢᠨᠠᠬᠰᠢᠳᠠ    ᠳᠡᠭᠡᠭᠰᠢᠯᠡᠭᠦᠯᠪᠡ᠃ ᠰᠤᠷᠭᠠᠭᠤᠯᠢ ᠎ ᠶᠢᠨ ᠨᠠᠰᠤᠨ ᠠᠴᠠ ᠡᠮᠦᠨᠡᠬᠢ ᠰᠤᠷᠭᠠᠨ  ᠬᠥᠮᠦᠵᠢᠯ ᠤᠨ  ᠴᠡᠴᠡᠷᠯᠢᠭ ᠲᠤ  ᠤᠷᠤᠭᠰᠠᠨ  ᠪᠥᠬᠦ    ᠨᠣᠷᠮ᠎ᠠ 91.1% ᠎ ᠳᠤ ᠬᠦᠷᠴᠡᠢ᠃ ᠬᠡᠦᠬᠡᠳ ᠤᠨ ᠴᠡᠴᠡᠷᠯᠢᠭ ᠨᠡᠶᠢᠲᠡ 27.44 ᠲᠦᠮᠡ᠂ ᠰᠤᠷᠬᠤ ᠨᠠᠰᠤᠨ ᠠᠴᠠ  ᠡᠮᠦᠨᠡᠬᠢ    ᠰᠤᠷᠭᠠᠨ ᠬᠥᠮᠦᠵᠢᠯ ᠤᠨ ᠴᠡᠴᠡᠷᠯᠢᠭ ᠲᠤ ᠪᠠᠶᠢᠭ᠎ᠠ ᠬᠡᠦᠬᠡᠳ 4092.98 ᠲᠦᠮᠡ᠂ ᠰᠤᠷᠭᠠᠭᠤᠯᠢ ᠎ ᠶᠢᠨ ᠨᠠᠰᠤᠨ ᠠᠴᠠ ᠡᠮᠦᠨᠡᠬᠢ    ᠰᠤᠷᠭᠠᠨ ᠬᠥᠮᠦᠵᠢᠯ ᠤᠨ ᠲᠤᠰᠬᠠᠶ ᠪᠠᠭᠰᠢ 307.37 ᠲᠦᠮᠨ ᠪᠠᠶᠢᠨ᠎ᠠ᠃           ᠠᠯᠪᠠᠨ ᠵᠢᠷᠤᠮ ᠤᠨ ᠰᠤᠷᠭᠠᠨ ᠬᠥᠮᠦᠵᠢᠯ ᠤᠨ  ᠰᠢᠯᠢᠳᠡᠭ ᠢ  ᠥᠷᠭᠡᠳᠬᠡᠨ  ᠴᠢᠨᠠᠷ  ᠎ ᠢ  ᠳᠡᠭᠡᠭᠰᠢᠯᠡᠭᠦᠯᠬᠦ ᠶᠢ  ᠤᠯᠠᠮ    ᠴᠢᠨᠠᠬᠰᠢᠳᠠ  ᠠᠬᠢᠭᠤᠯᠪᠠ᠃  ᠶᠢᠰᠦᠨ  ᠵᠢᠯ ᠤᠨ  ᠠᠯᠪᠠᠨ  ᠵᠢᠷᠤᠮ ᠤᠨ  ᠰᠤᠷᠭᠠᠨ  ᠬᠥᠮᠦᠵᠢᠯ ᠢ  ᠪᠠᠬᠢᠵᠢᠭᠦᠯᠦᠭᠰᠡᠨ  ᠨᠤᠷᠮ᠎ᠠ    95.7%᠎ ᠳᠤ ᠬᠦᠷᠴᠡᠢ᠃ ᠡᠩ ᠤᠨ ᠪᠠᠭ᠎ᠠ ᠰᠤᠷᠭᠠᠭᠤᠯᠢ ᠨᠡᠶᠢᠲᠡ 14.35 ᠲᠦᠮᠡ᠂ ᠰᠤᠷᠭᠠᠭᠤᠯᠢ ᠳᠤ ᠪᠠᠶᠢᠭ᠎ᠠ ᠰᠣᠷᠣᠭᠴᠢ    1.08 ᠳ᠋ᠦᠩᠰᠢᠭᠤᠷ᠂ ᠪᠠᠭ᠎ᠠ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠲᠤᠰᠬᠠᠶ ᠪᠠᠭᠰᠢ 665.63  ᠲᠦᠮᠨ    ᠪᠠᠶᠢᠵᠤ᠂ ᠲᠦᠷᠦᠭᠦᠦ ᠵᠢᠯ ᠤᠨ ᠬᠢ ᠠᠴᠠ 2.68 ᠲᠦᠮᠡ ᠨᠡᠮᠡᠭᠳᠡᠵᠡᠶ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ  ᠨᠡᠶᠢᠲᠡ    5.23  ᠲᠦᠮᠡ᠂  ᠰᠤᠷᠭᠠᠭᠤᠯᠢ ᠳᠤ  ᠪᠠᠶᠢᠭ᠎ᠠ  ᠰᠣᠷᠣᠭᠴᠢ  5243.69  ᠲᠦᠮᠡ᠂  ᠠᠩᠬ᠎ᠠ  ᠵᠡᠷᠭᠡ ᠶᠢᠨ   ᠳᠤᠮᠳᠠᠳᠤ    ᠰᠤᠷᠭᠠᠭᠤᠯᠢ ᠶᠢᠨ ᠱᠠᠲᠤᠨ ᠤ  ᠰᠤᠷᠭᠠᠨ  ᠬᠥᠮᠦᠵᠢᠯ ᠤᠨ  ᠲᠤᠰᠬᠠᠶ  ᠪᠠᠭᠰᠢ  408.31  ᠲᠦᠮᠡ  ᠪᠠᠶᠢᠵᠤ᠂  ᠲᠦᠷᠦᠭᠦᠦ    ᠵᠢᠯ ᠤᠨ ᠬᠢ ᠠᠴᠠ ᠎ ᠪᠠᠨ 5.79 ᠲᠦᠮᠡ ᠨᠡᠮᠡᠭᠳᠡᠵᠡᠶ᠃              ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠡᠷᠬᠢᠯᠡᠬᠦ ᠨᠥᠬᠦᠴᠡᠯ ᠤᠯᠠᠮ ᠴᠢᠨᠠᠬᠰᠢᠳᠠ    ᠰᠠᠶᠢᠵᠢᠷᠠᠪᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ  ᠤᠷᠤᠭᠰᠠᠨ  ᠪᠥᠬᠦ  ᠨᠣᠷᠮ᠎ᠠ    91.8%᠎ ᠳᠤ ᠬᠦᠷᠴᠡᠢ᠃ ᠡᠩ ᠤᠨ ᠥᠨᠳᠥᠷ ᠵᠡᠷᠭᠡ ᠶᠢᠨ ᠳᠤᠮᠳᠠᠳᠤ  ᠰᠤᠷᠭᠠᠭᠤᠯᠢ  ᠨᠡᠶᠢᠲᠡ  1.54  ᠲᠦᠮᠡ  ᠪᠠᠶᠢᠵᠤ᠂    ᠲᠦᠷᠦᠭᠦᠦ ᠵᠢᠯ ᠤᠨ ᠬᠢ ᠠᠴᠠ ᠎ ᠪᠠᠨ 355 ᠨᠡᠮᠡᠭᠳᠡᠵᠡᠶ︔ ᠰᠤᠷᠭᠠᠭᠤᠯᠢ ᠳᠤ  ᠪᠠᠶᠢᠭ᠎ᠠ  ᠰᠣᠷᠣᠭᠴᠢ  2803.63  ᠲᠦᠮᠨ    ᠪᠠᠶᠢᠵᠤ᠂ ᠲᠦᠷᠦᠭᠦᠦ ᠵᠢᠯ ᠤᠨ ᠬᠢ ᠠᠴᠠ ᠎ ᠪᠠᠨ 89.75 ᠲᠦᠮᠨ ᠨᠡᠮᠡᠭᠳᠡᠵᠡᠶ︔ ᠡᠩ ᠤᠨ  ᠥᠨᠳᠥᠷ  ᠵᠡᠷᠭᠡ ᠶᠢᠨ  ᠳᠤᠮᠳᠠᠳᠤ    ᠰᠤᠷᠭᠠᠭᠤᠯᠢ ᠶᠢᠨ ᠲᠤᠰᠬᠠᠶ ᠪᠠᠭᠰᠢ 221.48 ᠲᠦᠮᠡ ᠪᠠᠶᠢᠵᠤ᠂ ᠲᠦᠷᠦᠭᠦᠦ  ᠵᠢᠯ ᠤᠨ ᠬᠢ ᠠᠴᠠ  ᠎ ᠪᠠᠨ  8.16  ᠲᠦᠮᠨ    ᠨᠡᠮᠡᠭᠳᠡᠵᠡᠶ᠃               ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠲᠣᠬᠢᠶᠠᠯ ᠤᠯᠠᠮ ᠴᠢᠨᠠᠬᠰᠢᠳᠠ ᠨᠡᠮᠡᠭᠳᠡᠪᠡ᠃    ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠤᠷᠤᠭᠰᠠᠨ ᠪᠦᠬᠦ ᠨᠤᠷᠮ᠎ᠠ 60.2%᠎ ᠲᠤ  ᠬᠦᠷᠴᠡᠢ᠃  ᠶᠡᠭᠡ    ᠳᠡᠭᠡᠳᠦ ᠰᠤᠷᠭᠠᠭᠤᠯᠢ ᠨᠡᠶᠢᠲᠡ 3074 ᠪᠠᠶᠢᠵᠤ᠂ ᠲᠦᠷᠦᠭᠦᠦ ᠵᠢᠯ ᠤᠨ ᠬᠢ ᠠᠴᠠ ᠎ ᠪᠠᠨ 61 ᠨᠡᠮᠡᠭᠳᠡᠵᠡᠶ︔ ᠡᠯ᠎ᠡ  ᠵᠦᠢᠯ ᠤᠨ    ᠬᠡᠯᠪᠡᠷᠢ ᠶᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ  ᠪᠠᠶᠢᠭ᠎ᠠ  ᠰᠤᠷᠤᠬᠴᠢ  ᠎ ᠶᠢᠨ  ᠶᠡᠷᠦᠩᠬᠡᠢ  ᠲᠤᠭ᠎ᠠ    ᠬᠡᠮᠵᠢᠶ᠎ᠡ 4763.19 ᠲᠦᠮᠡ ᠳᠤ ᠬᠦᠷᠴᠦ᠂ ᠲᠦᠷᠦᠭᠦᠦ ᠵᠢᠯ ᠤᠨ ᠬᠢ ᠠᠴᠠ  ᠎ ᠪᠠᠨ  108.11  ᠲᠦᠮᠨ  ᠨᠡᠮᠡᠭᠳᠡᠵᠡᠢ︔       ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠪᠠᠭᠰᠢ 207.49 ᠲᠦᠮᠡ ᠪᠠᠶᠢᠵᠤ᠂ ᠲᠦᠷᠦᠭᠦᠦ  ᠵᠢᠯ ᠤᠨ ᠬᠢ ᠠᠴᠠ    ᠎ ᠪᠠᠨ 9.71 ᠲᠦᠮᠨ ᠨᠡᠮᠡᠭᠳᠡᠵᠡᠢ᠃     
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号